| ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ | ᠲᠠᠷᠢᠶᠠᠴᠢᠨ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯᠴᠢᠨ ᠤ | ᠡᠪᠯᠡᠯ ᠤᠨ ᠪᠦᠭᠦ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ ︕ ᠬᠥᠬᠢᠭᠦᠯᠦᠨ ᠰᠠᠶᠢᠰᠢᠶᠠᠭᠳᠠᠭᠰᠠᠨ ᠪᠦᠭᠦ ᠤᠯᠤᠰ ᠤᠨ ᠭᠦᠳᠡᠯᠮᠦᠷᠢ ᠶᠢᠨ | ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ ︕ | ᠯᠢ ᠴᠢᠶᠠᠩ ᠬᠤᠷᠠᠯ ᠢ ᠡᠷᠭᠢᠯᠡᠵᠦ ᠵᠣᠣ ᠯᠧ ᠵᠢᠢ ᠸᠠᠩ ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠤᠷᠠᠯ ᠳᠤ ᠤᠷᠤᠯᠴᠠᠵᠤ ᠼᠠᠢ ᠴᠢ ᠬᠥᠬᠢᠭᠦᠯᠦᠨ | ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 28 ᠤ ᠴᠠᠭᠢᠯᠭᠠᠨ ᠮᠡᠳᠡᠭᠡ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ 28 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ ᠃ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠬᠡᠪᠰᠢ ᠨᠠᠮ ᠤᠨ | ᠭᠤᠣᠯ ᠡᠭᠦᠷᠭᠡ ᠶᠢᠨ ᠲᠣᠭᠤᠷᠢᠨ ᠳᠤ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠂ | ᠯᠠᠪᠳᠠᠭᠤᠨ ᠪᠠᠲᠤᠲᠠᠢ ᠠᠵᠢᠯᠯᠠᠵᠤ ᠂ ᠡᠷᠡᠯᠬᠡᠭᠯᠡᠨ ᠤᠷᠤᠭᠰᠢᠯᠠᠵᠤ ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠲᠥᠰᠥᠪ ᠢ ᠠᠯᠬᠤᠮ ᠠᠯᠬᠤᠮ ᠢᠶᠠᠷ ᠯᠠᠪᠳᠠᠭᠤᠨ ᠪᠠᠲᠤᠲᠠᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ | ᠭᠡᠵᠦ ᠴᠢᠬᠤᠯᠠᠴᠢᠯᠠᠪᠠ ᠃ | | | 4 ᠰᠠᠷ᠎ᠠ ᠶᠢᠨ 28 ᠤ ᠡᠳᠦᠷ ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ | ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ ᠃ ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ ︶ | ︽ 5•1 ︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ ᠂ ᠲᠠᠷᠢᠶᠠᠴᠢᠨ ᠂ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ ᠳᠤ ᠂ ᠡᠯ᠎ᠡ ᠱᠠᠲᠤᠨ ᠤ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯᠴᠢᠨ ᠤ ᠡᠪᠯᠡᠯ ᠤᠨ ᠪᠦᠭᠦ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ ︕ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠂ ᠲᠠᠶᠢᠸᠠᠨ ᠣᠷᠣᠨ ᠤ ᠠᠵᠢᠯᠴᠢᠨ ᠤ ᠡᠪᠯᠡᠯ ᠪᠣᠯᠣᠨ | ᠬᠥᠳᠡᠯᠮᠦᠷᠢᠴᠢᠳ ᠤᠨ ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ ︕ ᠬᠥᠬᠢᠭᠦᠯᠦᠨ ᠰᠠᠶᠢᠰᠢᠶᠠᠭᠳᠠᠭᠰᠠᠨ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ ︕ | ᠯᠢ ᠴᠢᠶᠠᠩ ᠶᠡᠭᠡ ᠬᠤᠷᠠᠯ ᠢ ᠡᠷᠭᠢᠯᠡᠵᠦ ᠂ ᠵᠤᠤ ᠯᠧ ᠵᠢᠢ ᠂ ᠸᠠᠩ ᠬᠤ᠋ ᠨᠢᠩ ᠂ ᠳ᠋ᠢᠩ ᠰᠢᠤᠸᠠᠢ ᠰᠢᠶᠠᠩ ᠂ ᠯᠢ ᠰᠢ ᠣᠷᠣᠯᠴᠠᠵᠤ ᠂ ᠼᠠᠢ ᠴᠢ ᠬᠥᠬᠢᠭᠦᠯᠦᠨ | ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠦᠪᠡᠳᠡᠭᠰᠢ ᠶᠡᠭᠡ ᠪᠥᠭᠡᠳ ᠭᠦᠷ ᠬᠥᠭᠵᠢᠶᠡᠨ ᠲᠠᠢ ᠠᠭᠤᠷ ᠠᠮᠢᠰᠬᠤᠯ ᠪᠢᠯᠬᠠᠨ᠎ᠠ ᠃ | ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ | ᠤᠢ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ︾ ᠭᠡᠰᠡᠨ | ᠦᠰᠦᠭ ᠲᠠᠢ ᠂ ᠠᠷᠤ ᠬᠥᠰᠢᠭᠡ ᠶᠢᠨ ᠭᠤᠣᠯ ᠳᠤᠮᠳᠠ ᠨᠢ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠬᠤᠷᠠᠯ ᠤᠨ ᠰᠦᠯᠳᠡ ᠶᠢ ᠡᠯᠭᠦᠵᠦ ᠂ ᠬᠤᠷᠠᠯ ᠤᠨ | ᠰᠦᠯᠳᠡ ᠶᠢᠨ ᠳᠣᠣᠷ᠎ᠠ ᠲᠠᠯ᠎ᠠ ᠳᠤ ︽ 1925 — 2025 ︾ ᠭᠡᠰᠡᠨ ᠲᠤᠭ᠎ᠠ ᠡᠯᠭᠦᠵᠦ ᠂ 10 ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠵᠠᠢ ᠃ | ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ᠄ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤᠮᠳᠠ ᠠᠵᠢᠯᠴᠢᠨ ᠠᠩᠭᠢ ᠶᠢᠨ ᠭᠤᠣᠯ ᠬᠦᠴᠦᠨ ᠤ ᠦᠢᠯᠡᠳᠦᠯ ᠪᠠ ᠠᠵᠢᠯᠴᠢᠨ ᠤ ᠡᠪᠯᠡᠯ ᠤᠨ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠶ᠎ᠠ ︕ ︾ ᠭᠡᠬᠦ ᠤᠷᠢᠶ᠎ᠠ ᠶᠢ ᠡᠯᠭᠦᠵᠡᠢ ᠃ | ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠵᠡᠢ ᠃ ᠪᠦᠭᠦᠳᠡᠭᠡᠷ ᠢᠶᠠᠨ ᠪᠣᠰᠴᠤ ᠵᠣᠭᠰᠣᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ ᠃ | ᠼᠠᠢ ᠴᠢ ︽ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ︾ ᠢ ᠤᠩᠰᠢᠨ ᠨᠡᠶᠢᠲᠡᠯᠡᠪᠡ ᠃ 1670 ᠬᠥᠮᠥᠨ ᠳᠤ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠶᠢᠨ ᠴᠣᠯᠠ ᠣᠯᠭᠤᠵᠤ ᠂ 756 ᠬᠥᠮᠥᠨ ᠳᠤ ᠪᠦᠭᠦ ᠤᠯᠤᠰ ᠤᠨ ᠲᠡᠷᠢᠭᠦᠨ ᠤ ᠠᠵᠢᠯᠲᠠᠨ ᠤ ᠴᠣᠯᠠ ᠣᠯᠭᠤᠪᠠ ᠃ | ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢ | ᠠᠯᠬᠤᠮ ᠲᠠᠷᠠᠭ᠎ᠠ ᠲᠠᠢ ᠲᠡᠷᠢᠭᠦᠯᠡᠭᠴᠢ ᠶᠢᠨ ᠲᠠᠶᠢᠰᠠᠨ ᠳᠤ ᠭᠠᠷᠴᠤ ᠂ ᠰᠢ ᠶᠢᠨ ᠫᠢᠩ ᠨᠠᠷ ᠲᠡᠳᠡᠨ ᠳᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ ᠃ | | | | 4 ᠰᠠᠷ᠎ᠠ ᠶᠢᠨ 28 ᠤ ᠡᠳᠦᠷ ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ | ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ ᠃ ᠵᠢᠷᠤᠭ ᠪᠣᠯ ᠂ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠵᠤ ᠪᠠᠶᠢᠭ᠎ᠠ ᠨᠢ ᠃ | ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ ︶ | ᠳᠤᠮᠳᠠᠳᠤ ᠤᠯᠤᠰ ᠤᠨ ᠡᠯ ᠴᠦᠡᠭ ᠳ᠋ᠧ ᠶᠠᠩ ᠸᠠᠨ ᠬᠠᠩ ᠬᠡᠪ ᠳᠠᠪᠲᠠᠬᠤ ᠺᠤᠮᠫᠠᠨᠢ ᠶᠢᠨ ᠠᠩᠭᠢ ᠶᠢᠨ ᠳᠠᠷᠤᠭ᠎ᠠ ᠶᠧ ᠯᠢᠨ ᠸᠧᠢ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠲᠥᠯᠥᠭᠡᠯᠡᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ ᠃ | ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠳᠤᠮᠳᠠᠳᠤ ᠶᠢᠨ ᠪᠦᠭᠦ | ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠲᠤᠷᠰᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ | ᠳᠣᠣᠷ᠎ᠠ ᠂ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠡᠯ᠎ᠡ ᠲᠡᠦᠬᠡᠨ ᠴᠠᠭ ᠦᠶ᠎ᠡ ᠶᠢᠨ ᠭᠤᠣᠯ ᠡᠭᠦᠷᠭᠡ ᠶᠢᠨ ᠲᠣᠭᠤᠷᠢᠨ ᠳᠤ ᠂ ᠮᠠᠨ ᠤ ᠤᠯᠤᠰ ᠤᠨ | ᠠᠵᠢᠯᠴᠢᠨ ᠠᠩᠭᠢ ᠶᠢ ᠪᠦᠯᠬᠦᠮᠳᠡᠭᠦᠯᠦᠨ ᠳᠠᠶᠢᠴᠢᠯᠠᠵᠤ ᠨᠠᠮ ᠤᠨ ᠠᠯᠬᠤᠭ᠎ᠠ ᠶᠢ ᠰᠠᠯᠤᠯ ᠦᠭᠡᠢ ᠳᠠᠭᠠᠵᠤ ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ ᠂ | ᠬᠤᠪᠢᠰᠬᠠᠯ ᠂ ᠪᠦᠲᠦᠭᠡᠨ ᠪᠠᠶᠢᠭᠤᠯᠤᠯᠲᠠ ᠂ ᠥᠭᠡᠷᠡᠴᠢᠯᠡᠯᠲᠡ ᠶᠢᠨ ᠠᠭᠤᠤ ᠶᠡᠭᠡ ᠦᠢᠯᠡᠰ ᠢ ᠠᠬᠢᠭᠤᠯᠬᠤ ᠳᠤᠮᠳᠠ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠵᠤ ᠂ | ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠠᠵᠢᠯᠴᠢᠨ ᠠᠩᠭᠢ ᠪᠣᠯᠣᠨ ᠠᠵᠢᠯᠴᠢᠨ ᠤ | ᠡᠪᠯᠡᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ ᠂ ᠠᠯᠢ ᠤᠯᠠᠨ ᠴᠢᠬᠤᠯᠠ ᠠᠵᠢᠯ ᠢ ᠪᠠᠶᠢᠷᠢᠯᠠᠭᠤᠯᠤᠨ ᠠᠬᠢᠭᠤᠯᠵᠤ ᠂ ᠠᠯᠢ ᠤᠯᠠᠨ | ᠴᠢᠭᠯᠡᠭᠦᠯᠦᠯᠲᠦ ᠴᠢᠨᠠᠷᠲᠠᠢ ᠂ ᠦᠨᠳᠦᠰᠦᠨ ᠴᠢᠨᠠᠷᠲᠠᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠬᠠᠷᠢᠭᠤᠯᠵᠤ ᠂ ᠨᠠᠮ ᠤᠨ ᠠᠵᠢᠯᠴᠢᠨ ᠤ | ᠬᠥᠳᠡᠯᠭᠡᠭᠡᠨ ᠤ ᠤᠨᠤᠯ ᠢ ᠤᠯᠠᠮ ᠪᠠᠶᠠᠯᠢᠭᠵᠢᠭᠤᠯᠤᠨ ᠬᠥᠭᠵᠢᠭᠦᠯᠵᠦ ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ | ᠣᠯᠵᠤ ᠂ ᠪᠦᠭᠦ ᠲᠠᠯ᠎ᠠ ᠶᠢᠨ ᠲᠠᠪᠰᠢᠯᠳᠠ ᠶᠢ ᠪᠡᠶᠡᠯᠡᠭᠦᠯᠬᠦ ᠶᠢ ᠠᠬᠢᠭᠤᠯᠪᠠ ᠃ ᠡᠯ᠎ᠡ ᠱᠠᠲᠤᠨ ᠤ ᠠᠵᠢᠯᠴᠢᠨ ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠢ | ᠪᠦᠯᠬᠦᠮᠳᠡᠭᠦᠯᠦᠨ ᠳᠠᠶᠢᠴᠢᠯᠠᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤᠮᠳᠠ | ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ | ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ ᠰᠠᠭᠤᠷᠢ ᠮᠥᠨ ᠂ ᠨᠡᠷ᠎ᠡ ᠨᠢᠳᠡᠷ ᠲᠡᠭᠡᠨ ᠲᠡᠩᠴᠡᠭᠰᠡᠨ ᠮᠠᠨ ᠤ ᠨᠡᠶᠢᠭᠡᠮ ᠵᠢᠷᠤᠮᠲᠤ ᠤᠯᠤᠰ ᠤᠨ ᠤᠳᠤᠷᠢᠳᠬᠤ | ᠠᠩᠭᠢ ᠮᠥᠨ ᠂ ᠨᠡᠷ᠎ᠡ ᠨᠢᠳᠡᠷ ᠲᠡᠭᠡᠨ ᠲᠡᠩᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ ᠲᠥᠯᠥᠭᠡᠯᠡᠭᠴᠢ ᠮᠥᠨ ᠂ | ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ ᠬᠦᠴᠦᠨ ᠮᠥᠨ ᠭᠡᠳᠡᠭ ᠢ | 100 ᠵᠢᠯ ᠤᠨ ᠲᠤᠷᠰᠢᠬᠢ ᠦᠢᠯᠡᠳᠦᠯᠭᠡ ᠭᠦᠢᠴᠡᠳ ᠭᠡᠷᠡᠴᠢᠯᠡᠪᠡ ᠃ ᠮᠠᠨ ᠤ ᠤᠯᠤᠰ ᠤᠨ ᠠᠵᠢᠯᠴᠢᠨ ᠤ ᠡᠪᠯᠡᠯ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠨᠠᠮ ᠠᠴᠠ | ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ ᠂ ᠨᠡᠷ᠎ᠡ ᠨᠢᠳᠡᠷ ᠲᠡᠭᠡᠨ ᠲᠡᠩᠴᠡᠭᠰᠡᠨ ᠨᠡᠶᠢᠭᠡᠮ ᠵᠢᠷᠤᠮᠲᠤ ᠲᠦᠷᠦ ᠶᠢᠨ | ᠡᠷᠬᠡ ᠶᠢᠨ ᠨᠡᠶᠢᠭᠡᠮ ᠤᠨ ᠴᠢᠬᠤᠯᠠ ᠲᠤᠯᠭᠠᠭᠤᠷᠢ ᠮᠥᠨ ᠂ ᠨᠡᠷ᠎ᠡ ᠨᠢᠳᠡᠷ ᠲᠡᠭᠡᠨ ᠲᠡᠩᠴᠡᠭᠰᠡᠨ ᠠᠵᠢᠯᠲᠠᠨ ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ | ᠬᠠᠮᠠᠭᠠᠯᠠᠭᠴᠢ ᠮᠥᠨ ᠃ ᠴᠠᠭ ᠦᠶ᠎ᠡ ᠶᠢᠨ ᠨᠥᠬᠦᠴᠡᠯ ᠪᠠ ᠨᠡᠶᠢᠭᠡᠮ ᠤᠨ ᠬᠠᠮᠲᠤ ᠤᠯᠠᠨ ᠬᠡᠷᠬᠢᠨ ᠬᠥᠭᠵᠢᠨ ᠬᠤᠪᠢᠷᠠᠭᠰᠠᠨ ᠴᠤ ᠮᠠᠨ ᠤ ᠤᠯᠤᠰ ᠤᠨ ᠠᠵᠢᠯᠴᠢᠨ | ᠠᠩᠭᠢ ᠶᠢᠨ ᠪᠠᠶᠢᠷᠢ ᠰᠠᠭᠤᠷᠢ ᠪᠠ ᠦᠢᠯᠡᠳᠦᠯ ᠢ ᠭᠤᠶᠢᠪᠢᠯᠵᠠᠭᠤᠯᠵᠤ ᠪᠤᠯᠬᠤ ᠦᠭᠡᠢ ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ | ᠦᠨᠳᠦᠰᠦᠨ ᠴᠢᠭᠯᠡᠯᠲᠡ ᠶᠢ ᠭᠤᠶᠢᠪᠢᠯᠵᠠᠭᠤᠯᠵᠤ ᠪᠤᠯᠬᠤ ᠦᠭᠡᠢ ᠂ ᠮᠠᠨ ᠤ ᠤᠯᠤᠰ ᠤᠨ ᠠᠵᠢᠯᠴᠢᠨ ᠤ ᠡᠪᠯᠡᠯ ᠤᠨ ᠰᠢᠨᠵᠢ ᠴᠢᠨᠠᠷ ᠪᠠ ᠡᠭᠦᠷᠭᠡ ᠴᠢᠳᠠᠪᠤᠷᠢ ᠶᠢ | ᠭᠤᠶᠢᠪᠢᠯᠵᠠᠭᠤᠯᠵᠤ ᠪᠤᠯᠬᠤ ᠦᠭᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ 100 ᠵᠢᠯ ᠤᠨ ᠲᠤᠷᠰᠢᠬᠢ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠤᠨᠤᠯ ᠤᠨ ᠰᠢᠨ᠎ᠡ ᠡᠭᠦᠳᠦᠯᠲᠡ ᠪᠣᠯᠣᠨ | ᠦᠢᠯᠡᠳᠦᠯᠭᠡ ᠶᠢᠨ ᠬᠥᠭᠵᠢᠯᠲᠡ ᠶᠢᠨ ᠬᠠᠮᠤᠭ ᠤᠨ ᠴᠢᠬᠤᠯᠠ ᠦᠷ᠎ᠡ ᠪᠦᠲᠦᠭᠡᠯ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯᠴᠢᠨ ᠤ | ᠡᠪᠯᠡᠯ ᠤᠨ ᠬᠥᠭᠵᠢᠯᠲᠡ ᠶᠢᠨ ᠵᠠᠮ ᠢ ᠪᠦᠷᠢᠯᠳᠦᠭᠦᠯᠦᠭᠰᠡᠨ ᠶᠠᠪᠤᠳᠠᠯ ᠪᠣᠯᠣᠨ᠎ᠠ ᠃ ᠡᠨᠡ ᠬᠦ ᠵᠠᠮ ᠨᠢ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ | ᠡᠪᠯᠡᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ | ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ ᠂ ᠨᠠᠮ ᠤᠨ ᠭᠤᠣᠯ ᠡᠭᠦᠷᠭᠡ ᠶᠢ ᠲᠠᠭᠠᠬᠤ ᠪᠠ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ ᠂ ᠠᠵᠢᠯᠴᠢᠨ ᠤ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ ᠂ ᠲᠡᠷᠢᠭᠦᠨ ᠤ ᠴᠢᠨᠠᠷ ᠂ ᠤᠯᠠᠨ ᠲᠦᠮᠡᠨᠴᠢ ᠴᠢᠨᠠᠷ ᠢ ᠪᠠᠷᠢᠮᠲᠠᠯᠠᠵᠤ ᠂ ᠠᠵᠢᠯᠲᠠᠨ ᠠᠵᠢᠯᠴᠢᠨ | ᠲᠦᠮᠡᠨ ᠳᠤ ᠦᠢᠯᠡᠴᠢᠯᠡᠬᠦ ᠪᠠᠷ ᠠᠮᠢ ᠨᠠᠰᠤᠨ ᠤ ᠱᠤᠭᠤᠮ ᠪᠤᠯᠭᠠᠬᠤ ᠶᠢ ᠪᠠᠷᠢᠮᠲᠠᠯᠠᠵᠤ ᠂ ᠬᠠᠤᠯᠢ ᠶᠣᠰᠣᠭᠠᠷ ᠳᠦᠷᠢᠮ ᠶᠣᠰᠣᠭᠠᠷ ᠠᠵᠢᠯ ᠢᠶᠠᠨ ᠥᠷᠨᠢᠭᠦᠯᠬᠦ ᠶᠢ | ᠪᠠᠷᠢᠮᠲᠠᠯᠠᠵᠤ ᠂ ᠨᠠᠮ ᠠᠴᠠ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠢ ᠤᠳᠤᠷᠢᠳᠤᠭᠰᠠᠨ ᠡᠷᠬᠢᠮ ᠨᠠᠨᠳᠢᠨ ᠲᠤᠷᠰᠢᠯᠭ᠎ᠠ ᠶᠢᠨ | ᠭᠦᠨᠵᠡᠭᠡᠢ ᠳ᠋ᠦᠩᠨᠡᠯᠲᠡ ᠮᠥᠨ ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠨᠠᠮ ᠤᠨ ᠭᠤᠣᠯ ᠡᠭᠦᠷᠭᠡ ᠪᠣᠯ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠴᠠᠭ ᠦᠶ᠎ᠡ ᠶᠢᠨ ᠭᠤᠣᠯ ᠰᠡᠳᠦᠪ ᠪᠣᠯᠣᠨ᠎ᠠ ᠃ ᠰᠢᠨ᠎ᠡ | ᠴᠠᠭ ᠦᠶ᠎ᠡ ᠰᠢᠨ᠎ᠡ ᠠᠶᠠᠨ ᠳᠤ ᠡᠷᠬᠡᠪᠰᠢ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠤᠯᠠᠮ ᠳᠠᠶᠢᠴᠢᠯᠠᠨ | ᠵᠣᠷᠢᠭᠵᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠤ ᠭᠠᠪᠢᠶ᠎ᠠ ᠪᠠᠶᠢᠭᠤᠯᠵᠤ ᠦᠢᠯᠡᠰ | ᠪᠣᠰᠬᠠᠬᠤ ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠲᠠᠶᠢᠴᠢᠯᠠᠨ ᠵᠣᠷᠢᠭᠵᠢᠭᠤᠯᠬᠤ ᠬᠡᠷᠡᠭᠲᠡᠢ ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠳᠤ ᠵᠣᠬᠢᠴᠠᠵᠤ ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠪᠦᠭᠦ ᠲᠠᠯ᠎ᠠ ᠪᠠᠷ | ᠳᠡᠭᠡᠭᠰᠢᠯᠡᠭᠦᠯᠭᠦ ᠬᠡᠷᠡᠭᠲᠡᠢ ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ ᠂ ᠭᠦᠳᠡᠯᠮᠦᠷᠢ ᠶᠢᠨ ᠵᠢᠱᠢᠶᠡᠴᠢ ᠶᠢᠨ | ᠵᠣᠷᠢᠭ ᠰᠠᠨᠠᠭ᠎ᠠ ᠂ ᠭᠦᠳᠡᠯᠮᠦᠷᠢ ᠶᠢᠨ ᠵᠣᠷᠢᠭ ᠰᠠᠨᠠᠭ᠎ᠠ ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠢ ᠃ ᠬᠠᠮᠲᠤ ᠪᠠᠷ ᠪᠠᠶᠠᠵᠢᠬᠤ ᠶᠢ | ᠠᠬᠢᠭᠤᠯᠬᠤ ᠶᠢ ᠠᠩᠬᠠᠷᠴᠤ ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠤ ᠠᠵᠠ ᠵᠢᠷᠭᠠᠯ ᠢ ᠯᠠᠪᠳᠠᠭᠤᠨ ᠢᠶᠠᠷ ᠨᠡᠮᠡᠭᠳᠡᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠪᠣᠯ ᠴᠥᠮ ᠠᠷᠠᠳ ᠲᠦᠮᠡᠨ ᠤ ᠬᠡᠪ ᠳᠠᠭᠤᠷᠢᠶᠠᠯ ᠂ ᠤᠯᠤᠰ ᠤᠨ ᠲᠤᠯᠭᠠᠭᠤᠷᠢ | ᠬᠦᠴᠦᠨ ᠮᠥᠨ ᠂ ᠪᠦᠭᠦ ᠨᠡᠶᠢᠭᠡᠮ ᠢᠶᠠᠷ ᠢᠶᠠᠨ ᠳᠡᠳᠡᠨ ᠤ ᠦᠢᠯᠡ ᠠᠵᠢᠯᠯᠠᠭ᠎ᠠ ᠶᠢ ᠰᠤᠷᠤᠯᠴᠠᠵᠤ ᠂ ᠳᠡᠳᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ ᠃ | ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢᠷᠠᠭᠤ ᠠᠯᠳᠠᠷ ᠢᠶᠠᠨ ᠨᠠᠨᠳᠢᠩᠨᠠᠨ ᠂ ᠮᠥᠨ ᠴᠢᠨᠠᠷ ᠢᠶᠠᠨ ᠬᠠᠳᠠᠭᠠᠯᠠᠵᠤ ᠂ ᠦᠷᠭᠦᠯᠵᠢᠯᠡᠨ ᠴᠢᠷᠮᠠᠶᠢᠵᠤ ᠂ | ᠲᠠᠭᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ ᠂ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠃ ᠤᠯᠤᠰ ᠲᠦᠷᠦ ᠶᠢᠨ ᠵᠥᠪ ᠴᠢᠭᠯᠡᠯ ᠢ ᠪᠠᠷᠢᠮᠲᠠᠯᠠᠵᠤ ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ | ᠲᠦᠮᠡᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠬᠦ ᠬᠡᠷᠡᠭᠲᠡᠢ ᠃ ᠠᠵᠢᠯᠲᠠᠨ ᠠᠵᠢᠯᠴᠢᠨ ᠢᠶᠠᠷ ᠭᠤᠣᠯ ᠪᠤᠯᠭᠠᠬᠰᠠᠨ ᠠᠵᠢᠯ ᠤᠨ ᠤᠳᠤᠷᠢᠳᠤᠮᠵᠢ ᠶᠢ | ᠪᠠᠷᠢᠮᠲᠠᠯᠠᠵᠤ ᠂ ᠠᠵᠢᠯᠲᠠᠨ ᠠᠵᠢᠯᠴᠢᠨ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ ᠂ ᠠᠵᠢᠯᠲᠠᠨ ᠠᠵᠢᠯᠴᠢᠨ ᠤ ᠪᠦᠭᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠬᠡᠷᠡᠭᠲᠡᠢ ᠃ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠬᠥᠲᠥᠯᠥᠨ ᠳᠠᠭᠠᠭᠤᠯᠬᠤ ᠬᠦᠴᠦᠨ ᠂ ᠵᠣᠬᠢᠶᠠᠨ | ᠪᠠᠶᠢᠭᠤᠯᠬᠤ ᠬᠦᠴᠦᠨ ᠂ ᠦᠢᠯᠡᠴᠢᠯᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ ᠃ ᠡᠯ᠎ᠡ ᠱᠠᠲᠤᠨ ᠤ ᠨᠠᠮ ᠤᠨ | ᠬᠤᠷᠢᠶ᠎ᠠ ᠠᠵᠢᠯᠴᠢᠨ ᠤ ᠡᠪᠯᠡᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ ᠂ ᠠᠵᠢᠯᠴᠢᠨ ᠤ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ | ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ ᠂ ᠠᠵᠢᠯᠴᠢᠨ ᠤ ᠡᠪᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ | ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ︵ ᠶᠠᠷᠢᠶᠠᠨ ᠤ ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠪᠡ ︶ | ᠯᠢ ᠴᠢᠶᠠᠩ ᠶᠡᠭᠡ ᠬᠤᠷᠠᠯ ᠢ ᠡᠷᠭᠢᠯᠡᠭᠦ ᠳᠡᠭᠡᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ 100 ᠵᠢᠯ ᠤᠨ ᠲᠤᠷᠰᠢᠬᠢ ᠨᠠᠮ ᠤᠨ | ᠤᠳᠤᠷᠢᠳᠤᠭᠰᠠᠨ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠤ ᠭᠡᠷᠡᠯ ᠰᠠᠴᠤᠷᠠᠩᠭᠤᠢ ᠥᠩᠭᠡᠷᠡᠯᠲᠡ ᠪᠠ ᠠᠭᠤᠤ ᠶᠡᠭᠡ ᠠᠮᠵᠢᠯᠲᠠ ᠶᠢ ᠳᠡᠭᠡᠳᠦ | ᠬᠡᠮᠵᠢᠶ᠎ᠡ ᠪᠠᠷ ᠦᠨᠡᠯᠡᠵᠦ ᠂ ᠳᠤᠮᠳᠠᠳᠤ ᠤᠯᠤᠰ ᠤᠨ ᠠᠵᠢᠯᠴᠢᠨ ᠠᠩᠭᠢ ᠪᠣᠯᠣᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠨᠠᠮ ᠪᠣᠯᠣᠨ ᠤᠯᠤᠰ ᠤᠨ | ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠳᠠᠬᠢ ᠪᠠᠶᠢᠷᠢ ᠰᠠᠭᠤᠷᠢ ᠪᠣᠯᠣᠨ ᠦᠢᠯᠡᠳᠦᠯ ᠢ ᠭᠦᠢᠴᠡᠳ ᠨᠤᠲᠠᠯᠠᠵᠤ ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯᠣᠨ | ᠠᠵᠢᠯᠴᠢᠨ ᠤ ᠡᠪᠯᠡᠯ ᠤᠨ ᠠᠵᠢᠯ ᠤᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ ᠂ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ | ᠬᠥᠳᠡᠯᠮᠦᠷᠢᠴᠢᠨ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠴᠢᠩ ᠰᠡᠳᠬᠢᠯ ᠤᠨ ᠬᠦᠰᠡᠯ | ᠨᠠᠶᠢᠳᠠᠯᠭ᠎ᠠ ᠲᠠᠯᠪᠢᠵᠤ ᠂ ᠰᠢᠨ᠎ᠡ ᠴᠠᠭ ᠦᠶ᠎ᠡ ᠰᠢᠨ᠎ᠡ ᠠᠶᠠᠨ ᠤ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠪᠠ ᠃ | ᠶᠠᠷᠢᠶᠠᠨ ᠳᠤ ᠨᠠᠮ ᠤᠨ ᠲᠥᠪ ᠬᠤᠷᠢᠶ᠎ᠠ ᠠᠴᠠ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠢ ᠳᠣᠲᠣᠨᠣ ᠪᠠᠷ ᠬᠠᠯᠠᠮᠵᠢᠯᠠᠵᠤ ᠂ | ᠠᠵᠢᠯᠴᠢᠨ ᠤ ᠬᠥᠳᠡᠯᠭᠡᠭᠡᠨ ᠤ ᠦᠢᠯᠡᠰ ᠪᠣᠯᠣᠨ ᠠᠵᠢᠯᠴᠢᠨ ᠤ ᠡᠪᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠮᠠᠰᠢ ᠴᠢᠩᠭ᠎ᠠ ᠤᠯᠤᠰ | ᠲᠥᠷᠥᠴᠢ ᠴᠢᠨᠠᠷ ᠂ ᠦᠵᠡᠯ ᠰᠠᠨᠠᠭᠠᠴᠢ ᠴᠢᠨᠠᠷ ᠂ ᠪᠠᠶᠢᠯᠳᠤᠬᠤ ᠪᠣᠳᠣᠯᠭ᠎ᠠ ᠶᠢᠨ ᠴᠢᠨᠠᠷ ᠂ ᠵᠢᠯᠤᠭᠤᠳᠬᠤ ᠴᠢᠨᠠᠷ ᠲᠠᠢ ᠪᠠᠶᠢᠵᠤ ᠂ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠲᠠᠭᠢᠨ ᠰᠢᠨ᠎ᠡ ᠭᠠᠪᠢᠶ᠎ᠠ | ᠪᠠᠶᠢᠭᠤᠯᠤᠨ ᠂ ᠲᠠᠭᠢᠨ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ ᠶᠡᠭᠡ ᠬᠤᠷᠠᠯ ᠳᠡᠭᠡᠷ᠎ᠡ ᠦᠭᠡ ᠬᠡᠯᠡᠪᠡ ᠃ | ᠶᠡᠭᠡ ᠬᠤᠷᠠᠯ ᠰᠦᠷ ᠵᠢᠪᠬᠤᠯᠠᠩᠲᠤ ︽ ᠢᠨᠲ᠋ᠧᠷᠨᠠᠼᠢᠣᠨᠠᠯ ᠤᠨ ᠳᠠᠭᠤᠤ ︾ ᠳᠤᠮᠳᠠ ᠲᠡᠭᠦᠰᠪᠡ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ | ᠤᠳᠤᠷᠢᠳᠬᠤ ᠲᠤᠰᠢᠶᠠᠯ ᠢ ᠡᠭᠦᠷᠭᠡᠯᠡᠵᠦ ᠥᠩᠭᠡᠷᠡᠭᠰᠡᠨ ᠠᠬᠠᠮᠠᠳ ᠨᠥᠬᠦᠳ ᠬᠤᠷᠠᠯ ᠳᠤ ᠣᠷᠣᠯᠴᠠᠪᠠ ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ ᠂ | ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ | ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠂ ᠡᠯ᠎ᠡ ᠮᠤᠵᠢ ᠶᠢᠨ ᠱᠠᠲᠤᠨ ᠤ ᠠᠵᠢᠯᠴᠢᠨ ᠤ ᠶᠡᠷᠦᠩᠬᠡᠢ ᠡᠪᠯᠡᠯ ᠤᠨ ᠲᠥᠯᠥᠭᠡᠯᠡᠭᠴᠢ ᠂ 2025 ᠣᠨ ᠤ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠂ ᠥᠩᠭᠡᠷᠡᠭᠰᠡᠨ ᠬᠤᠭᠤᠴᠠᠭᠠᠨ ᠤ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ | ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢ ᠵᠡᠷᠭᠡ 3000 ᠭᠠᠷᠤᠢ ᠬᠥᠮᠥᠨ ᠶᠡᠭᠡ ᠬᠤᠷᠠᠯ ᠳᠤ ᠣᠷᠣᠯᠴᠠᠵᠠᠢ ᠃ | | | |