| | ᠬᠦᠢᠯᠡᠰᠦᠨ ᠴᠡᠴᠡᠭ ᠰᠠᠯᠬᠢᠨ ᠤ ᠠᠶ᠎ᠠ ᠪᠠᠷ ᠳᠡᠯᠭᠡᠷᠡᠵᠦ ᠂ ᠬᠠᠪᠤᠷ ᠤᠨ ᠲᠠᠷᠢᠶᠠᠯᠠᠩ ᠤᠨ ᠶᠠᠭᠠᠷᠠᠤ ᠴᠠᠭ ᠪᠤᠯᠤᠯ᠎ᠠ ᠃ ᠬᠠᠪᠤᠷ ᠤᠨ ᠲᠠᠷᠢᠶᠠᠯᠠᠭ᠎ᠠ ᠶᠢᠨ ᠴᠠᠭ ᠪᠤᠯᠬᠤ | ᠪᠠᠷ ᠂ ᠲᠠᠷᠢᠶᠠᠯᠠᠩᠦᠢᠯᠡᠳᠪᠦᠷᠢᠯᠡᠯ ᠤᠨ ᠬᠡᠷᠡᠭᠰᠡᠯ ᠢ ᠤᠷᠢᠳᠠᠪᠠᠷ ᠪᠡᠯᠡᠳᠭᠡᠨ᠎ᠠ ᠂ ᠵᠡᠭᠦᠨᠭᠠᠷ ᠬᠤᠰᠢᠭᠤᠨ ᠤ ᠡᠯ᠎ᠡ ᠭᠠᠵᠠᠷ ᠤᠨ ᠲᠠᠷᠢᠶᠠᠯᠠᠩ ᠦᠢᠯᠡᠳᠪᠦᠷᠢᠯᠡᠯ ᠤᠨ | ᠬᠡᠷᠡᠭᠰᠡᠯ ᠤᠨ ᠠᠵᠤ ᠠᠬᠤᠶᠢᠯᠠᠯ ᠦᠳᠲᠡᠷ ᠲᠦᠷᠭᠡᠨ ᠢᠶᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ︽ ᠪᠦᠷᠢᠶ᠎ᠠ ︾ ᠶᠢ ᠬᠠᠩᠭᠢᠨᠠᠭᠤᠯᠵᠤ ᠂ ᠦᠢᠯᠡᠳᠪᠦᠷᠢᠯᠡᠯ ᠤᠨ ︽ | ᠬᠤᠷᠳᠤᠳᠬᠠᠬᠤ ᠳᠠᠷᠤᠪᠴᠢ ︾ ᠶᠢ ᠳᠠᠷᠤᠵᠤ ᠂ ᠵᠠᠬᠢᠶᠠᠯᠠᠭ᠎ᠠ ᠶᠢᠨ ᠬᠠᠭᠤᠳᠠᠰᠤ ᠶᠢ ᠠᠮᠵᠢᠭᠤᠯᠤᠨ ᠭᠦᠢᠴᠡᠳᠬᠡᠵᠦ ᠂ ᠦᠢᠯᠡᠳᠪᠦᠷᠢᠯᠡᠯ ᠳᠤ ᠶᠠᠭᠠᠷᠠᠵᠤ ᠂ ᠠᠬᠢᠴᠠ ᠶᠢ | ᠵᠠᠪᠳᠤᠨ ᠂ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ ᠃ | | | | ᠵᠡᠭᠦᠨᠭᠠᠷ ᠬᠤᠰᠢᠭᠤᠨ ᠤ ᠱᠢ ᠡᠯ ᠯᠢᠶᠠᠨ ᠴᠧᠩ ᠰᠢᠶᠠᠩ ᠤᠨ ᠰᠠᠨ ᠱᠢ ᠴᠢᠩ ᠳ᠋ᠢ ᠣᠷᠭᠠᠨᠢᠭ ᠪᠤᠷᠳᠤᠭᠤᠷ ᠤᠨ ᠦᠢᠯᠡᠳᠪᠦᠷᠢᠯᠡᠯ ᠤᠨ ᠲᠠᠰᠤᠭ ᠲᠤ ᠂ ᠮᠠᠰᠢᠨ | ᠬᠦᠷᠴᠢᠬᠢᠨᠡᠵᠤ ᠂ ᠠᠵᠢᠯᠴᠢᠳ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠪᠠᠷ ᠡᠯ᠎ᠡ ᠵᠦᠢᠯ ᠤᠨ ᠦᠢᠯᠡᠳᠪᠦᠷᠢᠯᠡᠬᠦ ᠠᠵᠢᠯ ᠢ ᠬᠢᠵᠦ ᠂ ᠤᠭᠤᠲᠠ ᠤᠭᠤᠲᠠ ᠣᠷᠭᠠᠨᠢᠭ | ᠪᠤᠷᠳᠤᠭᠤᠷ ᠢ ᠦᠢᠯᠡᠳᠪᠦᠷᠢᠯᠡᠯ ᠤᠨ ᠱᠤᠭᠤᠮ ᠠᠴᠠ ᠲᠠᠰᠤᠷᠠᠯᠳᠡ ᠦᠭᠡᠢ ᠭᠠᠳᠠᠭᠰᠢ ᠭᠠᠷᠭᠠᠵᠤ ᠪᠠᠶᠢᠯ᠎ᠠ ᠃ | ︽ᠡᠨᠡ ᠵᠢᠯ ᠤᠨ 2 ᠰᠠᠷ᠎ᠠ ᠶᠢᠨ 23 ᠤ ᠡᠳᠦᠷ ᠠᠴᠠ ᠡᠬᠢᠯᠡᠵᠦ ᠦᠢᠯᠡᠳᠪᠦᠷᠢᠯᠡᠭᠰᠡᠨ ᠠᠴᠠ ᠣᠳᠣ ᠪᠣᠯᠲᠠᠯ᠎ᠠ ᠂ ᠡᠳᠦᠷ ᠪᠦᠷᠢ ᠶᠢᠨ ᠭᠠᠷᠤᠯᠲᠠ 180 ᠲᠣᠨ | ᠣᠷᠴᠢᠮ ᠪᠣᠯᠵᠤ ᠂ ᠤᠳᠠᠯ ᠦᠭᠡᠶ ᠪᠣᠷᠣᠯᠠᠭᠤᠯᠭ᠎ᠠ ᠶᠢᠨ ᠬᠥᠭᠵᠢᠶᠡᠨᠳᠡᠢ ᠤᠯᠠᠷᠢᠯ ᠳᠤ ᠣᠷᠣᠬᠤ ᠪᠣᠯᠤᠨ᠎ᠠ ᠂ ᠬᠤᠶᠠᠷ ᠡᠭᠡᠯᠵᠢ ᠪᠠᠷ ᠡᠬᠢᠯᠡᠵᠦ ᠠᠵᠢᠯᠯᠠᠪᠠᠯ ᠂ ᠡᠳᠦᠷ ᠤᠨ | ᠭᠠᠷᠤᠯᠲᠠ 350 ᠲᠣᠨ ᠣᠷᠴᠢᠮ ᠬᠦᠷᠬᠦ ᠪᠣᠯᠤᠨ᠎ᠠ ︾ ᠭᠡᠵᠤ ᠥᠪᠥᠷ ᠮᠣᠩᠭᠤᠯ ᠤᠨ ᠱᠤ᠋ ᠶᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠦᠢᠯᠡᠳᠪᠦᠷᠢᠯᠡᠯ ᠤᠨ ᠦᠢᠯᠡᠳᠪᠦᠷᠢ ᠶᠢᠨ ᠳᠠᠷᠤᠭ᠎ᠠ ᠸᠠᠩ ᠱᠠᠩ ᠸᠧᠢ ᠲᠠᠨᠢᠯᠴᠠᠭᠤᠯᠤᠨ᠎ᠠ ᠃ | | | ᠣᠷᠭᠠᠨᠢᠭ ᠪᠣᠷᠳᠣᠭᠤᠷ ᠨᠢ ᠬᠤᠨᠢᠨ ᠤ ᠰᠢᠭᠡᠭ ᠢᠶᠠᠷ ᠲᠦᠭᠦᠬᠡᠶ ᠮᠠᠲ᠋ᠧᠷᠢᠶᠠᠯ ᠪᠣᠯᠭᠠᠵᠤ ᠂ 17 ᠡᠳᠦᠷ ᠤᠨ ᠥᠨᠳᠥᠷ ᠬᠠᠯᠠᠭᠤᠨ ᠳᠤ ᠤᠷᠪᠠᠭᠤᠯᠵᠤ ᠬᠥᠷᠪᠡᠭᠦᠯᠦᠨ | ᠢᠰᠬᠡᠵᠦ ᠂ ᠳᠠᠬᠢᠭᠠᠳ 43 ᠡᠳᠦᠷ ᠤᠨ ᠪᠦᠷᠢᠯᠳᠦᠯ ᠢ ᠦᠩᠭᠡᠷᠡᠭᠡᠭᠡᠳ ᠂ ᠳᠠᠷᠠᠭ᠎ᠠ ᠪᠠᠷ ᠨᠢ ᠬᠡᠮᠬᠡᠯᠡᠵᠤ ᠨᠠᠶᠢᠷᠠᠭᠤᠯᠤᠨ ᠂ ᠦᠢᠯᠡᠳᠪᠦᠷᠢᠯᠡᠯ ᠤᠨ ᠱᠤᠭᠤᠮ ᠳᠤ | ᠤᠷᠤᠭᠤᠯᠳᠠᠭ ᠃ ᠦᠢᠯᠡᠳᠪᠦᠷᠢᠯᠡᠯ ᠤᠨ ᠱᠤᠭᠤᠮ ᠳᠡᠭᠡᠷ᠎ᠡ ᠂ ᠳᠤᠰ ᠮᠠᠲ᠋ᠧᠷᠢᠶᠠᠯ ᠢ ᠮᠥᠬᠦᠯᠢᠭᠵᠢᠭᠦᠯᠬᠦ ᠂ ᠬᠠᠲᠠᠭᠠᠬᠤ ᠵᠡᠷᠭᠡ ᠠᠵᠢᠯ ᠤᠨ ᠳᠠᠷᠠᠭᠠᠯᠠᠯ ᠢᠶᠠᠷ | ᠳᠠᠮᠵᠢᠭᠤᠯᠤᠨ ᠮᠥᠬᠦᠯᠢᠭ ᠣᠷᠭᠠᠨᠢᠭ ᠪᠣᠷᠳᠣᠭᠤᠷ ᠪᠤᠯᠭᠠᠵᠤ ᠂ ᠳᠠᠷᠤᠶ ᠦᠢᠯᠡᠳᠪᠦᠷᠢ ᠠᠴᠠ ᠪᠣᠭᠤᠳᠠᠯᠯᠠᠵᠤ ᠭᠠᠷᠭᠠᠳᠠᠭ ᠃ ᠥᠪᠥᠷ ᠮᠣᠩᠭᠤᠯ ᠤᠨ ᠱᠤ᠋ ᠶᠤᠸᠠᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠡᠨᠡ ᠵᠢᠯ 2 ᠲᠦᠮᠡᠨ ᠲᠣᠨ ᠣᠷᠴᠢᠮ ᠣᠷᠭᠠᠨᠢᠭ ᠪᠤᠷᠳᠤᠭᠤᠷ ᠢ ᠦᠢᠯᠡᠳᠪᠦᠷᠢᠯᠡᠬᠦ ᠪᠠᠷ | ᠲᠥᠯᠥᠪᠯᠡᠵᠦ ᠂ ᠣᠷᠭᠠᠨᠢᠭ ᠪᠤᠷᠳᠤᠭᠤᠷ ᠤᠨ ᠦᠢᠯᠡᠳᠪᠦᠷᠢᠯᠡᠯ ᠨᠢ ᠠᠵᠤ ᠠᠬᠤᠶᠢᠯᠠᠯ ᠳᠤ ᠠᠵᠤ ᠠᠬᠤᠢ ᠶᠢᠨ ᠦᠷ᠎ᠡ ᠠᠰᠢᠭ ᠢ ᠠᠪᠴᠢᠷᠠᠭᠰᠠᠨ ᠢᠶᠠᠷ ᠪᠠᠷᠠᠬᠤ ᠦᠭᠡᠢ | ᠪᠠᠰᠠ ᠲᠤᠬᠠᠢ ᠶᠢᠨ ᠭᠠᠵᠠᠷ ᠲᠤ ᠢᠯᠡᠳᠲᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠠᠰᠢᠭ ᠢ ᠡᠭᠦᠳᠴᠡᠢ ᠃ | ︽ᠺᠣᠮᠫᠠᠨᠢ ᠶᠢᠨ ᠦᠢᠯᠡᠳᠪᠦᠷᠢᠯᠡᠭᠰᠡᠨ ᠣᠷᠭᠠᠨᠢᠭ ᠪᠤᠷᠳᠤᠭᠤᠷ ᠪᠣᠯ ᠭᠤᠣᠯᠳᠠᠭᠤ ᠮᠠᠨ ᠤ ᠲᠤᠬᠠᠶ ᠶᠢᠨ ᠭᠠᠵᠠᠷ ᠤᠨ ᠮᠠᠯ ᠵᠢᠭᠦᠷᠲᠡᠨ ᠤ ᠢᠯᠭᠠᠳᠠᠰᠤ ᠶᠢ ᠠᠰᠢᠭᠯᠠᠵᠤ ᠂ | ᠵᠢᠯ ᠪᠦᠷᠢ 6 ᠲᠦᠮᠡᠨ ᠲᠣᠨ ᠣᠷᠴᠢᠮ ᠤᠨ ᠬᠤᠨᠢᠨ ᠤ ᠰᠢᠭᠡᠭ ᠂ ᠭᠠᠭ᠋ᠠᠶ ᠶᠢᠨ ᠰᠢᠭᠡᠭ ᠂ ᠲᠠᠬᠢᠶᠠᠨ ᠤ ᠪᠠᠭᠠᠰᠤ ᠵᠡᠷᠭᠡ ᠲᠠᠷᠢᠶᠠᠯᠠᠩ ᠤᠶᠢᠯᠡᠳᠪᠤᠷᠢᠯᠡᠯ ᠤᠨ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠵᠤ ᠪᠠᠶᠢᠭ᠎ᠠ ᠶᠤᠮ ᠂ ᠪᠢᠳᠡ ᠨᠢᠭᠡᠨᠲᠡ ᠲᠦᠭᠦᠬᠡᠶ ᠡᠳ᠋ ᠢ ᠣᠷᠣᠭᠤᠯᠤᠨ ᠠᠪᠴᠢᠷᠠᠵᠤ ᠂ ᠣᠷᠭᠠᠨᠢᠭ | ᠪᠤᠷᠳᠤᠭᠤᠷ ᠢ ᠤᠶᠢᠯᠡᠳᠪᠤᠷᠢᠯᠡᠨ ᠭᠠᠷᠭᠠᠵᠤ ᠂ ᠠᠵᠤ ᠦᠢᠯᠡᠰᠵᠢᠭᠦᠯᠦᠯᠲᠡ ᠶᠢᠨ ᠪᠦᠬᠦ ᠬᠡᠯᠬᠢᠶ᠎ᠡ ᠶᠢᠨ ᠦᠢᠯᠡᠳᠪᠦᠷᠢᠯᠡᠯ ᠤᠨ ᠠᠷᠭ᠎ᠠ ᠶᠢ ᠪᠡᠶᠡᠯᠡᠭᠦᠯᠵᠡᠶ ︾ ᠭᠡᠵᠦ ᠸᠠᠩ | ᠱᠠᠩ ᠸᠧᠢ ᠶᠠᠷᠢᠨ᠎ᠠ ᠃ | ᠣᠷᠭᠠᠨᠢᠭ ᠪᠣᠷᠲᠣᠭᠤᠷ ᠪᠣᠯ ᠬᠥᠷᠥᠰᠥ ᠰᠢᠷᠣᠶ ᠶᠢ ᠰᠠᠶᠢᠵᠢᠷᠠᠭᠤᠯᠬᠤ ᠡᠳ᠋ ᠪᠤᠯᠤᠨ᠎ᠠ ᠂ ᠲᠠᠷᠢᠶᠠᠨ ᠭᠠᠵᠠᠷ ᠲᠤ ᠬᠡᠷᠡᠭᠯᠡᠭᠰᠡᠨ ᠤ ᠳᠠᠷᠠᠭ᠎ᠠ ᠂ ᠬᠥᠷᠥᠰᠥ ᠰᠢᠷᠣᠶ ᠶᠢᠨ | ᠪᠣᠷᠲᠣᠭᠤᠷ ᠪᠠ ᠤᠰᠤ ᠬᠠᠳᠠᠭᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ ᠂ ᠬᠢᠮᠢ ᠶᠢᠨ ᠪᠣᠷᠲᠣᠭᠤᠷ ᠤᠨ ᠠᠰᠢᠭᠯᠠᠯᠲᠠ ᠶᠢᠨ ᠨᠣᠷᠮ᠎ᠠ ᠶᠢ ᠢᠯᠡᠳᠲᠡ | ᠳᠡᠭᠡᠭᠰᠢᠯᠡᠭᠦᠯᠬᠦ ᠶᠢ ᠠᠬᠢᠭᠤᠯᠤᠨ᠎ᠠ ᠃ ᠬᠠᠪᠤᠷ ᠤᠨ ᠲᠠᠷᠢᠶᠠᠯᠠᠭ᠎ᠠ ᠪᠦᠬᠦ ᠲᠠᠯ᠎ᠠ ᠪᠠᠷ ᠶᠠᠪᠤᠬᠳᠠᠬᠤ ᠶᠢ ᠳᠠᠭᠠᠯᠳᠤᠨ ᠂ ᠡᠳᠡᠭᠡᠷ ᠣᠷᠭᠠᠨᠢᠭ ᠪᠤᠷᠳᠤᠭᠤᠷ ᠢ ᠡᠯ᠎ᠡ | ᠭᠠᠵᠠᠷ ᠤᠨ ᠲᠠᠷᠢᠶᠠᠨ ᠭᠠᠵᠠᠷ ᠲᠤ ᠵᠥᠭᠡᠭᠡᠪᠦᠷᠢᠯᠡᠨ ᠠᠪᠠᠴᠢᠵᠤ ᠂ ᠰᠢᠨ᠎ᠡ ᠨᠢᠭᠡ ᠵᠢᠯ ᠤᠨ ᠲᠠᠷᠢᠶᠠᠯᠠᠩ ᠤᠨ ᠡᠯᠪᠡᠭ ᠬᠤᠷᠢᠶᠠᠯᠲᠠ ᠳᠤ ᠬᠦᠰᠡᠯ ᠤᠨ ᠦᠷ᠎ᠡ ᠶᠢ | ᠰᠠᠴᠤᠵᠤ ᠂ ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ ᠃ | ︽ ᠣᠷᠭᠠᠨᠢᠭ ᠪᠤᠷᠳᠤᠭᠤᠷ ᠢ ᠭᠤᠣᠯᠳᠠᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠳᠦᠷᠤᠯ ᠵᠤᠶᠢᠯ ᠳᠤ ᠬᠡᠷᠡᠭᠯᠡᠵᠦ ᠂ | ᠪᠤᠷᠳᠤᠭᠤᠷ ᠭᠡᠷᠡᠭᠯᠡᠬᠦ ᠬᠥᠭᠵᠢᠶᠡᠨᠳᠡᠢ ᠤᠯᠠᠷᠢᠯ ᠨᠢ ᠭᠤᠣᠯᠳᠠᠭᠤ ᠭᠤᠷᠪᠠ ᠠᠴᠠ ᠵᠢᠷᠭᠤᠳᠤᠭᠠᠷ ᠰᠠᠷ᠎ᠠ ᠳᠤ ᠪᠠᠶᠢᠳᠠᠭ ᠂ ᠡᠨᠡ ᠬᠦ ᠦᠢᠯᠡᠳᠪᠦᠷᠢᠯᠡᠯ ᠤᠨ ᠱᠤᠭᠤᠮ ᠨᠢ | ᠤᠳᠤ ᠦᠨᠳᠦᠰᠦᠨ ᠳᠡᠭᠡᠨ ᠤᠷᠳᠤᠰ ᠣᠷᠣᠨ ᠤ ᠬᠠᠮᠤᠭ ᠤᠨ ᠲᠤᠮᠤ ᠣᠷᠭᠠᠨᠢᠭ ᠪᠤᠷᠳᠤᠭᠤᠷ ᠤᠨ ᠦᠢᠯᠡᠳᠪᠦᠷᠢᠯᠡᠯ ᠤᠨ ᠱᠤᠭᠤᠮ ᠪᠤᠯᠵᠤ ᠂ ᠵᠣᠬᠢᠬᠤ ᠬᠡᠮᠵᠢᠶᠡᠨ ᠤ | ᠭᠠᠷᠤᠯᠲᠠ ᠶᠢᠨ ᠳᠠᠪᠠᠭᠤᠯᠢᠭ ᠲᠠᠢ ᠂ ᠡᠨᠡ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠶᠢ ᠥᠩᠭᠡᠷᠡᠭᠰᠡᠨ ᠵᠢᠯ ᠤᠳ ᠤᠨ ᠬᠢ ᠠᠴᠠ ᠬᠤᠶᠠᠷ ᠲᠠᠬᠢᠨ ᠪᠤᠯᠳᠠᠯ᠎ᠠ | ᠨᠡᠮᠡᠭᠳᠡᠭᠦᠯᠬᠦ ᠪᠤᠯᠤᠨ᠎ᠠ ︾ ᠭᠡᠵᠦ ᠸᠠᠩ ᠱᠠᠩ ᠸᠧᠢ ᠶᠠᠷᠢᠨ᠎ᠠ ᠃ | | | | | | ᠵᠡᠭᠦᠨᠭᠠᠷ ᠬᠤᠰᠢᠭᠤᠨ ᠤ ᠱᠢ ᠡᠯ ᠯᠢᠶᠠᠨ ᠴᠧᠩ ᠰᠢᠶᠠᠩ ᠤᠨ ᠰᠤᠬᠠᠢᠢᠳᠤ ᠲᠣᠰᠬᠤᠨ ᠤ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ | ᠬᠤᠷᠰᠢᠶᠠᠵᠢᠯ ᠤᠨ ᠰᠦᠯᠢᠶᠣᠣ ᠪᠦᠷᠬᠦᠪᠴᠢ ᠶᠢᠨ ᠦᠢᠯᠡᠳᠪᠦᠷᠢ ᠶᠢᠨ ᠦᠢᠯᠡᠳᠪᠦᠷᠢᠯᠡᠯ ᠤᠨ ᠲᠠᠰᠤᠭ ᠲᠤ ᠬᠦᠷᠬᠦ ᠳᠤ ᠂ ᠮᠠᠰᠢᠨ ᠲᠥᠬᠦᠭᠡᠷᠦᠮᠵᠢ ᠬᠦᠷᠴᠢᠬᠢᠨᠡᠨ | ᠳᠤᠤᠭᠠᠷᠴᠤ ᠂ ᠣᠳᠣᠬᠢᠴᠢᠯᠠᠭᠰᠠᠨ ᠦᠢᠯᠡᠳᠪᠦᠷᠢᠯᠡᠯ ᠤᠨ ᠱᠤᠭᠤᠮ ᠥᠨᠳᠥᠷ ᠪᠦᠲᠦᠮᠵᠢᠲᠡᠢ ᠪᠠᠷ ᠠᠵᠢᠯᠯᠠᠵᠤ ᠂ ᠡᠪᠬᠡᠮᠡᠯ ᠰᠦᠯᠢᠶᠣᠣ ᠪᠦᠷᠬᠦᠪᠴᠢ ᠶᠢ | ᠦᠢᠯᠡᠳᠪᠦᠷᠢᠯᠡᠯ ᠤᠨ ᠱᠤᠭᠤᠮ ᠲᠠᠰᠤᠷᠠᠯᠳᠡ ᠦᠭᠡᠢ ᠦᠢᠯᠡᠳᠪᠦᠷᠢᠯᠡᠨ ᠭᠠᠷᠭᠠᠨ᠎ᠠ ᠃ ᠠᠵᠢᠯᠴᠢᠳ ᠨᠠᠭᠠᠰᠢ ᠴᠠᠭᠠᠰᠢ ᠵᠤᠷᠴᠢᠯᠳᠤᠨ ᠬᠦᠨᠳᠦ ᠶᠢ ᠬᠡᠮᠵᠢᠬᠦ ᠂ | ᠪᠣᠭᠤᠳᠠᠯᠯᠠᠬᠤ ᠂ ᠨᠣᠮᠧᠷᠯᠠᠬᠤ ᠠᠵᠢᠯ ᠢ ᠪᠣᠯᠪᠠᠰᠤᠷᠠᠩᠭᠤᠶ ᠬᠢᠵᠦ ᠂ ᠲᠤᠬᠠᠶ ᠶᠢᠨ ᠲᠠᠯᠠᠪᠤᠷ ᠲᠤ ᠶᠠᠭᠠᠷᠠᠯᠲᠠᠶ ᠪᠥᠭᠡᠳ ᠡᠮᠬᠢ ᠳᠢᠭᠯᠢᠮ ᠲᠠᠢ ᠪᠠᠶᠢᠯ᠎ᠠ ᠃ | | | ᠲᠠᠷᠢᠶᠠᠯᠠᠩ ᠤᠨ ᠰᠦᠯᠢᠶᠣᠣ ᠪᠦᠷᠬᠦᠪᠴᠢ ᠨᠢ ᠬᠠᠪᠤᠷ ᠤᠨ ᠲᠠᠷᠢᠶᠠᠯᠠᠭ᠎ᠠ ᠳᠤ ᠣᠷᠣᠯᠠᠭᠤᠯᠵᠤ ᠪᠣᠯᠤᠰᠢ ᠦᠭᠡᠶ ᠦᠢᠯᠡᠳᠦᠯ ᠦᠵᠡᠭᠦᠯᠵᠦ ᠪᠠᠶᠢᠳᠠᠭ ᠃ ᠲᠡᠷᠡ ᠨᠢ | ᠬᠥᠷᠥᠰᠥᠨ ᠤ ᠳᠤᠯᠠᠭᠠᠨ ᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ ᠂ ᠬᠥᠷᠥᠰᠥᠨ ᠤ ᠴᠢᠭᠢᠭ ᠤᠨ ᠬᠡᠮᠵᠢᠶ᠎ᠡ ᠶᠢ ᠪᠠᠲᠤᠯᠠᠨ ᠂ ᠡᠪᠡᠰᠦᠨ ᠤ ᠤᠷᠭᠤᠯᠲᠠ ᠶᠢ | ᠬᠤᠷᠢᠭᠯᠠᠵᠤ ᠂ ᠲᠠᠷᠢᠮᠠᠯ ᠤᠨ ᠠᠩᠬᠠᠨ ᠤ ᠬᠤᠭᠤᠴᠠᠭᠠᠨ ᠤ ᠤᠷᠭᠤᠯᠲᠠ ᠳᠤ ᠲᠣᠬᠢᠷᠠᠮᠵᠢᠲᠠᠶ ᠨᠥᠬᠦᠴᠡᠯ ᠢ ᠬᠠᠩᠭᠠᠵᠤ ᠂ ᠲᠠᠷᠢᠮᠠᠯ ᠤᠨ ᠡᠷᠲᠡ ᠰᠣᠶᠣᠭᠠᠯᠠᠬᠤ ᠂ ᠡᠷᠲᠡ | ᠤᠷᠭᠤᠬᠤ ᠶᠢ ᠠᠬᠢᠭᠤᠯᠵᠤ ᠂ ᠲᠠᠷᠢᠮᠠᠯ ᠤᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠲᠠᠷᠢᠶᠠᠯᠠᠩ ᠤᠨ ᠴᠢᠨᠠᠷ ᠰᠠᠶᠢᠲᠠᠶ ᠰᠦᠯᠢᠶᠣᠣ ᠪᠦᠷᠬᠦᠪᠴᠢ ᠶᠢᠨ | ᠲᠤᠰᠬᠠᠶ ᠬᠡᠷᠡᠭᠯᠡᠬᠦ ᠮᠠᠲ᠋ᠧᠷᠢᠶᠠᠯ ᠤᠨ ᠦᠢᠯᠡᠳᠪᠦᠷᠢᠯᠡᠯ ᠨᠢ ᠬᠠᠪᠤᠷ ᠤᠨ ᠲᠠᠷᠢᠶᠠᠯᠠᠭ᠎ᠠ ᠳᠤ ᠪᠠᠰᠠ ᠨᠢᠭᠡᠨ ︽ ᠳᠠᠭᠠᠳᠬᠠᠯ ︾ ᠨᠡᠮᠡᠵᠦ ᠂ ᠪᠦᠬᠦ ᠵᠢᠯ ᠤᠨ ᠲᠠᠷᠢᠶᠠᠯᠠᠩ ᠤᠨ | ᠡᠯᠪᠡᠭ ᠬᠤᠷᠢᠶᠠᠯᠲᠠ ᠳᠤ ᠰᠠᠭᠤᠷᠢ ᠲᠠᠯᠪᠢᠵᠤ ᠥᠭᠬᠦ ᠨᠢ ᠳᠠᠮᠵᠢᠭ ᠦᠭᠡᠢ ᠶᠤᠮ ᠃ | ︽ᠦᠢᠯᠡᠳᠬᠦᠨ ᠤ ᠶᠠᠰᠤ ᠴᠢᠨᠠᠷ ᠢ ᠪᠠᠲᠤᠯᠠᠬᠤ ᠶᠢᠨ ᠳᠤᠰᠠᠳᠠ ᠂ ᠪᠢᠳᠡ ᠲᠦᠭᠦᠬᠡᠶ ᠮᠠᠲ᠋ᠧᠷᠢᠶᠠᠯ ᠂ ᠬᠠᠩᠭᠠᠬᠤ ᠦᠢᠯᠡᠳᠪᠦᠷᠢ ᠶᠢᠨ ᠬᠢᠨ ᠢ ᠰᠢᠯᠢᠵᠦ ᠰᠣᠩᠭᠤᠬᠰᠠᠨ | ᠶᠤᠮ ᠂ ᠣᠳᠣᠬᠠᠨ ᠳᠤ ᠭᠤᠣᠯᠳᠠᠭᠤ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠺᠣᠮᠫᠠᠨᠢ ᠂ ᠯᠠᠨᠵᠧᠤ ᠶᠢᠨ ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ ᠶᠢᠨ ᠳᠦᠷᠤᠯ ᠲᠡᠮᠳᠡᠭᠲᠦ ᠦᠢᠯᠡᠳᠬᠦᠨ ᠢ ᠰᠤᠩᠭᠤᠵᠠᠢ ᠃ ᠰᠦᠯᠢᠶᠤᠤ ᠪᠦᠷᠬᠦᠪᠴᠢ ᠶᠢ ᠦᠢᠯᠡᠳᠪᠦᠷᠢᠯᠡᠵᠦ ᠭᠠᠷᠭᠠᠭᠰᠠᠨ ᠤ ᠳᠠᠷᠠᠭ᠎ᠠ ᠂ ᠶᠠᠰᠤ | ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠠᠬᠢᠨ ᠪᠠᠶᠢᠴᠠᠭᠠᠯᠲᠠ ᠪᠠᠷ ᠳᠠᠮᠵᠢᠭᠠᠳ ᠳᠠᠬᠢᠨ ᠪᠠᠶᠢᠴᠠᠭᠠᠭᠰᠠᠨ ᠮᠡᠳᠡᠭᠦᠯᠦᠯᠲᠡ ᠭᠠᠷᠭᠠᠳᠠᠭ ᠪᠠᠶᠢᠨ᠎ᠠ ︾ | ᠭᠡᠵᠦ ᠵᠡᠭᠦᠨᠭᠠᠷ ᠬᠤᠰᠢᠭᠤᠨ ᠤ ᠱᠢ ᠡᠯ ᠯᠢᠶᠠᠨ ᠴᠧᠩ ᠰᠢᠶᠠᠩ ᠤᠨ ᠰᠤᠬᠠᠢᠢᠳᠤ ᠲᠣᠰᠬᠤᠨ ᠤ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ | ᠬᠤᠷᠰᠢᠶᠠᠵᠢᠯ ᠤᠨ ᠰᠦᠯᠢᠶᠣᠣ ᠪᠦᠷᠬᠦᠪᠴᠢ ᠶᠢᠨ ᠦᠢᠯᠡᠳᠪᠦᠷᠢ ᠶᠢᠨ ᠬᠠᠷᠢᠭᠤᠴᠠᠯᠭᠠᠲᠠᠨ ᠷᠧᠨ ᠵᠢᠶᠠᠨ ᠭᠦᠩ ᠶᠠᠷᠢᠨ᠎ᠠ ᠃ | ᠵᠠᠬ᠎ᠠ ᠳᠡᠯᠭᠡᠭᠦᠷ ᠤᠨ ᠬᠡᠷᠡᠭᠴᠡᠭᠡ ᠶᠢ ᠭᠦᠢᠴᠡᠳ ᠬᠠᠩᠭᠠᠬᠤ ᠶᠢᠨ ᠳᠤᠰᠠᠳᠠ ᠂ 6 ᠦᠢᠯᠡᠳᠪᠦᠷᠢᠯᠡᠯ ᠤᠨ ᠱᠤᠭᠤᠮ ᠪᠦᠬᠦ ᠬᠦᠴᠤᠨ ᠢᠶᠠᠷ ᠢᠶᠠᠨ ᠡᠷᠴᠢᠮᠳᠡᠢ | ᠠᠵᠢᠯᠯᠠᠵᠤ ᠂ ᠰᠦᠯᠢᠶᠣᠣ ᠪᠦᠷᠬᠦᠪᠴᠢ ᠶᠢᠨ ᠡᠳᠤᠷ ᠤᠨ ᠭᠠᠷᠤᠯᠲᠠ ᠨᠢ 12 ᠲᠣᠨ ᠣᠷᠴᠢᠮ ᠳᠤ ᠬᠦᠷᠴᠡᠢ ᠃ ᠤᠳᠤᠬᠠᠨ ᠪᠣᠯᠲᠠᠯ᠎ᠠ 400 ᠲᠣᠨ ᠰᠦᠯᠢᠶᠣᠣ | ᠪᠦᠷᠬᠦᠪᠴᠢ ᠶᠢ ᠡᠯ᠎ᠡ ᠭᠠᠵᠠᠷ ᠲᠤ ᠵᠠᠯᠭᠠᠭ᠎ᠠ ᠪᠠᠷ ᠲᠠᠷᠬᠠᠭᠠᠵᠤ ᠪᠠᠶᠢᠨ᠎ᠠ ᠃ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩᠦᠢᠯᠡᠳᠪᠦᠷᠢᠯᠡᠯ ᠤᠨ ᠬᠡᠷᠡᠭᠰᠡᠯ ᠤᠨ | ᠬᠡᠷᠡᠭᠴᠡᠭᠡ ᠦᠷᠭᠦᠯᠵᠢᠯᠡᠨ ᠨᠡᠮᠡᠭᠳᠡᠬᠦ ᠶᠢ ᠳᠠᠭᠠᠯᠳᠤᠨ ᠂ ᠵᠢᠱᠢᠯᠲᠡ ᠪᠠᠷ 5 ᠰᠠᠷ᠎ᠠ ᠶᠢᠨ ᠳᠤᠮᠳᠠᠴᠢ ᠪᠠᠷ ᠪᠣᠷᠣᠯᠠᠭᠤᠯᠭ᠎ᠠ ᠶᠢᠨ ᠬᠥᠭᠵᠢᠶᠡᠨᠳᠡᠢ ᠤᠯᠠᠷᠢᠯ ᠳᠠᠭᠤᠰᠬᠤ | ᠪᠣᠯᠤᠨ᠎ᠠ ᠃ | ︽ ᠪᠢᠳᠡᠨ ᠤ ᠵᠢᠱᠢᠯᠳᠡ ᠪᠠᠷ ᠡᠨᠡ ᠵᠢᠯ 1000 ᠭᠠᠷᠤᠶ ᠲᠣᠨ ᠣᠷᠴᠢᠮ ᠦᠢᠯᠡᠳᠪᠦᠷᠢᠯᠡᠨ᠎ᠡ ᠂ ᠣᠳᠣᠬᠠᠨ ᠳᠤ ᠮᠠᠨ ᠤ ᠦᠢᠯᠡᠳᠬᠦᠨ ᠨᠢᠳᠤᠨᠤᠨ ᠤ | ᠭᠡᠷᠡᠭᠯᠡᠭᠴᠢᠳ ᠤᠨ ᠰᠠᠭᠤᠷᠢᠨ ᠳᠡᠭᠡᠷ᠎ᠡ ᠪᠠᠰᠠ ᠤᠶᠢᠷ᠎ᠠ ᠬᠠᠪᠢ ᠶᠢᠨ ᠭᠠᠵᠠᠷ ᠣᠷᠣᠨ ᠤ ᠭᠡᠷᠡᠭᠯᠡᠭᠴᠢᠳ ᠢ ᠨᠡᠮᠡᠭᠳᠡᠭᠦᠯᠵᠦ ᠂ ᠮᠠᠰᠢ ᠣᠯᠠᠨ ᠲᠠᠷᠢᠶᠠᠯᠠᠩᠦᠢᠯᠡᠳᠪᠦᠷᠢᠯᠡᠯ | ᠤᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠡᠷᠦᠬᠡ ᠴᠦ ᠪᠢᠳᠡᠨ ᠲᠠᠢ ᠪᠠᠷᠠᠭ᠎ᠠ ᠬᠠᠩᠭᠠᠬᠤ ᠬᠡᠷᠡᠭᠴᠡᠭᠡᠨ ᠤ ᠲᠤᠬᠠᠶ ᠬᠡᠯᠡᠯᠴᠡᠭᠡᠷ ᠲᠣᠭᠲᠠᠭᠰᠠᠨ ᠪᠠᠶᠢᠨ᠎ᠠ ᠃ ᠬᠠᠪᠤᠷ ᠤᠨ | ᠲᠠᠷᠢᠶᠠᠯᠠᠭ᠎ᠠ ᠶᠢᠨ ᠠᠵᠢᠯ ᠤᠨ ᠪᠦᠬᠦ ᠲᠠᠯ᠎ᠠ ᠪᠠᠷ ᠠᠭᠢᠬᠤ ᠶᠢ ᠳᠠᠭᠠᠯᠳᠤᠨ ᠂ ᠪᠢᠳᠡ ᠦᠷᠭᠦᠯᠵᠢᠯᠡᠨ ᠥᠨᠳᠥᠷ ᠪᠦᠲᠦᠮᠵᠢᠲᠡᠶ ᠦᠢᠯᠡᠳᠪᠦᠷᠢᠯᠡᠯ ᠢ ᠪᠠᠲᠤᠯᠠᠵᠤ ᠂ | ᠲᠠᠷᠢᠶᠠᠯᠠᠩᠦᠢᠯᠡᠳᠪᠦᠷᠢᠯᠡᠯ ᠢ ᠬᠠᠮᠠᠭᠠᠯᠠᠨ᠎ᠠ ︾ ᠭᠡᠵᠦ ᠷᠧᠨ ᠵᠢᠶᠠᠨ ᠬᠦᠩ ᠶᠠᠷᠢᠨ᠎ᠠ ᠃ | ᠣᠶᠢᠷ᠎ᠠ ᠬᠠᠪᠢ ᠶᠢᠨ ᠨᠢᠭᠡᠨ ᠲᠠᠷᠢᠶᠠᠯᠠᠩ ᠤᠨ ᠮᠠᠰᠢᠨ ᠪᠣᠷᠣᠯᠠᠭᠤᠯᠬᠤ ᠳᠡᠯᠭᠡᠭᠦᠷ ᠲᠤ ᠂ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠢ ᠲᠡᠷᠢ ᠲᠡᠭᠰᠢ | ᠵᠢᠭᠰᠠᠭᠠᠵᠤ ᠂ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ ᠂ ᠦᠷ᠎ᠡ ᠰᠠᠴᠤᠬᠤ ᠮᠠᠰᠢᠨ ᠵᠡᠷᠭᠡ ᠶᠢ ᠪᠦᠷᠢᠳᠦᠭᠦᠯᠵᠦ ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠᠷ | ᠢᠷᠡᠭᠰᠡᠨ ᠲᠠᠷᠢᠶᠠᠴᠢᠨ ᠡᠷᠦᠬᠡ ᠲᠠᠰᠤᠷᠠᠯᠲᠠ ᠦᠭᠡᠶ ᠣᠯᠠᠰᠢᠷᠠᠵᠤ ᠂ ᠦᠨ᠎ᠡ ᠬᠠᠩᠰᠢ ᠶᠢ ᠠᠰᠠᠭᠤᠨ ᠯᠠᠪᠯᠠᠬᠤ ᠳᠠᠭᠤᠨ ᠂ ᠶᠠᠷᠢᠯᠴᠠᠬᠤ ᠳᠠᠭᠤᠨ ᠨᠡᠶᠢᠯᠡᠨ ᠂ ᠬᠠᠪᠤᠷ ᠤᠨ | ᠲᠠᠷᠢᠶᠠᠯᠠᠭ᠎ᠠ ᠶᠢᠨ ᠬᠦᠰᠡᠯ ᠡᠷᠡᠮᠡᠯᠵᠡᠯ ᠢᠶᠠᠷ ᠪᠢᠯᠬᠠᠮ᠎ᠠ ︽ ᠨᠠᠶᠢᠷᠠᠯ ᠬᠥᠭᠵᠢᠮ ︾ ᠢ ᠬᠠᠩᠭᠢᠨᠠᠭᠤᠯᠵᠤ ᠪᠠᠶᠢᠯ᠎ᠠ ᠃ ᠣᠳᠣᠬᠠᠨ ᠪᠣᠯᠲᠠᠯ᠎ᠠ ᠂ ᠵᠡᠭᠦᠨᠭᠠᠷ ᠬᠤᠰᠢᠭᠤᠨ ᠤ | ᠲᠠᠷᠢᠶᠠᠯᠠᠩ ᠤᠨ ᠮᠠᠰᠢᠨ ᠲᠣᠨᠣᠭᠯᠠᠯ ᠤᠨ ᠨᠥᠭᠡᠴᠡ ᠬᠦᠢᠴᠡᠳ ᠪᠠᠶᠢᠵᠤ ᠂ ᠡᠯ᠎ᠡ ᠲᠥᠷᠥᠯ ᠤᠨ ᠢᠵᠢ ᠪᠥᠷᠢᠳᠦᠭᠦᠯᠬᠦ ᠮᠠᠰᠢᠨ ᠪᠠᠭᠠᠵᠢ ᠵᠠᠯᠭᠠᠭ᠎ᠠ ᠪᠠᠷ ᠪᠡᠯᠡᠨ | ᠪᠣᠯᠤᠭᠰᠠᠨ ᠪᠥᠭᠡᠳ ᠵᠠᠰᠠᠭ ᠤᠨ ᠣᠷᠳᠣᠨ ᠤ ᠢᠵᠢ ᠪᠥᠷᠢᠳᠦᠭᠦᠯᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠤ ᠦᠷᠭᠦᠯᠵᠢᠯᠡᠨ ᠬᠡᠷᠡᠭᠵᠢᠭᠦᠯᠵᠦ ᠂ ᠲᠠᠷᠢᠶᠠᠴᠢᠨ | ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠤᠶᠢᠯᠡᠳᠪᠤᠷᠢᠯᠡᠯ ᠳᠤ ᠬᠦᠴᠦᠲᠡᠶ ᠪᠠᠲᠤᠯᠠᠭ᠎ᠠ ᠬᠠᠩᠭᠠᠵᠤ ᠪᠠᠶᠢᠨ᠎ᠠ ᠃ | ︽ ᠡᠨᠡ ᠵᠢᠯ ᠵᠡᠭᠦᠨᠭᠠᠷ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠬᠥᠳᠡᠯᠭᠡᠬᠦ ᠬᠦᠴᠦᠨ ᠤ ᠮᠠᠰᠢᠨ ᠮᠧᠬᠠᠨᠢᠭ ᠤᠨ ᠨᠥᠭᠡᠴᠡ ᠪᠠᠷᠤᠭ 4900 ᠭᠠᠷᠤᠶ ᠰᠠᠤᠷᠢ | ︵ ᠢᠵᠢ ︶ ᠂ ᠢᠵᠢ ᠪᠥᠷᠢᠳᠦᠭᠦᠯᠬᠦ ᠮᠠᠰᠢᠨ ᠪᠠᠭᠠᠵᠢ 4800 ︵ ᠢᠵᠢ ︶ ᠪᠠᠶᠢᠵᠤ ᠂ ᠡᠨᠡ ᠵᠢᠯ ᠤᠯᠤᠰ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠨᠦᠬᠦᠪᠤᠷᠢ ᠶᠢ 888 ᠲᠦᠮᠡᠨ ᠲᠥᠭᠦᠷᠢᠭ ᠭᠤᠶᠤᠴᠢᠯᠠᠵᠠᠶ ᠃ ᠡᠭᠦᠨ ᠤ ᠬᠠᠮᠲᠤ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠮᠠᠨ ᠤ ᠬᠤᠰᠢᠭᠤᠨ ᠤ | ᠳᠤᠪᠤᠴᠠᠭ ᠠᠭᠤᠯᠠᠷᠬᠠᠭ ᠭᠠᠵᠠᠷ ᠤᠨ ᠳᠠᠪᠠᠭᠤᠯᠢᠭ ᠤᠨᠴᠠᠯᠢᠭᠳᠤ ᠠᠵᠤ ᠤᠶᠢᠯᠡᠰ ᠢ ᠬᠥᠭᠵᠢᠭᠦᠯᠬᠦ ᠶᠢᠨ ᠳᠤᠰᠠᠳᠠ ᠂ 500 ᠲᠦᠮᠡᠨ ᠲᠥᠭᠦᠷᠢᠭ ᠤᠨ ᠬᠤᠰᠢᠭᠤᠨ ᠤ | ᠱᠠᠳᠤᠨ ᠤ ᠲᠠᠷᠢᠶᠠᠯᠠᠩ ᠤᠨ ᠮᠠᠰᠢᠨ ᠤ ᠨᠥᠬᠦᠪᠥᠷᠢ ᠪᠠᠯᠠ ᠮᠥᠩᠭᠦ ᠶᠢ ᠢᠵᠢ ᠪᠥᠷᠢᠳᠦᠭᠦᠯᠵᠦ ᠂ ᠵᠡᠭᠦᠨᠭᠠᠷ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ | ᠤᠷᠤᠭᠰᠢᠲᠠᠶ ᠶᠠᠪᠤᠭᠳᠠᠬᠤ ᠳᠤ ᠬᠦᠴᠦᠨ ᠨᠡᠮᠡᠷᠢᠯᠡᠵᠤ ᠪᠠᠶᠢᠨ᠎ᠠ ︾ ᠭᠡᠵᠦ ᠵᠡᠭᠦᠨᠭᠠᠷ ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠤᠨ ᠦᠢᠯᠡᠴᠢᠯᠡᠭᠡᠨ ᠤ ᠲᠥᠪ ᠤᠨ | ᠬᠥᠳᠡᠭᠡ ᠲᠣᠰᠬᠤᠨ ᠢ ᠬᠥᠭᠵᠢᠭᠦᠯᠬᠦ ᠲᠠᠰᠤᠭ ᠤᠨ ᠡᠷᠬᠢᠯᠡᠭᠴᠢ ᠯᠢᠦ ᠬᠤᠸᠠᠨ ᠶᠠᠷᠢᠨ᠎ᠠ ᠃ | ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠡᠬᠢᠯᠡᠭᠦᠯᠵᠦ ᠂ ᠡᠯᠪᠡᠭ ᠬᠤᠷᠢᠶᠠᠯᠲᠠ ᠤᠯᠬᠤ ᠢᠳᠡᠭᠡᠯ ᠵᠤᠷᠢᠭ ᠲᠡᠭᠦᠯᠳᠡᠷ ᠪᠠᠶᠢᠯ᠎ᠠ ᠃ ᠬᠠᠪᠤᠷ ᠤᠨ ᠲᠠᠷᠢᠶᠠᠯᠠᠭ᠎ᠠ ᠪᠣᠯ | ᠪᠦᠬᠦ ᠵᠢᠯ ᠤᠨ ᠲᠠᠷᠢᠶᠠᠯᠠᠩ ᠦᠢᠯᠡᠳᠪᠦᠷᠢᠯᠡᠯ ᠤᠨ ᠰᠠᠭᠤᠷᠢ ᠪᠠ ᠵᠠᠩᠭᠢᠯᠠᠭ᠎ᠠ ᠪᠤᠯᠤᠨ᠎ᠠ ᠃ ᠵᠡᠭᠦᠨᠭᠠᠷ ᠬᠤᠰᠢᠭᠤ ᠤᠷᠢᠳᠴᠢᠯᠠᠨ ᠲᠥᠯᠥᠪᠵᠢᠭᠦᠯᠵᠦ ᠂ ᠨᠠᠷᠢᠨ ᠨᠢᠮᠪᠠᠶ | ᠵᠣᠬᠢᠶᠠᠨ ᠪᠠᠶᠢᠭᠤᠯᠵᠤ ᠂ ᠤᠶᠢᠯᠡᠴᠢᠯᠡᠭᠡ ᠪᠠᠨ ᠴᠢᠩᠭᠠᠳᠬᠠᠬᠤ ᠪᠠᠷ ᠳᠡᠮᠵᠢᠭᠤᠯᠤᠨ ᠂ ᠲᠠᠷᠢᠶᠠᠯᠠᠩᠤᠨ ᠬᠡᠷᠡᠭᠰᠡᠯ ᠤᠨ ᠨᠥᠭᠡᠴᠡ ᠬᠦᠢᠴᠡᠳ ᠂ ᠶᠠᠰᠤ ᠴᠢᠨᠠᠷ | ᠨᠠᠶᠢᠳᠠᠪᠤᠷᠢᠲᠠᠶ ᠂ ᠬᠠᠩᠭᠠᠯᠭ᠎ᠠ ᠶᠢ ᠴᠠᠭ ᠲᠤᠬᠠᠶ ᠳᠤᠨᠢ ᠪᠠᠲᠤᠯᠠᠵᠤ ᠂ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠪᠠᠲᠤᠯᠠᠭ᠎ᠠ | ᠬᠠᠩᠭᠠᠵᠤ ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ ᠃ ᠡᠨᠡᠬᠦ ᠬᠦᠰᠡᠯ | ᠡᠷᠡᠮᠡᠯᠵᠡᠯ ᠢᠶᠠᠷ ᠪᠢᠯᠬᠠᠭᠰᠠᠨ ᠬᠠᠪᠤᠷ ᠤᠨ ᠤᠯᠠᠷᠢᠯ ᠳᠤ ᠂ ᠬᠠᠪᠤᠷ ᠤᠨ ᠲᠠᠷᠢᠶᠠᠯᠠᠭ᠎ᠠ ᠶᠢᠨ ᠬᠥᠰᠢᠭᠡ ᠶᠢᠨ ᠠᠯᠭᠤᠷᠬᠠᠨ ᠢᠶᠠᠷ ᠨᠡᠭᠡᠭᠡᠭᠳᠡᠬᠦ ᠶᠢ ᠲᠠᠭᠠᠯᠳᠤᠨ ᠂ | ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠬᠠᠪᠤᠷ ᠤᠨ ᠲᠠᠷᠢᠶᠠᠯᠠᠭ᠎ᠠ ᠶᠢᠨ ᠵᠢᠷᠤᠭ ᠥᠷᠭᠡᠨ ᠠᠭᠤᠳᠠᠮ ᠬᠥᠳᠡᠭᠡ ᠲᠠᠯ᠎ᠠ ᠳᠤ ᠠᠯᠭᠤᠷᠬᠠᠨ ᠢᠶᠠᠷ ᠵᠢᠷᠤᠬᠯᠠᠬᠳᠠᠨᠠ ᠃ | |