| | 2024 ᠣᠨ ᠤ 12 ᠰᠠᠷ᠎ᠠ ᠶᠢᠨ 26 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ ᠵᠡᠭᠦᠨᠭᠠᠷ | ᠬᠤᠰᠢᠭᠤᠨ ᠤ ᠰᠤᠸᠠᠨ ᠼᠢ ᠭᠧᠦ ᠨᠡᠭᠦᠷᠡᠰᠦᠨ ᠠᠭᠤᠷᠬᠠᠢ ᠶᠢᠨ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠲᠤᠬᠠᠢ ᠴᠣᠬᠤᠯᠠᠪᠤᠷᠢ ︾ ︵ ᠥᠪᠥᠷ ᠵᠠᠰᠠᠭ ᠭᠠᠵᠠᠷ ᠰᠢᠷᠣᠢ ᠲᠠᠷᠬᠠᠭᠠᠭᠰᠠᠨ ﹇ 2024 ﹈ 1197 ᠲᠣᠭᠠᠲᠤ ︶ ᠳᠤ ᠵᠡᠭᠦᠨᠭᠠᠷ ᠬᠤᠰᠢᠭᠤᠨ ᠤ | ᠰᠤᠸᠠᠨ ᠼᠢ ᠭᠧᠦ ᠨᠡᠭᠦᠷᠡᠰᠦᠨ ᠠᠭᠤᠷᠬᠠᠢ ᠶᠢᠨ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠳᠤ 2.0499 ᠾᠧᠺᠲ᠋ᠠᠷ ᠭᠠᠵᠠᠷ ᠬᠡᠷᠡᠭᠯᠡᠬᠦ ᠶᠢ ᠵᠥᠪᠰᠢᠶᠡᠷᠡᠪᠡ ᠃ | ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠶᠢᠨ ᠳᠥᠴᠢᠨ ᠵᠢᠷᠭᠤᠳᠤᠭᠠᠷ ᠵᠦᠢᠯ ᠂ ︽ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ ︾ ᠤᠨ ᠭᠤᠴᠢᠨ ᠨᠢᠭᠡᠳᠦᠭᠡᠷ ᠵᠦᠢᠯ ᠪᠠ | ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ | ᠬᠠᠤᠯᠢ ﹀ ᠶᠢ ᠬᠡᠷᠡᠭᠵᠢᠭᠦᠯᠬᠦ ᠠᠷᠭ᠎ᠠ ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ ᠭᠠᠵᠠᠷ ᠰᠢᠷᠣᠢ ᠲᠠᠲᠠᠪᠤᠷᠢᠯᠠᠬᠤ ᠲᠥᠰᠥᠯ ︾ ᠤᠨ ᠠᠭᠤᠯᠭ᠎ᠠ ᠪᠠ ᠬᠤᠯᠪᠣᠭᠳᠠᠯ ᠪᠦᠬᠦᠢ ᠤᠴᠢᠷ | ᠶᠠᠪᠤᠳᠠᠯ ᠢ ᠳᠣᠣᠷᠠᠬᠢ ᠮᠡᠲᠦ ᠵᠠᠷᠯᠠᠪᠠ ᠄ | ᠨᠢᠭᠡ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠤᠨ ᠨᠡᠷᠡᠶᠢᠳᠦᠯ | ᠵᠡᠭᠦᠨᠭᠠᠷ ᠬᠤᠰᠢᠭᠤᠨ ᠤ ᠰᠤᠸᠠᠨ ᠼᠢ ᠭᠧᠦ ᠨᠡᠭᠦᠷᠡᠰᠦᠨ ᠠᠭᠤᠷᠬᠠᠢ ᠶᠢᠨ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠃ | ᠬᠤᠶᠠᠷ᠂ ᠲᠠᠲᠠᠪᠤᠷᠢᠯᠠᠭᠳᠠᠭᠰᠠᠨ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ᠂ ᠣᠷᠣᠨ ᠪᠠᠶᠢᠷᠢ᠂ ᠭᠠᠵᠠᠷ ᠰᠢᠷᠣᠢ ᠶᠢᠨ ᠲᠦᠷᠦᠯ ᠪᠠ ᠲᠠᠯᠠᠪᠠᠢ | ᠲᠣᠰ ᠤᠳᠠᠭ᠎ᠠ ᠶᠢᠨ ᠵᠥᠪᠰᠢᠶᠡᠷᠡᠭᠰᠡᠨ ᠰᠢᠤᠸᠠᠢ ᠵᠢᠶᠠ ᠸᠠᠨ ᠪᠠᠯᠭᠠᠰᠤᠨ ᠤ ᠬᠠᠢ ᠽᠢ ᠲᠠ ᠲᠣᠰᠬᠤᠨ ︵ ᠪᠣᠳᠠᠲᠠᠢ ᠪᠠᠶᠢᠷᠢᠰᠢᠯ ᠢ ᠵᠠᠭᠠᠭ ᠬᠢᠵᠠᠭᠠᠷ | ᠬᠠᠶᠢᠭᠰᠠᠨ ᠮᠡᠳᠡᠭᠦᠯᠦᠯᠲᠡ ᠳᠤ ᠦᠵᠡ ︶ ᠤ ᠬᠠᠮᠲᠤ ᠶᠢᠨ ᠲᠠᠷᠢᠶᠠᠯᠠᠩ ᠳᠤ ᠬᠡᠷᠡᠭᠯᠡᠵᠤ ᠪᠠᠶᠢᠬᠰᠠᠨ 2.0499 ᠾᠧᠺᠲ᠋ᠠᠷ ︵ ᠣᠶᠢᠲᠤ ᠭᠠᠵᠠᠷ 0.8204 | ᠾᠧᠺᠲ᠋ᠠᠷ ᠂ ᠡᠪᠡᠰᠦᠲᠦ ᠭᠠᠵᠠᠷ 1.2244 ᠾᠧᠺᠲ᠋ᠠᠷ ᠂ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ 0.0051 ᠾᠧᠺᠲ᠋ᠠᠷ ︶ ᠭᠠᠵᠠᠷ ᠢ ᠤᠯᠤᠰ ᠤᠨ | ᠥᠮᠴᠢᠯᠡᠯ ᠤᠨ ᠭᠠᠵᠠᠷ ᠰᠢᠷᠣᠢ ᠪᠣᠯᠭᠠᠨ ᠲᠠᠲᠠᠪᠤᠷᠢᠯᠠᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠤᠨ᠎ᠠ ᠃ | ᠭᠤᠷᠪᠠ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠪᠠᠷᠢᠮᠵᠢᠶ᠎ᠠ ᠪᠠ ᠲᠠᠷᠢᠶᠠᠯᠠᠩ ᠤᠨ ᠬᠦᠮᠤᠨ ᠠᠮᠠ ᠶᠢ ᠲᠥᠪᠬᠢᠨᠡᠭᠦᠯᠬᠦ ᠠᠷᠭ᠎ᠠ ᠵᠠᠮ | ︵ᠨᠢᠭᠡ︶ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠪᠠᠷᠢᠮᠵᠢᠶ᠎ᠠ᠃ ᠲᠣᠰ ᠤᠳᠠᠭᠠᠨ ᠤ ᠭᠠᠵᠠᠷ ᠰᠢᠷᠣᠢ ᠶᠢ ᠲᠠᠲᠠᠪᠤᠷᠢᠯᠠᠬᠤ ᠳᠤ ᠬᠥᠳᠡᠭᠡ | ᠲᠣᠰᠬᠤᠨ ᠤ ᠡᠯ᠎ᠡ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠬᠤ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ | ᠣᠯᠭᠤᠵᠤ ᠲᠥᠪᠬᠢᠨᠡᠭᠦᠯᠬᠦ ᠲᠥᠰᠥᠯ ᠢ ︽ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ ᠭᠠᠵᠠᠷ ᠰᠢᠷᠣᠢ ᠲᠠᠲᠠᠪᠤᠷᠢᠯᠠᠬᠤ ᠬᠡᠰᠡᠭ ᠤᠨ | ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠲᠣᠬᠢᠷᠠᠭᠤᠯᠤᠨ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ ﹇ 2023 ﹈ 92 ᠲᠣᠭᠠᠲᠤ ︶ | ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ | ︵ ᠬᠤᠶᠠᠷ ︶ ᠲᠥᠪᠬᠢᠨᠡᠭᠦᠯᠬᠦ ᠠᠷᠭ᠎ᠠ ᠵᠠᠮ ᠃ ᠲᠠᠲᠠᠪᠤᠷᠢᠯᠠᠭᠳᠠᠭᠰᠠᠨ ᠭᠠᠵᠠᠷ ᠰᠢᠷᠣᠢ ᠳᠤ ᠬᠤᠯᠪᠣᠭᠳᠠᠭᠰᠠᠨ ᠲᠠᠷᠢᠶᠠᠯᠠᠩ ᠤᠨ ᠬᠥᠮᠥᠨ ᠠᠮᠠ ᠶᠢ ᠲᠥᠪᠬᠢᠨᠡᠭᠦᠯᠬᠦ | ᠠᠷᠭ᠎ᠠ ᠵᠠᠮ ᠪᠣᠯ ᠵᠣᠭᠤᠰ ᠢᠶᠠᠷ ᠲᠥᠪᠬᠢᠨᠡᠭᠦᠯᠬᠦ ᠪᠣᠯᠣᠨ᠎ᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ ᠃ | | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠣᠨ ᠤ 1 ᠰᠠᠷ᠎ᠠ ᠶᠢᠨ 7 ᠤ ᠡᠳᠤᠷ | | | |