| ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 27 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ 4 ᠳ᠋ᠦ᠋ᠭᠡᠷ ᠰᠠᠷ᠎ᠠ ᠶᠢᠨ 27 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ ᠂ | ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠠᠵᠢᠯᠯᠠᠭᠠᠨ ᠥᠷᠨᠢᠭᠦᠯᠬᠦ ᠶᠢ ᠪᠠᠶᠢᠷᠢᠯᠠᠭᠤᠯᠤᠨ ᠂ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠳᠤ ᠬᠤᠯᠪᠣᠭᠳᠠᠭᠰᠠᠨ ᠠᠷᠭ᠎ᠠ | ᠬᠡᠮᠵᠢᠶ᠎ᠡ ᠨᠦᠭᠦᠳ ᠢ ᠰᠤᠳᠤᠯᠵᠤ ᠂ ︽ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ ᠡᠬᠡ ᠲᠥᠰᠥᠯ ︶ ︾ ᠶᠢ | ᠶᠠᠷᠢᠯᠴᠠᠵᠤ ᠂ ᠵᠧᠵᠢᠶᠠᠩ ᠤᠨ ᠰᠠᠨ ᠮᠧᠨ ᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠴᠥᠮ᠎ᠡ ᠶᠢᠨ ᠴᠠᠬᠢᠯᠭᠠᠨ ᠤ ᠲᠦᠷᠦᠯ ᠵᠦᠢᠯ ᠢ ᠵᠥᠪᠰᠢᠶᠡᠷᠡᠬᠦ ᠪᠠᠷ | ᠲᠣᠭᠲᠠᠪᠠ ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠣᠶᠢᠷ᠎ᠠ ᠶᠢᠨ ᠵᠢᠯ ᠤᠳ ᠤᠨ ᠲᠤᠷᠰᠢ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ | ᠥᠷᠨᠢᠭᠦᠯᠦᠭᠰᠡᠨ ᠢᠶᠠᠷ ᠮᠠᠨ ᠤ ᠤᠯᠤᠰ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ ᠃ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠪᠣᠬᠢᠷᠲᠤᠯ ᠢ ᠣᠨᠣᠪᠴᠢᠲᠠᠢ ᠪᠠᠷ ᠂ ᠰᠢᠨᠵᠢᠯᠡᠬᠦ ᠤᠬᠠᠭᠠᠨᠴᠢ ᠪᠠᠷ ᠂ ᠬᠠᠤᠯᠢ | ᠶᠣᠰᠣᠭᠠᠷ ᠵᠠᠰᠠᠬᠤ ᠶᠢ ᠪᠠᠷᠢᠮᠲᠠᠯᠠᠵᠤ ᠂ ᠤᠰᠤᠨ ᠤ ᠡᠬᠢ ᠰᠤᠷᠪᠤᠯᠵᠢ ᠂ ᠤᠰᠤᠨ ᠤ ᠣᠷᠴᠢᠨ ᠲᠣᠭᠤᠷᠢᠨ ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ | ᠲᠥᠯᠥᠪᠯᠡᠵᠦ ᠂ ᠴᠢᠬᠤᠯᠠ ᠰᠠᠪᠠ ᠭᠠᠵᠠᠷ ᠤᠨ ᠳᠡᠭᠡᠳᠦ ᠳᠣᠣᠷᠠᠳᠤ ᠤᠷᠤᠰᠬᠠᠯ ᠤᠨ ᠨᠡᠪᠲᠡᠷᠡᠯᠴᠡᠭᠰᠡᠨ ᠪᠦᠬᠦᠯᠢ ᠴᠣᠭᠴᠠᠲᠤ ᠠᠮᠢ ᠠᠬᠤᠢ ᠣᠷᠴᠢᠨ ᠲᠣᠭᠤᠷᠢᠨ ᠤ | ᠵᠠᠰᠠᠯᠲᠠ ᠶᠢᠨ ᠲᠣᠭᠲᠠᠯᠴᠠᠭ᠎ᠠ ᠪᠠᠶᠢᠭᠤᠯᠬᠤ ᠶᠢ ᠠᠬᠢᠭᠤᠯᠵᠤ ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ | ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠬᠡᠷᠡᠭᠲᠡᠢ ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ ᠂ ᠥᠷᠭᠡᠨ ᠶᠡᠭᠡ ᠭᠤᠣᠯ ᠮᠥᠷᠡᠨ ᠂ ᠴᠢᠬᠤᠯᠠ | ᠪᠣᠯᠬᠤ ᠨᠠᠭᠤᠷ ᠴᠥᠭᠦᠷᠥᠮ ᠢᠶᠠᠷ ᠭᠤᠣᠯᠳᠠᠯᠭ᠎ᠠ ᠪᠣᠯᠭᠠᠨ ᠂ ᠬᠢᠨᠠᠨ ᠰᠢᠨᠵᠢᠬᠦ ᠪᠠ ᠡᠬᠢ ᠡᠭᠦᠰᠦᠯ ᠢ ᠨᠢ ᠡᠷᠢᠬᠦ ᠶᠢ ᠴᠢᠩᠭᠠᠳᠬᠠᠵᠤ ᠂ ᠠᠵᠤ ᠦᠢᠯᠡᠳᠪᠦᠷᠢ ᠶᠢᠨ ᠪᠣᠬᠢᠷ | ᠤᠰᠤ ᠂ ᠠᠮᠢᠳᠤᠷᠠᠯ ᠤᠨ ᠪᠣᠬᠢᠷ ᠤᠰᠤ ᠂ ᠲᠠᠷᠢᠶᠠᠯᠠᠩ ᠤᠨ ᠲᠠᠷᠬᠠᠮᠠᠯ ᠡᠬᠢᠲᠦ ᠪᠣᠬᠢᠷᠲᠤᠯ ᠵᠡᠷᠭᠡ ᠪᠠᠷᠢᠮᠵᠢᠶ᠎ᠠ ᠠᠴᠠ ᠬᠡᠲᠦᠷᠡᠭᠦᠯᠦᠭᠰᠡᠨ ᠭᠠᠳᠠᠭᠰᠢᠯᠠᠭᠤᠯᠤᠯᠲᠠ ᠶᠢ | ᠴᠢᠩᠭ᠎ᠠ ᠰᠡᠷᠭᠡᠶᠢᠯᠡᠬᠦ ᠬᠡᠷᠡᠭᠲᠡᠢ ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ ᠂ ᠨᠡᠪᠲᠡᠷᠡᠭᠦᠯᠬᠦ ᠪᠠ ᠪᠥᠭᠯᠡᠬᠦ ᠶᠢ ᠨᠢ | ᠤᠶᠠᠯᠳᠤᠭᠤᠯᠬᠤ ᠶᠢ ᠪᠠᠷᠢᠮᠲᠠᠯᠠᠵᠤ ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠨᠧᠷᠭᠢ ᠠᠷᠪᠢᠯᠠᠵᠤ ᠭᠠᠳᠠᠭᠰᠢᠯᠠᠭᠤᠯᠤᠯᠲᠠ ᠪᠠᠭᠠᠰᠬᠠᠬᠤ ᠪᠠᠷ | ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠦᠨ ᠂ ᠣᠷᠣᠨ ᠨᠤᠲᠤᠭ ᠤᠨ ᠬᠢᠨ ᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢᠶᠠᠨ | ᠨᠥᠬᠦᠪᠦᠷᠢᠯᠡᠬᠦ ᠶᠢ ᠨᠢ ᠳᠡᠮᠵᠢᠵᠦ ᠂ ᠪᠦᠬᠦ ᠠᠷᠠᠳ ᠤᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ ᠂ ᠦᠵᠡᠰᠬᠦᠯᠡᠩᠲᠦ | ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠲᠤ ᠪᠠᠷ ᠪᠠᠶᠢᠭᠤᠯᠵᠤ ᠬᠠᠮᠲᠤ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ ᠴᠢᠩᠭᠠᠳᠬᠠᠬᠤ ᠨᠢ | ᠬᠡᠦᠬᠡᠳ ᠤᠨ ᠲᠤᠰ ᠪᠡᠶ᠎ᠡ ᠶᠢᠨ ᠠᠰᠢᠭ ᠲᠤᠰᠠ ᠂ ᠭᠡᠷ ᠪᠦᠯᠢ ᠶᠢᠨ ᠬᠢᠨ ᠤ ᠡᠶ᠎ᠡ ᠵᠣᠬᠢᠴᠠᠯ ᠵᠣᠯ ᠵᠢᠷᠭᠠᠯ ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠲᠠᠢ | ᠬᠤᠯᠪᠣᠭᠳᠠᠨ᠎ᠠ ᠃ ᠬᠡᠦᠬᠡᠳ ᠢ ᠤᠷᠢᠳ ᠢᠶᠠᠷ ᠬᠥᠭᠵᠢᠭᠦᠯᠬᠦ ᠪᠠ ᠬᠡᠦᠬᠡᠳ ᠲᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠢ ᠪᠠᠷᠢᠮᠲᠠᠯᠠᠵᠤ ᠂ ᠬᠠᠷᠢᠭᠤᠴᠠᠯᠭ᠎ᠠ ᠪᠠ | ᠬᠠᠶᠢᠷ᠎ᠠ ᠰᠡᠳᠬᠢᠯᠭᠡ ᠶᠢ ᠡᠪᠦᠷᠯᠡᠨ ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠣᠷᠨᠢᠨ ᠪᠤᠶᠢᠵᠢᠬᠤ ᠶᠢ ᠬᠠᠮᠲᠤ ᠪᠠᠷ ᠬᠠᠶᠢᠷᠠᠯᠠᠨ ᠬᠠᠯᠠᠮᠵᠢᠯᠠᠬᠤ ᠬᠡᠷᠡᠭᠲᠡᠢ ᠃ | ᠠᠮᠢᠳᠤᠷᠠᠯ ᠤᠨ ᠦᠨᠳᠦᠰᠦᠨ ᠪᠠᠲᠤᠯᠠᠭ᠎ᠠ ᠂ ᠡᠮᠴᠢᠯᠡᠭᠡ ᠡᠷᠡᠭᠦᠯᠵᠢᠯ ᠂ ᠣᠯᠠᠨ ᠨᠡᠶᠢᠲᠡ ᠶᠢᠨ ᠦᠨᠳᠦᠰᠦᠨ ᠰᠤᠷᠭᠠᠨ ᠬᠥᠮᠦᠵᠢᠯ ᠂ ᠰᠡᠳᠬᠢᠴᠡ ᠶᠢᠨ ᠡᠷᠡᠭᠦᠯ | ᠮᠡᠨᠳᠦ ᠶᠢᠨ ᠬᠠᠯᠠᠮᠵᠢᠯᠠᠯ ᠵᠡᠷᠭᠡ ᠦᠢᠯᠡᠴᠢᠯᠡᠭᠡᠨ ᠤ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ | ᠬᠡᠷᠡᠭᠴᠡᠭᠡ ᠶᠢ ᠦᠨᠳᠦᠰᠦᠯᠡᠨ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ ᠂ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ | ᠬᠡᠷᠡᠭᠲᠡᠢ ᠃ ᠠᠮᠢ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠬᠢᠵᠢᠭᠦᠯᠵᠦ ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ | ᠬᠠᠯᠳᠠᠭᠰᠠᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠬᠡᠬᠦ ᠬᠡᠷᠡᠭᠲᠡᠢ ᠃ | ᠠᠵᠢᠯ ᠤᠨ ᠰᠠᠨᠠᠭᠠᠴᠢᠯᠠᠭᠠᠲᠤ ᠴᠢᠨᠠᠷ ᠂ ᠪᠠᠷᠠᠯᠠᠯᠲᠤ ᠴᠢᠨᠠᠷ ᠢ ᠴᠢᠩᠭᠠᠳᠬᠠᠵᠤ ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ ᠃ | ᠬᠤᠷᠠᠯᠳᠤᠭᠠᠨ ᠢᠶᠠᠷ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ ᠡᠬᠡ ᠲᠥᠰᠥᠯ ︶ ︾ ᠶᠢ | ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠲᠤᠯᠠᠵᠤ ᠂ ᠡᠬᠡ ᠲᠥᠰᠥᠯ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠡᠨᠡ ᠬᠦ ᠬᠠᠤᠯᠢ ᠲᠣᠭᠲᠠᠭᠠᠯᠲᠠ ᠪᠠᠷ | ᠲᠣᠬᠢᠶᠠᠯ ᠪᠣᠯᠭᠠᠵᠤ ᠂ ᠮᠠᠨ ᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ ᠂ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠵᠤ ᠂ ᠠᠷᠠᠳ ᠤᠯᠠᠨ ᠤ ᠡᠪᠡᠳᠴᠢᠯᠡᠪᠡᠯ | ᠡᠮᠨᠡᠨ ᠡᠮᠴᠢᠯᠡᠭᠦᠯᠵᠦ ᠪᠠᠶᠢᠬᠤ ᠳᠦᠷᠢᠮ ᠤᠨ ᠰᠠᠭᠤᠷᠢ ᠶᠢ ᠪᠠᠲᠤᠳᠬᠠᠬᠤ ᠬᠡᠷᠡᠭᠲᠡᠢ ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ ᠂ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ ᠂ ᠬᠤᠳᠠᠯ ᠢᠶᠠᠷ ᠣᠨᠣᠰᠢᠯᠠᠨ ᠡᠮᠨᠡᠬᠦ ᠂ ᠬᠤᠳᠠᠯ ᠢᠶᠠᠷ ᠡᠮ | ᠬᠤᠳᠠᠯᠳᠤᠨ ᠠᠪᠬᠤ ᠵᠡᠷᠭᠡ ᠳᠠᠭᠠᠳᠬᠠᠯ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠃ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ ᠂ ᠡᠮᠴᠢᠯᠡᠭᠡᠨ ᠤ ᠪᠠᠶᠢᠭᠤᠯᠤᠮᠵᠢ ᠂ ᠡᠮᠨᠡᠯᠭᠡ ᠶᠢᠨ ᠠᠵᠢᠯᠲᠠᠨ ᠪᠠ ᠤᠯᠠᠨ ᠲᠦᠮᠡᠨ ᠤ ᠬᠠᠤᠯᠢ ᠶᠢ | ᠵᠢᠷᠤᠮᠯᠠᠨ ᠰᠠᠬᠢᠬᠤ ᠤᠬᠠᠮᠰᠠᠷ ᠢ ᠨᠢ ᠳᠡᠭᠡᠭᠰᠢᠯᠡᠭᠦᠯᠵᠦ ᠂ ᠡᠪᠡᠳᠴᠢᠨ ᠦᠵᠡᠭᠦᠯᠬᠦ ᠡᠮᠬᠢ ᠵᠢᠷᠤᠮ ᠪᠠ ᠡᠮᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ | ᠭᠡᠵᠡᠢ ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ ᠂ ᠴᠥᠮ᠎ᠡ ᠶᠢᠨ ᠴᠠᠬᠢᠯᠭᠠᠨ ᠢ ᠬᠥᠭᠵᠢᠭᠦᠯᠬᠦ ᠳᠤ ᠠᠮᠤᠷ ᠲᠦᠪᠰᠢᠨ ᠢ ᠡᠷᠬᠡᠪᠰᠢ ᠲᠤᠩ ᠪᠠᠲᠤᠯᠠᠭ᠎ᠠ ᠲᠠᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠨᠢᠭᠡᠴᠢ ᠪᠠ ᠥᠮᠴᠢᠲᠡᠨ ᠨᠢᠭᠡᠴᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠠᠲᠤᠳᠬᠠᠵᠤ ᠂ ᠪᠦᠬᠦ ᠪᠥᠮᠪᠥᠷᠴᠡᠭ ᠤᠨ ᠬᠠᠮᠤᠭ ᠤᠨ ᠥᠨᠳᠥᠷ ᠠᠮᠤᠷ ᠲᠦᠪᠰᠢᠨ ᠤ ᠪᠠᠷᠢᠮᠵᠢᠶ᠎ᠠ ᠪᠠᠷ ᠴᠥᠮ᠎ᠡ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠶᠢ ᠪᠦᠲᠦᠭᠡᠨ ᠪᠠᠶᠢᠭᠤᠯᠬᠤ ᠪᠠ ᠡᠵᠡᠩᠨᠡᠨ ᠠᠵᠢᠯᠯᠠᠭᠤᠯᠵᠤ ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ ᠂ ᠴᠥᠮ᠎ᠡ ᠶᠢᠨ ᠴᠠᠬᠢᠯᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠣᠣᠷ ᠢ ᠦᠨᠡᠨ ᠬᠦ ᠪᠠᠲᠤᠳᠬᠠᠬᠤ ᠬᠡᠷᠡᠭᠲᠡᠢ ᠭᠡᠵᠡᠢ ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ ᠃ | | |