| ᠠᠵᠢᠯ ᠣᠯᠭᠤᠯᠲᠠ ᠂ ᠠᠵᠤ ᠠᠬᠤᠶᠢᠯᠠᠯ ᠂ ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠤᠨ᠎ᠠ | ᠲᠣᠰ ᠤᠳᠠᠭ᠎ᠠ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠡᠨᠡ ᠵᠢᠯ ᠠᠴᠠ | ᠨᠠᠭᠠᠰᠢ ᠂ ᠮᠠᠨ ᠤ ᠤᠯᠤᠰ ᠤᠨ ︽ ᠠᠵᠤ ᠠᠬᠤᠢ ᠰᠠᠶᠢᠵᠢᠷᠠᠬᠤ ᠬᠠᠨᠳᠤᠰᠢ ᠲᠠᠢ ᠪᠣᠯᠵᠤ ᠂ ᠨᠡᠶᠢᠭᠡᠮ ᠤᠨ ᠢᠲᠡᠭᠡᠯ ᠵᠣᠷᠢᠭ ᠦᠷᠭᠦᠯᠵᠢᠯᠡᠨ ᠳᠡᠭᠡᠭᠰᠢᠯᠡᠵᠦ ᠂ ᠴᠢᠨᠠᠷ | ᠰᠠᠶᠢᠲᠠᠢ ᠬᠥᠭᠵᠢᠯᠲᠡ ᠯᠠᠪᠳᠠᠭᠤᠨ ᠢᠶᠠᠷ ᠠᠬᠢᠵᠤ ᠂ ᠨᠡᠶᠢᠭᠡᠮ ᠤᠨ ᠶᠡᠭᠡ ᠪᠠᠶᠢᠳᠠᠯ ᠲᠣᠭᠲᠠᠭᠤᠨ ᠢᠶᠠᠨ ᠪᠠᠲᠤᠯᠠᠵᠤ ᠪᠠᠶᠢᠨ᠎ᠠ ︾ ᠭᠡᠰᠡᠨ ᠪᠥᠭᠡᠳ ᠠᠵᠤ ᠠᠬᠤᠢ ᠶᠢᠨ | ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠪᠠᠰᠠ ᠤᠯᠠᠮ ᠨᠢᠭᠡ ᠠᠯᠬᠤᠮ ᠪᠠᠲᠤᠳᠬᠠᠬᠤ ᠴᠢᠬᠤᠯᠠᠲᠠᠢ ᠪᠠᠶᠢᠵᠤ ᠂ ᠭᠠᠳᠠᠨᠠᠬᠢ ᠳᠠᠭᠠᠷᠢᠯᠲᠠ ᠶᠢᠨ ᠨᠥᠯᠥᠭᠡ | ᠨᠡᠮᠡᠭᠳᠡᠵᠦ ᠪᠠᠶᠢᠨ᠎ᠠ ᠭᠡᠵᠡᠢ ᠃ | ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠦᠨ᠎ᠡ | ᠬᠤᠷᠸ᠎ᠠ ᠲᠦᠷᠦ ᠶᠢᠨ ᠪᠣᠳᠣᠯᠭ᠎ᠠ ᠪᠣᠯ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠶᠢᠨ ᠴᠢᠬᠤᠯᠠ ᠲᠦᠯᠬᠢᠴᠡ ᠬᠦᠴᠦᠨ ᠪᠣᠯᠣᠨ᠎ᠠ ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ ᠂ | ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠵᠦ ᠭᠦᠢᠴᠡᠳ ᠬᠡᠷᠡᠭᠯᠡᠬᠦ ᠬᠡᠷᠡᠭᠲᠡᠢ ᠭᠡᠵᠡᠢ ᠃ | ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠨᠡᠮᠡᠭᠳᠡᠭᠦᠯᠦᠨ᠎ᠡ | ᠬᠡᠷᠡᠭᠯᠡᠭᠡ ᠶᠢ ᠬᠥᠭᠵᠢᠭᠡᠬᠦ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢᠨ ᠴᠢᠬᠤᠯᠠ ᠠᠴᠠ ᠴᠢᠬᠤᠯᠠ ᠶᠠᠪᠤᠳᠠᠯ ᠪᠣᠯᠣᠨ᠎ᠠ ᠃ ᠬᠤᠷᠠᠯᠳᠤᠭᠠᠨ ᠢᠶᠠᠷ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ | ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ ᠭᠡᠵᠦ ᠲᠣᠳᠣᠷᠬᠠᠢ ᠳᠤᠷᠠᠳᠴᠠᠢ ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠨ᠎ᠡ | ᠣᠳᠣᠬᠠᠨ ᠳᠤ ᠂ ᠭᠠᠳᠠᠭᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ ᠂ ᠤᠯᠤᠰ ᠤᠨ ᠳᠣᠲᠣᠭᠠᠳᠤ ᠶᠢᠨ | ᠪᠦᠲᠦᠮᠵᠢᠲᠡᠶ ᠬᠡᠷᠡᠭᠴᠡᠭᠡ ᠶᠢ ᠨᠡᠮᠡᠭᠳᠡᠭᠦᠯᠬᠦ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠣᠯᠣᠭᠰᠠᠨ ᠢᠶᠠᠷ ᠬᠡᠰᠡᠭ ᠠᠵᠤ ᠠᠬᠤᠶᠢᠯᠠᠯ ᠤᠨ ᠡᠵᠡᠩᠨᠡᠯᠲᠡ ᠨᠢ | ᠬᠦᠴᠢᠷᠳᠡᠯ ᠳᠤ ᠲᠤᠯᠭᠠᠷᠠᠵᠤ ᠪᠠᠶᠢᠨ᠎ᠠ ᠃ ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ | ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ ᠭᠡᠵᠡᠢ ᠃ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠷᠭ᠎ᠠ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠨ᠎ᠡ | ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠬᠤ ᠪᠣᠯ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠠᠭᠠᠳ ᠦᠭᠡᠢ | ᠨᠠᠪᠲᠠᠷᠡᠭᠦᠯᠵᠦ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ ᠃ ᠬᠤᠷᠠᠯᠳᠤᠭᠠᠨ ᠢᠶᠠᠷ ᠪᠦᠬᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠲᠤᠰᠬᠠᠢ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ ᠃ | ᠭᠤᠣᠯᠳᠠᠯᠭ᠎ᠠ ᠪᠣᠯᠬᠤ ᠬᠦᠷᠢᠶᠡᠨ ᠳᠠᠬᠢ ᠲᠦᠭᠰᠢᠭᠦᠷᠢ ᠶᠢ ᠦᠷᠭᠦᠯᠵᠢᠯᠡᠨ ᠬᠦᠴᠦᠯᠡᠨ ᠰᠡᠷᠭᠡᠶᠢᠯᠡᠵᠦ ᠠᠷᠢᠯᠭᠠᠨ᠎ᠠ | ᠬᠤᠷᠠᠯᠳᠤᠭᠠᠨ ᠢᠶᠠᠷ ᠳᠤᠷᠠᠳᠬᠤ ᠳᠤ ᠪᠠᠨ ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠲᠦᠷᠭᠡᠳᠬᠡᠨ ᠪᠠᠶᠢᠭᠤᠯᠵᠤ ᠂ | ᠴᠢᠨᠠᠷᠯᠢᠭ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ ᠭᠡᠵᠡᠢ ᠃ | ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠤᠨ᠎ᠠ | ᠲᠦᠭ ᠲᠦᠮᠡᠨ ᠡᠵᠡᠩᠨᠡᠯᠲᠡ ᠶᠢᠨ ᠭᠤᠣᠯ ᠴᠣᠭᠴᠠ ᠪᠣᠯ ᠠᠵᠢᠯ ᠣᠯᠭᠤᠯᠲᠠ ᠶᠢᠨ ᠭᠤᠣᠯ ᠵᠢᠭᠰᠠᠭᠠᠯ ᠤᠨ ᠭᠠᠵᠠᠷ ᠪᠣᠯᠣᠨ᠎ᠠ ᠃ ᠣᠶᠢᠷ᠎ᠠ ᠶᠢᠨ ᠬᠤᠭᠤᠴᠠᠭᠠᠨ ᠳᠤ | ᠠᠮᠧᠷᠢᠺᠠ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠲᠣᠬᠢᠷᠠᠭᠤᠯᠤᠭᠰᠠᠨ ᠠᠴᠠ ᠪᠣᠯᠵᠤ ᠵᠠᠷᠢᠮ ᠠᠵᠤ ᠠᠬᠤᠶᠢᠯᠠᠯ ᠢ ᠥᠷᠢᠰᠦᠯᠳᠦᠭᠡᠨ ᠳᠤ ᠤᠴᠠᠷᠠᠭᠤᠯᠵᠤ ᠪᠠᠶᠢᠨ᠎ᠠ ᠃ | ᠬᠤᠷᠠᠯᠳᠤᠭᠠᠨ ᠢᠶᠠᠷ ᠳᠤᠷᠠᠳᠬᠤ ᠳᠤ ᠪᠠᠨ ᠂ ︽ ᠪᠣᠭᠤᠮᠲᠠ ᠶᠢᠨ ᠭᠠᠶᠢᠯᠢ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠠᠷ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦᠨ ᠤ ᠪᠤᠴᠠᠭᠠᠬᠤ ᠬᠠᠷᠢᠴᠠᠯ ᠢ ᠨᠢ ᠳᠡᠭᠡᠭᠰᠢᠯᠡᠭᠦᠯᠦᠨ᠎ᠡ ︾ ᠭᠡᠵᠡᠢ ᠃ | | |