| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 27 ᠤ ᠴᠠᠭᠢᠯᠭᠠᠨ ᠮᠡᠳᠡᠭᠡ ︽ 5 · 1 ︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ | ᠢᠷᠡᠬᠦ ᠲᠠᠰᠢᠷᠠᠮ ᠢᠶᠠᠷ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠶᠡᠭᠡ ᠬᠤᠷᠠᠯ ᠬᠤᠷᠠᠯᠳᠤᠭᠤᠯᠵᠤ ᠂ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ ᠂ ᠨᠢᠭᠡ | ᠪᠦᠯᠦᠭ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠪᠠᠷ ᠪᠤᠢ ᠃ ᠡᠨᠡ ᠪᠣᠯ ᠨᠠᠮ ᠤᠨ | ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠲᠣᠳᠣᠷᠬᠠᠶᠢᠯᠠᠭᠰᠠᠨ ᠤ ᠲᠠᠷᠠᠭ᠎ᠠ ᠂ ᠠᠩᠬ᠎ᠠ ᠤᠳᠠᠭ᠎ᠠ | ᠪᠦᠭᠦ ᠤᠯᠤᠰ ᠤᠨ ᠴᠢᠨᠠᠷᠲᠠᠢ ᠭᠦᠳᠡᠯᠮᠦᠷᠢ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠵᠦ ᠪᠠᠶᠢᠭ᠎ᠠ ᠶᠠᠪᠤᠳᠠᠯ ᠪᠣᠯᠣᠨ᠎ᠠ ᠂ ᠡᠨᠡ ᠨᠢ ᠪᠦᠭᠦ | ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠩ ᠣᠷᠭᠢᠯᠤᠮ᠎ᠠ ᠬᠠᠯᠠᠭᠤᠨ ᠰᠡᠳᠬᠢᠯᠭᠡ ᠂ ᠨᠡᠩ ᠰᠢᠷᠭᠠᠭᠤ ᠲᠡᠮᠡᠴᠡᠯ ᠂ ᠨᠡᠩ ᠣᠶᠤᠨᠴᠢ | ᠡᠭᠦᠳᠦᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠡᠭᠡᠵᠢ ᠲᠦᠷᠢᠨ ᠬᠠᠷᠢᠭᠤᠴᠠᠯᠭ᠎ᠠ ᠡᠭᠦᠷᠭᠡᠯᠡᠵᠦ ᠂ ᠴᠥᠬᠦᠷᠡᠰᠢ ᠦᠭᠡᠢ | ᠲᠡᠮᠡᠴᠡᠬᠦ ᠶᠢ ᠵᠣᠷᠢᠭᠵᠢᠭᠤᠯᠬᠤ ᠨᠢ ᠯᠠᠪᠲᠠᠢ ᠶᠤᠮ ᠃ | ᠬᠥᠳᠡᠯᠮᠦᠷᠢᠯᠡᠬᠦ ᠪᠠᠷ ᠲᠠᠮᠵᠢᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠵᠤ ᠂ ᠲᠡᠮᠡᠴᠡᠬᠦ ᠪᠠᠷ ᠲᠠᠮᠵᠢᠨ ᠠᠭᠤᠤ ᠦᠢᠯᠡᠰ ᠢ ᠪᠦᠲᠦᠭᠡᠨ᠎ᠡ ᠃ ᠰᠢᠨ᠎ᠡ ᠴᠠᠭ | ᠦᠶ᠎ᠡ ᠠᠴᠠ ᠨᠠᠭᠠᠰᠢ ᠢᠯᠠᠩᠭᠤᠶ᠎ᠠ 2020 