| | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠄ | ︽ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠂ ᠰᠤᠯᠠ ᠪᠠᠶᠢᠬᠤ ᠭᠠᠵᠠᠷ ᠰᠢᠷᠣᠢ ᠶᠢ ᠳᠤᠶᠢᠯᠪᠤᠷᠢᠳᠠᠢ ᠪᠠᠶᠢᠴᠠᠭᠠᠵᠤ | ᠰᠢᠢᠳᠪᠦᠷᠢᠯᠡᠬᠦ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠳᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ ﹇ 2022 ﹈ 51 ᠲᠣᠭᠠᠲᠤ ︶ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ ᠂ ᠮᠠᠨ ᠤ ᠬᠤᠰᠢᠭᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ ᠢ ᠬᠦᠴᠦᠨ ᠦᠭᠡᠢ ᠪᠣᠯᠭᠠᠬᠤ | ︵ᠬᠢᠨᠠᠨ ᠬᠠᠰᠤᠬᠤ ︶ ᠠᠷᠭ᠎ᠠ ᠮᠠᠶ᠋ᠢᠭ ᠢᠶᠠᠷ ᠳᠡᠮᠵᠢᠭᠤᠯᠤᠨ ᠂ ᠬᠡᠰᠡᠭ ᠵᠥᠪᠰᠢᠶᠡᠷᠡᠯ ᠲᠠᠢ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ ᠰᠢᠢᠳᠪᠦᠷᠢᠯᠡᠵᠤ ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ ᠢ ᠬᠦᠴᠦᠨ ᠦᠭᠡᠢ ᠪᠣᠯᠭᠠᠬᠰᠠᠨ ︵ᠬᠢᠨᠠᠨ ᠬᠠᠰᠤᠬᠰᠠᠨ ︶ ᠭᠠᠵᠠᠷ ᠰᠢᠷᠣᠢ ᠶᠢᠨ ᠬᠠᠮᠢᠶᠠᠷᠤᠯᠲᠠ | ᠪᠠ ᠨᠡᠭᠡᠭᠡᠨ ᠠᠰᠢᠭᠯᠠᠯᠲᠠ ᠶᠢ ᠴᠢᠩᠭᠠᠳᠬᠠᠬᠤ ᠶᠢᠨ ᠲᠤᠰᠠᠳᠠ ᠂ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ | ᠳᠣᠣᠷᠠᠬᠢ ᠮᠡᠲᠦ ᠮᠡᠳᠡᠭᠳᠡᠶ᠎ᠡ ᠄ | ᠨᠢᠭᠡ ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ ᠢ | ᠬᠦᠴᠦᠨ ᠦᠭᠡᠢ ᠪᠣᠯᠭᠠᠭᠰᠠᠨ ᠭᠠᠵᠠᠷ ᠰᠢᠷᠣᠢ ᠶᠢᠨ ᠪᠣᠳᠠᠲᠠᠢ ᠪᠠᠶᠢᠳᠠᠯ ᠢ ᠡᠮᠬᠢᠯᠡᠨ ᠳᠢᠭᠯᠡᠵᠦ ᠂ ᠡᠬᠡ ᠲᠠᠩᠰᠠ ᠪᠠᠶᠢᠭᠤᠯᠤᠨ ᠂ ᠴᠠᠭ ᠲᠤᠨᠢ ᠲᠣᠬᠢᠷᠠᠭᠤᠯᠤᠨ | ᠰᠢᠨᠡᠳᠬᠡᠵᠦ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠳᠣᠲᠣᠷ᠎ᠠ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ | ᠵᠥᠪᠯᠡᠯ ᠠᠴᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ ᠢ ᠬᠦᠴᠦᠨ ᠦᠭᠡᠢ ᠪᠣᠯᠭᠠᠭᠰᠠᠨ ᠭᠠᠵᠠᠷ ᠰᠢᠷᠣᠢ ᠶᠢ ᠨᠢᠭᠡᠳᠦᠯᠲᠡᠢ | ᠬᠠᠮᠢᠶᠠᠷᠤᠨ᠎ᠠ ︔ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠠᠴᠠ ᠭᠠᠳᠠᠨ᠎ᠠ ᠬᠠᠷᠢᠶ᠎ᠠ ᠭᠠᠵᠠᠷ ᠤᠨ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠠᠴᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ ᠢ ᠬᠦᠴᠦᠨ ᠦᠭᠡᠢ ᠪᠣᠯᠭᠠᠭᠰᠠᠨ ︵ ᠬᠢᠨᠠᠨ | ᠬᠠᠰᠤᠭᠰᠠᠨ ︶ ᠭᠠᠵᠠᠷ ᠰᠢᠷᠣᠢ ᠶᠢ ᠨᠢᠭᠡᠳᠦᠯᠲᠡᠢ ᠬᠠᠮᠢᠶᠠᠷᠤᠨ᠎ᠠ ᠃ | ᠬᠤᠶᠠᠷ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠤᠰᠤᠨ | ᠠᠰᠢᠭᠯᠠᠯᠲᠠ ᠶᠢᠨ ᠲᠣᠪᠴᠢᠶ᠎ᠠ ᠂ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠴᠢᠳᠠᠪᠤᠷᠢ ᠳᠤᠰᠢᠶᠠᠯ ᠬᠠᠷᠢᠭᠤᠴᠠᠯᠭ᠎ᠠ ᠪᠠᠨ | ᠦᠨᠳᠦᠰᠦᠯᠡᠨ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ ᠢ ᠬᠦᠴᠦᠨ ᠦᠭᠡᠢ ᠪᠣᠯᠭᠠᠭᠰᠠᠨ ︵ ᠬᠢᠨᠠᠨ ᠬᠠᠰᠤᠬᠰᠠᠨ ︶ ᠤ | ᠳᠠᠷᠠᠭᠠᠬᠢ ᠭᠠᠵᠠᠷ ᠰᠢᠷᠣᠢ ᠶᠢ ᠤᠤᠯ ᠭᠠᠵᠠᠷ ᠤᠨ ᠲᠥᠷᠥᠯ ᠤᠨ ᠬᠡᠷᠡᠭᠴᠡᠭᠡ ᠪᠠᠷ ᠨᠡᠭᠡᠭᠡᠨ ᠠᠰᠢᠭᠯᠠᠵᠤ ᠂ ︽ ᠳᠠᠷᠢᠬᠤ ᠳᠤ ᠲᠣᠬᠢᠷᠠᠮᠵᠢᠲᠠᠢ ᠪᠣᠯ ᠳᠠᠷᠢᠵᠤ ᠂ | ᠣᠶᠢᠵᠢᠭᠤᠯᠬᠤ ᠳᠤ ᠲᠣᠬᠢᠷᠠᠮᠵᠢᠲᠠᠢ ᠪᠣᠯ ᠣᠶᠢᠵᠢᠭᠤᠯᠵᠤ ︾ ᠂ ᠭᠠᠵᠠᠷ ᠰᠢᠷᠣᠢ ᠶᠢ ᠰᠤᠯᠠ ᠲᠠᠯᠪᠢᠵᠤ ᠪᠦᠷᠢᠯᠭᠡᠨ ᠰᠦᠢᠳᠬᠡᠬᠦ ᠵᠡᠷᠭᠡ ᠠᠰᠠᠭᠤᠳᠠᠯ ᠢ ᠦᠨᠡᠨᠬᠦ | ᠰᠢᠢᠳᠪᠦᠷᠢᠯᠡᠨ᠎ᠠ ᠃ | | ᠵᠡᠭᠦᠨᠭᠠᠷ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2025 ᠣᠨ ᠤ 2 ᠰᠠᠷ᠎ᠠ ᠶᠢᠨ 21 ᠤ ᠡᠳᠤᠷ | | | | | |