| | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠵᠤᠷᠭᠠᠨ ᠤ ᠳᠠᠷᠤᠭ᠎ᠠ ᠯᠢᠦ ᠳ᠋ᠧᠩ ᠹᠧᠩ | 6 ᠤ ᠡᠳᠦᠷ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠬᠤ | ᠳᠤᠭᠤᠶᠢᠯᠠᠩ ᠢ ᠪᠠᠶᠢᠭᠤᠯᠵᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ 50 ᠵᠤᠷᠪᠤᠰ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠭᠡᠨᠲᠡ ᠨᠡᠶᠢᠲᠡᠯᠡᠪᠡ ᠭᠡᠵᠡᠢ ᠃ ᠲᠤᠬᠠᠢ ᠶᠢᠨ ᠡᠳᠦᠷ ᠶᠠᠪᠤᠭᠳᠠᠭᠰᠠᠨ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠂ ᠯᠢᠦ ᠳ᠋ᠧᠩ ᠹᠧᠩ ᠂ 50 ᠵᠦᠢᠯ ᠤᠨ ᠠᠷᠭ᠎ᠠ ᠬᠡᠮᠵᠢᠶ᠎ᠡ ᠨᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠰᠢᠰᠲ᠋ᠧᠮ ᠢ ᠪᠠᠶᠢᠭᠤᠯᠬᠤ ᠂ ᠪᠣᠭᠤᠮᠲᠠ ᠰᠢᠪᠲᠤᠯᠬᠤ ᠡᠭᠦᠷᠭᠡ ᠶᠢ ᠴᠤᠮᠬᠠᠳᠬᠠᠬᠤ ᠂ ᠪᠣᠭᠤᠮᠲᠠ ᠰᠢᠪᠲᠤᠯᠬᠤ ᠪᠦᠯᠭᠦᠮ | ᠨᠡᠶᠢᠲᠡ ᠶᠢ ᠰᠢᠯᠢᠨ ᠰᠣᠩᠭᠤᠬᠤ ᠂ ᠲᠥᠷᠥᠯ ᠵᠦᠢᠯ ᠤᠨ ᠬᠠᠮᠢᠶᠠᠷᠤᠯᠲᠠ ᠶᠢ ᠪᠦᠷᠢᠨᠰᠢᠭᠦᠯᠬᠦ ᠂ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠂ | ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠶ ᠪᠤᠯᠭᠠᠬᠤ ᠂ ᠲᠠᠪᠴᠠᠩ ᠤᠨ ᠪᠠᠶᠢᠭᠤᠯᠤᠯᠲᠠ ᠶᠢ ᠠᠬᠢᠭᠤᠯᠬᠤ ᠂ ᠵᠢᠱᠢᠵᠦ ᠦᠨᠡᠯᠡᠬᠦ ᠶᠢ ᠲᠡᠭᠦᠯᠳᠡᠷᠵᠢᠭᠦᠯᠬᠦ ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠲᠤᠰᠬᠠᠢ ᠮᠡᠷᠭᠡᠵᠢᠯ ᠤᠨ ᠦᠢᠯᠡᠴᠢᠯᠡᠭᠡ ᠶᠢ ᠪᠦᠷᠢᠨᠰᠢᠭᠦᠯᠬᠦ ᠵᠡᠷᠭᠡ 10 ᠲᠠᠯ᠎ᠠ ᠶᠢᠨ ᠲᠣᠭᠤᠷᠢᠨ ᠳᠤ ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠷᠢᠯᠠᠭᠤᠯᠪᠠ ᠭᠡᠵᠦ ᠲᠠᠨᠢᠯᠴᠠᠭᠤᠯᠵᠠᠢ ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ | ᠲᠤᠯᠭᠠᠭᠤᠷᠢᠯᠠᠯ ᠪᠣᠯᠣᠨ᠎ᠠ ᠃ ᠲᠠᠨᠢᠯᠴᠠᠭᠤᠯᠤᠭᠰᠠᠨ ᠢᠶᠠᠷ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠥᠪ ᠤᠨ ᠪᠠ ᠣᠷᠣᠨ ᠨᠤᠲᠤᠭ ᠤᠨ | ᠥᠨᠳᠥᠷ ᠪᠦᠲᠦᠮᠵᠢᠲᠡᠶ ᠬᠠᠮᠵᠢᠯᠴᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠰᠢᠰᠲ᠋ᠧᠮ ᠢ | ᠬᠦᠴᠦᠯᠡᠨ ᠪᠠᠶᠢᠭᠤᠯᠵᠤ ᠂ ᠠᠳᠠᠯᠢ ᠪᠤᠰᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ ᠬᠤᠯᠪᠤᠭᠠᠯᠠᠨ ᠬᠥᠳᠡᠯᠦᠯᠴᠡᠬᠦ ᠪᠠ ᠠᠳᠠᠯᠢ ᠪᠤᠰᠤ ᠰᠢᠨ᠎ᠡ ᠶᠢ ᠡᠭᠦᠳᠬᠦ | ᠭᠤᠣᠯ ᠴᠣᠭᠴᠠ ᠶᠢᠨ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠪᠠ ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠦᠭᠦ ᠬᠡᠯᠬᠢᠶᠡᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠬᠤ ᠶᠢᠨ ᠲᠥᠯᠥᠭᠡ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ︽ 1 + 2 + 2 + 3 + X ︾ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠪᠠ ᠂ ᠲᠤᠬᠠᠶᠢᠯᠠᠪᠠᠯ ︽ 1 + 2 ︾ | ᠪᠣᠯ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠤᠯᠤᠰ ᠤᠨ ᠬᠢᠲᠠᠳ ᠡᠮᠨᠡᠯᠭᠡ ᠶᠢᠨ ᠲᠣᠪᠴᠢᠶ᠎ᠠ ᠂ ᠤᠯᠤᠰ ᠤᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠣᠪᠴᠢᠶ᠎ᠠ ᠪᠣᠯᠣᠨ᠎ᠠ ᠂ ︽ + 2 ︾ ᠪᠣᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠬᠤᠶᠠᠷ ᠲᠤᠰᠬᠠᠢ ᠪᠠᠶᠢᠭᠤᠯᠤᠮᠵᠢ ᠪᠣᠯᠣᠨ᠎ᠠ ᠂ ︽ + 3 ︾ ᠪᠣᠯ ᠤᠯᠤᠰ ᠤᠨ | ᠲᠠᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠭᠤᠷᠪᠠᠨ ᠪᠠᠶᠢᠭᠤᠯᠤᠮᠵᠢ ᠪᠣᠯᠣᠨ᠎ᠠ ᠂ ︽ + X ︾ ᠪᠣᠯ ᠥᠷᠭᠡᠨ ᠣᠯᠠᠨ ᠥᠨᠳᠥᠷ ᠬᠢᠷᠢ | ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ ᠂ ᠰᠤᠳᠤᠯᠭᠠᠨ ᠤ ᠭᠡᠯᠪᠡᠷᠢ ᠶᠢᠨ ᠡᠮᠴᠢᠯᠡᠭᠡᠨ ᠤ ᠪᠠᠶᠢᠭᠤᠯᠤᠮᠵᠢ ᠂ ᠰᠢᠨ᠎ᠡ ᠶᠢ ᠡᠭᠦᠳᠬᠦ ᠠᠵᠤ | ᠠᠬᠤᠶᠢᠯᠠᠯ ᠵᠢᠴᠢ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠨ ᠪᠣᠯᠣᠨ᠎ᠠ ᠃ ᠡᠭᠦᠨ ᠤ ᠬᠠᠮᠲᠤ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠯᠤᠰ ᠤᠨ ᠡᠮᠴᠢᠯᠡᠭᠡᠨ ᠤ ᠠᠨᠠᠭᠠᠬᠤ | ᠤᠬᠠᠭᠠᠨ ᠤ ᠰᠤᠳᠤᠯᠭᠠᠨ ᠤ ᠲᠥᠪ ᠪᠣᠯᠣᠨ ᠡᠯ᠎ᠡ ᠲᠥᠷᠥᠯ ᠤᠨ ᠤᠯᠤᠰ ᠤᠨ ᠲᠠᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠂ ᠰᠢᠨ᠎ᠡ ᠶᠢ ᠡᠭᠦᠳᠬᠦ ᠡᠮ ᠤᠨ ᠵᠦᠢᠯ ᠢ ᠰᠤᠳᠤᠯᠤᠨ ᠨᠡᠭᠡᠭᠡᠬᠦ ᠂ ᠰᠢᠨ᠎ᠡ ᠪᠠᠷ | ᠡᠭᠦᠰᠬᠦ ᠭᠡᠨᠡᠳᠲᠡ ᠡᠭᠦᠰᠬᠦ ᠪᠠ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠪᠠᠭᠲᠠᠭᠠᠭᠰᠠᠨ ᠤᠯᠤᠰ ᠤᠨ ᠴᠢᠬᠤᠯᠠ ᠶᠡᠭᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠦᠷᠭᠦᠯᠵᠢᠯᠡᠭᠦᠯᠬᠦ ᠠᠵᠢᠯ ᠢ ᠦᠷᠭᠦᠯᠵᠢᠯᠡᠨ | ᠠᠬᠢᠭᠤᠯᠬᠤ ᠪᠣᠯᠣᠨ᠎ᠠ ᠃ | |