ᠣᠨ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠦᠭ ᠲᠦᠮᠡᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠶᠢᠯᠡᠨ ᠤᠷᠤᠭᠰᠢᠯᠠᠵᠤ ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ | ᠵᠠᠯᠭᠠᠭ᠎ᠠ ᠪᠠᠷ ᠢᠷᠡᠭᠰᠡᠨ ᠯᠤᠲᠤ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠢᠳᠡᠷᠡᠭᠦᠨ ᠠᠯᠬᠤᠭ᠎ᠠ ᠶᠢ ᠠᠬᠢᠭᠤᠯᠵᠠᠢ ᠃ ᠡᠨᠡ ᠬᠦ ᠲᠡᠦᠬᠡᠨ ᠶᠠᠪᠤᠴᠠ ᠳᠤ ᠂ ᠡᠯ᠎ᠡ ᠠᠵᠢᠯ ᠲᠦᠷᠦᠯ ᠳᠤ ᠨᠢᠭᠡ ᠪᠦᠯᠦᠭ ᠲᠡᠷᠢᠭᠦᠨ ᠤ | ᠵᠢᠱᠢᠶᠡᠴᠢ ᠬᠥᠮᠥᠰ ᠴᠣᠯᠭᠤᠷᠠᠨ ᠭᠠᠷᠴᠠᠢ ᠂ ᠡᠨᠡ ᠤᠳᠠᠭ᠎ᠠ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ 1670 | ᠬᠥᠮᠥᠨ ᠂ ᠪᠦᠭᠦ ᠤᠯᠤᠰ ᠤᠨ ᠲᠡᠷᠢᠭᠦᠨ ᠤ ᠠᠵᠢᠯᠲᠠᠨ 756 ᠬᠥᠮᠥᠨ ᠪᠣᠯ ᠲᠦᠭ ᠲᠦᠮᠡᠨ ᠬᠥᠳᠡᠯᠮᠦᠷᠢᠴᠢᠨ ᠲᠦᠮᠡᠨ ᠤ ᠳᠤᠮᠳᠠᠬᠢ ᠭᠠᠷᠮᠠᠭᠠᠢ ᠲᠥᠯᠥᠭᠡᠯᠡᠭᠴᠢ | ᠪᠣᠯᠣᠨ᠎ᠠ ᠃ ᠲᠡᠳᠡ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ | ᠬᠢᠬᠦ ᠂ ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠦ ᠂ ᠤᠯᠤᠰ ᠳᠠᠶᠠᠭᠠᠷ ᠲᠤ ᠭᠡᠷᠡᠯ ᠰᠠᠴᠤᠷᠠᠩᠭᠤᠢ | ᠰᠤᠷᠤᠯᠴᠠᠬᠤ ᠳᠠᠭᠤᠷᠢᠶᠠᠯ ᠪᠣᠯᠵᠤ ᠂ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠬᠥᠭᠵᠢᠭᠡᠵᠡᠢ ᠃ | ᠰᠢᠨ᠎ᠡ ᠴᠠᠭ ᠦᠶ᠎ᠡ ᠠᠴᠠ ᠨᠠᠭᠠᠰᠢᠬᠢ ᠡᠳᠡᠭᠡᠷ ᠵᠢᠯ ᠤᠳ ᠪᠣᠯ ᠲᠦᠢᠯ ᠤᠨ ᠶᠡᠷᠦ ᠪᠤᠰᠤ ᠂ ᠲᠦᠢᠯ ᠤᠨ ᠬᠡᠪ ᠤᠨ ᠪᠤᠰᠤ ᠶᠤᠮ ᠂ ᠮᠠᠨ ᠤ ᠨᠠᠮ ᠢᠮᠠᠭᠲᠠ ᠠᠷᠠᠳ | ᠲᠦᠮᠡᠨ ᠢ ᠴᠢᠩᠭ᠎ᠠ ᠲᠦᠰᠢᠭᠯᠡᠵᠦ ᠂ ᠦᠵᠡᠬᠦ ᠳᠤ ᠢᠯᠠᠨ ᠳᠠᠪᠠᠵᠤ ᠴᠢᠳᠠᠰᠢ ᠦᠭᠡᠢ ᠪᠡᠷᠬᠡ ᠪᠠᠷᠳᠠᠭ᠎ᠠ ᠨᠤᠭᠤᠳ ᠢ ᠢᠯᠠᠨ ᠳᠠᠪᠠᠵᠤ ᠂ ᠲᠡᠦᠬᠡ ᠶᠢᠨ ᠬᠠᠭᠤᠳᠠᠰᠤᠨ ᠳᠤ | ᠲᠡᠮᠳᠡᠭᠯᠡᠭᠦᠰᠢᠲᠡᠢ ᠬᠠᠷᠢᠭᠤᠯᠲᠠ ᠶᠢᠨ ᠬᠠᠭᠤᠳᠠᠰᠤ ᠨᠤᠭᠤᠳ ᠢ ᠲᠤᠰᠢᠶᠠᠭᠰᠠᠨ ᠪᠠᠶᠢᠨ᠎ᠠ ᠃ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠤᠨ | ᠢᠯᠠᠯᠲᠠ ᠶᠢᠨ ᠮᠡᠳᠡᠭᠡ ᠵᠠᠯᠭᠠᠭ᠎ᠠ ᠪᠠᠷ ᠤᠯᠠᠮᠵᠢᠯᠠᠭᠳᠠᠭᠰᠠᠨ ᠠᠴᠠ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠵᠣᠬᠢᠶᠠᠮᠠᠯ ᠤᠶᠤᠨ ᠴᠢᠳᠠᠪᠤᠷᠢ ᠵᠡᠷᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠴᠣᠯᠭᠤᠷᠠᠨ ᠭᠠᠷᠤᠭᠰᠠᠨ ᠭᠦᠷᠲᠡᠯ᠎ᠡ ᠂ ᠲᠠᠭᠢᠭᠠᠳ ᠠᠮᠤ ᠪᠤᠳᠠᠭᠠᠨ ᠤ ᠭᠠᠷᠤᠯᠲᠠ ᠲᠡᠦᠬᠡᠨ ᠳᠡᠭᠡᠷ᠎ᠡ | ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠤᠨ ᠳᠡᠭᠲᠡᠷ ᠲᠤ ᠭᠠᠷᠴᠤ ᠂ ᠲᠡᠮᠦᠷ ᠵᠠᠮ ᠤᠨ ᠡᠵᠡᠩᠨᠡᠯᠲᠡ ᠶᠢᠨ ᠤᠷᠳᠤ 16.2 ᠲᠦᠮᠡᠨ ᠺᠢᠯᠣᠮᠧᠳ᠋ᠷ ᠢ | ᠳᠠᠪᠠᠵᠤ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠯ ᠤᠨ ᠦᠢᠯᠡᠳᠪᠦᠷᠢᠯᠡᠭᠰᠡᠨ ᠬᠡᠮᠵᠢᠶ᠎ᠡ ᠠᠩᠬ᠎ᠠ ᠤᠳᠠᠭ᠎ᠠ 1000 ᠲᠦᠮᠡ ᠶᠢ ᠳᠠᠪᠠᠭᠰᠠᠨ ᠭᠦᠷᠲᠡᠯ᠎ᠡ ᠁ | ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠨᠠᠮ ᠤᠨ ᠤᠳᠤᠷᠢᠳᠤᠯᠭ᠎ᠠ ᠳᠣᠣᠷ᠎ᠠ ᠤᠶᠤᠨ ᠴᠢᠳᠠᠪᠤᠷᠢ ᠪᠠᠨ | ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ ᠂ ᠮᠢᠩᠭᠠᠨ ᠳᠠᠷᠪᠠᠭᠤᠯᠲᠤ ᠣᠩᠭᠤᠴᠠ ᠥᠷᠢᠰᠦᠯᠳᠦᠨ ᠤᠷᠤᠭᠰᠢᠯᠠᠭᠰᠠᠨ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠶᠡᠭᠡ ᠤᠷᠤᠰᠬᠠᠯ ᠳᠤᠮᠳᠠ ᠠᠵᠢᠯ ᠬᠢᠵᠦ ᠦᠢᠯᠡᠰ ᠪᠣᠰᠬᠠᠨ ᠂ ᠡᠷᠡᠮᠡᠬᠡᠶᠢᠯᠡᠨ ᠤᠷᠤᠭᠰᠢᠯᠠᠵᠤ ᠂ ᠤᠶᠤᠨ ᠤᠬᠠᠭᠠᠨ ᠪᠣᠯᠣᠨ ᠬᠦᠴᠦ | ᠬᠥᠯᠥᠰᠦ ᠪᠠᠷ ᠢᠶᠠᠨ ︽ ᠳᠤᠮᠳᠠᠳᠤ ᠶᠢᠨ ᠵᠡᠭᠦᠳᠦ · ᠭᠦᠳᠡᠯᠮᠦᠷᠢ ᠰᠠᠶᠢᠬᠠᠨ ︾ ᠤ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ ᠃ ᠠᠷᠠᠳ ᠲᠦᠮᠡᠨ ᠪᠣᠯ | ᠲᠡᠦᠬᠡ ᠶᠢᠨ ᠡᠭᠦᠳᠦᠨ ᠪᠦᠲᠦᠭᠡᠭᠴᠢ ᠮᠥᠨ ᠃ ᠠᠷᠠᠳ ᠲᠦᠮᠡᠨ ᠢᠶᠠᠷ ᠭᠤᠣᠯ ᠪᠤᠯᠭᠠᠬᠤ ᠶᠢ ᠢᠮᠠᠭᠲᠠ ᠪᠠᠷᠢᠮᠲᠠᠯᠠᠵᠤ ᠂ ᠲᠦᠭ ᠲᠦᠮᠡᠨ ᠠᠷᠠᠳ ᠲᠦᠮᠡᠨ ᠤ | ᠭᠦᠳᠡᠯᠮᠦᠷᠢ ᠶᠢᠨ ᠬᠠᠯᠠᠭᠤᠨ ᠰᠡᠳᠬᠢᠯᠭᠡ ᠂ ᠡᠭᠦᠳᠦᠨ ᠪᠦᠲᠦᠭᠡᠬᠦ ᠳᠠᠯᠳᠠ ᠬᠦᠴᠦᠨ ᠢ ᠭᠦᠢᠴᠡᠳ ᠬᠥᠭᠵᠢᠭᠡᠵᠦ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠬᠠᠮᠤᠭ ᠤᠨ ᠪᠠᠲᠤ ᠪᠠᠬᠢ ᠰᠠᠭᠤᠷᠢ ᠂ ᠬᠠᠮᠤᠭ ᠤᠨ ᠭᠦᠨ ᠵᠤᠵᠠᠭᠠᠨ ᠬᠦᠴᠦᠨ ᠲᠠᠢ ᠪᠣᠯᠵᠠᠢ ᠃ | ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ ᠃ ᠠᠵᠢᠯᠴᠢᠨ ᠤ ᠬᠥᠳᠡᠯᠭᠡᠭᠡᠨ ᠤ ᠲᠡᠦᠬᠡ ᠶᠢ | ᠡᠷᠭᠢᠴᠡᠭᠦᠯᠬᠦᠶ᠎ᠡ ᠂ ᠨᠠᠮ ᠤᠨ ᠠᠩᠬᠠᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ ᠳᠠᠷᠠᠭᠠᠬᠢ ᠭᠤᠣᠯ ᠠᠵᠢᠯ ᠪᠣᠯ | ᠠᠵᠢᠯᠴᠢᠨ ᠤ ᠬᠥᠳᠡᠯᠭᠡᠭᠡᠨ ᠢ ᠤᠳᠤᠷᠢᠳᠴᠤ ᠂ ᠵᠣᠬᠢᠶᠠᠨ ᠪᠠᠶᠢᠭᠤᠯᠵᠤ ᠠᠬᠢᠭᠤᠯᠤᠭᠰᠠᠨ ᠶᠠᠪᠤᠳᠠᠯ ᠪᠣᠯᠣᠨ᠎ᠠ ᠭᠡᠵᠦ ᠲᠣᠳᠣᠷᠬᠠᠶᠢᠯᠠᠵᠠᠢ ᠃ ᠳᠤᠮᠳᠠᠳᠤ ᠤᠯᠤᠰ ᠤᠨ | ᠠᠵᠢᠯᠴᠢᠨ ᠤ ᠡᠪᠯᠡᠯ ᠪᠠᠶᠢᠭᠤᠯᠤᠭᠳᠠᠭᠰᠠᠨ 100 ᠵᠢᠯ ᠤᠨ ᠲᠤᠷᠰᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ | ᠨᠠᠮ ᠤᠨ ᠡᠯ᠎ᠡ ᠲᠡᠦᠬᠡᠨ ᠴᠠᠭ ᠦᠶ᠎ᠡ ᠶᠢᠨ ᠭᠤᠣᠯ ᠡᠭᠦᠷᠭᠡ ᠶᠢᠨ ᠲᠣᠭᠤᠷᠢᠨ ᠳᠤ ᠂ ᠨᠠᠮ ᠲᠠᠢ ᠪᠠᠨ ᠰᠡᠳᠬᠢᠯ ᠨᠢᠭᠡᠳᠴᠦ ᠂ ᠨᠠᠮ ᠢᠶᠠᠨ ᠲᠠᠭᠠᠨ ᠲᠡᠮᠡᠴᠡᠵᠦ ᠂ | ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠦᠯᠬᠦᠮᠳᠡᠨ ᠂ ᠭᠠᠪᠢᠶ᠎ᠠ ᠪᠠᠶᠢᠭᠤᠯᠤᠨ ᠦᠢᠯᠡᠰ | ᠪᠣᠰᠬᠠᠵᠤ ᠂ ᠬᠤᠪᠢᠰᠬᠠᠯ ᠂ ᠪᠦᠲᠦᠭᠡᠨ ᠪᠠᠶᠢᠭᠤᠯᠤᠯᠲᠠ ᠂ ᠥᠭᠡᠷᠡᠴᠢᠯᠡᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠢ ᠃ ᠢᠯᠠᠩᠭᠤᠶ᠎ᠠ ᠰᠢᠨ᠎ᠡ ᠴᠠᠭ ᠦᠶ᠎ᠡ ᠠᠴᠠ | ᠨᠠᠭᠠᠰᠢ ᠂ ᠠᠵᠢᠯᠴᠢᠨ ᠤ ᠡᠪᠯᠡᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠠᠭ ᠦᠶ᠎ᠡ ᠶᠢᠨ ᠭᠤᠣᠯ ᠰᠡᠳᠦᠪ ᠪᠣᠯᠣᠨ | ᠴᠢᠭᠯᠡᠯ ᠢ ᠪᠠᠲᠤ ᠡᠵᠡᠮᠳᠡᠵᠦ ᠂ ᠠᠵᠢᠯᠲᠠᠨ ᠠᠵᠢᠯᠴᠢᠨ ᠢᠶᠠᠷ ᠭᠤᠣᠯ ᠪᠤᠯᠭᠠᠬᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ ᠂ ᠠᠵᠢᠯᠴᠢᠨ ᠤ ᠡᠪᠯᠡᠯ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠬᠤ ᠶᠢ ᠪᠠᠷᠢᠮᠲᠠᠯᠠᠵᠤ ᠂ ᠥᠷᠭᠡᠨ ᠤᠯᠠᠨ ᠠᠵᠢᠯᠲᠠᠨ ᠠᠵᠢᠯᠴᠢᠨ ᠤ ᠡᠯ᠎ᠡ ᠠᠵᠢᠯ ᠲᠦᠷᠦᠯ ᠂ ᠡᠯ᠎ᠡ | ᠬᠦᠷᠢᠶᠡᠨ ᠳᠤ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠵᠣᠬᠢᠶᠠᠨ ᠪᠠᠶᠢᠭᠤᠯᠤᠨ ᠲᠠᠶᠢᠴᠢᠯᠠᠵᠥ ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠪᠠ ᠃ | ᠥᠨᠥᠳᠥᠷ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠠᠪᠤᠳᠠᠯ ᠬᠢᠵᠠᠭᠠᠯᠠᠰᠢ ᠦᠭᠡᠢ ᠭᠡᠷᠡᠯ ᠰᠠᠴᠤᠷᠠᠩᠭᠤᠢ ᠠᠯᠤᠰ ᠢᠷᠡᠭᠡᠳᠦᠢ ᠲᠠᠢ ᠪᠣᠯᠵᠠᠢ ᠃ ᠮᠠᠨ ᠤ | ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠤ ᠢᠲᠡᠭᠡᠯ ᠵᠣᠷᠢᠭ ᠨᠡᠩ ᠪᠠᠲᠤ ᠴᠢᠩᠭ᠎ᠠ ᠪᠣᠯᠵᠤ ᠂ ᠬᠡᠪ ᠴᠢᠨᠠᠷ ᠨᠢ ᠪᠦᠭᠦ | ᠲᠠᠯ᠎ᠠ ᠪᠠᠷ ᠳᠡᠭᠡᠭᠰᠢᠯᠡᠨ ᠂ ᠳᠦᠷᠰᠦ ᠪᠠᠶᠢᠳᠠᠯ ᠨᠢ ᠴᠣ ᠰᠢᠨ᠎ᠡ ᠪᠣᠯᠵᠤ ᠂ ᠡᠵᠡᠨ ᠬᠥᠮᠥᠨ ᠤ ᠣᠮᠤᠭ ᠲᠡᠭᠦᠯᠳᠡᠷ ᠳᠦᠷᠢ ᠪᠠᠶᠢᠳᠠᠯ ᠢ ᠭᠦᠢᠴᠡᠳ ᠢᠯᠡᠷᠡᠭᠦᠯᠵᠦ ᠂ | ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠴᠢᠩᠭ᠎ᠠ ᠪᠠᠳᠠᠷᠠᠵᠤ ᠂ ᠭᠠᠵᠢᠭᠤ ᠶᠢ ᠢᠲᠡᠭᠡᠬᠦ ᠦᠭᠡᠢ ᠂ ᠰᠥᠷᠭᠡᠦ ᠠᠴᠠ ᠠᠶᠤᠬᠤ ᠦᠭᠡᠢ ᠂ ᠳᠠᠷᠤᠯᠲᠠ ᠠᠴᠠ | ᠲᠠᠯᠵᠢᠬᠤ ᠦᠭᠡᠢ ᠬᠠᠲᠠᠭᠤ ᠲᠡᠮᠡᠴᠡᠯ ᠢᠶᠠᠷ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠶᠢᠷᠲᠢᠨᠴᠦ ᠶᠢ ᠨᠡᠭᠡᠭᠡᠵᠦ ᠪᠠᠶᠢᠨ᠎ᠠ ᠃ ᠮᠠᠨ ᠤ ᠤᠯᠤᠰ ᠤᠨ ᠠᠵᠢᠯᠴᠢᠨ | ᠠᠩᠭᠢ ᠪᠣᠯ ᠨᠡᠷ᠎ᠡ ᠨᠢᠳᠡᠷ ᠲᠡᠭᠡᠨ ᠨᠡᠶᠢᠴᠡᠭᠰᠡᠨ ᠨᠡᠶᠢᠭᠡᠮ ᠵᠢᠷᠤᠮᠲᠤ ᠤᠯᠤᠰ ᠤᠨ ᠤᠳᠤᠷᠢᠳᠬᠤ ᠠᠩᠭᠢ ᠮᠥᠨ ᠂ ᠨᠡᠷ᠎ᠡ ᠨᠢᠳᠡᠷ ᠲᠡᠭᠡᠨ ᠨᠡᠶᠢᠴᠡᠭᠰᠡᠨ ᠲᠡᠷᠢᠭᠦᠨ ᠤ | ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ ᠲᠥᠯᠥᠭᠡᠯᠡᠭᠴᠢ ᠮᠥᠨ ᠂ ᠨᠡᠷ᠎ᠡ ᠨᠢᠳᠡᠷ ᠲᠡᠭᠡᠨ ᠨᠡᠶᠢᠴᠡᠭᠰᠡᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ ᠬᠦᠴᠦᠨ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠡᠢ ᠃ ᠤᠷᠤᠭᠰᠢᠯᠠᠯᠲᠠ ᠶᠢᠨ | ᠵᠠᠮ ᠳᠡᠭᠡᠷ᠎ᠡ ᠂ ᠭᠠᠭᠴᠠ ᠬᠦ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠢᠮᠠᠭᠲᠠ ᠪᠠᠷᠢᠮᠲᠠᠯᠠᠵᠤ ᠂ | ᠥᠷᠭᠡᠨ ᠤᠯᠠᠨ ᠠᠵᠢᠯᠲᠠᠨ ᠠᠵᠢᠯᠴᠢᠨ ᠲᠦᠮᠡᠨ ᠤ ᠢᠳᠡᠪᠬᠢᠵᠢᠯ ᠂ ᠰᠠᠨᠠᠭᠠᠴᠢᠯᠠᠭᠠᠲᠤ ᠴᠢᠨᠠᠷ ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠳᠠᠭ ᠯᠠ ᠶᠤᠮ ᠪᠣᠯ | ᠢᠯᠠᠭᠳᠠᠰᠢ ᠦᠭᠡᠢ ᠪᠠᠲᠤ ᠪᠠᠬᠢ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠴᠢᠳᠠᠨ᠎ᠠ ᠃ | ᠣᠳᠣᠬᠠᠨ ᠤ ᠳᠡᠯᠡᠬᠡᠢ ᠶᠢᠨ ᠬᠤᠪᠢᠷᠠᠯᠲᠠ ᠂ ᠴᠠᠭ ᠦᠶ᠎ᠡ ᠶᠢᠨ ᠬᠤᠪᠢᠷᠠᠯᠲᠠ ᠂ ᠲᠡᠦᠬᠡ ᠶᠢᠨ ᠬᠤᠪᠢᠷᠠᠯᠲᠠ ᠶᠠᠭ ᠤᠷᠢᠳᠤ ᠡᠮᠦᠨ᠎ᠡ ᠪᠠᠶᠢᠭ᠎ᠠ ᠦᠭᠡᠢ ᠠᠷᠭ᠎ᠠ | ᠭᠡᠯᠪᠡᠷᠢ ᠪᠠᠷ ᠥᠷᠨᠢᠵᠦ ᠪᠠᠶᠢᠨ᠎ᠠ ᠂ ᠮᠠᠨ ᠤ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠵᠦ ᠂ ᠮᠠᠨ ᠤ ᠠᠤᠭ᠎ᠠ ᠶᠡᠭᠡ ᠦᠢᠯᠡᠰ ᠢᠶᠠᠨ ᠠᠬᠢᠭᠤᠯᠬᠤ ᠳᠤ ᠮᠠᠨ ᠤ ᠤᠯᠤᠰ ᠤᠨ | ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠡᠵᠡᠨ ᠬᠥᠮᠥᠨ ᠤ ᠤᠬᠠᠮᠰᠠᠷ ᠢᠶᠠᠨ ᠴᠢᠩᠭᠠᠳᠬᠠᠵᠤ ᠂ ᠭᠤᠣᠯ ᠬᠦᠴᠦᠨ ᠤ | ᠦᠢᠯᠡᠳᠦᠯ ᠢᠶᠠᠨ ᠪᠠᠳᠠᠷᠠᠭᠤᠯᠬᠤ ᠶᠢ ᠨᠡᠩ ᠢᠯᠡᠭᠦᠦ ᠱᠠᠭᠠᠷᠳᠠᠵᠤ ᠪᠠᠶᠢᠨ᠎ᠠ ᠃ ᠡᠨᠡ ᠨᠢ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ | ᠪᠠᠲᠤ ᠡᠵᠡᠮᠳᠡᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ | ᠵᠡᠷᠭᠡ ᠶᠢᠨ ᠲᠣᠭᠤᠷᠢᠨ ᠳᠤ ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠮᠡᠳᠡᠯᠭᠡ ᠶᠢᠨ ᠭᠡᠯᠪᠡᠷᠢ ᠶᠢᠨ ᠂ ᠤᠷ᠎ᠠ | ᠮᠡᠷᠭᠡᠵᠢᠯ ᠤᠨ ᠭᠡᠯᠪᠡᠷᠢ ᠶᠢᠨ ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠦᠢᠯᠡᠰ ᠤᠨ ᠠᠵᠢᠯᠴᠢᠨ ᠤ ᠶᠡᠭᠡ ᠴᠡᠷᠢᠭ ᠢ ᠲᠦᠷᠭᠡᠨ ᠪᠠᠶᠢᠭᠤᠯᠵᠤ ᠂ ᠨᠡᠩ ᠤᠯᠠᠨ ᠲᠣᠮᠣ | ᠤᠯᠤᠰ ᠤᠨ ᠤᠷᠠᠨ ᠳᠠᠷᠬᠠᠨ ᠪᠠ ᠥᠨᠳᠥᠷ ᠤᠷ᠎ᠠ ᠮᠡᠷᠭᠡᠵᠢᠯ ᠲᠠᠢ ᠴᠢᠳᠠᠪᠤᠷᠢᠲᠠᠨ ᠢ ᠬᠥᠮᠥᠵᠢᠭᠦᠯᠬᠦ ᠭᠡᠷᠡᠭᠲᠡᠢ ︔ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ ᠂ ᠬᠥᠳᠡᠯᠮᠦᠷᠢᠴᠢᠳ ᠤᠨ ᠬᠡᠪ ᠴᠢᠨᠠᠷ ᠢ ᠬᠦᠴᠦᠯᠡᠨ | ᠳᠡᠭᠡᠭᠰᠢᠯᠡᠭᠦᠯᠵᠦ ᠂ ︽ ᠬᠥᠮᠥᠨ ᠠᠮᠠ ᠶᠢᠨ ᠠᠰᠢᠭ ︾ ᠢ ︽ ᠴᠢᠳᠠᠪᠤᠷᠢᠲᠠᠨ ᠤ ᠠᠰᠢᠭ ︾ ᠲᠡᠶᠢᠰᠢ ᠳᠡᠭᠡᠭᠰᠢᠯᠡᠭᠦᠯᠭᠦ ᠶᠢ ᠪᠡᠶᠡᠯᠡᠭᠦᠯᠬᠦ ᠶᠢ ᠠᠬᠢᠭᠤᠯᠵᠤ ᠂ ᠮᠠᠨ ᠤ | ᠤᠯᠤᠰ ᠤᠨ ᠢᠷᠡᠭᠡᠳᠦᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠬᠤ ᠭᠡᠷᠡᠭᠳᠡᠢ ︔ ᠬᠥᠳᠡᠯᠮᠦᠷᠢᠴᠢᠳ ᠤᠨ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠰᠠᠶᠢᠲᠤᠷ ᠪᠡᠶᠡᠯᠡᠭᠦᠯᠦᠨ ᠂ ᠰᠠᠶᠢᠲᠤᠷ ᠬᠠᠮᠠᠭᠠᠯᠠᠨ ᠂ ᠰᠠᠶᠢᠲᠤᠷ ᠬᠥᠭᠵᠢᠭᠦᠯᠵᠦ ᠂ ᠠᠵᠢᠯᠲᠠᠨ ᠠᠵᠢᠯᠴᠢᠨ ᠲᠦᠮᠡᠨ ᠤ ᠬᠦᠷᠲᠡᠮᠵᠢ ᠶᠢᠨ | ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠳᠡᠭ ᠢ ᠪᠢᠳᠡᠨ ᠳᠤ ᠱᠠᠭᠠᠷᠳᠠᠵᠤ ᠪᠠᠶᠢᠨ᠎ᠠ ᠃ | ᠶᠡᠭᠡ ᠶᠣᠰᠣ ᠶᠢ ᠲᠦᠭᠦᠮ ᠠᠪᠰᠠᠷ ᠶᠠᠷᠢᠵᠤ ᠂ ᠪᠣᠳᠠᠲᠠᠢ ᠠᠵᠢᠯᠯᠠᠬᠤ ᠨᠢ ᠮᠠᠰᠢ ᠴᠢᠬᠤᠯᠠ ᠃ ︽ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠢᠨ᠎ᠡ ᠠᠶᠠᠨ ᠳᠤ ᠬᠥᠮᠥᠨ ᠪᠦᠭᠦᠨ ᠭᠤᠣᠯ ᠲᠣᠭᠯᠠᠭᠴᠢ ᠮᠥᠨ ︾ ᠃ ᠰᠢᠷᠭᠠᠭᠤ ᠭᠦᠳᠡᠯᠮᠦᠷᠢ ᠵᠢᠳᠬᠦᠯ ᠪᠦᠷᠢ ᠨᠢ ᠴᠥᠮ ᠴᠤᠭ ᠪᠠᠳᠠᠷᠠᠩᠭᠤᠢ ᠪᠠᠷ ᠡᠷᠡᠯᠬᠡᠭᠯᠡᠨ | ᠤᠷᠤᠭᠰᠢᠯᠠᠬᠤ ᠴᠠᠭ ᠦᠶ᠎ᠡ ᠶᠢᠨ ᠬᠦᠴᠦᠲᠦ ᠤᠷᠤᠰᠬᠠᠯ ᠲᠠᠢ ᠨᠡᠶᠢᠯᠡᠵᠦ ᠂ ᠤᠷᠤᠭᠰᠢᠯᠠᠯᠲᠠ ᠶᠢᠨ ᠠᠯᠬᠤᠮ ᠪᠦᠷᠢ ᠨᠢ ᠴᠥᠮ ᠬᠤᠷᠢᠭᠯᠠᠭᠳᠠᠰᠢ ᠦᠭᠡᠢ | ᠬᠥᠭᠵᠢᠯᠲᠡ ᠶᠢᠨ ᠪᠠᠶᠢᠳᠠᠯ ᠪᠣᠯᠣᠨ ᠬᠤᠷᠠᠮᠳᠤᠬᠤ ᠪᠣᠯᠣᠨ᠎ᠠ ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠳ ᠠᠴᠠ ᠰᠤᠷᠤᠯᠴᠠᠵᠤ ᠂ ᠭᠦᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭ᠎ᠠ ᠂ ᠭᠦᠳᠡᠯᠮᠦᠷᠢ ᠶᠢᠨ ᠵᠣᠷᠢᠭ ᠰᠠᠨᠠᠭ᠎ᠠ ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠴᠡᠭᠡᠵᠢ ᠲᠦᠷᠢᠨ | ᠬᠠᠷᠢᠭᠤᠴᠠᠯᠭ᠎ᠠ ᠡᠭᠦᠷᠭᠡᠯᠡᠵᠦ ᠂ ᠬᠦᠴᠢᠷ ᠢ ᠲᠤᠭᠤᠯᠵᠤ ᠪᠡᠷᠬᠡ ᠶᠢ ᠳᠠᠪᠠᠨ ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠭᠠᠯ ᠬᠠᠯᠠᠭᠤᠨ ᠦᠢᠯᠡᠳᠦᠯᠭᠡ ᠶᠢᠨ ᠳᠤᠮᠳᠠ ᠭᠦᠳᠡᠯᠮᠦᠷᠢ ᠶᠢᠨ ᠴᠤᠭ ᠵᠢᠪᠬᠤᠭ᠎ᠠ ᠶᠢ ᠪᠢᠴᠢᠭᠯᠡᠨ ᠂ ᠴᠠᠭ ᠦᠶ᠎ᠡ ᠶᠢᠨ ᠢᠷᠠᠭᠤ | ᠠᠯᠳᠠᠷ ᠢ ᠡᠭᠦᠳᠦᠶ᠎ᠡ ᠃ | | |