| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 28 ᠤ ᠡᠳᠦᠷ ᠤᠨ ᠮᠡᠳᠡᠭᠡ ︵ 2025 ᠣᠨ ᠤ 4 ᠰᠠᠷ᠎ᠠ ᠶᠢᠨ 28 ᠤ ᠡᠳᠦᠷ ︶ | ᠰᠢ ᠶᠢᠨ ᠫᠢᠩ | ᠨᠥᠬᠦᠳ ᠠ᠋ ᠂ ᠨᠠᠶᠢᠵᠠ ᠨᠠᠷ ᠠ᠋ ᠄ | ︽ 5•1 ︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ ᠂ ᠪᠢᠳᠡ ᠦᠪᠡᠳᠡᠭᠰᠢ ᠶᠡᠭᠡ ᠴᠤᠭᠯᠠᠭᠠᠨ ᠪᠣᠯᠵᠤ ᠂ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ ᠂ ᠮᠠᠨ ᠤ ᠤᠯᠤᠰ ᠤᠨ ᠠᠵᠢᠯᠴᠢᠨ ᠤ | ᠬᠥᠳᠡᠯᠭᠡᠭᠡᠨ ᠤ ᠭᠡᠷᠡᠯ ᠰᠠᠴᠤᠷᠠᠩᠭᠤᠢ ᠥᠩᠭᠡᠷᠡᠯᠲᠡ ᠪᠣᠯᠣᠨ ᠠᠭᠤᠤ ᠶᠡᠭᠡ ᠠᠮᠵᠢᠯᠲᠠ ᠪᠦᠲᠦᠮᠵᠢ ᠶᠢ ᠡᠷᠭᠢᠴᠡᠭᠦᠯᠦᠨ ᠳ᠋ᠦᠩᠨᠡᠵᠦ ᠂ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠵᠤ ᠂ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ | ᠬᠥᠳᠡᠯᠮᠦᠷᠢᠴᠢᠨ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠤᠯᠠᠮ ᠳᠠᠶᠢᠴᠢᠯᠠᠨ ᠵᠣᠷᠢᠭᠵᠢᠭᠤᠯᠵᠤ ᠪᠠᠶᠢᠨ᠎ᠠ ᠃ | ᠡᠩ ᠲᠡᠷᠢᠭᠦᠨ ᠳᠤ ᠂ ᠪᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠲᠤ ᠭᠠᠷᠮᠠᠭᠠᠢ ᠲᠡᠦᠬᠡᠲᠦ ᠬᠤᠪᠢ | ᠨᠡᠮᠡᠷᠢ ᠦᠵᠡᠭᠦᠯᠦᠭᠰᠡᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠪᠣᠯᠣᠨ ᠠᠬᠠᠮᠠᠳ ᠨᠢᠭᠡ ᠦᠶ᠎ᠡ ᠶᠢᠨ ᠠᠵᠢᠯᠴᠢᠨ ᠤ ᠡᠪᠯᠡᠯ ᠤᠨ ᠤᠳᠤᠷᠢᠳᠬᠤ ᠬᠥᠮᠥᠰ ᠲᠤ | ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠨ᠎ᠠ ︕ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ ᠂ ᠲᠠᠷᠢᠶᠠᠴᠢᠨ ᠂ ᠰᠡᠬᠡᠭᠡᠲᠡᠨ ᠪᠣᠯᠣᠨ | ᠪᠤᠰᠤᠳ ᠬᠥᠳᠡᠯᠮᠦᠷᠢᠴᠢᠨ ᠲᠦᠮᠡᠨ ᠳᠤ ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯᠴᠢᠨ ᠤ ᠡᠪᠯᠡᠯ ᠤᠨ ᠪᠦᠭᠦ | ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ︕ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠂ ᠣᠣᠮᠧᠨ ᠣᠨᠴᠠᠭᠠᠢ ᠵᠠᠰᠠᠭ | ᠵᠠᠬᠢᠷᠭᠠᠨ ᠤ ᠣᠷᠣᠨ ᠂ ᠲᠠᠶᠢᠸᠠᠨ ᠣᠷᠣᠨ ᠤ ᠠᠵᠢᠯᠴᠢᠨ ᠤ ᠡᠪᠯᠡᠯ ᠪᠣᠯᠣᠨ ᠬᠥᠳᠡᠯᠮᠦᠷᠢᠴᠢᠳ ᠤᠨ ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ ᠵᠥᠩᠨᠡᠯ | ᠳᠡᠪᠰᠢᠭᠦᠯᠵᠦ ᠪᠠᠶᠢᠨ᠎ᠠ ︕ ᠬᠥᠬᠢᠭᠦᠯᠦᠨ ᠰᠠᠶᠢᠰᠢᠶᠠᠭᠳᠠᠭᠰᠠᠨ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ | ᠪᠠᠶᠠᠷ ᠬᠦᠷᠭᠡᠵᠦ ᠪᠠᠶᠢᠬᠤ ᠪᠠᠨ ᠢᠯᠡᠳᠬᠡᠶ᠎ᠡ ︕ | ᠡᠭᠦᠨ ᠤ ᠬᠠᠮᠲᠤ ᠂ ᠪᠢ ᠳᠤᠮᠳᠠᠳᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠢ ᠲᠥᠯᠥᠭᠡᠯᠡᠵᠦ ᠂ ᠪᠦᠭᠦ ᠳᠡᠯᠡᠬᠡᠢ ᠶᠢᠨ | ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ ︕ | ᠨᠥᠬᠦᠳ ᠠ᠋ ᠂ ᠨᠠᠶᠢᠵᠠ ᠨᠠᠷ ᠠ᠋ ︕ | 1925 ᠣᠨ ᠤ 5 ᠰᠠᠷ᠎ᠠ ᠶᠢᠨ 1 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ ᠢ ᠦᠨᠳᠦᠰᠦᠯᠡᠨ ᠂ | ᠬᠤᠶᠠᠳᠤᠭᠠᠷ ᠤᠳᠠᠭᠠᠨ ᠤ ᠪᠦᠭᠦ ᠤᠯᠤᠰ ᠤᠨ ᠬᠥᠳᠡᠯᠮᠦᠷᠢᠴᠢᠳ ᠤᠨ ᠶᠡᠭᠡ ᠬᠤᠷᠠᠯ ᠭᠤᠸᠠᠩᠵᠧᠦ ᠳᠤ ᠡᠬᠢᠯᠡᠵᠦ ᠂ ᠡᠨᠡ ᠤᠳᠠᠭᠠᠨ ᠤ ᠶᠡᠭᠡ ᠬᠤᠷᠠᠯ ᠠᠴᠠ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠵᠢᠩᠬᠢᠨᠢ ᠪᠠᠷ ᠪᠠᠶᠢᠭᠤᠯᠤᠭᠳᠠᠭᠰᠠᠨ ᠢ ᠲᠤᠩᠬᠠᠭᠯᠠᠭᠰᠠᠨ ᠪᠢᠯᠡ ᠃ 100 ᠵᠢᠯ ᠤᠨ ᠲᠤᠷᠰᠢ ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠡᠯ᠎ᠡ ᠲᠡᠦᠬᠡᠨ ᠴᠠᠭ ᠦᠶ᠎ᠡ ᠶᠢᠨ ᠨᠠᠮ ᠤᠨ | ᠭᠤᠣᠯ ᠡᠭᠦᠷᠭᠡ ᠶᠢᠨ ᠲᠣᠭᠤᠷᠢᠨ ᠳᠤ ᠂ ᠮᠠᠨ ᠤ ᠤᠯᠤᠰ ᠤᠨ ᠠᠵᠢᠯᠴᠢᠨ ᠠᠩᠭᠢ ᠶᠢ ᠪᠦᠯᠬᠦᠮᠳᠡᠭᠦᠯᠦᠨ ᠳᠠᠶᠢᠴᠢᠯᠠᠵᠤ ᠨᠠᠮ ᠤᠨ ᠠᠯᠬᠤᠭ᠎ᠠ ᠶᠢ ᠰᠠᠯᠤᠯ ᠦᠭᠡᠢ | ᠳᠠᠭᠠᠵᠤ ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ ᠂ ᠬᠤᠪᠢᠰᠬᠠᠯ ᠂ ᠪᠦᠲᠦᠭᠡᠨ ᠪᠠᠶᠢᠭᠤᠯᠤᠯᠲᠠ ᠂ ᠥᠭᠡᠷᠡᠴᠢᠯᠡᠯᠲᠡ ᠶᠢᠨ ᠠᠭᠤᠤ ᠶᠡᠭᠡ ᠦᠢᠯᠡᠰ ᠢ | ᠠᠬᠢᠭᠤᠯᠬᠤ ᠳᠤᠮᠳᠠ ᠪᠠᠯᠠᠷᠠᠰᠢ ᠦᠭᠡᠢ ᠭᠠᠪᠢᠶ᠎ᠠ ᠪᠠᠶᠢᠭᠤᠯᠵᠤ ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠢᠷᠠᠭᠤ ᠭᠠᠶᠢᠬᠠᠮᠰᠢᠭᠲᠤ ᠬᠠᠭᠤᠳᠠᠰᠤ ᠶᠢ | ᠪᠢᠴᠢᠭᠯᠡᠭᠰᠡᠨ ᠪᠠᠶᠢᠨ᠎ᠠ ᠃ | ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ ᠳᠤ ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠥᠷᠭᠡᠨ ᠤᠯᠠᠨ ᠠᠵᠢᠯᠴᠢᠨ ᠲᠦᠮᠡᠨ ᠢ | ᠪᠦᠯᠬᠦᠮᠳᠡᠭᠦᠯᠦᠨ ᠲᠠᠶᠢᠴᠢᠯᠠᠵᠤ ᠶᠠᠭᠤᠨ ᠠᠴᠠ ᠴᠤ ᠠᠶᠤᠬᠤ ᠦᠭᠡᠢ ᠬᠤᠪᠢᠰᠬᠠᠯᠲᠤ ᠵᠣᠷᠢᠭ ᠰᠠᠨᠠᠭ᠎ᠠ ᠪᠠᠷ ᠡᠵᠡᠷᠬᠡᠭ ᠲᠦᠷᠢᠮᠡᠬᠡᠢ ᠶᠣᠰᠣ ᠂ ᠹᠧᠣᠳᠠᠯ ᠶᠣᠰᠣ ᠂ | ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠬᠦ ᠬᠤᠪᠢᠰᠬᠠᠯ ᠤᠨ ᠤᠷᠤᠰᠬᠠᠯ ᠳᠤ ᠡᠷᠡᠯᠬᠡᠭ ᠪᠠᠭᠠᠲᠤᠷᠯᠢᠭ ᠢᠶᠠᠷ ᠣᠷᠣᠯᠴᠠᠵᠤ ᠂ ᠡᠮᠦᠨᠡᠬᠢ ᠨᠢ ᠤᠨᠠᠪᠠᠯ ᠬᠤᠶᠢᠨᠠᠬᠢ ᠨᠢ | ᠵᠠᠯᠭᠠᠮᠵᠢᠯᠠᠵᠤ ᠂ ᠴᠢᠰᠤ ᠤᠷᠤᠰᠬᠠᠨ ᠪᠠᠶᠢᠯᠳᠤᠵᠤ ᠂ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠬᠦ ᠂ ᠰᠢᠨ᠎ᠡ | ᠳᠤᠮᠳᠠᠳᠤ ᠤᠯᠤᠰ ᠢ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃ | ᠨᠡᠶᠢᠭᠡᠮ ᠵᠢᠷᠤᠮᠲᠤ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠳᠤ ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠥᠷᠭᠡᠨ ᠤᠯᠠᠨ | ᠠᠵᠢᠯᠲᠠᠨ ᠠᠵᠢᠯᠴᠢᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠡᠵᠡᠨ ᠬᠥᠮᠥᠨ ᠤ ᠵᠣᠷᠢᠭ ᠰᠠᠨᠠᠭ᠎ᠠ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ ᠂ ᠲᠡᠰᠪᠦᠷᠢ ᠬᠠᠲᠠᠭᠤᠵᠢᠯᠲᠠᠢ ᠪᠠᠷ | ᠦᠢᠯᠡᠰ ᠪᠣᠰᠬᠠᠵᠤ ᠂ ︽ ᠮᠠᠨ ᠤ ᠠᠵᠢᠯᠴᠢᠨ ᠬᠦᠴᠦᠨ ᠲᠠᠢ ︾ ᠭᠡᠬᠦ ᠴᠠᠭ ᠦᠶ᠎ᠡ ᠶᠢᠨ ᠬᠦᠴᠦᠷᠬᠡᠭ ᠲᠠᠭᠤᠨ ᠢ ᠬᠠᠩᠭᠢᠨᠠᠭᠤᠯᠵᠤ ᠂ ᠰᠢᠨ᠎ᠡ ᠪᠠᠷ ᠮᠡᠨᠳᠦᠯᠡᠭᠰᠡᠨ | ᠠᠷᠠᠳ ᠤᠨ ᠵᠠᠰᠠᠭ ᠢ ᠪᠠᠬᠢᠵᠢᠭᠦᠯᠬᠦ ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠪᠠᠶᠢᠭᠤᠯᠬᠤ ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ ᠂ ᠳᠤᠮᠳᠠᠳᠤ ᠤᠯᠤᠰ ᠤᠨ | ᠠᠵᠢᠯᠴᠢᠨ ᠤ ᠡᠪᠯᠡᠯ ᠥᠷᠭᠡᠨ ᠤᠯᠠᠨ ᠠᠵᠢᠯᠲᠠᠨ ᠠᠵᠢᠯᠴᠢᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠭᠤᠣᠯ ᠬᠦᠴᠦᠨ ᠴᠡᠷᠢᠭ ᠤᠨ ᠡᠭᠦᠷᠭᠡ | ᠬᠠᠷᠢᠭᠤᠴᠠᠯᠭ᠎ᠠ ᠪᠠᠷ ᠥᠭᠡᠷᠡᠴᠢᠯᠡᠯᠲᠡ ᠨᠡᠭᠡᠭᠡᠯᠲᠡ ᠳᠤ ᠢᠳᠡᠪᠬᠢᠲᠡᠢ ᠣᠷᠣᠯᠴᠠᠵᠤ ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ ᠂ ᠳᠤᠷᠠᠲᠠᠶ᠎ᠠ ᠬᠤᠪᠢ ᠨᠡᠮᠡᠷᠢ | ᠦᠵᠡᠭᠦᠯᠦᠨ ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠬᠦ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠪᠦᠲᠦᠭᠡᠨ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ | ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ ᠂ ᠠᠯᠢ ᠤᠯᠠᠨ ᠴᠢᠬᠤᠯᠠ ᠠᠵᠢᠯ ᠢ ᠪᠠᠶᠢᠷᠢᠯᠠᠭᠤᠯᠤᠨ ᠠᠬᠢᠭᠤᠯᠵᠤ ᠂ ᠠᠯᠢ ᠤᠯᠠᠨ ᠴᠢᠭᠯᠡᠭᠦᠯᠦᠯᠲᠦ ᠴᠢᠨᠠᠷᠲᠠᠢ ᠂ | ᠦᠨᠳᠦᠰᠦᠨ ᠴᠢᠨᠠᠷᠲᠠᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠬᠠᠷᠢᠭᠤᠯᠵᠤ ᠂ ᠨᠠᠮ ᠤᠨ ᠠᠵᠢᠯᠴᠢᠨ ᠤ ᠬᠥᠳᠡᠯᠭᠡᠭᠡᠨ ᠤ ᠤᠨᠤᠯ ᠢ | ᠤᠯᠠᠮ ᠪᠠᠶᠠᠯᠢᠭᠵᠢᠭᠤᠯᠤᠨ ᠬᠥᠭᠵᠢᠭᠦᠯᠵᠦ ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠂ ᠪᠦᠭᠦ ᠲᠠᠯ᠎ᠠ ᠶᠢᠨ | ᠲᠠᠪᠰᠢᠯᠳᠠ ᠶᠢ ᠪᠡᠶᠡᠯᠡᠭᠦᠯᠬᠦ ᠶᠢ ᠠᠬᠢᠭᠤᠯᠪᠠ ᠃ ᠳᠤᠮᠳᠠᠳᠤ ᠤᠯᠤᠰ ᠤᠨ ᠠᠵᠢᠯᠴᠢᠨ ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠢ ᠪᠦᠯᠬᠦᠮᠳᠡᠭᠦᠯᠦᠨ | ᠳᠠᠶᠢᠴᠢᠯᠠᠵᠤ ᠲᠡᠮᠡᠴᠡᠭᠴᠢ ᠶᠢᠨ ᠣᠪᠣᠷ ᠪᠠᠶᠢᠳᠠᠯ ᠢᠶᠠᠷ ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠨ ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ | ᠪᠠᠳᠠᠷᠠᠭᠤᠯᠵᠤ ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ ᠠᠴᠠ ᠨᠠᠭᠠᠰᠢᠬᠢ 100 ᠵᠢᠯ ᠪᠣᠯ ᠮᠠᠷᠺᠰ ᠤᠨ ᠦᠵᠡᠯ ᠤᠨ | ᠠᠵᠢᠯᠴᠢᠨ ᠤ ᠬᠥᠳᠡᠯᠭᠡᠭᠡᠨ ᠤ ᠤᠨᠤᠯ ᠢ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ 100 ᠵᠢᠯ ᠮᠥᠨ ᠂ | ᠮᠠᠨ ᠤ ᠤᠯᠤᠰ ᠤᠨ ᠠᠵᠢᠯᠴᠢᠨ ᠠᠩᠭᠢ ᠪᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠭᠤᠶᠢᠪᠢᠰᠢ ᠦᠭᠡᠢ ᠨᠠᠮ ᠢᠶᠠᠨ ᠲᠠᠭᠠᠵᠤ ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠭᠰᠡᠨ 100 ᠵᠢᠯ ᠮᠥᠨ ᠃ ᠮᠠᠨ ᠤ ᠤᠯᠤᠰ ᠤᠨ | ᠠᠵᠢᠯᠴᠢᠨ ᠠᠩᠭᠢ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠪᠠᠲᠤ ᠪᠠᠬᠢ ᠬᠠᠮᠤᠭ ᠤᠨ ᠨᠠᠶᠢᠳᠠᠪᠤᠷᠢᠲᠠᠢ | ᠠᠩᠭᠢ ᠶᠢᠨ ᠰᠠᠭᠤᠷᠢ ᠮᠥᠨ ᠂ ᠨᠡᠷ᠎ᠡ ᠨᠢᠳᠡᠷ ᠲᠡᠭᠡᠨ ᠲᠡᠩᠴᠡᠭᠰᠡᠨ ᠮᠠᠨ ᠤ ᠨᠡᠶᠢᠭᠡᠮ ᠵᠢᠷᠤᠮᠲᠤ ᠤᠯᠤᠰ ᠤᠨ ᠤᠳᠤᠷᠢᠳᠬᠤ ᠠᠩᠭᠢ ᠮᠥᠨ ᠂ ᠨᠡᠷ᠎ᠡ ᠨᠢᠳᠡᠷ ᠲᠡᠭᠡᠨ | ᠲᠡᠩᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ ᠲᠥᠯᠥᠭᠡᠯᠡᠭᠴᠢ ᠮᠥᠨ ᠂ ᠨᠡᠷ᠎ᠡ ᠨᠢᠳᠡᠷ ᠲᠡᠭᠡᠨ ᠲᠡᠩᠴᠡᠭᠰᠡᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ ᠬᠦᠴᠦᠨ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠡᠢ ᠃ | ᠮᠠᠨ ᠤ ᠤᠯᠤᠰ ᠤᠨ ᠠᠵᠢᠯᠴᠢᠨ ᠤ ᠡᠪᠯᠡᠯ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠨᠠᠮ ᠠᠴᠠ ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠪᠠ | ᠬᠤᠯᠪᠣᠭᠠᠰᠤ ᠮᠥᠨ ᠂ ᠨᠡᠷ᠎ᠡ ᠨᠢᠳᠡᠷ ᠲᠡᠭᠡᠨ ᠲᠡᠩᠴᠡᠭᠰᠡᠨ ᠨᠡᠶᠢᠭᠡᠮ ᠵᠢᠷᠤᠮᠲᠤ ᠲᠦᠷᠦ ᠶᠢᠨ ᠡᠷᠬᠡ ᠶᠢᠨ ᠨᠡᠶᠢᠭᠡᠮ ᠤᠨ ᠴᠢᠬᠤᠯᠠ ᠲᠤᠯᠭᠠᠭᠤᠷᠢ ᠮᠥᠨ ᠂ ᠨᠡᠷ᠎ᠡ | ᠨᠢᠳᠡᠷ ᠲᠡᠭᠡᠨ ᠲᠡᠩᠴᠡᠭᠰᠡᠨ ᠠᠵᠢᠯᠲᠠᠨ ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠮᠥᠨ ᠃ ᠴᠠᠭ ᠦᠶ᠎ᠡ ᠶᠢᠨ ᠨᠥᠬᠦᠴᠡᠯ ᠪᠠ | ᠨᠡᠶᠢᠭᠡᠮ ᠤᠨ ᠪᠦᠯᠭᠦᠮ ᠴᠣᠭᠴᠠ ᠬᠡᠷᠬᠢᠨ ᠬᠥᠭᠵᠢᠨ ᠬᠤᠪᠢᠷᠠᠭᠰᠠᠨ ᠴᠤ ᠮᠠᠨ ᠤ ᠤᠯᠤᠰ ᠤᠨ ᠠᠵᠢᠯᠴᠢᠨ ᠠᠩᠭᠢ ᠶᠢᠨ ᠪᠠᠶᠢᠷᠢ ᠰᠠᠭᠤᠷᠢ ᠪᠠ ᠦᠢᠯᠡᠳᠦᠯ ᠢ | ᠭᠤᠶᠢᠪᠢᠯᠵᠠᠭᠤᠯᠵᠤ ᠪᠤᠯᠬᠤ ᠦᠭᠡᠢ ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠭᠤᠶᠢᠪᠢᠯᠵᠠᠭᠤᠯᠵᠤ | ᠪᠤᠯᠬᠤ ᠦᠭᠡᠢ ᠂ ᠮᠠᠨ ᠤ ᠤᠯᠤᠰ ᠤᠨ ᠠᠵᠢᠯᠴᠢᠨ ᠤ ᠡᠪᠯᠡᠯ ᠤᠨ ᠰᠢᠨᠵᠢ ᠴᠢᠨᠠᠷ ᠪᠠ ᠡᠭᠦᠷᠭᠡ ᠴᠢᠳᠠᠪᠬᠢ ᠶᠢ ᠭᠤᠶᠢᠪᠢᠯᠵᠠᠭᠤᠯᠵᠤ ᠪᠤᠯᠬᠤ ᠦᠭᠡᠢ ᠶᠤᠮ ᠃ | 100 ᠵᠢᠯ ᠤᠨ ᠲᠤᠷᠰᠢ ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠤᠨᠤᠯ ᠤᠨ ᠰᠢᠨ᠎ᠡ ᠡᠭᠦᠳᠦᠯᠲᠡ ᠪᠠ ᠦᠢᠯᠡᠳᠦᠯᠭᠡ ᠶᠢᠨ ᠬᠥᠭᠵᠢᠯᠲᠡ ᠶᠢᠨ | ᠬᠠᠮᠤᠭ ᠤᠨ ᠴᠢᠬᠤᠯᠠ ᠦᠷ᠎ᠡ ᠪᠦᠲᠦᠭᠡᠯ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯᠴᠢᠨ ᠤ ᠡᠪᠯᠡᠯ ᠤᠨ ᠬᠥᠭᠵᠢᠯᠲᠡ ᠶᠢᠨ ᠵᠠᠮ ᠢ | ᠪᠦᠷᠢᠯᠳᠦᠭᠦᠯᠦᠭᠰᠡᠨ ᠶᠠᠪᠤᠳᠠᠯ ᠪᠣᠯᠣᠨ᠎ᠠ ᠃ ᠡᠨᠡ ᠬᠦ ᠵᠠᠮ ᠨᠢ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠳᠠᠬᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠠᠵᠢᠯᠴᠢᠨ ᠤ ᠬᠥᠳᠡᠯᠭᠡᠭᠡᠨ ᠤ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠪᠠ ︔ ᠪᠦᠭᠦ | ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ ᠂ ᠠᠵᠢᠯᠴᠢᠨ ᠠᠩᠭᠢ ᠶᠢᠨ ᠭᠤᠣᠯ ᠬᠦᠴᠦᠨ ᠤ | ᠦᠢᠯᠡᠳᠦᠯ ᠢ ᠭᠦᠢᠴᠡᠳ ᠪᠠᠳᠠᠷᠠᠭᠤᠯᠪᠠ ︔ ᠨᠠᠮ ᠤᠨ ᠭᠤᠣᠯ ᠡᠭᠦᠷᠭᠡ ᠶᠢ ᠳᠠᠭᠠᠬᠤ ᠪᠠ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ ᠂ ᠠᠵᠢᠯᠴᠢᠨ ᠤ ᠬᠥᠳᠡᠯᠭᠡᠭᠡᠨ | ᠪᠠ ᠠᠵᠢᠯᠴᠢᠨ ᠤ ᠡᠪᠯᠡᠯ ᠤᠨ ᠠᠵᠢᠯ ᠢ ᠤᠬᠠᠮᠰᠠᠷ ᠠᠴᠠ ᠪᠠᠨ ᠶᠡᠭᠡ ᠲᠠᠯ᠎ᠠ ᠶᠢᠨ ᠳᠣᠣᠷ᠎ᠠ ᠠᠵᠢᠯᠯᠠᠭᠤᠯᠪᠠ ︔ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ ᠂ ᠲᠡᠷᠢᠭᠦᠨ ᠤ ᠴᠢᠨᠠᠷ ᠂ ᠤᠯᠠᠨ ᠲᠦᠮᠡᠨᠴᠢ ᠴᠢᠨᠠᠷ ᠢ ᠪᠠᠷᠢᠮᠲᠠᠯᠠᠵᠤ ᠂ ᠨᠠᠮ ᠤᠨ ᠠᠵᠢᠯᠲᠠᠨ ᠠᠵᠢᠯᠴᠢᠨ ᠲᠦᠮᠡᠨ ᠲᠠᠢ | ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠪᠠ ︔ ᠠᠵᠢᠯᠲᠠᠨ ᠠᠵᠢᠯᠴᠢᠨ ᠲᠦᠮᠡᠨ ᠳᠤ ᠦᠢᠯᠡᠴᠢᠯᠡᠬᠦ ᠪᠠᠷ ᠠᠮᠢ ᠨᠠᠰᠤᠨ ᠤ | ᠱᠤᠭᠤᠮ ᠪᠤᠯᠭᠠᠬᠤ ᠶᠢ ᠪᠠᠷᠢᠮᠲᠠᠯᠠᠵᠤ ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ ᠂ ᠠᠵᠢᠯᠲᠠᠨ ᠠᠵᠢᠯᠴᠢᠨ ᠤ ᠪᠦᠭᠦ | ᠲᠠᠯ᠎ᠠ ᠶᠢᠨ ᠬᠥᠭᠵᠢᠯᠲᠡ ᠶᠢ ᠠᠭᠢᠭᠤᠯᠪᠠ ︔ ᠬᠠᠤᠯᠢ ᠶᠣᠰᠣᠭᠠᠷ ᠳᠦᠷᠢᠮ ᠶᠣᠰᠣᠭᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ ᠂ ᠠᠵᠢᠯᠴᠢᠨ ᠤ ᠡᠪᠯᠡᠯ ᠤᠨ | ᠵᠣᠬᠢᠶᠠᠨ ᠪᠠᠶᠢᠭᠤᠯᠤᠯᠲᠠ ᠪᠠ ᠠᠵᠢᠯᠴᠢᠨ ᠤ ᠡᠪᠯᠡᠯ ᠤᠨ ᠠᠵᠢᠯ ᠤᠨ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠳᠤᠮᠳᠠ ᠠᠮᠢᠵᠢᠷᠠᠯ ᠤᠨ ᠬᠦᠴᠦᠨ ᠢᠶᠠᠨ | ᠲᠠᠰᠤᠷᠠᠯᠳᠠ ᠦᠭᠡᠢ ᠨᠡᠮᠡᠭᠳᠡᠭᠦᠯᠬᠦ ᠶᠢ ᠠᠬᠢᠭᠤᠯᠪᠠ ᠃ ᠡᠳᠡᠭᠡᠷ ᠪᠣᠯ ᠴᠥᠮ 100 ᠵᠢᠯ ᠤᠨ ᠲᠤᠷᠰᠢᠬᠢ ᠨᠠᠮ ᠠᠴᠠ ᠠᠵᠢᠯᠴᠢᠨ ᠤ ᠬᠥᠳᠡᠯᠭᠡᠭᠡᠨ ᠤ ᠦᠢᠯᠡᠰ ᠪᠠ | ᠠᠵᠢᠯᠴᠢᠨ ᠤ ᠡᠪᠯᠡᠯ ᠤᠨ ᠠᠵᠢᠯ ᠢ ᠤᠳᠤᠷᠢᠳᠤᠭᠰᠠᠨ ᠡᠷᠬᠢᠮ ᠨᠠᠨᠳᠢᠨ ᠲᠤᠷᠰᠢᠯᠭ᠎ᠠ ᠶᠢᠨ ᠭᠦᠨᠵᠡᠭᠡᠢ ᠳ᠋ᠦᠩᠨᠡᠯᠲᠡ ᠮᠥᠨ ᠂ ᠡᠷᠬᠡᠪᠰᠢ ᠤᠷᠳᠤ ᠬᠤᠭᠤᠴᠠᠭ᠎ᠠ | ᠪᠠᠷᠢᠮᠲᠠᠯᠠᠬᠤ ᠬᠡᠷᠡᠭᠲᠡᠢ ᠃ | ᠨᠥᠬᠦᠳ ᠠ᠋ ᠂ ᠨᠠᠶᠢᠵᠠ ᠨᠠᠷ ᠠ᠋ ︕ | ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠲᠣᠳᠣᠷᠬᠠᠶᠢᠯᠠᠪᠠ ᠃ ᠡᠨᠡ ᠬᠦ ᠭᠤᠣᠯ ᠡᠭᠦᠷᠭᠡ | ᠪᠣᠯ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠴᠠᠭ ᠦᠶ᠎ᠡ ᠶᠢᠨ ᠭᠤᠣᠯ ᠰᠡᠳᠦᠪ ᠮᠥᠨ ᠃ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠡᠷᠬᠡᠪᠰᠢ ᠨᠠᠮ ᠤᠨ | ᠭᠤᠣᠯ ᠡᠭᠦᠷᠭᠡ ᠶᠢᠨ ᠲᠣᠭᠤᠷᠢᠨ ᠳᠤ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ | ᠬᠡᠷᠡᠭᠲᠡᠢ ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ | ᠲᠦᠮᠡᠨ ᠤ ᠭᠠᠪᠢᠶ᠎ᠠ ᠪᠠᠶᠢᠭᠤᠯᠵᠤ ᠦᠢᠯᠡᠰ ᠪᠣᠰᠬᠠᠬᠤ ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠲᠠᠶᠢᠴᠢᠯᠠᠨ ᠵᠣᠷᠢᠭᠵᠢᠭᠤᠯᠬᠤ ᠬᠡᠷᠡᠭᠲᠡᠢ ᠃ ᠴᠢᠨᠠᠷ ᠰᠠᠶᠢᠲᠠᠢ | ᠬᠥᠭᠵᠢᠯᠲᠡ ᠨᠢ ᠴᠢᠨᠠᠷ ᠰᠠᠶᠢᠲᠠᠢ ᠭᠦᠳᠡᠯᠮᠦᠷᠢ ᠶᠢᠨ ᠡᠭᠦᠳᠦᠯᠲᠡ ᠠᠴᠠ ᠰᠠᠯᠵᠤ ᠴᠢᠳᠠᠬᠤ ᠦᠭᠡᠢ ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠲᠠᠢ ᠤᠶᠠᠯᠳᠤᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ ᠂ ᠭᠠᠪᠢᠶ᠎ᠠ ᠪᠠᠶᠢᠭᠤᠯᠵᠤ ᠦᠢᠯᠡᠰ ᠪᠣᠰᠬᠠᠬᠤ | ᠪᠠ ᠤᠯᠠᠨ ᠲᠦᠮᠡᠨᠴᠢ ᠴᠢᠨᠠᠷᠲᠠᠢ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠡᠯ᠎ᠡ ᠵᠦᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ ᠂ ᠥᠷᠭᠡᠨ ᠤᠯᠠᠨ | ᠬᠥᠳᠡᠯᠮᠦᠷᠢᠴᠢᠳ ᠤᠨ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠬᠥᠯ ᠲᠣᠭᠲᠠᠬᠤ ᠶᠢ ᠵᠣᠬᠢᠶᠠᠨ ᠪᠠᠶᠢᠭᠤᠯᠵᠤ ᠬᠥᠲᠥᠯᠥᠨ ᠵᠢᠯᠤᠭᠤᠳᠴᠤ ᠂ ᠤᠯᠠᠮᠵᠢᠯᠠᠯᠲᠤ ᠠᠵᠤ | ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤᠮᠳᠠ ᠬᠦᠴᠢᠷ ᠢ ᠲᠤᠭᠤᠯᠤᠨ ᠪᠡᠷᠬᠡ ᠶᠢ ᠳᠠᠪᠠᠵᠤ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠬᠤ ᠳᠤᠮᠳᠠ ᠵᠠᠮ ᠨᠡᠭᠡᠭᠡᠨ ᠤᠷᠤᠭᠰᠢᠯᠠᠵᠤ ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠳᠤᠮᠳᠠ ᠵᠣᠷᠢᠭᠲᠠᠢ | ᠬᠠᠶᠢᠨ ᠰᠦᠪᠡᠭᠴᠢᠯᠡᠵᠦ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠠᠰᠤᠷᠠᠯᠳᠠ ᠦᠭᠡᠢ ᠰᠢᠨ᠎ᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠃ | ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠳᠤ ᠵᠣᠬᠢᠴᠠᠵᠤ ᠂ | ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠃ ᠡᠨᠡ ᠪᠣᠯ ᠳᠤᠮᠳᠠᠳᠤ ᠤᠯᠤᠰ ᠤᠨ ᠠᠵᠢᠯᠴᠢᠨ ᠠᠩᠭᠢ ︽ ᠬᠠᠮᠤᠭ ᠤᠨ | ᠳᠠᠪᠰᠢᠩᠭᠤᠢ ᠠᠩᠭᠢ ︾ ᠶᠢᠨ ᠬᠤᠪᠢ ᠪᠠᠷ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠤᠨ ᠂ | ᠠᠵᠢᠯᠲᠠᠨ ᠠᠵᠢᠯᠴᠢᠨ ᠤ ᠬᠡᠪ ᠴᠢᠨᠠᠷ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠭᠦᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ ᠢ ᠥᠷᠭᠡᠨ ᠢᠶᠠᠷ ᠥᠷᠨᠢᠭᠦᠯᠵᠦ ᠂ ᠥᠷᠭᠡᠨ | ᠤᠯᠠᠨ ᠬᠥᠳᠡᠯᠮᠦᠷᠢᠴᠢᠳ ᠤᠨ ᠨᠠᠰᠤᠨ ᠲᠤᠷᠰᠢᠲᠠ ᠰᠤᠷᠤᠯᠴᠠᠬᠤ ᠂ ᠲᠤᠰ ᠪᠡᠶ᠎ᠡ ᠶᠢᠨ ᠬᠡᠪ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠶᠢ ᠬᠥᠲᠥᠯᠥᠨ | ᠵᠢᠯᠤᠭᠤᠳᠴᠤ ᠂ ᠮᠡᠳᠡᠯᠭᠡ ᠶᠢᠨ ᠭᠡᠯᠪᠡᠷᠢ ᠶᠢᠨ ᠂ ᠤᠷ᠎ᠠ ᠴᠢᠳᠠᠪᠤᠷᠢ ᠶᠢᠨ ᠭᠡᠯᠪᠡᠷᠢ ᠶᠢᠨ ᠂ ᠰᠢᠨ᠎ᠡ ᠶᠢ ᠡᠭᠦᠳᠬᠦ ᠭᠡᠯᠪᠡᠷᠢ ᠶᠢᠨ ᠨᠢᠭᠡᠨ ᠰᠠᠯᠠᠭ᠎ᠠ ᠬᠥᠳᠡᠯᠮᠦᠷᠢᠴᠢᠳ ᠤᠨ | ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠃ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠂ | ᠭᠦᠳᠡᠯᠮᠦᠷᠢ ᠶᠢᠨ ᠵᠣᠷᠢᠭ ᠰᠠᠨᠠᠭ᠎ᠠ ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠢ ᠃ ᠠᠵᠢᠯᠴᠢᠨ ᠠᠩᠭᠢ ᠪᠣᠯᠣᠨ ᠥᠷᠭᠡᠨ ᠣᠯᠠᠨ | ᠬᠥᠳᠡᠯᠮᠦᠷᠢᠴᠢᠨ ᠲᠦᠮᠡᠨ ᠤ ᠤᠷᠲᠤ ᠬᠤᠭᠤᠴᠠᠭᠠᠨ ᠤ ᠲᠡᠮᠡᠴᠡᠯ ᠤᠨ ᠳᠤᠮᠳᠠ ᠴᠣᠭᠴᠠᠯᠠᠭᠰᠠᠨ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠂ | ᠭᠦᠳᠡᠯᠮᠦᠷᠢ ᠶᠢᠨ ᠵᠣᠷᠢᠭ ᠰᠠᠨᠠᠭ᠎ᠠ ᠂ ᠤᠷᠠᠨ ᠳᠠᠷᠬᠠᠨ ᠤ ᠵᠣᠷᠢᠭ ᠰᠠᠨᠠᠭ᠎ᠠ ᠪᠣᠯ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠠᠮᠢᠳᠤᠯᠢᠭ | ᠢᠯᠡᠷᠡᠯ ᠮᠥᠨ ᠃ ᠭᠦᠳᠡᠯᠮᠦᠷᠢ ᠬᠠᠮᠤᠭ ᠤᠨ ᠢᠷᠠᠭᠤ ᠠᠯᠳᠠᠷᠲᠠᠢ ᠂ ᠭᠦᠳᠡᠯᠮᠦᠷᠢ ᠬᠠᠮᠤᠭ ᠤᠨ ᠡᠷᠬᠢᠮ ᠳᠡᠭᠡᠳᠦ ᠂ ᠭᠦᠳᠡᠯᠮᠦᠷᠢ ᠬᠠᠮᠤᠭ ᠤᠨ ᠠᠭᠤᠤ ᠶᠡᠭᠡ ᠂ | ᠭᠦᠳᠡᠯᠮᠦᠷᠢ ᠬᠠᠮᠤᠭ ᠤᠨ ᠭᠤᠶᠤ ᠰᠠᠶᠢᠬᠠᠨ ᠪᠠᠶᠢᠬᠤ ᠨᠡᠶᠢᠭᠡᠮ ᠤᠨ ᠬᠡᠪ ᠰᠤᠷᠲᠠᠯ ᠢ ᠶᠡᠭᠡ ᠪᠠᠷ ᠪᠠᠳᠠᠷᠠᠭᠤᠯᠵᠤ ᠂ ᠭᠦᠳᠡᠯᠮᠦᠷᠢ ᠶᠢ ᠬᠦᠨᠳᠦᠳᠬᠡᠬᠦ ᠂ ᠮᠡᠳᠡᠯᠭᠡ ᠶᠢ | ᠬᠦᠨᠳᠦᠳᠬᠡᠬᠦ ᠂ ᠴᠢᠳᠠᠪᠤᠷᠢᠲᠠᠨ ᠢ ᠬᠦᠨᠳᠦᠳᠬᠡᠬᠦ ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ ᠂ ᠪᠦᠭᠦ | ᠠᠷᠠᠳ ᠲᠦᠮᠡᠨ ᠤ ᠰᠢᠷᠭᠠᠭᠤ ᠭᠦᠳᠡᠯᠮᠦᠷᠢ ᠂ ᠦᠨᠡᠨᠴᠢ ᠭᠦᠳᠡᠯᠮᠦᠷᠢ ᠂ ᠪᠦᠲᠦᠭᠡᠯᠴᠢ ᠭᠦᠳᠡᠯᠮᠦᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢᠶᠠᠨ ᠪᠡᠶᠡᠯᠡᠭᠦᠯᠬᠦ ᠶᠢ ᠵᠣᠷᠢᠭᠵᠢᠭᠤᠯᠬᠤ ᠬᠡᠷᠡᠭᠲᠡᠢ ᠃ | ᠬᠠᠮᠲᠤ ᠪᠠᠷ ᠪᠠᠶᠠᠵᠢᠬᠤ ᠶᠢ ᠠᠬᠢᠭᠤᠯᠬᠤ ᠶᠢ ᠠᠩᠬᠠᠷᠴᠤ ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠤ ᠠᠵᠠ ᠵᠢᠷᠭᠠᠯ ᠢ | ᠯᠠᠪᠳᠠᠭᠤᠨ ᠨᠡᠮᠡᠭᠳᠡᠭᠦᠯᠬᠦ ᠬᠡᠷᠡᠭᠲᠡᠢ ᠃ ᠬᠠᠮᠲᠤ ᠪᠠᠷ ᠪᠠᠶᠠᠵᠢᠬᠤ ᠶᠢ ᠥᠷᠭᠡᠨ ᠤᠯᠠᠨ ᠬᠥᠳᠡᠯᠮᠦᠷᠢᠴᠢᠳ ᠲᠤ ᠲᠦᠰᠢᠭᠯᠡᠨ ᠪᠡᠶᠡᠯᠡᠭᠦᠯᠬᠦ ᠮᠥᠷᠲᠡᠭᠡᠨ ᠪᠠᠰᠠ ᠥᠷᠭᠡᠨ | ᠤᠯᠠᠨ ᠬᠥᠳᠡᠯᠮᠦᠷᠢᠴᠢᠳ ᠤᠨ ᠪᠡᠶ᠎ᠡ ᠳᠡᠭᠡᠷ᠎ᠡ ᠢᠯᠡᠷᠡᠭᠦᠯᠬᠦ ᠬᠡᠷᠡᠭᠲᠡᠢ ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ | ᠨᠡᠩ ᠰᠠᠶᠢᠨ ᠠᠵᠢᠯ ᠣᠯᠭᠤᠯᠲᠠ ᠶᠢᠨ ᠪᠠ ᠭᠦᠳᠡᠯᠮᠦᠷᠢ ᠶᠢᠨ ᠨᠥᠬᠦᠴᠡᠯ ᠢ ᠡᠭᠦᠳᠴᠦ ᠂ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠵᠤ ᠂ ᠣᠷᠣᠯᠭ᠎ᠠ ᠶᠢᠨ | ᠬᠤᠪᠢᠶᠠᠷᠢᠯᠠᠯᠲᠠ ᠳᠤᠮᠳᠠᠬᠢ ᠭᠦᠳᠡᠯᠮᠦᠷᠢ ᠂ ᠤᠷ᠎ᠠ ᠴᠢᠳᠠᠪᠤᠷᠢ ᠂ ᠮᠡᠳᠡᠯᠭᠡ ᠂ ᠰᠢᠨ᠎ᠡ ᠶᠢ ᠡᠭᠦᠳᠬᠦ ᠵᠡᠷᠭᠡ ᠡᠯᠧᠮᠧᠨ᠋ᠲ ᠤᠨ ᠬᠤᠪᠢ ᠶᠢᠨ ᠵᠢᠩ ᠢ ᠡᠮᠬᠢ ᠵᠢᠷᠤᠮ ᠲᠠᠢ | ᠳᠡᠭᠡᠭᠰᠢᠯᠡᠭᠦᠯᠵᠦ ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠃ | ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠪᠣᠯ ᠠᠷᠠᠳ ᠲᠦᠮᠡᠨ ᠤ ᠦᠯᠢᠭᠡᠷ ᠳᠠᠭᠤᠷᠢᠶᠠᠯ ᠂ ᠤᠯᠤᠰ ᠣᠷᠣᠨ ᠤ ᠲᠤᠯᠭᠠᠭᠤᠷᠢ ᠮᠥᠨ ᠃ ᠤᠷᠳᠤ | ᠬᠤᠭᠤᠴᠠᠭᠠᠨ ᠤ ᠲᠤᠷᠰᠢ ᠂ ᠦᠶ᠎ᠡ ᠦᠶ᠎ᠡ ᠶᠢᠨ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠂ | ᠴᠠᠭ ᠦᠶ᠎ᠡ ᠶᠢᠨ ᠲᠠᠪᠰᠢᠯᠳᠠ ᠶᠢ ᠠᠬᠢᠭᠤᠯᠬᠤ ᠳᠤᠮᠳᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠭᠰᠠᠨ ᠶᠤᠮ ᠃ ᠲᠡᠳᠡᠨ ᠤ | ᠦᠯᠢᠭᠡᠷ ᠢ ᠤᠯᠠᠮ ᠰᠠᠶᠢᠲᠤᠷ ᠶᠠᠷᠢᠵᠤ ᠂ ᠪᠦᠭᠦ ᠨᠡᠶᠢᠭᠡᠮ ᠢᠶᠠᠷ ᠢᠶᠠᠨ ᠲᠡᠳᠡᠨ ᠤ ᠦᠢᠯᠡ ᠶᠠᠪᠤᠳᠠᠯ ᠢ ᠰᠤᠷᠤᠯᠴᠠᠬᠤ ᠂ ᠲᠡᠳᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ | ᠬᠥᠲᠥᠯᠥᠨ ᠵᠢᠯᠤᠭᠤᠳᠬᠤ ᠬᠡᠷᠡᠭᠲᠡᠢ ᠃ ᠬᠥᠬᠢᠭᠦᠯᠦᠨ ᠰᠠᠶᠢᠰᠢᠶᠠᠭᠳᠠᠭᠰᠠᠨ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢᠷᠠᠭᠤ ᠠᠯᠳᠠᠷ ᠢᠶᠠᠨ | ᠨᠠᠨᠳᠢᠩᠨᠠᠨ ᠂ ᠣᠣᠷ ᠴᠢᠨᠠᠷ ᠢᠶᠠᠨ ᠪᠠᠲᠤᠯᠠᠵᠤ ᠂ ᠦᠷᠭᠦᠯᠵᠢᠯᠡᠨ ᠴᠢᠷᠮᠠᠶᠢᠵᠤ ᠂ ᠲᠠᠭᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠃ | ᠨᠥᠬᠦᠳ ᠠ᠋ ᠂ ᠨᠠᠶᠢᠵᠠ ᠨᠠᠷ ᠠ᠋ ︕ | ᠵᠠᠭᠤᠨ ᠵᠢᠯ ᠤᠨ ᠠᠵᠢᠯᠴᠢᠨ ᠤ ᠡᠪᠯᠡᠯ ᠶᠠᠭ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ ᠂ ᠨᠠᠮ ᠪᠠ ᠤᠯᠤᠰ ᠠᠴᠠ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠳᠤ ᠶᠡᠭᠡ ᠬᠦᠰᠡᠯ ᠨᠠᠶᠢᠳᠠᠯᠭ᠎ᠠ ᠲᠠᠯᠪᠢᠵᠤ ᠂ ᠠᠵᠢᠯᠲᠠᠨ ᠠᠵᠢᠯᠴᠢᠨ ᠤᠯᠠᠨ ᠲᠦᠮᠡᠨ ᠠᠴᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠳᠤ | ᠬᠦᠰᠡᠯ ᠡᠷᠡᠮᠡᠯᠵᠡᠯ ᠳᠦᠭᠦᠷᠡᠩ ᠪᠠᠶᠢᠨ᠎ᠠ ᠃ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠮᠠᠨ ᠤ | ᠤᠯᠤᠰ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠨᠡᠩ ᠢᠷᠠᠭᠤ ᠭᠠᠶᠢᠬᠠᠮᠰᠢᠭᠲᠤ ᠴᠠᠭ ᠦᠶ᠎ᠡ ᠶᠢᠨ ᠬᠠᠭᠤᠳᠠᠰᠤ ᠶᠢ ᠪᠢᠴᠢᠭᠯᠡᠬᠦ ᠬᠡᠷᠡᠭᠲᠡᠢ ᠃ | ᠤᠯᠤᠰ ᠲᠦᠷᠦ ᠶᠢᠨ ᠵᠥᠪ ᠴᠢᠭᠯᠡᠯ ᠢ ᠪᠠᠷᠢᠮᠲᠠᠯᠠᠵᠤ ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠢ ᠨᠠᠮ ᠤᠨ ᠲᠣᠭᠤᠷᠢᠨ ᠳᠤ | ᠨᠢᠭᠲᠠ ᠪᠦᠯᠬᠦᠮᠳᠡᠭᠦᠯᠬᠦ ᠬᠡᠷᠡᠭᠲᠡᠢ ᠃ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ | ᠨᠠᠮ ᠤᠨ ᠤᠳᠤᠷᠢᠳᠤᠯᠭ᠎ᠠ ᠶᠢ ᠠᠵᠢᠯᠴᠢᠨ ᠤ ᠡᠪᠯᠡᠯ ᠤᠨ ᠠᠵᠢᠯ ᠤᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠂ | ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ ᠂ ᠠᠵᠢᠯᠲᠠᠨ ᠠᠵᠢᠯᠴᠢᠨ ᠤᠯᠠᠨ ᠲᠦᠮᠡᠨ ᠢ ᠬᠥᠲᠥᠯᠥᠨ ᠳᠠᠭᠠᠭᠤᠯᠵᠤ ᠨᠠᠮ ᠤᠨ | ᠦᠭᠡ ᠶᠢ ᠰᠣᠨᠣᠰᠬᠤ ᠂ ᠨᠠᠮ ᠢᠶᠠᠨ ᠳᠠᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠂ | ᠵᠥᠷᠢᠴᠡᠯ ᠢ ᠨᠠᠮᠳᠠᠭᠤᠯᠬᠤ ᠂ ᠬᠥᠳᠡᠯᠭᠡᠬᠦ ᠬᠦᠴᠦᠨ ᠢ ᠬᠥᠭᠵᠢᠭᠡᠬᠦ ᠪᠠᠷ ᠬᠦᠴᠦᠯᠡᠵᠦ ᠂ ᠨᠠᠮ ᠤᠨ ᠲᠦᠷᠦ ᠪᠠᠷᠢᠬᠤ ᠠᠩᠭᠢ ᠶᠢᠨ ᠰᠠᠭᠤᠷᠢ ᠪᠣᠯᠣᠨ ᠤᠯᠠᠨ ᠲᠦᠮᠡᠨᠴᠢ | ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ ᠃ | ᠠᠵᠢᠯᠲᠠᠨ ᠠᠵᠢᠯᠴᠢᠨ ᠢᠶᠠᠷ ᠭᠤᠣᠯ ᠪᠤᠯᠭᠠᠬᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ ᠂ ᠠᠵᠢᠯᠲᠠᠨ ᠠᠵᠢᠯᠴᠢᠨ ᠲᠦᠮᠡᠨ ᠳᠤ ᠦᠨᠡᠨ | ᠰᠡᠳᠬᠢᠯ ᠠᠴᠠ ᠪᠠᠨ ᠦᠢᠯᠡᠴᠢᠯᠡᠨ ᠂ ᠠᠵᠢᠯᠲᠠᠨ ᠠᠵᠢᠯᠴᠢᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠃ ᠭᠦᠳᠡᠯᠮᠦᠷᠢ ᠶᠢᠨ ᠬᠠᠤᠯᠢ ᠴᠠᠭᠠᠵᠠ | ᠳᠦᠷᠢᠮ ᠲᠣᠭᠲᠠᠭᠠᠯ ᠢ ᠲᠡᠭᠦᠯᠳᠡᠷᠵᠢᠭᠦᠯᠬᠦ ᠶᠢ ᠠᠬᠢᠭᠤᠯᠵᠤ ᠂ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ | ᠪᠤᠯᠭᠠᠬᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠭᠰᠠᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ ᠂ ᠡᠶ᠎ᠡ ᠵᠣᠬᠢᠴᠠᠩᠭᠤᠢ | ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠃ | ᠤᠷ᠎ᠠ ᠴᠢᠳᠠᠪᠤᠷᠢ ᠶᠢᠨ ᠪᠣᠯᠪᠠᠰᠤᠷᠠᠯ ᠂ ᠣᠷᠣᠯᠭ᠎ᠠ ᠶᠢᠨ ᠬᠤᠪᠢᠶᠠᠷᠢᠯᠠᠯᠲᠠ ᠂ ᠠᠶᠤᠯᠭᠦᠢ ᠦᠢᠯᠡᠳᠪᠦᠷᠢᠯᠡᠯ ᠂ ᠭᠦᠳᠡᠯᠮᠦᠷᠢ ᠶᠢᠨ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ | ᠭᠤᠭᠴᠤᠭ᠎ᠠ ᠶᠢ ᠠᠳᠬᠤᠵᠤ ᠂ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠠᠵᠢᠯ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ ᠂ | ᠥᠷᠭᠡᠨ ᠤᠯᠠᠨ ᠬᠥᠳᠡᠯᠮᠦᠷᠢᠴᠢᠳ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ | ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ ᠃ | ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠬᠥᠲᠥᠯᠥᠨ ᠳᠠᠭᠠᠭᠤᠯᠬᠤ ᠬᠦᠴᠦᠨ ᠂ ᠵᠣᠬᠢᠶᠠᠨ ᠪᠠᠶᠢᠭᠤᠯᠬᠤ | ᠬᠦᠴᠦᠨ ᠂ ᠦᠢᠯᠡᠴᠢᠯᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠃ ᠠᠵᠢᠯᠴᠢᠨ ᠤ ᠡᠪᠯᠡᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ | ᠪᠦᠭᠦ ᠲᠠᠯ᠎ᠠ ᠪᠠᠷ ᠴᠢᠩᠭᠠᠳᠬᠠᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ | ᠠᠵᠢᠯᠴᠢᠨ ᠤ ᠡᠪᠯᠡᠯ ᠤᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ ᠃ ᠤᠯᠤᠰ ᠲᠥᠷᠥᠴᠢ ᠴᠢᠨᠠᠷ ᠂ ᠲᠡᠷᠢᠭᠦᠨ ᠤ ᠴᠢᠨᠠᠷ ᠂ ᠤᠯᠠᠨ ᠲᠦᠮᠡᠨᠴᠢ ᠴᠢᠨᠠᠷ ᠢ | ᠴᠢᠩᠭᠠᠳᠬᠠᠬᠤ ᠥᠭᠡᠷᠡᠴᠢᠯᠡᠯᠲᠡ ᠶᠢᠨ ᠴᠢᠭᠯᠡᠯ ᠢ ᠪᠠᠲᠤ ᠡᠵᠡᠮᠳᠡᠵᠦ ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ ᠂ | ᠦᠢᠯᠡᠴᠢᠯᠡᠭᠡᠨ ᠤ ᠬᠦᠷᠢᠶ᠎ᠡ ᠶᠢ ᠥᠷᠭᠡᠳᠬᠡᠨ ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ ᠂ ᠢᠮᠠᠭᠲᠠ ᠠᠵᠢᠯᠲᠠᠨ ᠠᠵᠢᠯᠴᠢᠨ ᠲᠦᠮᠡᠨ ᠤ ᠢᠲᠡᠭᠡᠯᠲᠡᠢ ᠳᠣᠲᠣᠨᠣ | ᠬᠥᠮᠥᠨ ᠂ ᠲᠥᠷᠬᠦᠮ ᠤᠨ ᠬᠥᠮᠥᠨ ᠪᠤᠯᠬᠤ ᠬᠡᠷᠡᠭᠲᠡᠢ ᠃ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠠᠪᠤᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ ᠂ ᠡᠯ᠎ᠡ | ᠤᠯᠤᠰ ᠤᠨ ᠠᠵᠢᠯᠴᠢᠳ ᠯᠤᠭ᠎ᠠ ᠶᠢᠨ ᠨᠥᠬᠦᠷᠯᠡᠯ ᠢᠶᠠᠨ ᠵᠤᠵᠠᠭᠠᠳᠬᠠᠬᠤ ᠬᠡᠷᠡᠭᠲᠡᠢ ᠃ | ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ ᠃ ᠡᠯ᠎ᠡ ᠱᠠᠲᠤᠨ ᠤ ᠨᠠᠮ ᠤᠨ ᠬᠤᠷᠢᠶ᠎ᠠ | ᠠᠵᠢᠯᠴᠢᠨ ᠤ ᠡᠪᠯᠡᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ ᠂ ᠠᠵᠢᠯᠴᠢᠨ ᠤ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ ᠂ ᠠᠵᠢᠯᠴᠢᠨ ᠤ ᠡᠪᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠢ | ᠪᠦᠷᠢᠯᠳᠦᠭᠦᠯᠬᠦ ᠬᠡᠷᠡᠭᠲᠡᠢ ᠃ | ᠨᠥᠬᠦᠳ ᠠ᠋ ᠂ ᠨᠠᠶᠢᠵᠠ ᠨᠠᠷ ᠠ᠋ ︕ | 100 ᠵᠢᠯ ᠤᠨ ᠡᠮᠦᠨ᠎ᠡ ᠬᠤᠶᠠᠳᠤᠭᠠᠷ ᠤᠳᠠᠭ᠎ᠠ ᠶᠢᠨ ᠪᠦᠭᠦ ᠤᠯᠤᠰ ᠤᠨ ᠬᠥᠳᠡᠯᠮᠦᠷᠢᠴᠢᠳ ᠤᠨ ᠶᠡᠭᠡ ᠬᠤᠷᠠᠯ ᠠᠮᠵᠢᠯᠲᠠ ᠲᠠᠢ ᠲᠡᠭᠦᠰᠬᠦ ᠦᠶ᠎ᠡ ᠳᠤ ︽ | ᠲᠡᠮᠡᠴᠡᠶ᠎ᠡ ᠂ ᠲᠡᠮᠡᠴᠡᠶ᠎ᠡ ᠂ ᠡᠴᠦᠰ ᠲᠤᠨᠢ ᠲᠤᠯᠲᠠᠯ᠎ᠠ ᠲᠡᠮᠡᠴᠡᠶ᠎ᠡ ︾ ᠭᠡᠬᠦ ᠤᠷᠢᠶ᠎ᠠ ᠪᠦᠭᠦ ᠲᠠᠯᠠᠪᠠᠢ ᠳᠤ ᠴᠤᠤᠷᠢᠶᠠᠲᠤᠵᠤ ᠂ ᠲᠦᠭ ᠲᠦᠮᠡᠨ ᠬᠥᠳᠡᠯᠮᠦᠷᠢᠴᠢᠨ ᠲᠦᠮᠡᠨ ᠤ | ᠬᠦᠴᠢᠷ ᠪᠡᠷᠬᠡᠰᠢᠶᠡᠯ ᠲᠠᠢ ᠬᠤᠪᠢᠰᠬᠠᠯ ᠤᠨ ᠣᠨ ᠰᠠᠷ᠎ᠠ ᠳᠤ ᠴᠥᠬᠦᠷᠡᠰᠢ ᠦᠭᠡᠢ ᠲᠡᠮᠡᠴᠡᠵᠦ ᠂ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠵᠠᠢ ᠃ ᠥᠨᠥᠳᠥᠷ | ᠨᠠᠮ ᠠᠴᠠ 14 ᠳ᠋ᠦᠩᠰᠢᠭᠤᠷ ᠭᠠᠷᠤᠢ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠤᠷᠮ᠎ᠠ | ᠵᠣᠷᠢᠭ ᠪᠠᠳᠠᠷᠠᠩᠭᠤᠢ ᠡᠷᠡᠯᠬᠡᠭᠯᠡᠨ ᠤᠷᠤᠭᠰᠢᠯᠠᠵᠤ ᠪᠠᠶᠢᠨ᠎ᠠ ᠃ ᠴᠠᠭ ᠦᠶ᠎ᠡ ᠠᠳᠠᠯᠢ ᠦᠭᠡᠢ ᠂ ᠡᠭᠦᠷᠭᠡ ᠬᠠᠷᠢᠭᠤᠴᠠᠯᠭ᠎ᠠ ᠬᠤᠪᠢᠷᠠᠯᠲᠠ ᠲᠠᠢ ᠪᠣᠯᠤᠭᠰᠠᠨ ᠪᠤᠯᠪᠠᠴᠤ | ᠲᠡᠰᠪᠦᠷᠢ ᠬᠠᠲᠠᠭᠤᠵᠢᠯᠲᠠᠢ ᠲᠡᠮᠡᠴᠡᠬᠦ ᠂ ᠪᠦᠯᠬᠦᠮᠳᠡᠨ ᠲᠡᠮᠡᠴᠡᠬᠦ ᠂ ᠴᠥᠬᠦᠷᠡᠰᠢ ᠦᠭᠡᠢ ᠲᠡᠮᠡᠴᠡᠬᠦ ᠵᠣᠷᠢᠭ ᠰᠠᠨᠠᠭ᠎ᠠ ᠬᠡᠵᠢᠶᠡᠳᠡ ᠬᠤᠪᠢᠷᠠᠰᠢ ᠦᠭᠡᠢ ᠶᠤᠮ ᠃ ᠪᠢᠳᠠ | ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠯᠠᠪᠳᠠᠭᠤᠨ ᠪᠠᠲᠤᠲᠠᠢ ᠠᠵᠢᠯᠯᠠᠨ ᠂ ᠵᠣᠷᠢᠭ ᠢᠶᠠᠨ ᠬᠥᠪᠴᠢᠯᠡᠨ ᠤᠷᠤᠭᠰᠢᠯᠠᠵᠤ ᠂ | ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ ᠂ ᠡᠭᠦᠳᠦᠨ ᠪᠦᠲᠦᠭᠡᠯᠲᠡ ᠪᠠᠷ ᠰᠢᠨ᠎ᠡ ᠴᠠᠭ ᠦᠶ᠎ᠡ ᠶᠢ ᠬᠦᠷᠢᠶᠡᠯᠡᠵᠦ ᠂ ᠵᠢᠳᠬᠦᠯ ᠲᠡᠮᠡᠴᠡᠯ ᠢᠶᠠᠷ ᠭᠡᠷᠡᠯ | ᠰᠠᠴᠤᠷᠠᠩᠭᠤᠢ ᠰᠢᠨ᠎ᠡ ᠠᠮᠵᠢᠯᠲᠠ ᠶᠢ ᠡᠭᠦᠳᠴᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠲᠥᠰᠥᠪ ᠢ | ᠠᠯᠬᠤᠮ ᠠᠯᠬᠤᠮ ᠢᠶᠠᠷ ᠯᠠᠪᠳᠠᠭᠤᠨ ᠪᠠᠲᠤᠲᠠᠢ ᠪᠣᠳᠠᠲᠤ ᠠᠬᠤᠢ ᠪᠣᠯᠭᠠᠨ ᠬᠤᠪᠢᠷᠠᠭᠤᠯᠤᠶ᠎ᠠ ︕ | | |