| 2025 ᠣᠨ ᠤ 2 ᠰᠠᠷ᠎ᠠ ᠶᠢᠨ 19 ᠤ ᠡᠳᠦᠷ ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠳᠡᠭᠡᠷ᠎ᠠ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠵᠣᠣ ᠱᠤᠸᠠᠨ | | ᠲᠥᠯᠥᠭᠡᠯᠡᠭᠴᠢᠳ ᠠ᠋ ᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠳᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ ᠂ ᠬᠢᠨᠠᠨ ᠵᠥᠪᠯᠡᠬᠦ ᠪᠣᠯᠪᠠᠤ ᠂ | ᠤᠯᠤᠰ ᠳᠦᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ ᠂ 2024 ᠣᠨ ᠤ ᠠᠵᠢᠯ ᠤᠨ ᠡᠷᠭᠢᠴᠡᠭᠦᠯᠦᠯ | 2024 ᠣᠨ ᠪᠣᠯ ︽ ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ | ᠪᠤᠯᠤᠨ᠎ᠠ ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠪᠥᠬᠦ ᠣᠷᠣᠨ ᠤ ︽ ᠬᠤᠶᠠᠷ ᠶᠡᠭᠡ ᠶᠠᠪᠤᠳᠠᠯ ︾ ᠪᠠ ᠪᠥᠬᠦ | ᠬᠤᠲᠠ ᠶᠢᠨ ︽ ᠭᠤᠷᠪᠠᠨ ᠳᠥᠷᠪᠡ ︾ ᠶᠢᠨ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠤᠨ ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠳᠠᠷᠤᠯᠲᠠ ᠶᠢ ᠳᠠᠭᠠᠭᠠᠨ ᠡᠷᠡᠯᠬᠡᠭᠯᠡᠨ ᠲᠡᠮᠡᠴᠡᠵᠤ ᠂ ᠡᠷᠡᠮᠡᠬᠡᠶᠢᠯᠡᠨ | ᠤᠷᠤᠭᠰᠢᠯᠠᠵᠤ ᠂ ᠨᠡᠮᠡᠭᠳᠡᠯ ᠢ ᠲᠣᠭᠲᠠᠪᠤᠷᠢᠵᠢᠭᠤᠯᠬᠤ ᠂ ᠪᠦᠲᠦᠴᠡ ᠶᠢ ᠲᠣᠬᠢᠷᠠᠭᠤᠯᠬᠤ ᠂ ᠥᠭᠡᠷᠡᠴᠢᠯᠡᠯᠲᠡ ᠶᠢ ᠠᠬᠢᠭᠤᠯᠬᠤ ᠂ ᠠᠶᠤᠯ ᠲᠦᠭᠰᠢᠭᠦᠷᠢ ᠶᠢ ᠰᠡᠷᠭᠡᠶᠢᠯᠡᠬᠦ ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ ᠂ ᠡᠯ᠎ᠡ ᠵᠦᠢᠯ ᠤᠨ ᠠᠵᠢᠯ ᠳᠤ ᠶᠡᠷᠦᠩᠬᠡᠢ ᠳᠡᠭᠡᠨ ᠲᠣᠭᠲᠠᠭᠤᠨ ᠂ | ᠲᠣᠭᠲᠠᠭᠤᠨ ᠤ ᠳᠤᠮᠳᠠ ᠰᠠᠶᠢᠵᠢᠷᠠᠬᠰᠠᠨ ᠰᠠᠶᠢᠨ ᠪᠠᠶᠢᠳᠠᠯ ᠢᠯᠡᠷᠡᠵᠡᠢ ᠃ | ︱︱ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ ᠃ ᠪᠢᠳᠡ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠵᠦ ᠂ ᠨᠡᠭᠦᠷᠡᠰᠦ ᠪᠠ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠩᠰᠢ ᠪᠠᠭᠤᠷᠠᠬᠤ ᠵᠡᠷᠭᠡ ᠵᠢᠱᠢᠯᠲᠡ ᠠᠴᠠ ᠳᠠᠪᠠᠭᠰᠠᠨ | ᠥᠷᠢᠰᠦᠯᠳᠦᠭᠡᠨ ᠢ ᠪᠦᠲᠦᠮᠵᠢᠲᠡᠶ ᠪᠠᠷ ᠠᠷᠭᠠᠴᠠᠭᠠᠵᠤ ᠂ ᠪᠦᠬᠦ ᠬᠤᠳᠠ ᠳᠤ 40% ᠶᠢᠨ ᠨᠡᠭᠦᠷᠡᠰᠦᠨ ᠤ ᠭᠠᠷᠤᠯᠲᠠ ᠪᠠ 30% ᠶᠢᠨ ᠴᠠᠬᠢᠯᠭᠠᠨ ᠭᠠᠷᠭᠠᠬᠤ | ᠬᠡᠮᠵᠢᠶ᠎ᠡ ᠶᠢ ᠬᠠᠨᠳᠢᠪᠯᠡᠵᠤ ᠂ 25 ᠮᠤᠵᠢ ︵ᠣᠷᠣᠨ︶ ᠬᠤᠳᠠ ᠶᠢᠨ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠠᠷ | ᠪᠡᠶᠡᠯᠡᠭᠦᠯᠪᠡ ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 5.8% ᠪᠠᠷ ᠨᠡᠮᠡᠭᠳᠡᠪᠡ ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 22.2% ᠢᠶᠠᠷ ᠨᠡᠮᠡᠭᠳᠡᠪᠡ ︔ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠬᠰᠠᠨ ᠪᠦᠬᠦ ᠳᠤᠭ᠎ᠠ 8.8% ᠪᠠᠷ ᠨᠡᠮᠡᠭᠳᠡᠵᠦ ᠂ | ᠪᠦᠬᠦ ᠬᠤᠳᠠ ᠳᠤ ᠳᠡᠷᠢᠬᠦᠯᠡᠪᠡ ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 5.4% ᠂ | 6.4% ᠪᠠᠷ ᠨᠡᠮᠡᠭᠳᠡᠵᠦ ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1600 ᠳ᠋ᠦᠩᠰᠢᠭᠤᠷ ᠲᠥᠭᠦᠷᠢᠭ ᠢ ᠳᠠᠪᠠᠵᠤ ᠂ ᠦᠷᠭᠦᠯᠵᠢᠯᠡᠨ ᠪᠥᠬᠦ | ᠣᠷᠣᠨ ᠳᠤ ᠳᠡᠷᠢᠬᠦᠯᠡᠵᠤ ᠂ ᠪᠥᠬᠦ ᠬᠤᠲᠠ ᠶᠢᠨ ᠬᠥᠭᠵᠢᠯᠲᠡ ᠶᠢᠨ ᠪᠦᠬᠦ ᠲᠠᠯ᠎ᠠ ᠳᠤ ︽ ᠵᠡᠭᠦᠨᠭᠠᠷ ᠤᠨ ᠬᠤᠪᠢ ᠨᠡᠮᠡᠷᠢ ︾ ᠦᠵᠡᠭᠦᠯᠪᠡ ᠃ | ︱︱ ᠦᠯᠢᠬᠡᠷ ᠵᠢᠱᠢᠶ᠎ᠡ ᠪᠠᠷ ᠬᠥᠲᠥᠯᠥᠨ ᠳᠠᠭᠠᠭᠤᠯᠵᠤ ᠬᠡᠷᠡᠯ ᠭᠢᠯᠪᠠᠭ᠎ᠠ ᠰᠠᠴᠤᠷᠠᠭᠤᠯᠪᠠ ᠃ ᠪᠢᠳᠡ ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠬᠠᠷᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠰᠢᠶᠠᠨ ᠬᠤᠳᠠ᠂ ᠪᠦᠬᠦ | ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠴᠢᠨᠠᠷᠵᠢᠯ ᠤᠨ ᠠᠷᠪᠠᠨ ᠰᠢᠯᠢᠳᠡᠭ ᠰᠢᠶᠠᠨ ᠬᠤᠳᠠ᠂ ᠪᠦᠬᠦ ᠤᠯᠤᠰ ᠤᠨ ᠰᠢᠶᠠᠨ ᠤ ᠬᠡᠪᠴᠢᠶᠡᠨ ᠤ | ᠣᠳᠣᠬᠢᠴᠢᠯᠠᠭᠰᠠᠨ ᠴᠢᠨᠠᠷ ᠰᠠᠶᠢᠲᠠᠢ ᠬᠥᠭᠵᠢᠯᠲᠡ ᠶᠢᠨ A+ ᠰᠢᠯᠢᠳᠡᠭ ᠳᠡᠰ ᠤᠨ ᠰᠢᠶᠠᠨ ᠬᠤᠳᠠ᠂ ᠪᠦᠬᠦ ᠤᠯᠤᠰ ᠤᠨ ᠰᠣᠶᠣᠯ ᠵᠤᠭᠠᠴᠠᠯ ᠤᠨ ᠲᠦᠷᠦᠯ ᠲᠡᠮᠳᠡᠭ ᠢ | ᠲᠠᠨᠢᠯᠴᠠᠭᠤᠯᠬᠤ ᠬᠤᠳᠠ᠂ ᠪᠦᠬᠦ ᠤᠯᠤᠰ ᠤᠨ ᠨᠡᠶᠢᠭᠡᠮ ᠤᠨ ᠵᠠᠰᠠᠯᠲᠠ ᠶᠢᠨ ᠬᠠᠮᠤᠭ ᠤᠨ ᠰᠠᠶᠢᠨ ᠲᠠᠪᠰᠢᠬᠰᠠᠨ ᠰᠢᠶᠠᠨ ᠵᠡᠷᠭᠡ ᠤᠯᠤᠰ ᠤᠨ ᠳᠡᠰ ᠤᠨ 8 ᠰᠢᠨ᠎ᠡ | ᠨᠡᠷ᠎ᠡ ᠶᠢᠨ ᠬᠠᠭᠤᠳᠠᠰᠤ ᠶᠢ ᠣᠯᠪᠠ᠃ ᠪᠥᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠡᠷᠢᠭᠦᠨ ᠤ ᠬᠠᠮᠲᠤ ᠂ ᠪᠥᠬᠦ ᠤᠯᠤᠰ ᠤᠨ ᠠᠵᠢᠯᠴᠢᠨ ᠤ | ᠬᠤᠰᠢᠭᠤᠴᠢ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ 36 ᠵᠢᠱᠢᠶᠡᠴᠢ ᠬᠠᠮᠲᠤ ᠪᠠ ᠬᠤᠪᠢ ᠬᠥᠮᠥᠨ ᠴᠣᠯᠭᠤᠷᠠᠨ ᠭᠠᠷᠪᠠ ᠃ ᠨᠡᠶᠢᠭᠡᠮ | ᠠᠷᠠᠳ ᠤᠨ ᠠᠮᠢᠳᠤᠷᠠᠯ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶ᠎ᠠ ᠴᠠᠷᠠᠭᠠᠨ ᠳᠠᠬᠢ ᠥᠪᠡᠷᠲᠡᠭᠡᠨ ᠵᠠᠰᠠᠬᠤ ᠣᠷᠣᠨ ᠤ ᠲᠠᠰ ᠠᠴᠠ | ᠳᠡᠭᠡᠭᠰᠢᠬᠢ ᠨᠡᠶᠢᠲᠡᠯᠢᠭ ᠵᠢᠱᠢᠶ᠎ᠡ ᠶᠢ18 ᠪᠣᠶ ᠪᠣᠯᠭᠠᠵᠤ ᠂ ᠪᠥᠬᠦ ᠬᠤᠰᠢᠭᠤᠨ ᠤ ᠬᠥᠭᠵᠢᠯᠲᠡ ᠶᠢᠨ ᠵᠥᠭᠡᠯᠡᠨ ᠪᠣᠳᠠᠲᠤ ᠬᠦᠴᠦᠨ ᠂ ᠤᠯᠠᠮᠵᠢᠯᠠᠨ ᠳᠠᠮᠵᠢᠭᠤᠯᠬᠤ | ᠨᠥᠯᠥᠭᠡᠯᠡᠬᠦ ᠬᠦᠴᠦᠨ ᠂ ᠶᠡᠷᠦᠩᠬᠡᠶᠢᠯᠡᠭᠰᠡᠨ ᠢᠷᠠᠭᠤ ᠰᠠᠶᠢᠬᠠᠨ ᠠᠯᠳᠠᠷᠰᠢᠯ ᠨᠢ ᠲᠠᠰᠤᠷᠠᠯᠲᠠ ᠦᠭᠡᠢ ᠳᠡᠭᠡᠭᠰᠢᠯᠡᠪᠡ ᠃ | —— ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ ᠃ ᠪᠢᠳᠡ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠶᠡᠷᠦᠩᠬᠡᠢ ᠪᠡᠯᠡ ᠣᠷᠣᠭᠤᠯᠤᠯᠲᠠ ᠨᠢ 1600 ᠳ᠋ᠦᠩᠰᠢᠭᠤᠷ ᠲᠥᠭᠦᠷᠢᠭ ᠲᠤ ᠬᠦᠷᠦᠭᠰᠡᠨ ᠪᠦᠬᠦ ᠣᠷᠣᠨ ᠤ | ᠠᠩᠬᠠᠳᠠᠭᠴᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠦᠷᠦᠭᠵᠢᠯ ᠤᠨ ᠲᠦᠷᠦᠯ ᠵᠦᠢᠯ ᠪᠣᠳᠠᠲᠤ ᠠᠬᠢᠴᠠ ᠲᠠᠢ | ᠪᠣᠯᠬᠤ ᠶᠢ ᠠᠬᠢᠭᠤᠯᠪᠠ ᠃ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 6 ᠣᠷᠣᠭᠤᠯᠤᠨ ᠠᠪᠴᠢᠷᠠᠵᠤ ᠤᠷᠤᠨᠵᠢᠭᠤᠯᠤᠨ ᠂ 10 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 14 ᠪᠦᠳᠤᠭᠡᠨ ᠪᠠᠶᠢᠭᠤᠯᠬᠤ ᠪᠠᠷ ᠪᠣᠶ ᠃ ᠳᠤᠯᠤᠭᠠᠶᠢᠯᠠᠬᠴᠢ ᠠᠵᠤ ᠠᠬᠤᠶᠢᠯᠠᠯ ᠢ 6 ᠤᠷᠤᠭᠤᠯᠤᠨ | ᠠᠪᠴᠢᠷᠠᠵᠤ ᠂ ᠲᠦᠷᠦᠯ ᠵᠦᠢᠯ ᠤᠨ ᠨᠥᠭᠡᠴᠡ ᠬᠦᠴᠦᠨ ᠤᠯᠠᠮ ᠠᠴᠠ ᠤᠯᠠᠮ ᠭᠦᠢᠴᠡᠳ ᠪᠣᠯᠪᠠ ᠃ | —— ᠭᠠᠵᠠᠷ ᠰᠢᠷᠤᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠦᠨᠳᠦᠰᠦᠨ ᠠᠴᠠ ᠨᠢ ᠰᠢᠢᠳᠪᠦᠷᠢᠯᠡᠪᠠ ᠃ ᠪᠢᠳᠡ ᠭᠠᠵᠠᠷ ᠰᠢᠷᠣᠢ ᠲᠠᠲᠠᠪᠤᠷᠢᠯᠠᠬᠤ | ᠲᠦᠭᠵᠢᠷᠡᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ ᠂ ᠠᠯᠢ ᠣᠯᠠᠨ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠡᠶᠢᠲᠡᠯᠡᠨ ᠬᠡᠷᠡᠭᠵᠢᠭᠦᠯᠵᠦ ᠂ ︽ ᠢᠯᠡ | ᠳᠤᠳᠤ ᠲᠠᠲᠠᠪᠤᠷᠢᠯᠠᠨ ᠨᠤᠷᠠᠭᠠᠵᠤ ᠨᠡᠬᠦᠯᠭᠡᠬᠦ ︾ ᠶᠢ ᠬᠡᠷᠡᠭᠵᠢᠭᠦᠯᠦᠨ ᠂ ᠭᠠᠵᠠᠷ ᠰᠢᠷᠣᠢ ᠲᠠᠲᠠᠪᠤᠷᠢᠯᠠᠬᠤ ᠡᠮᠬᠢ ᠵᠢᠷᠤᠮ ᠢ ᠬᠠᠤᠯᠢᠵᠢᠯ ᠤᠨ ᠵᠠᠮ ᠳᠤ ᠤᠷᠤᠭᠤᠯᠪᠠ ᠃ 8 | ᠲᠦᠮᠡᠨ ᠮᠦ ᠤᠷᠴᠢᠮ ᠭᠠᠵᠠᠷ ᠰᠢᠷᠣᠢ ᠲᠠᠲᠠᠪᠤᠷᠢᠯᠠᠬᠤ ᠶᠢ ᠪᠡᠶᠡᠯᠡᠭᠦᠯᠵᠦ ᠂ 74 ᠭᠠᠵᠠᠷ ᠰᠢᠷᠣᠢ ᠬᠡᠷᠡᠭᠯᠡᠬᠦ ᠳᠦᠷᠤᠯ ᠵᠤᠶᠢᠯ ᠤᠨ ᠭᠠᠵᠠᠷ ᠰᠢᠷᠤᠢ ᠲᠠᠲᠠᠪᠤᠷᠢᠯᠠᠬᠤ | ᠴᠠᠭ ᠢ ᠳᠤᠮᠳᠠᠴᠢ ᠪᠠᠷ 2 ᠰᠠᠷ᠎ᠠ ᠪᠣᠭᠤᠨᠢᠰᠬᠠᠵᠤ ᠂ ᠨᠢᠭᠡ ᠪᠦᠯᠦᠭ ᠣᠯᠠᠨ ᠵᠢᠯ ᠵᠣᠭᠰᠣᠩᠭᠢᠷᠠᠭᠰᠠᠨ ᠳᠦᠷᠤᠯ ᠵᠤᠶᠢᠯ ᠢ ᠳᠠᠬᠢᠨᠲᠠ ᠠᠬᠢᠴᠠ ᠲᠠᠢ ᠪᠤᠯᠭᠠᠨ ᠂ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ ᠃ ᠮᠠᠯᠴᠢᠨ ᠲᠠᠷᠢᠶᠠᠴᠢᠨ ᠪᠣᠯᠣᠨ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠵᠦ ᠂ ︽ ᠭᠠᠵᠠᠷ ᠰᠢᠷᠣᠢ ᠶᠢᠨ ᠰᠢᠨ᠎ᠡ ᠲᠥᠷᠥ ᠶᠢᠨ ᠪᠣᠳᠣᠯᠭ᠎ᠠ ︾ ᠨᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠤᠯᠭᠠᠪᠠ ᠃ | —— ᠤᠯᠠᠨ ᠲᠦᠮᠡᠨ ᠤ ᠬᠦᠰᠡᠯ ᠡᠷᠡᠮᠡᠯᠵᠡᠯ ᠤᠨ ᠬᠠᠷᠢᠭᠤ ᠲᠤᠰᠬᠠᠯ ᠬᠦᠴᠦᠲᠡᠢ ᠪᠤᠯᠪᠠ ᠃ ᠪᠢᠳᠡ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ | ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ 96.1 ᠳ᠋ᠦᠩᠰᠢᠭᠤᠷ ᠲᠥᠭᠦᠷᠢᠭ ᠲᠤ ᠬᠦᠷᠴᠦ ᠂ | ᠬᠤᠰᠢᠭᠤ ᠰᠢᠶᠠᠩ ᠬᠤᠶᠠᠷ ᠱᠠᠲᠤᠨ ᠤ 135 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ ᠃ ᠬᠤᠳᠠ ᠶᠢᠨ ᠰᠢᠨᠡᠴᠢᠯᠡᠯᠲᠡ | ᠪᠠ ᠣᠷᠣᠨ ᠵᠠᠢ ᠶᠢᠨ ᠥᠷᠭᠡᠵᠢᠯ ᠢ ᠨᠢᠭᠡᠳᠦᠯᠲᠡᠢ ᠲᠥᠯᠥᠪᠵᠢᠬᠦᠯᠤᠨ ᠠᠬᠢᠭᠤᠯᠵᠤ ᠂ 1.2 ᠲᠡᠭᠰᠢ ᠳᠥᠷᠪᠡᠯᠵᠢᠨ ᠺᠢᠯᠣᠮᠧᠲᠷ ᠤᠨ ᠬᠠᠭᠤᠴᠢᠨ ᠬᠤᠳᠠ ᠶᠢᠨ | ᠲᠣᠭᠤᠷᠢᠭ ᠤᠨ ᠰᠢᠨᠡᠴᠢᠯᠡᠯᠲᠡ ᠶᠢ ᠪᠡᠶᠡᠯᠡᠭᠦᠯᠵᠦ ᠂ ᠬᠤᠶᠢᠳᠤ ᠠᠭᠤᠯᠠᠨ ᠤ ᠵᠠᠯᠭᠠᠯᠳᠤᠭᠰᠠᠨ ᠣᠷᠣᠨ ᠤ ᠬᠤᠳᠠ ᠶᠢᠨ ᠪᠣᠷᠣ ᠲᠥᠯᠥᠪ ᠢ ᠦᠨᠳᠦᠰᠦᠨ ᠳᠡᠭᠡᠨ | ᠪᠦᠷᠢᠯᠳᠦᠭᠦᠯᠪᠡ ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ︽ ᠬᠡᠷᠡᠭᠯᠡᠬᠦ ᠴᠠᠭ ᠨᠢ ᠣᠬᠤᠷ ᠂ ᠥᠪᠡᠷ ᠤᠨ ᠦᠷᠳᠡᠭ ᠨᠢ | ᠳᠣᠣᠷ᠎ᠠ ᠂ ᠦᠢᠯᠡᠴᠢᠯᠡᠭᠡ ᠨᠢ ᠰᠢᠯᠢᠳᠡᠭ︾ ᠪᠠᠶᠢᠬᠤ ᠬᠠᠷᠠᠯᠲᠠ ᠶᠢ ᠶᠠᠭ ᠪᠡᠶᠡᠯᠡᠭᠦᠯᠵᠦ ᠪᠠᠶᠢᠨ᠎ᠠ ᠃ ᠪᠦᠯᠦᠭᠴᠢᠯᠡᠭᠰᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠠᠮᠲᠤᠷᠠᠨ ᠰᠤᠷᠭᠠᠭᠤᠯᠢ ᠡᠷᠬᠢᠯᠡᠬᠦ ᠵᠠᠭᠪᠤᠷ ᠢ ᠭᠦᠨᠵᠡᠭᠡᠶᠢᠷᠡᠭᠦᠯᠵᠦ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ | ᠬᠥᠭᠵᠢᠯᠲᠡ ᠶᠢᠨ ᠲᠤᠷᠰᠢᠯᠭ᠎ᠠ ᠶᠢ ᠪᠦᠬᠦ ᠤᠯᠤᠰ ᠲᠤ ᠳᠡᠯᠭᠡᠷᠡᠭᠦᠯᠪᠠ ᠃ ︽ ᠠᠷᠠᠳ ᠤᠨ ᠲᠥᠯᠥᠭᠡ ᠬᠠᠤᠯᠢ ᠪᠠᠷ ᠵᠠᠰᠠᠬᠤ ︾ ᠶᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ ᠂ ᠭᠠᠴᠠᠭ᠎ᠠ ᠲᠣᠰᠬᠤᠨ ᠤ ᠮᠢᠩᠭ᠎ᠠ ᠭᠠᠷᠤᠢ ᠬᠠᠤᠯᠢ ᠴᠠᠭᠠᠵᠠ ᠮᠡᠳᠡᠳᠡᠭ ᠬᠦᠮᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠴᠤ ᠂ ᠪᠥᠬᠦ | ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠪᠦᠬᠦ ᠲᠤᠭ᠎ᠠ ᠂ ᠪᠡᠭᠡᠵᠢᠩ ᠳᠤ ᠬᠦᠷᠴᠦ ᠰᠤᠷᠪᠤᠯᠵᠢᠯᠠᠬᠤ ᠪᠦᠯᠦᠭ ᠤᠳᠠᠭ᠎ᠠ ᠂ ᠬᠥᠮᠥᠨ ᠤᠳᠠᠭ᠎ᠠ ᠶᠢᠨ ︽ ᠭᠤᠷᠪᠠᠨ | ᠪᠠᠭᠤᠷᠠᠯᠳᠠ ︾ ᠶᠢ ᠪᠡᠶᠡᠯᠡᠭᠦᠯᠪᠡ ᠃ | ᠲᠥᠯᠥᠭᠡᠯᠡᠭᠴᠢᠳ ᠠ᠋ ︕ ᠥᠩᠭᠡᠷᠡᠭᠰᠡᠨ ᠨᠢᠭᠡ ᠵᠢᠯ ᠳᠤ ᠂ ᠪᠢᠳᠡ ᠰᠢᠢᠳᠪᠦᠷᠢᠲᠦ ᠳᠠᠶᠢᠯᠠᠯᠳᠤᠭᠠᠨ ᠤ ᠰᠦᠷ ᠬᠦᠴᠦᠨ ᠢᠶᠠᠷ ᠬᠦᠴᠢᠷ ᠢ ᠳᠤᠭᠤᠯᠤᠨ ᠪᠡᠷᠬᠡ ᠶᠢ | ᠳᠠᠪᠠᠵᠤ ᠂ ᠶᠡᠷᠦ ᠪᠤᠰᠤ ᠶᠢᠨ ᠵᠢᠳᠬᠦᠯ ᠴᠢᠷᠮᠠᠶᠢᠯᠭ᠎ᠠ ᠪᠠᠷ ᠬᠥᠭᠵᠢᠯᠲᠡ ᠶᠢ ᠠᠬᠢᠭᠤᠯᠵᠤ ᠂ ᠭᠤᠣᠯᠳᠠᠭᠤ ᠳᠣᠣᠷᠠᠬᠢ ᠠᠵᠢᠯ ᠤᠳ ᠢ ᠬᠢᠪᠡ ᠃ | ᠨᠢᠭᠡ ᠳᠤ ᠠᠵᠤ ᠠᠬᠤᠢ ᠶᠢᠨ ᠶᠡᠭᠡ ᠡᠷᠬᠢᠯᠳᠡ ᠶᠢ ᠲᠣᠭᠲᠠᠪᠤᠷᠢᠵᠢᠭᠤᠯᠬᠤ ᠶᠢ ᠨᠡᠩ ᠴᠢᠬᠤᠯᠠᠴᠢᠯᠠᠪᠠ ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠳᠡᠭᠡᠳᠦ ᠱᠠᠲᠤᠨ ᠤ ᠪᠡᠯᠡ ᠮᠥᠩᠭᠦ ᠶᠢ 15.8 ᠳ᠋ᠦᠩᠰᠢᠭᠤᠷ ᠲᠥᠭᠦᠷᠢᠭ ᠬᠤᠪᠢᠳᠠᠨ ᠤᠯᠪᠠ ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠂ 66 ᠭᠤᠣᠯᠳᠠᠯᠭ᠎ᠠ ᠲᠠᠢ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ ᠂ 19 | ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ ᠃ ᠭᠠᠳᠠᠭᠠᠳᠤ ᠠᠷᠠᠯᠵᠢᠶ᠎ᠠ ᠰᠢᠨ᠎ᠡ ᠰᠢᠪᠲᠤᠯᠤᠯᠲᠠ ᠲᠠᠢ ᠪᠣᠯᠵᠤ ᠂ | ᠲᠢᠶᠠᠨ ᡁᠢ ᠵᠢᠶᠣᠣ ᠭᠤᠤᠯᠢᠩ ᠰᠢᠷᠣᠢ ᠨᠢ ᠠᠩᠬᠠᠳᠠᠭᠴᠢ ᠪᠦᠯᠦᠭ ᠳᠤᠮᠳᠠᠳᠤ ᠤᠯᠤᠰ ᠤᠨ ᠭᠠᠳᠠᠭᠠᠳᠤ ᠳᠤ ᠭᠠᠷᠭᠠᠬᠤ ᠦᠢᠯᠡᠳᠬᠦᠨ ᠤ ᠲᠦᠷᠦᠯ ᠳᠡᠮᠳᠡᠭᠳᠦ ᠶᠢᠨ | ᠭᠡᠷᠡᠴᠢ ᠪᠢᠴᠢᠭ ᠢ ᠭᠤᠶᠤᠴᠢᠯᠠᠨ ᠮᠡᠳᠡᠭᠦᠯᠵᠦ ᠂ ᠸᠠᠩ ᠳ᠋ᠣᠣ ᠠᠷᠢᠬᠢᠨ ᠤ ᠦᠢᠯᠡᠰ ᠤᠨ ᠠᠮᠧᠷᠢᠺᠠ ᠶᠢᠨ ᠦᠢᠯᠡᠳᠪᠦᠷᠢ ᠠᠮᠵᠢᠯᠲᠠ ᠲᠠᠢ ᠪᠠᠷ ᠵᠤᠬᠢᠬᠤ ᠭᠡᠮᠵᠢᠶ᠎ᠠ ᠪᠠᠷ | ᠪᠠᠷᠢᠮᠵᠢᠶᠠᠯᠠᠨ ᠤᠶᠢᠯᠡᠳᠪᠤᠷᠢᠯᠡᠵᠤ ᠂ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠶᠢᠨ ᠲᠤᠭ᠎ᠠ ᠨᠢ ᠬᠠᠷᠠᠯᠲᠠ ᠠᠴᠠ ᠪᠠᠨ 490% ᠪᠠᠷ ᠳᠠᠪᠠᠵᠤ ᠂ ᠪᠦᠬᠦ ᠬᠤᠳᠠ ᠳᠤ | ᠳᠡᠷᠢᠬᠦᠯᠡᠪᠡ ᠃ ᠳᠤᠮᠤ ᠬᠡᠪᠴᠢᠶᠡᠨ ᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠬᠡᠷᠡᠭᠵᠢᠭᠦᠯᠵᠦ ᠂ ᠠᠵᠤ ᠦᠢᠯᠡᠳᠪᠦᠷᠢ ᠶᠢᠨ ᠮᠡᠷᠭᠡᠵᠢᠯ ᠤᠨ | ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢ 19.77 ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠲᠦᠷᠭᠡᠳᠬᠡᠨ ᠂ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠨᠢ ᠬᠡᠷᠡᠭᠯᠡᠭᠡ ᠶᠢ ᠪᠠᠷᠤᠭ 50 ᠳ᠋ᠦᠩᠰᠢᠭᠤᠷ ᠲᠥᠭᠦᠷᠢᠭ ᠳᠠᠶᠢᠴᠢᠯᠠᠵᠤ ᠂ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ 256% ᠪᠠᠷ ᠳᠦᠷᠭᠡᠨ ᠨᠡᠮᠡᠭᠳᠡᠪᠡ ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠳᠡᠮᠵᠢᠵᠦ ᠂ 11.4 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠷᠡᠬᠦᠯᠵᠤ ᠰᠦᠢᠳᠬᠡᠯ ᠢ ᠪᠠᠭᠤᠷᠠᠭᠤᠯᠤᠨ ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 7.7% ᠂ 7% ᠪᠠᠷ ᠨᠡᠮᠡᠭᠳᠡᠪᠡ ᠃ ᠬᠥᠮᠥᠷᠭᠡ ᠳᠤ ᠣᠷᠣᠭᠤᠯᠤᠭᠰᠠᠨ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 51 ᠪᠠᠶᠢᠵᠤ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠰᠢᠨ᠎ᠡ ᠪᠠᠷ | 8 ᠨᠡᠮᠡᠭᠳᠡᠵᠦ ᠂ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠭᠠᠭᠴᠠ ᠵᠦᠢᠯ ᠤᠨ ᠮᠠᠩᠯᠠᠢ ᠳᠤ ᠰᠢᠯᠭᠠᠷᠠᠭᠰᠠᠨ ᠠᠵᠤ ᠠᠬᠤᠶᠢᠯᠠᠯ 2 ᠂ ᠥᠪᠡᠷᠲᠡᠭᠡᠨ | ᠵᠠᠰᠠᠬᠤ ᠣᠷᠣᠨ ᠤ ︽ ᠲᠤᠰᠬᠠᠢ ᠨᠠᠷᠢᠯᠢᠭ ᠣᠨᠴᠠ ᠰᠢᠨ᠎ᠡ ︾ ᠠᠵᠤ ᠠᠬᠤᠶᠢᠯᠠᠯ 1 ᠪᠠᠶᠢᠵᠤ ᠂ ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ 158 ᠪᠣᠯᠵᠤ ᠂ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 5700 ᠡᠷᠤᠭᠡ ᠪᠠᠶᠢᠵᠤ ᠂ 14% ᠪᠠᠷ ᠨᠡᠮᠡᠭᠳᠡᠪᠡ ᠃ ᠠᠵᠤ | ᠠᠬᠤᠶᠢᠯᠠᠯ ᠤᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ ᠂ ᠪᠦᠲᠦᠴᠡ ᠤᠯᠠᠮ ᠰᠢᠯᠢᠳᠡᠭᠵᠢᠨ ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ ᠃ | ᠬᠤᠶᠠᠷ ᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠨᠡᠩ ᠴᠢᠬᠤᠯᠠᠴᠢᠯᠠᠪᠠ ᠃ ᠨᠢᠭᠡᠳᠦᠭᠡᠷ ᠠᠵᠤ ᠤᠶᠢᠯᠡᠰ ᠢ ᠳᠠᠬᠢᠨ | ᠴᠤᠬᠴᠠᠯᠠᠬᠤ ᠶᠢ ᠲᠦᠷᠭᠡᠳᠬᠡᠨ ᠠᠬᠢᠭᠤᠯᠵᠤ ᠂ ᠣᠲᠣ ᠦᠶ᠎ᠡ ᠶᠢᠨ ᠣᠶᠤᠨᠴᠢ ᠳᠦᠬᠦᠭᠡᠷᠤᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠂ ᠣᠲᠣ | ᠦᠶ᠎ᠡ ᠶᠢᠨ ᠳᠦᠬᠦᠭᠡᠷᠤᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠷᠠᠭᠤᠯᠤᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠂ ᠰᠠᠨ ᠰᠦᠩ | ᠲᠦᠮᠡᠨ ᠮᠦ ᠶᠢᠨ ᠳᠦᠬᠦᠭᠡᠷᠤᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠤᠨ ᠂ ᠭᠠᠵᠠᠷ ᠰᠢᠷᠣᠢ ᠶᠢᠨ ᠬᠡᠪᠴᠢᠶᠡᠵᠢᠭᠦᠯᠦᠨ ᠡᠵᠡᠩᠨᠡᠬᠦ ᠲᠠᠯᠠᠪᠠᠶ ᠶᠢ 35 ᠲᠦᠮᠡᠨ ᠮᠦ ᠠᠴᠠ ᠳᠡᠭᠡᠭᠰᠢ ᠳᠤ ᠬᠦᠷᠭᠡᠵᠤ ᠂ | ᠥᠪᠡᠷᠲᠡᠭᠡᠨ ᠵᠠᠰᠠᠬᠤ ᠣᠷᠣᠨ ᠤ ᠳᠦᠬᠦᠭᠡᠷᠤᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠷᠠᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠠᠮᠵᠢᠯᠲᠠ ᠲᠠᠢ ᠪᠠᠷ ᠭᠤᠶᠤᠴᠢᠯᠠᠨ ᠪᠠᠶᠢᠭᠤᠯᠪᠠ ᠃ ᠵᠤᠨ ᠤ ᠤᠯᠠᠷᠢᠯ ᠤᠨ ᠬᠦᠨᠳᠦ ᠭᠡᠴᠡᠬᠦᠦ ᠭᠠᠩ ᠬᠠᠭᠰᠠᠷᠠᠭᠠᠨ᠂ ᠨᠠᠮᠤᠷ ᠤᠨ ᠤᠯᠠᠷᠢᠯ ᠤᠨ ᠤᠰᠤᠲᠤᠯ ᠪᠠ | ᠦᠬᠡᠷ ᠤᠨ ᠮᠢᠬᠠᠨ ᠤ ᠦᠨ᠎ᠡ ᠬᠠᠩᠰᠢ ︽ᠪᠠᠭᠤᠷᠠᠭᠰᠠᠨ︾ ᠬᠦᠨᠳᠦ ᠬᠡᠴᠡᠭᠦᠦ ᠥᠷᠢᠰᠦᠯᠳᠦᠭᠡᠨ ᠳᠤ ᠂ ᠠᠮᠤ ᠪᠤᠳᠠᠭᠠᠨ ᠤ ᠤᠨᠠᠯᠲᠠ᠂ ᠮᠠᠯ ᠤᠨ ᠲᠤᠭ᠎ᠠ ᠲᠣᠯᠣᠭᠠᠢ ︽ | ᠵᠠᠯᠭᠠᠪᠠᠷ ᠡᠯᠪᠡᠭ ᠬᠤᠷᠢᠶᠠᠯᠲᠠ ᠲᠠᠢ ᠵᠠᠯᠭᠠᠪᠠᠷ ᠲᠣᠭᠲᠠᠭᠤᠨ ᠪᠠᠶᠢᠬᠤ︾ ᠶᠢ ᠪᠡᠶᠡᠯᠡᠭᠦᠯᠪᠡ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ 34 ᠲᠥᠷᠥᠯ ᠵᠦᠢᠯ ᠢ ᠬᠡᠷᠡᠭᠵᠢᠭᠦᠯᠵᠦ ᠂ ᠠᠵᠤ ᠦᠢᠯᠡᠳᠪᠦᠷᠢ ᠪᠠᠷ ᠲᠠᠷᠢᠶᠠᠯᠠᠩ ᠢ | ᠳᠡᠮᠵᠢᠬᠦ 5 ᠲᠥᠷᠥᠯ ᠵᠦᠢᠯ ᠢ ᠬᠡᠷᠡᠭᠵᠢᠭᠦᠯᠵᠦ ᠂ ᠨᠡᠶᠢᠲᠡ 199 ︽ ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠬᠦᠯᠬᠦ ︾ ᠲᠥᠷᠥᠯ ᠵᠦᠢᠯ ᠢ | ᠬᠡᠷᠡᠭᠵᠢᠭᠦᠯᠵᠦ ᠂ ᠬᠥᠳᠡᠭᠡ ᠲᠣᠰᠬᠤᠨ ᠤ 3 ᠲᠦᠮᠡ ᠭᠠᠷᠤᠢ ᠬᠥᠮᠥᠨ ᠢ ᠳᠠᠶᠢᠴᠢᠯᠠᠨ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠵᠦ ᠂ 158 ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠦᠬᠦᠨ ᠢᠶᠠᠷ ᠢᠶᠠᠨ 50 ᠲᠦᠮᠡᠨ ᠲᠥᠭᠦᠷᠢᠭ ᠢ ᠳᠠᠪᠠᠪᠠ ᠃ ᠤᠳᠤ | ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠲᠤᠯᠭᠠᠭᠤᠷᠢᠯᠠᠯ ᠴᠢᠩᠭ᠎ᠠ ᠬᠦᠴᠦᠲᠡᠢ ᠪᠤᠯᠵᠤ ᠂ ᠨᠡᠭᠦᠷᠡᠰᠤᠨ ᠤ ᠭᠠᠷᠤᠯᠳᠠ ᠶᠢ ᠲᠣᠭᠲᠠᠪᠤᠷᠢᠵᠢᠭᠤᠯᠬᠤ ᠂ | ᠴᠠᠬᠢᠯᠭᠠᠨ ᠤ ᠭᠠᠷᠭᠠᠯᠳᠠ ᠶᠢ ᠰᠢᠯᠢᠳᠡᠭᠵᠢᠭᠦᠯᠬᠦ ᠂ ᠳᠡᠭᠡᠳᠤ ᠰᠢᠨ᠎ᠠ ᠮᠡᠷᠭᠡᠵᠢᠯ ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠂ ᠳ᠋ᠦᠩᠫᠢᠩ ᠂ ᠪᠦᠸᠧ ᠯᠢ ᠭᠸᠤ ᠵᠡᠷᠭᠡ | ᠲᠣᠮᠣ ᠬᠡᠯᠪᠡᠷᠢ ᠶᠢᠨ ᠣᠳᠣᠬᠢᠴᠢᠯᠠᠭᠰᠠᠨ ᠠᠭᠤᠷᠬᠠᠢ ᠶᠢᠨ ᠬᠤᠳᠳᠤᠭ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠡᠬᠢᠯᠡᠭᠦᠯᠵᠦ ᠂ ᠨᠡᠭᠦᠷᠡᠰᠦᠨ | ᠠᠭᠤᠷᠬᠠᠢ ᠶᠢᠨ ᠣᠶᠤᠨᠴᠢᠯᠠᠭᠰᠠᠨ ᠦᠢᠯᠡᠳᠪᠦᠷᠢᠯᠡᠯ ᠤᠨ ᠴᠢᠳᠠᠪᠤᠷᠢ ᠶᠢᠨ ᠡᠵᠡᠯᠡᠬᠦ ᠬᠠᠷᠢᠴᠠᠯ 60% ᠶᠢ ᠳᠠᠪᠠᠪᠠ ᠃ ᠬᠤᠢ ᠨᠧᠩ ᠴᠠᠩ ᠴᠤᠸᠠᠨ᠂ ᠵᠡᠭᠦᠨᠭᠠᠷ ᠠᠴᠠ | ᠳ᠋ᠠᠲ᠋ᠦ᠋ᠩ ᠬᠦᠷᠬᠦ ᠬᠤᠶᠠᠳᠤᠭᠠᠷ ᠬᠤᠭᠤᠴᠠᠭᠠᠨ ᠤ ᠳᠦᠷᠤᠯ ᠵᠤᠶᠢᠯ ᠢ ᠪᠦᠬᠦ ᠬᠤᠷᠳᠤᠴᠠ ᠪᠠᠷ ᠪᠦᠲᠦᠭᠡᠨ ᠪᠠᠶᠢᠭᠤᠯᠵᠤ ᠂ ᠠᠨ ᠳ᠋ᠢᠩ ᠬᠤᠤ ᠶᠢᠨ 220 | ᠺᠢᠯᠣᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ ᠂ ᠬᠦᠷᠢᠶᠡᠯᠡᠩ ᠲᠣᠭᠤᠷᠢᠭ ᠤᠨ | 12GW ᠪᠤᠬᠢᠷᠳᠤᠯ ᠦᠭᠡᠢ ᠴᠠᠬᠢᠯᠭᠠᠨ ᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ ᠂ ᠬᠥᠪᠴᠢ ᠶᠢᠨ 400 ᠲᠦᠮᠡᠨ ᠺᠢᠯᠣᠸᠠᠲ ᠤᠨ ᠰᠠᠯᠬᠢᠨ ᠬᠦᠴᠤᠨ ᠤ | ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠭᠠᠳᠠᠭᠰᠢ ᠬᠦᠷᠭᠡᠬᠦ ᠱᠤᠭᠤᠮ ᠢ ᠠᠮᠵᠢᠯᠲᠠ ᠲᠠᠢ ᠪᠠᠷ ᠭᠡᠪᠴᠢᠶᠡᠵᠢᠯ ᠳᠤ ᠣᠷᠣᠭᠤᠯᠵᠤ ᠂ ᠵᠠᠭᠤᠨ ᠲᠦᠮᠡᠨ | ᠺᠢᠯᠣᠸᠠᠲ ᠤᠨ ᠳᠡᠰ ᠤᠨ ᠰᠢᠨ᠎ᠡ ᠡᠨᠧᠷᠭᠢ ᠂ ᠮᠢᠩᠭᠠᠨ ᠲᠦᠮᠡᠨ ᠺᠢᠯᠣᠸᠠᠲ ᠤᠨ ᠳᠡᠰ ᠤᠨ ᠢᠯᠴᠢ ᠶᠢᠨ ᠴᠠᠬᠢᠯᠭᠠᠨ᠂ ᠳ᠋ᠦᠩᠰᠢᠭᠤᠷ ᠲᠣᠨ ᠤ ᠳᠡᠰ ᠤᠨ ᠨᠡᠭᠦᠷᠡᠰᠦᠨ ᠤ | ᠤᠯᠠᠨ ᠲᠤᠯᠭᠠᠭᠤᠷᠢᠲᠤ ᠤᠳᠤ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠳᠤᠬᠳᠠᠯᠴᠠᠭ᠎ᠠ ᠶᠢ ᠨᠡᠩ ᠪᠠᠬᠢᠵᠢᠭᠦᠯᠪᠡ ᠃ ᠣᠲᠣ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠲᠠᠰ ᠳᠠᠪᠰᠢᠵᠤ ᠂ 12 ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠲᠣᠭᠲᠠᠭᠤᠨ ᠢᠶᠠᠷ ᠠᠵᠢᠯᠯᠠᠵᠤ ᠂ | ᠷᠦᠩ ᠱᠧᠩ ᠤᠨ ᠪᠣᠬᠢᠷᠲᠤᠯ ᠦᠭᠡᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ ᠲᠥᠷᠥᠯ ᠵᠦᠢᠯ ᠬᠠᠳᠠᠲᠤ ᠠᠭᠤᠷᠬᠠᠢ ᠶᠢᠨ | ᠬᠤᠳᠳᠤᠭ ᠤᠨ ᠠᠭᠤᠷᠬᠠᠢ ᠬᠠᠶᠢᠬᠤ ᠡᠷᠬᠡ ᠶᠢ ᠠᠮᠵᠢᠯᠲᠠ ᠲᠠᠢ ᠪᠠᠷ ᠥᠷᠢᠰᠦᠯᠳᠦᠨ ᠤᠯᠵᠤ ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ ᠶᠢᠨ ᠨᠡᠭᠦᠷᠡᠰᠦ ᠪᠠᠷ ᠠᠯᠺᠧᠨ ᠦᠢᠯᠡᠳᠪᠤᠷᠢᠯᠡᠬᠦ ᠂ ᠵᠢᠤᠢ ᠾᠧ ᠱᠦᠨ ᠰᠢᠨ᠎ᠠ ᠮᠠᠲ᠋ᠧᠷᠢᠶᠠᠯ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠭᠠᠷᠳᠠᠮ ᠢ ᠭᠦᠢᠴᠡᠳᠬᠡᠬᠦ ᠶᠢ ᠡᠮᠬᠢ ᠵᠢᠷᠤᠮ ᠲᠠᠢ ᠠᠬᠢᠭᠤᠯᠪᠠ ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠥᠭᠡᠭᠡᠨᠡᠷᠡᠯ ᠡᠲ᠋ᠢᠯᠧᠨ ᠤ ᠬᠤᠶᠠᠷᠴᠢ ᠠᠯᠺᠤᠤᠯ | ᠬᠤᠶᠠᠷ ᠮᠧᠲ᠋ᠢᠯᠲᠦ ᠡᠲ᠋ᠧᠷ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ ᠂ ᠪᠦᠬᠦ ᠣᠷᠣᠨ ᠤ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠦᠬᠦᠷ ᠦᠭᠡᠶᠢᠳᠡᠭᠦᠯᠬᠦ ᠨᠡᠭᠦᠷᠡᠰᠦᠲᠥ᠋ᠷᠥᠭᠴᠢ ᠦᠭᠡᠶᠢᠳᠡᠭᠦᠯᠬᠦ ᠰᠢᠩᠭᠡᠨ ᠤ ᠳᠤᠲᠠᠭᠤᠳᠠᠯ ᠢ ᠨᠥᠬᠦᠪᠦᠷᠢᠯᠡᠪᠡ᠃ ᠰᠢᠨ᠎ᠡ | ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠪᠦᠬᠦ ᠲᠠᠯ᠎ᠠ ᠪᠠᠷ ᠦᠷᠨᠢᠵᠤ ᠂ ᠪᠦᠬᠦ ᠤᠯᠤᠰ ᠤᠨ ᠠᠩᠬᠠᠳᠠᠭᠴᠢ ᠲᠦᠮᠡᠨ ᠲᠣᠨ ᠤ ᠭᠡᠷᠡᠯ ᠴᠡᠨᠡᠭ ᠢᠶᠠᠷ | ᠤᠰᠤᠲᠥ᠋ᠷᠥᠭᠴᠢ ᠦᠢᠯᠡᠳᠪᠤᠷᠢᠯᠡᠬᠦ ᠂ ᠠᠩᠬᠠᠳᠠᠭᠴᠢ ᠭᠡᠷᠡᠯ ᠴᠡᠨᠡᠭ ᠤᠨ ᠴᠠᠬᠢᠮ ᠤᠨ ᠢᠯᠴᠢ ᠬᠠᠩᠭᠠᠬᠤ ᠲᠥᠬᠦᠭᠡᠷᠦᠮᠵᠢ ᠪᠠ ᠪᠦᠬᠦ ᠬᠤᠳᠠ ᠶᠢᠨ ᠠᠩᠬᠠᠳᠠᠭᠴᠢ ᠯᠢᠲ᠋ᠢ | ᠢᠶᠤᠨ ᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ ᠬᠤᠶᠢᠨ᠎ᠠ ᠬᠤᠶᠢᠨ᠎ᠠ ᠠᠴᠠ ᠪᠠᠨ ᠠᠰᠢᠭᠯᠠᠯᠲᠠ ᠳᠤ ᠣᠷᠣᠪᠠ᠃ ᠯᠠᠩᠹᠧᠩ ᠤᠨ | ᠨᠠᠨᠦᠮᠧᠲᠷ ᠤᠨ ᠲᠠᠯᠠᠰᠲᠤ ᠶᠢᠨ ᠨᠤᠨᠳᠠᠭ ᠬᠢᠭᠡᠳ ᠨᠠᠨᠦᠮᠧᠲᠷ ᠤᠨ ᠲᠠᠯᠠᠰᠲᠤ ᠶᠢᠨ ᠲᠣᠨᠣᠭᠯᠠᠭᠠᠰᠤ ᠶᠢᠨ ᠳᠦᠷᠤᠯ ᠵᠤᠶᠢᠯ ᠢ ᠡᠬᠢᠯᠡᠨ ᠪᠠᠶᠢᠭᠤᠯᠵᠤ ᠂ ᠵᠢᠦ ᠲᠢᠶᠠᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠫ ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠳᠤᠨᠤᠬᠯᠠᠯ ᠦᠢᠯᠡᠳᠬᠦ ᠰᠠᠭᠤᠷᠢᠨ ᠭᠠᠵᠠᠷ ᠢ ᠭᠡᠷ᠎ᠡ ᠲᠣᠭᠲᠠᠨ | ᠡᠬᠢᠯᠡᠭᠦᠯᠪᠡ ᠃ ᠶᠡᠷᠦᠩᠭᠡᠢ ᠪᠡᠯᠡ ᠤᠷᠤᠭᠤᠯᠤᠯᠳᠠ ᠨᠢ 280 ᠳ᠋ᠦᠩᠰᠢᠭᠤᠷ ᠲᠥᠭᠦᠷᠢᠭ ᠪᠤᠯᠬᠤ ᠲᠦᠩ ᠸᠧᠢ ᠶᠢᠨ ᠪᠣᠬᠢᠷᠲᠤᠯ ᠦᠭᠡᠢ ᠰᠠᠭᠤᠷᠢ ᠮᠠᠲ᠋ᠧᠷᠢᠶᠠᠯ ᠢ | ᠨᠢᠭᠡ ᠴᠣᠭᠴᠠᠵᠢᠭᠤᠯᠬᠤ ᠲᠥᠷᠥᠯ ᠵᠦᠢᠯ ᠨᠢ ᠠᠵᠢᠯ ᠡᠬᠢᠯᠡᠭᠦᠯᠬᠦ ᠨᠥᠬᠦᠴᠡᠯ ᠢ ᠪᠦᠷᠢᠳᠦᠭᠦᠯᠪᠡ ᠃ 18 ᠲᠥᠷᠥᠯ ᠤᠨ ᠠᠵᠤ ᠦᠢᠯᠡᠳᠪᠦᠷᠢ ᠶᠢᠨ ᠲᠥᠷᠥᠯ ᠵᠦᠢᠯ ᠢ | ᠥᠷᠭᠡᠳᠬᠡᠨ ᠨᠡᠮᠡᠭᠳᠡᠭᠦᠯᠵᠦ ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠂ ᠪᠥᠬᠦ ᠠᠬᠤᠢ ᠦᠵᠡᠭᠳᠡᠯ ᠤᠨ ᠬᠡᠷᠡᠭᠯᠡᠭᠡ ᠶᠢ ᠥᠷᠨᠢᠩᠭᠦᠢ ᠪᠠᠷ | ᠬᠥᠭᠵᠢᠭᠦᠯᠪᠡ ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠵᠤ ᠂ 4A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ 1 ᠂ | 5A ᠲᠠᠰ ᠤᠨ ᠵᠤᠭᠠᠴᠠᠯ ᠤᠨ ᠭᠠᠵᠠᠷ ᠢ ᠰᠢᠨ᠎ᠡ ᠪᠠᠷ1 ᠨᠡᠮᠡᠭᠳᠡᠬᠦᠯᠵᠤ ᠂ ᠰᠢᠶᠣᠣ ᠲᠠᠨ ᠽᠢ ᠲᠣᠰᠬᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ | ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠵᠦ ᠂ ᠪᠥᠬᠦ ᠬᠤᠰᠢᠭᠤᠨ ᠤ ᠵᠤᠭᠠᠴᠠᠭᠰᠠᠳ ᠤᠨ ᠲᠤᠭ᠎ᠠ ᠂ ᠵᠤᠭᠠᠴᠠᠯ ᠤᠨ ᠣᠷᠣᠯᠭ᠎ᠠ | ᠲᠣᠰ ᠲᠣᠰ 18.7% ᠂ 10.5% ᠪᠠᠷ ᠨᠡᠮᠡᠭᠳᠡᠪᠡ ᠃ ᠪᠠᠷᠠᠭᠠᠨ ᠤ ᠭᠦᠢᠯᠭᠡᠭᠡᠨ ᠤ ᠢᠯᠡᠭᠡᠯᠲᠡ ᠶᠢᠨ ᠰᠦᠯᠵᠢᠶ᠎ᠡ ᠶᠢ ᠢᠳᠡᠪᠬᠢᠲᠡᠢ ᠪᠠᠶᠢᠭᠤᠯᠵᠤ ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠂ 10 ᠰᠤᠮᠤ ᠰᠢᠶᠠᠩ ᠪᠠᠯᠭᠠᠰᠤ ᠶᠢᠨ | ᠦᠢᠯᠡᠴᠢᠯᠡᠭᠡᠨ ᠤ ᠥᠷᠲᠡᠭᠡ ᠂ 134 ᠲᠣᠰᠬᠤᠨ ᠤ ᠱᠠᠳᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠡᠭ ᠢ ᠠᠰᠢᠭᠯᠠᠯᠲᠠ ᠳᠤ ᠣᠷᠣᠭᠤᠯᠵᠤ ᠂ | ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠳᠤᠬᠳᠠᠯᠴᠠᠭ᠎ᠠ ᠶᠢ ᠠᠩᠬ᠎ᠠ | ᠠᠯᠬᠤᠮ ᠪᠦᠷᠢᠯᠳᠦᠭᠦᠯᠪᠡ ᠃ ᠣᠷᠳᠣᠰ ᠨᠢᠰᠬᠡᠯ ᠤᠨ ᠪᠠᠭᠤᠳᠠᠯ ᠤᠨ ᠰᠢᠦᠸᠠᠢ ᠵᠢᠶᠠ ᠸᠠᠨ ᠬᠤᠲᠠ ᠶᠢᠨ ᠨᠢᠰᠬᠡᠯ ᠬᠦᠯᠢᠶᠡᠬᠦ ᠠᠰᠠᠷ ᠵᠢᠩᠬᠢᠨᠢ ᠪᠠᠷ ᠨᠡᠪᠲᠡᠷᠡᠵᠦ ᠂ ᠡᠤ | ᠽᠢ ᠸᠠᠨ ᠲᠡᠮᠦᠷ ᠵᠠᠮ ᠤᠨ ᠲᠤᠰᠬᠠᠢ ᠱᠤᠭᠤᠮ ᠂ ᠨᠤᠸᠠᠨ ᠱᠦᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠡᠮᠦᠷ ᠵᠠᠮ ᠤᠨ ᠲᠤᠰᠬᠠᠢ ᠱᠤᠭᠤᠮ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ ᠂ ᠪᠥᠬᠦ ᠬᠤᠰᠢᠭᠤᠨ ᠤ ᠣᠶᠤᠨᠴᠢ ᠡᠬᠡ ᠬᠠᠭᠤᠷᠠᠢ ᠶᠢᠨ ᠭᠠᠷᠠᠮ ᠤᠨ ᠳᠤᠬᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ ᠃ | | ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠨᠡᠩ ᠴᠢᠬᠤᠯᠠᠴᠢᠯᠠᠪᠠ ᠃ ᠰᠢᠨᠵᠢᠯᠡᠬᠦ ᠤᠬᠠᠭᠠᠨ | ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠢᠨᠵᠧᠨᠧᠷᠢᠩ ᠢ ᠭᠦᠨᠵᠡᠭᠡᠢ ᠠᠬᠢᠭᠤᠯᠵᠤ ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ | ᠣᠷᠣᠭᠤᠯᠤᠯᠲᠠ ᠶᠢ 17% ᠪᠠᠷ ᠨᠡᠮᠡᠭᠳᠡᠭᠦᠯᠵᠦ ᠂ ᠪᠦᠬᠦ ᠨᠡᠶᠢᠭᠡᠮ ᠤᠨ ᠰᠤᠳᠤᠯᠭᠠᠨ ᠤ ᠪᠡᠯᠡ ᠣᠷᠣᠭᠤᠯᠤᠯᠲᠠ ᠶᠢᠨ ᠵᠠᠷᠤᠳᠠᠯ 11.36 ᠳ᠋ᠦᠩᠰᠢᠭᠤᠷ | ᠲᠥᠭᠦᠷᠢᠭ ᠲᠤ ᠬᠦᠷᠴᠦ ᠂ 92.1% ᠪᠠᠷ ᠨᠡᠮᠡᠭᠳᠡᠵᠦ ᠂ ᠪᠦᠬᠦ ᠬᠤᠳᠠ ᠳᠤ ᠳᠡᠷᠢᠬᠦᠯᠡᠪᠡ᠃ ᠴᠢᠳᠠᠪᠤᠷᠢᠲᠠᠨ ᠤ ᠰᠢᠨ᠎ᠡ ᠲᠦᠷᠦ ᠶᠢᠨ ᠪᠣᠳᠣᠯᠭ᠎ᠠ ᠶᠢᠨ 2.0 ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠦᠷᠦ ᠶᠢᠨ ᠪᠣᠳᠣᠯᠭ᠎ᠠ ᠶᠢᠨ 25 ᠵᠤᠷᠪᠤᠰ ᠢ ᠳᠠᠪᠬᠤᠷᠳᠠᠭᠤᠯᠤᠨ ᠨᠡᠶᠢᠲᠡᠯᠡᠵᠦ ᠂ 3 ᠣᠷᠣᠶᠢᠯᠠᠭᠰᠠᠨ ᠴᠢᠳᠠᠪᠤᠷᠢᠲᠠᠨ ᠢ | ᠤᠶᠠᠨ ᠬᠠᠳᠠᠨ ᠢᠶᠠᠷ ᠣᠷᠣᠭᠤᠯᠤᠨ ᠠᠪᠴᠢᠷᠠᠵᠤ ᠂ ᠡᠯ᠎ᠡ ᠬᠦᠷᠢᠶ᠎ᠠ ᠴᠠᠷᠠᠭᠠᠨ ᠤ 4350 ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠂ ᠤᠯᠤᠰ ᠤᠨ | ᠲᠡᠰ ᠤᠨ ᠠᠬᠠᠯᠠᠬᠴᠢ ᠳ᠋ᠣᠺᠲ᠋ᠣᠷ ᠤᠨ ᠠᠵᠢᠯᠯᠠᠬᠤ ᠦᠷᠳᠡᠭᠡ ᠶᠢ 3 ᠪᠣᠯᠭᠠᠨ ᠨᠡᠮᠡᠭᠳᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠲᠠᠰᠤᠷᠠᠯᠲᠠ | ᠦᠭᠡᠢ ᠴᠣᠯᠭᠤᠷᠠᠨ ᠭᠠᠷᠴᠤ ᠂ ᠵᠡᠭᠦᠨᠭᠠᠷ ᠤᠨ ᠠᠯᠮᠤᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠨᠢ ᠤᠯᠤᠰ ᠤᠨ ᠲᠡᠰ ᠤᠨ︽ᠰᠢᠨᠵᠢᠯᠡᠬᠦ | ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ ᠢᠶᠠᠷ ᠦᠨᠡᠯᠡᠭᠳᠡᠵᠦ ᠂ ᠬᠠᠶᠢᠷ ᠴᠢᠯᠠᠭᠤᠯᠢᠭ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠪᠦᠬᠦ | ᠤᠯᠤᠰ ᠤᠨ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠥᠨᠳᠦᠷᠯᠢᠭ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠣᠷᠣᠭᠤᠯᠵᠤ ᠂ ︽ᠨᠡᠭᠦᠷᠡᠰᠦ ᠪᠠᠷ ᠰᠠᠭᠤᠷᠢ ᠪᠣᠯᠭᠠᠭᠰᠠᠨ PBS ᠤᠨ ᠵᠠᠳᠠᠷᠠᠵᠤ ᠪᠣᠯᠬᠤ | ᠰᠦᠯᠢᠶᠥᠦ ᠶᠢᠨ ᠵᠠᠩᠭᠢᠯᠠᠭ᠎ᠠ ᠶᠢᠨ ᠲᠠᠩ ᠴᠣᠭᠴᠠ ᠶᠢᠨ ᠮᠡᠷᠭᠡᠵᠢᠯ︾ ᠨᠢ ᠥᠪᠡᠷᠲᠡᠭᠡᠨ ᠵᠠᠰᠠᠬᠤ ᠣᠷᠣᠨ ᠤ ︽ ᠵᠠᠷᠯᠠᠨ ᠮᠠᠩᠯᠠᠶᠢᠯᠠᠬᠤ ︾ ᠲᠦᠷᠦᠯ ᠵᠦᠢᠯ ᠢᠶᠠᠷ | ᠵᠥᠪᠰᠢᠶᠡᠷᠡᠭᠳᠡᠵᠦ ᠂ ᠨᠠᠨᠦᠮᠧᠲᠷ ᠤᠨ ᠨᠡᠭᠦᠷᠡᠰᠦᠲᠥ᠋ᠷᠥᠭᠴᠢ ᠤᠰᠤᠲᠥ᠋ᠷᠥᠭᠴᠢ ᠶᠢᠨ ᠰᠢᠨ᠎ᠡ ᠮᠠᠲ᠋ᠧᠷᠢᠶᠠᠯ ᠂ ᠠᠮᠢᠳᠤ ᠪᠣᠳᠠᠰ ᠤᠨ ᠮᠠᠰ ᠢᠶᠠᠷ ᠠᠭᠠᠷ ᠠᠶᠠᠯᠠᠯ ᠤᠨ ᠲᠣᠰᠣ | ᠦᠢᠯᠡᠳᠪᠤᠷᠢᠯᠡᠬᠦ ᠮᠡᠷᠭᠡᠵᠢᠯ ᠤᠨ ᠦᠷ᠎ᠡ ᠪᠦᠲᠦᠭᠡᠯ ᠢ 2024 ᠣᠨ ᠤ ᠳᠡᠯᠡᠬᠡᠢ ᠶᠢᠨ ᠰᠢᠨ᠎ᠡ ᠡᠨᠧᠷᠭᠢ ᠶᠢᠨ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠳᠡᠭᠡᠷ᠎ᠠ | ᠨᠡᠶᠢᠳᠡᠯᠡᠭᠳᠡᠵᠡᠢ ᠃ ᠵᠡᠭᠦᠨᠭᠠᠷ ᠵᠠᠪᠰᠠᠷ ᠲᠤᠷᠰᠢᠯᠲᠠ ᠶᠢᠨ ᠰᠠᠭᠤᠷᠢᠨ ᠭᠠᠵᠠᠷ ᠨᠢ ᠪᠦᠬᠦ ᠤᠯᠤᠰ ᠤᠨ ᠠᠩᠬᠠᠳᠠᠭᠴᠢ ᠵᠠᠭᠤᠨ ᠰᠠᠶ᠎ᠠ ᠸᠠᠲ ᠤᠨ ᠴᠠᠭ ᠤᠨ ᠳᠡᠰ ᠤᠨ | ᠤᠷᠳᠤ ᠴᠠᠭ ᠤᠨ ᠥᠨᠳᠥᠷ ᠦᠷ᠎ᠡ ᠠᠰᠢᠭ ᠲᠠᠢ ᠬᠡᠳᠦ ᠥᠨᠳᠥᠷ ᠳᠤᠯᠠᠭᠠᠨ ᠤ ᠤᠷᠤᠰᠤᠮᠠᠯ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠢᠯᠴᠢ ᠶᠢᠨ ᠡᠨᠧᠷᠭᠢ | ᠬᠠᠳᠠᠭᠠᠯᠠᠬᠤ ᠲᠦᠷᠦᠯ ᠵᠦᠢᠯ ᠢ ᠠᠮᠵᠢᠯᠲᠠ ᠲᠠᠢ ᠪᠠᠷ ᠨᠡᠪᠴᠢᠭᠦᠯᠵᠦ ᠂ ᠭᠡᠷᠡᠯ ᠵᠢᠭᠰᠠᠯ ᠤᠨ ᠨᠡᠭᠦᠷᠡᠰᠦᠨ ᠤ ᠴᠢᠨᠠᠷ ᠢ ᠲᠦᠷᠭᠡᠨ ᠪᠠᠶᠢᠴᠠᠭᠠᠬᠤ ᠮᠡᠷᠭᠡᠵᠢᠯ ᠢᠶᠠᠷ | ᠨᠡᠭᠦᠷᠡᠰᠦᠨ ᠤ ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠤᠪᠢᠰᠬᠠᠯ ᠢ ᠠᠬᠢᠭᠤᠯᠪᠠ᠃ | ᠳᠥᠷᠪᠡ ᠳᠤ ᠠᠮᠢ ᠠᠬᠤᠢ ᠣᠷᠴᠢᠨ ᠳᠤᠭᠤᠷᠢᠨ ᠤ ᠬᠠᠮᠠᠭᠠᠯᠠᠯᠲᠠ ᠶᠢ ᠨᠡᠩ ᠴᠢᠬᠤᠯᠠᠴᠢᠯᠠᠪᠠ᠃ ᠬᠠᠲᠤᠨ ᠭᠤᠣᠯ ᠤᠨ ᠳᠤᠬᠤᠢ ᠶᠢᠨ ᠪᠤᠭᠤᠮᠳᠠ ᠰᠢᠪᠳᠤᠯᠬᠤ | ᠳᠠᠶᠢᠯᠠᠯᠳᠤᠭᠠᠨ ᠢ ᠰᠠᠶᠢᠲᠤᠷ ᠬᠢᠵᠦ ᠂ ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 32.9 ᠲᠦᠮᠡᠨ ᠮᠦ ᠪᠡᠶᠡᠯᠡᠭᠦᠯᠵᠦ ᠂ | ᠬᠥᠷᠥᠰᠥ ᠰᠢᠷᠣᠢ ᠶᠢ ᠬᠠᠮᠠᠭᠠᠯᠠᠨ ᠵᠠᠰᠠᠬᠤ ᠲᠠᠯᠠᠪᠠᠶ ᠶᠢ ᠰᠢᠨ᠎ᠡ ᠪᠠᠷ 3 ᠲᠦᠮᠡᠨ ᠮᠦ ᠨᠡᠮᠡᠭᠳᠡᠭᠦᠯᠪᠠ ᠃ ᠠᠮᠢ ᠠᠬᠤᠢ ᠣᠷᠴᠢᠨ ᠳᠤᠭᠤᠷᠢᠨ ᠤ ᠰᠠᠭᠤᠷᠢ ᠲᠤᠭ᠎ᠠ ᠶᠢ | ᠴᠡᠪᠡᠷᠯᠡᠬᠦ ᠪᠠ ᠲᠥᠪᠯᠡᠷᠡᠭᠦᠯᠦᠨ ᠪᠤᠭᠤᠮᠳᠠ ᠰᠢᠪᠳᠤᠯᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠂ ᠪᠣᠬᠢᠷᠲᠤᠯ ᠢ ᠰᠡᠷᠭᠡᠶᠢᠯᠡᠨ ᠵᠠᠰᠠᠬᠤ | ᠪᠤᠭᠤᠮᠳᠠ ᠰᠢᠪᠳᠤᠯᠬᠤ 152 ᠵᠦᠢᠯ ᠤᠨ ᠡᠭᠦᠷᠭᠡ ᠶᠢ ᠪᠡᠶᠡᠯᠡᠭᠦᠯᠵᠦ ᠂ ᠬᠥᠳᠡᠭᠡ ᠲᠣᠰᠬᠤᠨ ᠤ ᠪᠣᠬᠢᠷ ᠤᠰᠤ ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ | ᠠᠵᠢᠯ ᠢ ᠤᠯᠠᠮ ᠨᠢᠭᠡ ᠠᠯᠬᠤᠮ ᠳᠦᠷᠢᠮᠵᠢᠬᠦᠯᠵᠤ ᠂ ᠤᠳᠤ ᠪᠠᠶᠢᠭ᠎ᠠ ᠳᠠᠪᠤᠰᠤ ᠶᠡᠬᠡᠳᠡᠢ ᠤᠰᠤ ᠶᠢ ᠪᠦᠬᠦᠨ ᠢ ᠴᠡᠪᠡᠷᠯᠡᠪᠡ᠃ ᠡᠬᠢ ᠪᠠᠶᠠᠯᠢᠭ ᠢ ᠡᠷᠬᠢᠯᠳᠦᠬᠦᠯᠤᠨ | ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠮᠧᠩ ᠲᠠᠢ ᠶᠢᠨ ᠳᠡᠭᠡᠳᠦ ᠬᠦᠩᠭᠡᠨᠴᠠᠭᠠᠨ ᠤ ᠨᠤᠨᠳᠠᠭ ᠨᠡᠭᠦᠷᠡᠰᠦᠨ ᠤ ᠦᠨᠡᠰᠦ ᠂ ᠬᠤᠢ ᠨᠧᠩ ᠤᠨ ᠴᠠᠬᠢᠭᠤᠷ | ᠬᠦᠩᠭᠡᠨᠴᠠᠭᠠᠨ ᠂ ᠰᠠᠨ ᠰᠢᠨ ᠰᠢᠨ᠎ᠡ ᠮᠠᠲ᠋ᠧᠷᠢᠶᠠᠯ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ | ᠲᠦᠷᠭᠡᠳᠬᠡᠨ ᠠᠬᠢᠭᠤᠯᠪᠠ ᠃ ︽ᠬᠠᠶᠠᠭᠳᠠᠮᠠᠯ ᠦᠭᠡᠢ ᠡᠰ︾ ᠢ 13 ᠪᠠᠶᠢᠭᠤᠯᠵᠤ ᠂ ᠪᠦᠬᠦ ᠤᠯᠤᠰ ᠤᠨ ᠠᠩᠬᠠᠳᠠᠭᠴᠢ ᠬᠥᠮᠥᠨ ᠤ ᠢᠯᠭᠠᠳᠠᠰᠤ ᠪᠠᠷ ᠰᠠᠭᠤᠷᠢ | ᠲᠦᠭᠦᠬᠡᠢ ᠮᠠᠲ᠋ᠧᠷᠢᠶᠠᠯ ᠪᠣᠯᠭᠠᠭᠰᠠᠨ 5000 ᠲᠣᠨ ᠤ ᠲᠡᠰ ᠤᠨ ᠤᠰᠤᠨ ᠳᠤ ᠠᠭᠤᠰᠬᠤ ᠪᠣᠷᠳᠣᠭᠤᠷ ᠪᠣᠯᠪᠠᠰᠤᠷᠠᠭᠤᠯᠬᠤ ᠦᠢᠯᠡᠳᠪᠦᠷᠢ ᠶᠢ ᠠᠰᠢᠭᠯᠠᠯᠲᠠ ᠳᠤ | ᠣᠷᠣᠭᠤᠯᠪᠠ᠃ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠨ ᠵᠠᠰᠠᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ ᠂ ᠪᠥᠬᠦ ᠣᠷᠣᠨ ᠤ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠣᠯᠪᠠᠰᠤᠷᠠᠯ ᠤᠨ ᠬᠤᠷᠠᠯ ᠪᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠰᠡᠷᠭᠦᠭᠡᠨ ᠵᠠᠰᠠᠬᠤ ᠠᠬᠤᠢ | ᠳᠠᠯᠠᠪᠠᠢ ᠶᠢᠨ ᠬᠤᠷᠠᠯ ᠢ ᠠᠮᠵᠢᠯᠲᠠ ᠲᠠᠢ ᠳᠠᠭᠠᠭᠠᠨ ᠡᠷᠭᠢᠯᠡᠵᠦ ᠂ ᠪᠥᠬᠦ ᠤᠯᠤᠰ ᠤᠨ 5A ᠲᠠᠰ ᠤᠨ ᠪᠣᠬᠢᠷᠲᠤᠯ ᠦᠭᠡᠢ ᠠᠭᠤᠷᠬᠠᠢ ᠶᠢ 2 ᠪᠠᠶᠢᠭᠤᠯᠤᠨ ᠳᠠᠭᠤᠰᠬᠠᠵᠤ ᠂ | ᠵᠡᠭᠦᠨᠭᠠᠷ ᠤᠨ ᠪᠣᠬᠢᠷᠲᠤᠯ ᠦᠭᠡᠢ ᠠᠭᠤᠷᠬᠠᠢ ᠶᠢᠨ ᠵᠠᠰᠠᠯᠲᠠ ᠶᠢᠨ ᠲᠤᠷᠰᠢᠯᠭ᠎ᠠ ᠶᠢ ᠪᠥᠬᠦ ᠣᠷᠣᠨ ᠳᠤ ᠲᠠᠨᠢᠯᠴᠠᠭᠤᠯᠪᠠ ᠃ | ᠲᠠᠪᠤ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠨᠡᠩ ᠴᠢᠬᠤᠯᠠᠴᠢᠯᠠᠪᠠ᠃ ᠥᠭᠡᠷᠡᠴᠢᠯᠡᠯᠲᠡ ᠬᠢᠵᠤ ᠪᠤᠭᠤᠮᠳᠠ ᠰᠢᠪᠳᠤᠯᠬᠤ ᠶᠢ ᠣᠯᠠᠨ | ᠲᠠᠯ᠎ᠠ ᠪᠠᠷ ᠰᠢᠪᠲᠤᠯᠤᠯᠲᠠ ᠭᠠᠷᠭᠠᠵᠤ ᠂ ᠪᠥᠬᠦ ᠣᠷᠣᠨ ᠳᠤ ᠤᠷᠢᠳ ᠢᠶᠠᠷ ᠥᠯᠥ ᠬᠥᠳᠡᠯᠬᠦ ᠬᠥᠷᠥᠩᠭᠡ ᠶᠢᠨ ᠣᠶ ᠮᠣᠳᠣᠨ ᠤ ᠦᠮᠴᠢᠯᠡᠯ ᠤᠨ ᠡᠷᠬᠡ ᠶᠢᠨ ᠲᠤᠭ᠎ᠠ | ᠪᠠᠷᠢᠮᠲᠠ ᠶᠢᠨ ᠳᠠᠷᠬᠠᠯᠳᠠ ᠶᠢᠨ ᠭᠡᠯᠪᠡᠷᠢ ᠲᠠᠢ ᠡᠯᠧᠺᠲᠷᠤᠨ ᠪᠤᠳᠤᠯᠭ᠎ᠠ ᠶᠢᠨ ᠮᠠᠰᠢᠨ ᠢ ᠬᠤᠯᠪᠤᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠰᠢᠨ᠎ᠡ ᠪᠠᠷ | ᠡᠭᠦᠳᠦᠨ ᠪᠠᠶᠢᠭᠤᠯᠵᠤ ᠂ ᠣᠶ ᠮᠣᠳᠣᠨ ᠤ ᠦᠮᠴᠢᠯᠡᠯ ᠤᠨ ᠡᠷᠬᠡ ᠶᠢᠨ ᠥᠭᠡᠷᠡᠴᠢᠯᠡᠯᠲᠡ ᠶᠢᠨ ᠠᠵᠢᠯ ᠨᠢ ᠪᠦᠬᠦ ᠤᠯᠤᠰ ᠤᠨ ᠳᠤᠷᠰᠢᠯᠳᠠ ᠶᠢᠨ ᠴᠡᠭ ᠢᠶᠠᠷ | ᠰᠤᠩᠭᠤᠬᠳᠠᠵᠠᠢ ᠃ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ 3.64 ᠲᠦᠮᠡᠨ ᠮᠦ ᠰᠢᠩᠭᠡᠭᠡᠨ ᠠᠪᠴᠤ ᠰᠢᠢᠳᠪᠦᠷᠢᠯᠡᠵᠤ ᠂ 1.6 ᠲᠦᠮᠡᠨ | ᠮᠦ ᠶᠢᠨ ᠣᠨ ᠤ ᠡᠭᠦᠷᠭᠡ ᠲᠠᠢ ᠬᠤᠯᠪᠤᠬᠳᠠᠭᠤᠯᠤᠬᠰᠠᠨ ᠨᠡᠮᠡᠭᠰᠡᠨ ᠭᠡᠰᠡᠭ ᠢ ᠤᠷᠢᠳᠴᠢᠯᠠᠨ ᠳᠠᠪᠠᠭᠤᠯᠤᠨ ᠪᠡᠶᠡᠯᠡᠭᠦᠯᠪᠡ ᠃ ᠢᠲᠡᠭᠡᠮᠵᠢ ᠶᠢᠨ ᠳᠤᠬᠳᠠᠯᠴᠠᠭᠠᠨ ᠤ | ᠪᠠᠶᠢᠭᠤᠯᠤᠯᠲᠠ ᠶᠢᠨ ᠲᠤᠷᠰᠢᠯᠭ᠎ᠠ ᠨᠢ ᠲᠥᠪ ᠤᠨ ᠵᠠᠭᠤᠴᠢᠯᠠᠭᠤᠷ ᠤᠨ ᠳᠡᠭᠡᠳᠦ ᠬᠡᠮᠵᠢᠶᠡᠨ ᠤ ᠦᠨᠡᠯᠡᠯᠲᠡ ᠶᠢ ᠣᠯᠵᠤ ᠂ 16 ᠠᠵᠤ ᠠᠬᠤᠶᠢᠯᠠᠯ ᠥᠪᠡᠷᠲᠡᠭᠡᠨ ᠵᠠᠰᠠᠬᠤ | ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠠᠷ ᠦᠨᠡᠯᠡᠭᠳᠡᠪᠡ᠃ ︽ ᠳᠠᠯᠪᠢᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠬᠦᠯᠵᠤ ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠰᠢᠨ᠎ᠡ 100 ᠵᠤᠷᠪᠤᠰ ᠂ ᠠᠵᠤ ᠠᠬᠤᠶᠢᠯᠠᠯ ᠳᠤ ᠦᠢᠯᠡᠴᠢᠯᠡᠬᠦ 60 ᠵᠤᠷᠪᠤᠰ ᠠᠷᠭ᠎ᠠ | ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ ᠂ ᠠᠵᠤ ᠠᠬᠤᠶᠢᠯᠠᠯ ᠳᠤ ᠦᠢᠯᠡᠴᠢᠯᠡᠬᠦ ᠬᠠᠮᠢᠶᠠᠷᠤᠯᠲᠠ ᠶᠢᠨ ᠲᠠᠪᠴᠠᠩ ᠢ ᠡᠬᠢᠯᠡᠨ ᠬᠡᠷᠡᠭᠵᠢᠭᠦᠯᠵᠦ ᠂ ᠠᠵᠤ ᠠᠬᠤᠶᠢᠯᠠᠯ ᠤᠨ | 125 ᠵᠦᠢᠯ ᠤᠨ ᠬᠦᠰᠡᠯ ᠱᠠᠭᠠᠷᠳᠠᠯᠭ᠎ᠠ ᠶᠢ ᠴᠤᠬᠯᠠᠭᠤᠯᠤᠨ ᠰᠢᠢᠳᠪᠦᠷᠢᠯᠡᠵᠦ ᠂ ︽ ᠪᠢᠳᠡ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠬᠦ ︾ | ᠪᠠᠷ 29.3 ᠳ᠋ᠦᠩᠰᠢᠭᠤᠷ ᠲᠥᠭᠦᠷᠢᠭ ᠢ ᠨᠠᠶᠢᠳᠠᠪᠤᠷᠢᠵᠢᠭᠤᠯᠤᠨ ᠂ ᠲᠢᠶᠠᠨ ᠷᠦᠨ ᠬᠢᠮᠢ ᠶᠢᠨ ᠪᠣᠷᠳᠣᠭᠤᠷ ᠂ ᠪᠠᠷᠠᠭᠤᠨ ᠬᠤᠶᠢᠲᠤ ᠶᠢᠨ ᠡᠨᠧᠷᠭᠢ ᠬᠢᠮᠢ ᠶᠢᠨ ᠠᠵᠤ | ᠦᠢᠯᠡᠳᠪᠦᠷᠢ ᠂ ᠳ᠋ᠠ ᠬᠠᠨ ᠶᠣᠣ ᠵᠡᠷᠭᠡ ᠨᠢᠭᠡ ᠪᠦᠯᠦᠭ ︽ ᠵᠥᠪᠰᠢᠶᠡᠷᠡᠵᠤ ᠪᠠᠶᠢᠭᠤᠯᠬᠤ ᠨᠢ ᠨᠡᠶᠢᠴᠡᠬᠦ ᠦᠭᠡᠢ ᠂ ᠤᠳᠠᠲᠠᠯ᠎ᠠ ᠵᠣᠭᠰᠣᠭᠠᠭᠠᠳ ᠡᠬᠢᠯᠡᠭᠡᠳᠦᠢ ︾ | ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠪᠠ ᠃ ᠠᠵᠤ ᠠᠬᠤᠶᠢᠯᠠᠯ ᠤᠨ ᠴᠢᠨᠠᠷ ᠰᠠᠶᠢᠲᠠᠢ | ᠬᠥᠭᠵᠢᠯᠲᠡ ᠶᠢᠨ ᠣᠶᠤᠨ ᠤ ᠬᠥᠮᠥᠷᠭᠡ ᠶᠢ ᠪᠠᠶᠢᠭᠤᠯᠵᠤ ᠂ 600 ᠳ᠋ᠦᠩᠰᠢᠭᠤᠷ ᠲᠥᠭᠦᠷᠢᠭ ᠢ ᠳᠠᠪᠠᠭᠰᠠᠨ ᠨᠡᠭᠦᠷᠡᠰᠦᠨ ᠤ ᠠᠵᠢᠯ ᠲᠥᠷᠥᠯ ᠤᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠪᠡᠯᠡ ᠮᠥᠩᠭᠦ ᠶᠢᠨ ᠲᠠᠲᠠᠭᠠᠯ ᠢ ᠪᠠᠶᠢᠭᠤᠯᠪᠠ ᠃ ᠪᠠᠷᠢᠮᠵᠢᠶᠠᠵᠢᠭᠤᠯᠤᠭᠰᠠᠨ ᠵᠠᠬ᠎ᠠ ᠳᠡᠯᠭᠡᠭᠦᠷ ᠤᠨ ᠳᠤᠬᠳᠠᠯᠴᠠᠭ᠎ᠠ ᠶᠢ ᠲᠦᠷᠭᠡᠪᠴᠢᠯᠡᠨ | ᠪᠠᠶᠢᠭᠤᠯᠵᠤ ᠂ ᠪᠠᠷᠢᠮᠵᠢᠶ᠎ᠠ ᠳᠤ ᠨᠡᠶᠢᠴᠡᠭᠰᠡᠨ ᠪᠠᠷᠢᠮᠵᠢᠶ᠎ᠠ ᠳᠤ ᠬᠦᠷᠦᠭᠰᠡᠨ 30 ᠠᠵᠤ ᠠᠬᠤᠶᠢᠯᠠᠯ ᠢ ᠪᠣᠶᠢᠵᠢᠭᠤᠯᠵᠤ ᠂ ᠡᠯᠡᠰᠦᠨ ᠴᠦᠯ ᠤᠨ ᠰᠢᠬᠢᠷᠯᠢᠭ ᠰᠢᠯᠦᠬᠡᠢ | ᠡᠷᠳᠡᠨᠢ ᠰᠢᠰᠢ ᠶᠢᠨ 4 ᠵᠦᠢᠯ ᠤᠨ ᠪᠠᠷᠢᠮᠵᠢᠶ᠎ᠠ ᠶᠢ ᠪᠦᠬᠦ ᠤᠯᠤᠰ ᠤᠨ ᠪᠦᠯᠬᠦᠮ ᠤᠨ ᠪᠠᠷᠢᠮᠵᠢᠶᠠᠲᠤ ᠮᠡᠳᠡᠭᠡ ᠵᠠᠩᠭᠢ ᠶᠢᠨ ᠲᠠᠪᠴᠠᠩ ᠳᠤ ᠨᠡᠶᠢᠲᠡᠯᠡᠪᠡ᠃ ︽ ᠵᠡᠭᠦᠨᠭᠠᠷ | ᠤᠨ ᠰᠡᠷᠭᠡ ︾ ᠨᠢ ᠪᠥᠬᠦ ᠣᠷᠣᠨ ᠤ ᠭᠠᠵᠠᠷ ᠵᠦᠢ ᠶᠢᠨ ᠪᠡᠯᠭᠡ ᠲᠡᠮᠳᠡᠭ ᠤᠨ ᠠᠷᠪᠠᠨ ᠶᠡᠭᠡ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ ᠃ ᠭᠤᠤ ᠶᠤᠸᠠᠨ | ᠬᠦᠢᠯᠡᠰᠤᠨ ᠴᠦᠮ᠎ᠠ ᠶᠢᠨ ᠤᠮᠳᠠᠭᠠᠨ ᠤ ᠺᠣᠮᠫᠠᠨᠢ ᠨᠢ ᠪᠥᠬᠦ ᠬᠤᠰᠢᠭᠤᠨ ᠤ ᠠᠩᠬᠠᠳᠠᠭᠴᠢ ︽ ᠦᠪᠤᠷ ᠮᠣᠩᠭᠤᠯ ︾ ᠲᠡᠮᠳᠡᠭᠲᠦ ᠭᠡᠷᠡᠴᠢᠯᠡᠯ ᠤᠨ ᠠᠵᠤ ᠠᠬᠤᠶᠢᠯᠠᠯ | ᠪᠣᠯᠵᠤ ᠂ ᠨᠡᠩ ᠤᠯᠠᠨ ︽ ᠵᠡᠬᠦᠠᠭᠠᠷ ᠤᠨ ᠰᠠᠶᠢᠨ ᠪᠠᠷᠠᠭ᠎ᠠ ︾ ︽ ᠵᠡᠬᠦᠠᠭᠠᠷ ᠤᠨ ᠣᠨᠴᠠ ᠭᠠᠷᠤᠯᠲᠠ ︾ ᠶᠢᠨ ᠠᠯᠳᠠᠷᠰᠢᠯ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ ᠃ | | ᠵᠢᠷᠭᠤᠭ᠎ᠠ ᠳᠤ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠨᠡᠩ ᠴᠢᠬᠤᠯᠠᠴᠢᠯᠠᠪᠠ᠃ ᠬᠤᠲᠠ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ | ᠬᠠᠮᠢᠶᠠᠷᠤᠯᠲᠠ ᠶᠢᠨ ᠬᠢᠷᠢ ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠂ ᠵᠧᠦ ᠵᠢᠶᠠ ᠸᠠᠨ ᠂ ᠰᠦᠵᠢ ᠶᠢᠨ ᠭᠤᠤᠯ ᠂ ᠬᠤ᠋ ᠰᠢ ᠂ ᠳ᠋ᠠ ᠯᠤ᠋ ᠭᠤᠤᠯᠳᠠᠯᠭᠠᠳᠤ | ᠲᠣᠭᠤᠷᠢᠭ ᠵᠡᠷᠭᠡ ᠵᠠᠷᠢᠮ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ 21 ᠨᠠᠷᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ | ᠳᠠᠭᠤᠰᠬᠠᠪᠠ ᠃ ᠳᠤᠯᠠᠭᠠᠯᠠᠭ᠎ᠠ ᠶᠢᠨ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ ᠂ ᠬᠦᠸᠧ ᠬᠤᠸᠠ ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ | ᠰᠤᠷᠪᠤᠯᠵᠢ ᠶᠢ ᠰᠢᠨ᠎ᠡ ᠪᠠᠷ ᠪᠠᠶᠢᠭᠤᠯᠵᠤ ᠂ ᠬᠤᠳᠠ ᠶᠢᠨ ᠢᠯᠴᠢ ᠬᠠᠩᠭᠠᠬᠤ ᠴᠢᠳᠠᠪᠤᠷᠢ ᠶᠢ 510 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠪᠡ ︔ ᠭᠠᠵᠠᠷ | ᠳᠣᠣᠷᠠᠬᠢ ᠬᠤᠭᠤᠯᠠᠢ ᠲᠣᠣᠷ ᠤᠨ ᠥᠭᠡᠷᠡᠴᠢᠯᠡᠯᠲᠡ ᠶᠢ 541 ᠺᠢᠯᠣᠮᠧᠲᠷ ᠪᠡᠶᠡᠯᠡᠭᠦᠯᠵᠦ ᠂ ᠬᠤᠳᠠ ᠶᠢᠨ ᠤᠰᠤ ᠴᠠᠬᠢᠯᠭᠠᠨ ᠰᠢᠳᠠᠮᠠᠬᠠᠢ ᠬᠡᠢ ᠳᠤᠯᠠᠭᠠᠯᠠᠭ᠎ᠠ ᠶᠢᠨ | ᠪᠠᠲᠤᠯᠠᠭ᠎ᠠ ᠶᠢ ᠨᠡᠩ ᠬᠦᠴᠦᠲᠡᠢ ᠪᠣᠯᠭᠠᠪᠠ᠃ ᠬᠤᠳᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠲᠦᠷᠭᠡᠪᠴᠢᠯᠡᠨ ᠳᠡᠭᠡᠭᠰᠢᠯᠡᠭᠦᠯᠵᠦ ᠂ ᠬᠤᠳᠠ ᠶᠢᠨ ᠲᠡᠬᠦᠷᠭᠡ ᠶᠢᠨ | ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠲᠠᠲᠠᠪᠤᠷᠢᠯᠠᠵᠤ ᠨᠤᠷᠠᠭᠠᠬᠤ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ ᠂ | ᠵᠡᠭᠦᠨᠭᠠᠷ ᠳᠤᠮᠳᠠᠳᠤ ᠰᠤᠷᠭᠠᠭᠤᠯᠢ ᠪᠠ 348 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ ᠂ | ᠡᠮᠡᠭᠲᠡᠶᠢᠴᠦᠳ ᠬᠡᠦᠬᠡᠳ ᠤᠨ ᠠᠵᠢᠯᠯᠠᠭᠠᠨ ᠤ ᠲᠥᠪ ᠪᠠ 2 ᠰᠠᠭᠤᠷᠢ ᠠᠷᠠᠳ ᠲᠤ ᠲᠦᠬᠦᠮ ᠦᠵᠡᠭᠦᠯᠬᠦ ᠠᠵᠢᠯᠯᠠᠭᠠᠨ ᠤ ᠲᠥᠪ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ ᠂ ᠸᠠᠨ ᠲᠦᠩ᠂ ᠳ᠋ᠦᠩ ᠬᠤᠸᠠ᠂ ᠶᠢᠩ ᠽᠧ ᠵᠡᠷᠭᠡ 3 ᠬᠠᠭᠤᠴᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠳᠦᠷᠬᠦ ᠪᠠᠶᠢᠳᠠᠯ | ᠲᠠᠢ ᠪᠤᠯᠭᠠᠨ ᠬᠤᠪᠢᠷᠠᠭᠤᠯᠵᠤ ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠡ ᠵᠠᠰᠠᠬᠤ ᠠᠵᠢᠯ ᠨᠢ 1.4 ᠲᠦᠮᠡᠨ ᠬᠥᠮᠥᠨ ᠳᠤ ᠠᠰᠢᠭ ᠬᠦᠷᠲᠡᠭᠡᠪᠡ᠃ | ᠰᠢᠨ᠎ᠠ ᠪᠠᠷ ᠪᠠᠷᠢᠯᠭ᠎ᠠ ᠡᠬᠢᠯᠡᠬᠦᠯᠦᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠪᠠᠷᠢᠯᠭ᠎ᠠ ᠶᠢᠨ ᠳᠠᠯᠠᠪᠠᠢ ᠨᠢ 43 ᠲᠦᠮᠡᠨ ᠲᠡᠭᠰᠢ ᠳᠥᠷᠪᠡᠯᠵᠢᠨ ᠮᠧᠲᠷ ᠲᠤ | ᠬᠦᠷᠴᠡᠢ ᠃ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠵᠦ ᠂ ᠰᠢᠨ᠎ᠡ ᠪᠠᠷ ᠨᠡᠮᠡᠭᠳᠡᠭᠦᠯᠦᠭᠰᠡᠨ ᠬᠥᠳᠡᠭᠡ ᠲᠣᠰᠬᠤᠨ ᠤ | ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠤᠷᠳᠤ ᠶᠢᠨ ᠬᠡᠮᠵᠢᠶ᠎ᠡ ᠨᠢ 647.1 ᠺᠢᠯᠣᠮᠧᠲᠷ ᠪᠠᠶᠢᠵᠤ ᠂ ᠬᠤᠳᠠ ᠬᠥᠳᠡᠭᠡ ᠶᠢᠨ ᠴᠠᠬᠢᠯᠭᠠᠨ ᠤ ᠲᠣᠣᠷ ᠢ 1770 | ᠺᠢᠯᠣᠮᠧᠲᠷ ᠲᠡᠰ ᠳᠡᠪᠰᠢᠭᠦᠯᠦᠨ ᠥᠭᠡᠷᠡᠴᠢᠯᠡᠵᠦ ᠂ 53 ᠲᠣᠰᠬᠤᠨ ᠤ ᠤᠰᠤ ᠬᠠᠩᠭᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠬᠥᠳᠡᠭᠡ ᠲᠣᠰᠬᠤᠨ ᠤ | ᠠᠷᠢᠭᠤᠨ ᠴᠡᠪᠡᠷ ᠵᠣᠷᠯᠣᠩ ᠤᠨ ᠪᠦᠷᠬᠦᠴᠡ ᠶᠢᠨ ᠨᠤᠷᠮ᠎ᠠ ᠶᠢ 71.8% ᠪᠣᠯᠲᠠᠯ᠎ᠠ ᠳᠡᠭᠡᠭᠰᠢᠯᠡᠭᠦᠯᠪᠡ᠃ | ᠲᠤᠯᠤᠭ᠎ᠠ ᠳᠤ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠨᠡᠮᠡᠭᠳᠡᠭᠦᠯᠬᠦ ᠶᠢ ᠨᠡᠩ ᠴᠢᠬᠤᠯᠠᠴᠢᠯᠠᠪᠠ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠵᠦ ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠶᠢ 27 ᠪᠠᠶᠢᠭᠤᠯᠵᠤ ᠂ ᠬᠤᠲᠠ ᠪᠠᠯᠭᠠᠰᠤᠨ ᠤ | 3311 ᠬᠥᠮᠥᠨ ᠳᠤ ᠰᠢᠨ᠎ᠡ ᠪᠠᠷ ᠠᠵᠢᠯ ᠣᠯᠭᠤᠪᠠ ᠃ ︽ ᠵᠦᠨ ᠰᠢᠶᠠᠩ ᠹᠦ᠋ ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠲᠡᠮᠳᠡᠭᠲᠦ ᠶᠢ | ᠡᠬᠦᠳᠴᠤ ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠥᠷᠲᠡᠭᠡ ᠴᠡᠭ ᠢ 15 ᠪᠠᠶᠢᠭᠤᠯᠵᠤ ᠂ ᠨᠠᠰᠤᠲᠠᠶᠢᠴᠤᠳ ᠤᠨ ᠬᠤᠭᠤᠯᠠᠨ ᠭᠡᠷ ᠢ 18 | ᠪᠠᠶᠢᠭᠤᠯᠪᠠ ᠃ ᠪᠥᠬᠦ ᠣᠷᠣᠨ ᠳᠤ ᠤᠷᠢᠳᠠᠪᠠᠷ ︽ ᠰᠤᠶᠢᠳᠭᠡᠯ ᠬᠤᠷᠢᠶᠠᠬᠤ ᠦᠭᠡᠢ ᠣᠷᠣᠰᠢᠭᠤᠯᠭ᠎ᠠ ︾ ᠶᠢᠨ ᠥᠭᠡᠷᠡᠴᠢᠯᠡᠯᠲᠡ ᠶᠢ ᠥᠷᠨᠢᠭᠦᠯᠪᠠ ᠃ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠤᠰ ᠲᠤᠰ 31.9 ᠳᠦᠮᠡ ᠪᠠ | 23.2 ᠲᠦᠮᠡ ᠳᠤ ᠬᠦᠷᠴᠡᠢ᠃ ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠵᠦ ᠂ 10 ᠰᠤᠷᠭᠠᠭᠤᠯᠢ ᠶᠢᠨ | ᠰᠠᠭᠤᠷᠢ ᠳᠦᠬᠦᠭᠡᠷᠤᠮᠵᠢ ᠶᠢ ᠰᠢᠨᠡᠳᠬᠡᠨ ᠥᠭᠡᠷᠡᠴᠢᠯᠡᠬᠦ ᠶᠢ ᠪᠡᠶᠡᠯᠡᠭᠦᠯᠵᠦ ᠂ ᠪᠥᠬᠦ ᠬᠤᠰᠢᠭᠤᠨ ᠤ ᠰᠦᠯᠵᠢᠶ᠎ᠡ ᠶᠢᠨ ᠬᠤᠭᠤᠷᠣᠨᠳᠣᠬᠢ ᠬᠢᠴᠢᠶᠡᠯ ᠤᠨ ᠭᠡᠷ ᠤᠨ | ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠭᠡᠪᠠ ᠃ 26 ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠲᠤᠷᠰᠢᠯᠲᠠ ᠶᠢᠨ ᠥᠭᠡᠷᠡᠴᠢᠯᠡᠯᠲᠡ ᠶᠢ | ᠪᠡᠶᠡᠯᠡᠭᠦᠯᠵᠦ ᠂ ᠡᠯ᠎ᠡ ᠱᠠᠲᠤᠨ ᠤ ᠤᠷᠤᠯᠳᠤᠭᠠᠨ ᠤ ᠱᠠᠩᠨᠠᠯ ᠢ 197 ᠵᠦᠢᠯ ᠬᠦᠷᠳᠡᠪᠡ ᠃ 9 ᠰᠤᠷᠭᠠᠨ ᠬᠥᠮᠦᠵᠢᠯ ᠤᠨ ᠪᠦᠯᠦᠭᠯᠡᠯ ᠪᠠᠶᠢᠭᠤᠯᠵᠤ ᠂ ᠪᠥᠬᠦ | ᠰᠤᠷᠤᠯᠭ᠎ᠠ ᠶᠢᠨ ᠱᠠᠲᠤᠨ ᠤ 19 ᠰᠤᠷᠭᠠᠭᠤᠯᠢ ︵ ᠬᠡᠦᠬᠡᠳ ᠤᠨ ᠴᠡᠴᠡᠷᠯᠢᠭ ︶ ᠶᠢᠨ 1.4 ᠲᠦᠮᠡᠨ ᠰᠣᠷᠣᠭᠴᠢ ᠶᠢ ᠬᠠᠮᠤᠷᠪᠠ ᠃ ᠬᠤᠰᠢᠭᠤᠨ ᠤ ᠳᠣᠲᠣᠷᠠᠬᠢ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠳᠡᠪᠰᠢᠭᠰᠡᠨ ᠨᠣᠷᠮ᠎ᠠ 95% ᠳᠤ ᠬᠦᠷᠴᠦ ᠂ | ᠵᠡᠬᠦᠠᠭᠠᠷ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠠᠴᠠ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠳᠡᠪᠰᠢᠭᠰᠡᠨ ᠨᠣᠷᠮ᠎ᠠ ᠨᠢ ᠪᠥᠬᠦ | ᠣᠷᠣᠨ ᠤ ᠳᠤᠮᠳᠠᠴᠢ ᠬᠢᠷᠢ ᠲᠦᠪᠰᠢᠨ ᠤ 4.7 ᠳᠠᠬᠢᠨ ᠪᠣᠯᠵᠠᠢ ᠃ ᠡᠮᠴᠢᠯᠡᠭᠡᠨ ᠤ ᠡᠬᠢ ᠪᠠᠶᠠᠯᠢᠭ ᠤᠨ ᠴᠢᠨᠠᠷᠵᠢᠯ ᠢ ᠳᠡᠭᠡᠭᠰᠢᠯᠡᠭᠦᠯᠦᠨ ᠪᠠᠭᠲᠠᠭᠠᠮᠵᠢ ᠶᠢ | ᠥᠷᠭᠡᠳᠬᠡᠬᠦ ᠶᠢ ᠠᠬᠢᠭᠤᠯᠵᠤ ᠂ ︽ ᠮᠢᠩᠭᠠᠨ ᠰᠢᠶᠠᠨ ᠤ ᠢᠨᠵᠧᠨᠧᠷᠢᠩ ︾ ᠂ ︽ ᠬᠢᠲᠠᠳ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ︾ | ᠪᠠ ︽ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠂ ᠡᠷᠡᠭᠦᠯ ᠮᠡᠨᠳᠦ ᠶᠢ ᠪᠠᠲᠤᠯᠠᠬᠤ ︾ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠡᠮᠬᠢ ᠳᠢᠭᠯᠢᠮ ᠲᠠᠢ | ᠬᠡᠷᠡᠭᠵᠢᠭᠦᠯᠵᠦ ᠂ ᠬᠤᠲᠠ ᠶᠢᠨ ᠲᠠᠰ ᠠᠴᠠ ᠳᠡᠭᠡᠭᠰᠢᠬᠢ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠰᠠᠯᠠᠭ᠎ᠠ ᠶᠢ 17 ᠪᠠᠶᠢᠭᠤᠯᠵᠤ ᠂ ᠴᠢ ᠬᠤᠸᠠᠩ | ᠡᠷᠳᠡᠮᠲᠡᠨ ᠱᠢ ᠳ᠋ᠡ ᠵᠦᠸᠧ ᠂ ᠤᠯᠤᠰ ᠤᠨ ᠨᠡᠷᠡᠳᠤ ᠡᠮᠴᠢ ᠯᠢ ᠳ᠋ᠢᠶᠠᠨ ᠬᠦᠢ ᠵᠡᠷᠭᠡ ᠨᠠᠷᠠᠲᠤ ᠡᠮᠴᠢ ᠶᠢᠨ ᠠᠵᠢᠯᠯᠠᠬᠤ ᠦᠷᠤᠭᠡ ᠶᠢ ᠰᠢᠨ᠎ᠡ ᠪᠠᠷ 5 ᠪᠠᠶᠢᠭᠤᠯᠪᠠ ᠃ | ᠲᠦᠭᠡᠮᠡᠯ ᠬᠠᠷᠠᠭᠠᠯᠵᠠᠯ ᠤᠨ ᠮᠢᠩᠭᠠᠨ ᠬᠥᠮᠥᠨ ᠪᠦᠷᠢ ᠳᠤ ᠨᠠᠶᠢᠳᠠᠨ ᠬᠥᠮᠥᠵᠢᠭᠦᠯᠬᠦ ᠭᠦᠢᠴᠡᠳᠬᠡᠯ ᠲᠤᠭ᠎ᠠ 4.95 ᠳᠤ ᠬᠦᠷᠴᠦ ᠂ ᠪᠥᠬᠦ ᠬᠤᠲᠠ ᠶᠢᠨ ᠳᠤᠮᠳᠠᠴᠢ | ᠬᠢᠷᠢ ᠲᠦᠪᠰᠢᠨ ᠠᠴᠠ ᠥᠨᠳᠥᠷ ᠪᠣᠯᠪᠠ ᠃ ᠪᠡᠭᠡᠵᠢᠩ ᠂ ᠱᠠᠩᠬᠠᠢ ᠵᠡᠷᠭᠡ ᠶᠢᠨ ᠨᠠᠷᠠᠲᠤ ᠲᠤᠰᠬᠠᠢ ᠮᠡᠷᠭᠡᠵᠢᠯᠲᠡᠨ ᠳᠣᠷᠣᠭᠰᠢ ᠪᠠᠭᠤᠵᠤ 1.42 ᠲᠦᠮᠡᠨ ᠬᠥᠮᠥᠨ | ᠤᠳᠠᠭ᠎ᠠ ᠳᠤ ᠮᠡᠰᠡ ᠵᠠᠰᠠᠯ ᠬᠢᠵᠦ ᠂ ᠬᠤᠰᠢᠭᠤᠨ ᠤ ᠳᠤᠳᠤᠷ᠎ᠠ ᠡᠮᠨᠡᠭᠦᠯᠦᠭᠰᠡᠨ ᠨᠣᠷᠮ᠎ᠠ 89% ᠳᠤ ᠬᠦᠷᠴᠦ ᠂ ︽ ᠨᠡᠬᠦᠳᠡᠯ ᠡᠮᠨᠡᠯᠭᠡ ᠶᠢᠨ ᠬᠤᠷᠢᠶ᠎ᠠ ︾ ᠨᠡᠶᠢᠲᠡ | 1.5 ᠲᠦᠮᠡ ᠭᠠᠷᠤᠢ ᠤᠳᠠᠭ᠎ᠠ ᠣᠯᠠᠨ ᠲᠦᠮᠡᠨ ᠳᠤ ᠦᠢᠯᠡᠴᠢᠯᠡᠪᠡ ᠃ ᠰᠣᠶᠣᠯ ᠤᠨ ᠦᠢᠯᠡᠰ ᠴᠡᠴᠡᠭᠯᠡᠨ ᠬᠥᠭᠵᠢᠵᠦ ᠂ 23 ᠬᠤᠪᠢ ᠤᠳᠬ᠎ᠠ ᠤᠷᠠᠯᠢᠭ ᠤᠨ | ᠪᠦᠲᠦᠭᠡᠯ ᠢ ᠵᠣᠬᠢᠶᠠᠨ ᠪᠦᠲᠦᠭᠡᠵᠦ ᠂ ᠮᠠᠩᠬᠠᠨ ᠠᠶᠠᠯᠭᠤ ᠶᠢ ᠫᠠᠷᠢᠰ ᠤᠨ ᠤᠯᠠᠨ ᠤᠯᠤᠰ ᠤᠨ ᠦᠵᠡᠰᠬᠦᠯᠡᠩᠳᠤ ᠳᠡᠯᠭᠡᠨ ᠦᠵᠡᠭᠦᠯᠵᠦ ᠂ ᠳᠤᠮᠳᠠᠳᠤ ᠤᠯᠤᠰ ᠤᠨ | ᠤᠯᠠᠨ ᠦᠶ᠎ᠡ ᠶᠢᠨ ᠤᠷᠠᠨ ᠵᠢᠷᠤᠭ ᠤᠨ ᠲᠣᠮᠣ ᠰᠢᠰᠲ᠋ᠧᠮ ᠤᠨ ᠠᠩᠬᠠᠳᠠᠭᠴᠢ ᠪᠦᠬᠦ ᠤᠯᠤᠰ ᠤᠨ ᠦᠨᠳᠦᠰᠦᠨ ᠱᠠᠲᠤᠨ ᠤ ᠦᠵᠡᠰᠬᠦᠯᠡᠩ ᠢ ᠣᠷᠣᠭᠤᠯᠤᠨ ᠡᠷᠬᠢᠯᠡᠵᠦ ᠂ | ᠡᠯ᠎ᠡ ᠲᠦᠷᠦᠯ ᠤᠨ ᠵᠢᠭᠰᠠᠭᠠᠯ ᠤᠨ ᠭᠠᠵᠠᠷ ᠤᠨ ᠠᠵᠢᠯᠯᠠᠭ᠎ᠠ ᠪᠠ ᠤᠯᠠᠨ ᠲᠦᠮᠡᠨ ᠤ ᠰᠣᠶᠣᠯ ᠵᠤᠭ᠎ᠠ ᠴᠡᠩᠭᠡᠯ ᠤᠨ ᠠᠵᠢᠯᠯᠠᠭ᠎ᠠ ᠶᠢ 500 ᠭᠠᠷᠤᠢ ᠲᠠᠯᠠᠪᠠᠢ | ᠥᠷᠨᠢᠭᠦᠯᠵᠦ ᠂ ᠤᠯᠠᠨ ᠲᠦᠮᠡᠨ ᠤ ︽ᠤᠶᠤᠨ ᠤ ᠲᠡᠵᠢᠭᠡᠯ︾ ᠨᠡᠩ ᠡᠯᠪᠡᠭ ᠪᠠᠶᠠᠯᠢᠭ ᠂ ᠨᠡᠩ ᠰᠢᠮ᠎ᠡ ᠲᠡᠵᠢᠭᠡᠯ ᠲᠠᠢ ᠪᠣᠯᠪᠠ᠃ | ᠡᠭᠦᠨ ᠤ ᠬᠠᠮᠳᠤ ᠂ ᠪᠢᠳᠡ ᠬᠦᠭᠵᠢᠯᠳᠡ ᠪᠠ ᠠᠮᠤᠷ ᠳᠦᠪᠰᠢᠨ ᠢ ᠨᠢᠭᠡᠳᠤᠯᠳᠡᠢ ᠳᠦᠯᠦᠪᠵᠢᠬᠦᠯᠤᠨ᠂ ᠠᠶᠤᠯᠲᠠᠢ ᠬᠢᠮᠢ ᠶᠢᠨ ᠪᠤᠳᠠᠰ ᠂ ᠠᠭᠤᠷᠬᠠᠢ ᠂ ᠲᠡᠦᠬᠡ ᠶᠢᠨ | ᠳᠤᠷᠠᠰᠬᠠᠯᠲᠤ ᠵᠦᠢᠯᠡᠰ ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠪᠠᠷᠢᠯᠭ᠎ᠠ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠤ ᠠᠮᠤᠷ | ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠡᠯ᠎ᠡ ᠲᠦᠷᠦᠯ ᠤᠨ ᠬᠡᠮ ᠰᠣᠭᠤᠭ ᠤᠨ ᠠᠰᠠᠭᠤᠳᠠᠯ ᠢ | ᠬᠦᠴᠦᠲᠡᠢ ᠰᠢᠢᠳᠪᠤᠷᠢᠯᠡᠨ ᠠᠷᠢᠯᠭᠠᠪᠠ᠃ ᠪᠢᠳᠡ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠦᠨᠰᠠᠨᠠᠯ | ᠳᠤᠷᠠᠳᠤᠯᠭ᠎ᠠ ᠶᠢ 183 ᠬᠤᠪᠢ ᠬᠦᠢᠴᠡᠳᠭᠡᠪᠡ᠃ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠬᠠᠮᠵᠢᠯᠴᠠᠨ ᠪᠡᠶᠡᠯᠡᠭᠦᠯᠪᠡ᠃ ᠪᠢᠳᠡ ︽ ᠠᠷᠪᠢᠯᠠᠨ | ᠭᠠᠮᠨᠠᠬᠤ ︾ ᠦᠵᠡᠯ ᠰᠠᠨᠠᠭ᠎ᠠ ᠶᠢ ᠪᠠᠷᠢᠮᠲᠠᠯᠠᠨ᠂ ᠭᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠢ | ᠠᠬᠢᠭᠤᠯᠵᠤ ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠂ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ | ᠡᠭᠦᠨ ᠠᠴᠠ ᠭᠠᠳᠠᠨ᠎ᠠ ᠂ ᠦᠨᠳᠦᠰᠦᠲᠡᠨ ᠱᠠᠰᠢᠨ ᠰᠤᠷᠲᠠᠬᠤᠨ ᠂ ᠬᠢᠨᠠᠨ ᠪᠤᠳᠤᠬᠤ ᠲᠤᠭ᠎ᠠ ᠪᠦᠷᠢᠳᠬᠡᠯ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠂ | ᠴᠡᠷᠢᠭ ᠠᠴᠠ ᠬᠠᠯᠠᠭᠳᠠᠭᠰᠠᠳ ᠂ ᠠᠷᠠᠳ ᠤᠨ ᠠᠭᠠᠷ ᠤᠨ ᠰᠡᠷᠭᠡᠶᠢᠯᠡᠯᠲᠡ ᠂ ᠲᠠᠩᠰᠠ ᠡᠪᠬᠡᠮᠡᠯ ᠲᠡᠦᠬᠡ ᠲᠡᠮᠳᠡᠭᠯᠡᠯ ᠂ ᠬᠠᠮ ᠵᠠᠭᠤᠴᠢᠯᠠᠭᠤᠷ ᠂ ᠴᠠᠭ ᠠᠭᠤᠷ ᠂ | ᠰᠢᠤᠳᠠᠨ ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠤᠨ ᠬᠢᠷᠢ ᠲᠦᠪᠰᠢᠨ ᠢ ᠰᠢᠨ᠎ᠡ ᠪᠠᠷ ᠳᠡᠭᠡᠭᠰᠢᠯᠡᠭᠦᠯᠵᠦ ᠂ ᠠᠵᠢᠯᠴᠢᠨ ᠤ ᠡᠪᠯᠡᠯ ᠂ ᠡᠮᠡᠭᠲᠡᠶᠢᠴᠦᠳ ᠬᠡᠦᠬᠡᠳ ᠂ | ᠵᠠᠯᠠᠭᠤᠴᠤᠳ ᠪᠠᠭᠠᠴᠤᠳ ᠂ ᠵᠡᠮᠳᠡᠭᠴᠦᠳ ᠂ ᠤᠯᠠᠭᠠᠨ ᠵᠠᠭᠠᠯᠮᠠᠶᠢᠲᠠᠨ ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠂ ᠨᠠᠰᠤᠲᠠᠶᠢᠴᠤᠳ ᠂ ᠨᠢᠭᠦᠯᠡᠰᠦᠩᠭᠦᠢ ᠶᠢᠨ | ᠦᠢᠯᠡᠰ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠡᠯ᠎ᠡ ᠵᠦᠢᠯ ᠤᠨ ᠠᠵᠢᠯ ᠢ ᠰᠢᠨ᠎ᠡ ᠳᠠᠪᠰᠢᠯᠲᠠ ᠲᠠᠢ ᠪᠣᠯᠭᠠᠪᠠ ᠃ | ᠲᠥᠯᠥᠭᠡᠯᠡᠭᠴᠢᠳ ᠠ᠋ ᠂ ᠡᠲᠡᠭᠡᠷ ᠠᠮᠵᠢᠯᠲᠠ ᠶᠢ ᠣᠯᠣᠭᠰᠠᠨ ᠤ ᠦᠨᠳᠦᠰᠦ ᠰᠢᠯᠳᠠᠭᠠᠨ ᠪᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ ᠂ ᠳᠡᠭᠡᠳᠦ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠪᠤᠯᠤᠨ᠎ᠠ ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠪᠤᠯᠤᠨ᠎ᠠ ᠂ ᠪᠥᠬᠦ | ᠬᠤᠰᠢᠭᠤᠨ ᠤ ᠠᠷᠠᠳ ᠲᠦᠮᠡᠨ ᠪᠤᠯᠤᠨ ᠡᠯ᠎ᠡ ᠠᠵᠢᠯ ᠲᠥᠷᠥᠯ ᠤᠨ ᠬᠢᠨ ᠤ ᠪᠦᠯᠬᠦᠮᠳᠡᠨ ᠨᠢᠭᠡᠳᠴᠦ ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ᠂ | ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠳᠦᠯᠦᠭᠡᠯᠡᠨ᠂ ᠵᠡᠭᠦᠨᠭᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ | ᠨᠥᠬᠦᠳ᠂ ᠨᠠᠶᠢᠵᠢ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠬᠠᠮᠳᠤ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ | ᠥᠷᠢᠰᠦᠯᠳᠦᠭᠡᠨ ᠲᠤᠯᠭᠠᠷᠠᠵᠤ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠂ ᠡᠭᠦᠨ ᠳᠤ ᠭᠤᠣᠯᠳᠠᠭᠤ ᠄ ᠵᠠᠬ᠎ᠠ ᠳᠡᠯᠭᠡᠭᠦᠷ ᠤᠨ ᠢᠲᠡᠭᠡᠯ ᠂ | ᠪᠦᠲᠦᠮᠵᠢᠲᠡᠶ ᠬᠡᠷᠡᠭᠴᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠵᠤ ᠂ ᠠᠵᠤ ᠦᠢᠯᠡᠰ ᠤᠨ ᠪᠦᠲᠦᠴᠡ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶᠢᠵᠤ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ | ᠤᠯᠠᠨ ᠳᠠᠪᠬᠤᠷ ᠰᠢᠯᠭᠠᠯᠲᠠ ᠳᠤ ᠲᠤᠯᠭᠠᠷᠠᠵᠤ ᠪᠠᠶᠢᠬᠤ ᠳᠡᠭᠡᠷ᠎ᠡ ᠢᠯᠡᠷᠡᠵᠦ ᠪᠠᠶᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ | ᠮᠥᠨ ᠯᠡ ᠮᠠᠰᠢ ᠶᠡᠭᠡ ᠪᠠᠶᠢᠵᠤ ᠂ ᠡᠯ᠎ᠡ ᠬᠦᠷᠢᠶ᠎ᠠ ᠴᠠᠷᠠᠭᠠᠨ ᠳᠠᠬᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ | ᠬᠠᠷᠰᠢ ᠰᠠᠭᠠᠳ ᠢ ᠪᠠᠰᠠ ᠤᠯᠠᠮ ᠨᠢᠭᠡ ᠠᠯᠬᠤᠮ ᠠᠷᠢᠯᠭᠠᠬᠤ ᠴᠢᠬᠤᠯᠠᠲᠠᠢ ᠪᠠᠶᠢᠵᠤ ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠ | ᠦᠢᠯᠡᠴᠢᠯᠡᠬᠦ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠤᠳᠠ ᠶᠢᠨ ᠴᠢᠳᠠᠮᠵᠢ ᠶᠢᠨ ᠴᠢᠨᠠᠷ ᠴᠢᠨᠰᠠᠭ᠎ᠠ᠂ ᠤᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠨᠢ ᠠᠷᠠᠳ ᠤᠯᠠᠨ ᠤ ᠬᠦᠰᠡᠯ ᠡᠷᠡᠮᠡᠯᠵᠡᠯ ᠯᠦᠭᠡ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ ᠂ ᠠᠮᠢ ᠠᠬᠤᠢ | ᠣᠷᠴᠢᠨ ᠳᠤᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠲᠣᠭᠲᠠᠭᠤᠨ ᠵᠡᠷᠭᠡ ᠬᠦᠷᠢᠶ᠎ᠠ ᠴᠠᠷᠠᠭᠠᠨ ᠳᠤ ᠪᠠᠰᠠ ᠴᠥᠭᠡᠨ ᠪᠤᠰᠤ ᠠᠶᠤᠯ ᠲᠦᠭᠰᠢᠭᠦᠷᠢ ᠶᠢᠨ ᠲᠠᠯᠳᠠ | ᠭᠡᠮ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ ᠪᠣᠯᠣᠨ᠎ᠠ᠃ | ᠬᠤᠶᠠᠷ ᠂ 2025 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ︽ ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠰᠡᠬᠦᠯ ᠰᠢᠪᠳᠤᠷᠬᠤ ᠵᠢᠯ ᠪᠤᠯᠤᠨ᠎ᠠ᠂ ᠮᠦᠨ ᠴᠤ | ︽ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢ ᠲᠥᠯᠥᠪᠯᠡᠨ ᠪᠠᠶᠢᠷᠢᠯᠠᠭᠤᠯᠬᠤ ᠵᠢᠯ ᠪᠤᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ | ᠲᠤᠶᠢᠯ ᠤᠨ ᠴᠢᠬᠤᠯᠠ ᠶᠤᠮ᠃ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ | ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠶᠣᠰᠣᠭᠠᠷ ᠂ ᠡᠨᠡ ᠵᠢᠯ ᠤᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 6.5% ᠠᠴᠠ ᠳᠡᠭᠡᠭᠰᠢ ᠨᠡᠮᠡᠭᠳᠡᠭᠦᠯᠵᠦ ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠬᠤ ᠪᠦᠬᠦ ᠲᠤᠭ᠎ᠠ ᠶᠢ 6% ᠠᠴᠠ | ᠳᠡᠭᠡᠭᠰᠢ ᠨᠡᠮᠡᠭᠳᠡᠭᠦᠯᠵᠦ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ | ᠠᠯᠬᠤᠮ ᠲᠠᠢ ᠪᠠᠶᠢᠯᠭᠠᠵᠤ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ | ᠪᠡᠶᠡᠯᠡᠭᠦᠯᠦᠨ᠎ᠡ ᠃ | ᠳᠡᠭᠡᠷ᠎ᠠ ᠳᠤᠷᠠᠳᠤᠭᠰᠠᠨ ᠬᠠᠷᠠᠯᠳᠠ ᠶᠢ ᠪᠡᠶᠡᠯᠡᠭᠦᠯᠬᠦ ᠶᠢᠨ ᠳᠤᠰᠠᠳᠠ ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠳᠤᠭᠤᠰᠢᠯᠠᠭᠤᠯᠤᠨ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠳᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠳᠤᠭᠤᠰᠢᠯᠠᠭᠤᠯᠵᠤ ᠂ ᠲᠥᠪ ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠬᠤᠰᠢᠭᠤᠨ ᠤ ᠨᠠᠮ ᠤᠨ ᠬᠤᠷᠢᠶᠠᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠂ ᠨᠠᠮ ᠤᠨ | ᠪᠠᠶᠢᠭᠤᠯᠤᠯᠲᠠ ᠪᠠᠷ ᠬᠦᠳᠤᠯᠤᠨ ᠳᠠᠭᠠᠭᠤᠯᠵᠤ ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠲᠣᠭᠲᠠᠭᠤᠨ ᠤ ᠳᠤᠮᠳᠠ ᠤᠷᠤᠬᠰᠢᠯᠠᠨ | ᠳᠠᠪᠰᠢᠬᠤ ᠶᠢ ᠪᠠᠷᠢᠮᠲᠠᠯᠠᠵᠤ ᠂ ᠲᠥᠪ ᠭᠤᠣᠯᠴᠢ ᠶᠢ ᠪᠠᠷᠢᠮᠳᠠᠯᠠᠨ ᠰᠢᠨ᠎ᠡ ᠶᠢ ᠡᠭᠦᠳᠴᠦ ᠂ ᠦᠨᠡᠨᠬᠦ ᠠᠳᠬᠤᠨ ᠪᠣᠳᠠᠲᠠᠢ ᠠᠵᠢᠯᠯᠠᠵᠤ ᠂ ᠬᠥᠭᠵᠢᠯᠲᠡ ᠪᠠ ᠠᠮᠤᠷ | ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠬᠦᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ | ᠪᠠᠷ ᠭᠤᠣᠯ ᠰᠢᠵᠢᠮ ᠪᠣᠯᠭᠠᠵᠤ ᠂ ︽ ᠬᠤᠶᠠᠷ ᠶᠡᠭᠡ ᠶᠠᠪᠤᠳᠠᠯ ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ︽ ᠵᠢᠷᠭᠤᠭᠠᠨ ᠢᠨᠵᠧᠨᠧᠷᠢᠩ ︾ ᠢ | ᠦᠷᠭᠦᠯᠵᠢᠯᠡᠨ ᠬᠡᠷᠡᠭᠵᠢᠭᠦᠯᠵᠦ ᠂ ︽ ᠵᠢᠷᠭᠤᠭᠠᠨ ᠠᠵᠢᠯᠯᠠᠭ᠎ᠠ ︾ ᠶᠢ ᠯᠠᠪᠳᠠᠭᠤᠨ ᠪᠠᠲᠤᠲᠠᠢ ᠥᠷᠨᠢᠭᠦᠯᠦᠨ ᠂ ︽ ᠭᠤᠷᠪᠠᠨ ᠳᠥᠷᠪᠡ ︾ ᠶᠢᠨ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠵᠤ ᠂ ︽ 518 ︾ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ ᠂ ᠬᠤᠶᠠᠳᠤᠭᠠᠷ | ᠠᠵᠤ ᠦᠢᠯᠡᠰ ᠢ ᠬᠦᠴᠦᠷᠬᠡᠭᠵᠢᠭᠦᠯᠵᠦ ᠂ ᠨᠢᠭᠡᠳᠦᠭᠡᠷ ᠠᠵᠤ ᠦᠢᠯᠡᠰ ᠢ ᠳᠠᠶᠢᠴᠢᠯᠠᠵᠤ ᠂ ᠭᠤᠷᠪᠠᠳᠤᠭᠠᠷ ᠠᠵᠤ ᠦᠢᠯᠡᠰ ᠢ ᠠᠮᠢᠳᠤᠯᠢᠭ ᠪᠣᠯᠭᠠᠵᠤ ᠂ ︽ ᠠᠷᠪᠠᠨ ᠶᠡᠭᠡ | ᠢᠨᠵᠧᠨᠧᠷᠢᠩ ︾ ᠢ ᠬᠦᠴᠦᠨ ᠢᠶᠠᠨ ᠲᠥᠪᠯᠡᠷᠡᠭᠦᠯᠦᠨ ᠠᠬᠢᠭᠤᠯᠵᠤ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ | ᠴᠢᠨᠠᠷ ᠰᠠᠶᠢᠲᠠᠢ ᠪᠡᠶᠡᠯᠡᠭᠦᠯᠵᠦ ᠂ ︽ ᠠᠷᠪᠠᠨ ᠲᠠᠪᠤᠳᠤᠭᠠᠷ ᠲᠠᠪᠤᠨ ᠵᠢᠯ ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠰᠠᠭᠤᠷᠢ ᠶᠢ ᠪᠠᠲᠤᠳᠬᠠᠨ᠎ᠠ ᠃ | ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ ᠨᠢᠭᠡ ︶ ︽ 518 ︾ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠠᠵᠤ ᠠᠬᠤᠢ ᠶᠢᠨ ᠶᠡᠷᠦᠩᠬᠡᠢ | ᠬᠡᠮᠵᠢᠶ᠎ᠡ ᠪᠠ ᠶᠠᠰᠤ ᠴᠢᠨᠠᠷ ᠤᠨ ᠪᠥᠬᠦ ᠲᠠᠯ᠎ᠠ ᠪᠠᠷ ᠳᠡᠭᠡᠭᠰᠢᠯᠡᠬᠦ ᠶᠢ ᠠᠬᠢᠭᠤᠯᠤᠨ᠎ᠠ ᠃ | ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ᠬᠤᠳᠠ ᠶᠢᠨ ᠲᠡᠰ ᠤᠨ ᠲᠣᠬᠢᠷᠠᠭᠤᠯᠤᠯᠳᠠ ᠶᠢᠨ 67 ᠵᠦᠢᠯ ᠤᠨ ᠭᠤᠣᠯᠳᠠᠯᠭ᠎ᠠ ᠲᠠᠢ | ᠳᠦᠷᠤᠯ ᠵᠤᠶᠢᠯ ᠢ ᠴᠢᠩᠭ᠎ᠠ ᠠᠩᠬᠠᠷᠴᠤ ᠂ ᠬᠦᠴᠢᠷ ᠠᠰᠠᠭᠤᠳᠠᠯ ᠢ ᠰᠢᠢᠳᠪᠦᠷᠢᠯᠡᠨ᠂ ᠳᠦᠭᠵᠢᠷᠡᠯ ᠢ ᠡᠪᠳᠡᠵᠦ ᠂ ᠳᠦᠷᠤᠯ ᠵᠤᠶᠢᠯ ᠤᠨ ᠪᠦᠲᠦᠭᠡᠨ ᠪᠠᠶᠢᠭᠤᠯᠤᠯᠲᠠ ᠶᠢ | ᠲᠥᠯᠥᠪᠯᠡᠭᠡ ᠶᠣᠰᠣᠭᠠᠷ ᠠᠬᠢᠭᠤᠯᠬᠤ ᠶᠢ ᠦᠨᠡᠨ ᠬᠦ ᠪᠠᠲᠤᠯᠠᠨ᠎ᠠ᠃ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ ᠂ ᠪᠦᠸᠧ ᠯᠢ ᠭᠸᠤ ᠂ ᠳ᠋ᠦᠩ ᠫᠢᠩ ᠨᠡᠭᠦᠷᠡᠰᠦᠨ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ ᠂ ᠬᠦᠨᠳᠡᠢ ᠶᠢᠨ ᠭᠤᠤᠯ ᠂ ᠱᠢ ᠶᠠᠨ ᠭᠧᠦ ᠠᠭᠤᠷᠬᠠᠢ ᠶᠢᠨ ᠬᠤᠳᠳᠤᠭ ᠢ ᠬᠠᠶᠢᠨ | ᠰᠢᠨᠵᠢᠯᠡᠵᠦ ᠰᠢᠯᠵᠢᠭᠦᠯᠦᠨ ᠮᠠᠯᠲᠠᠬᠤ ᠭᠠᠷ ᠭᠦᠢᠴᠡᠳᠬᠡᠯ ᠢ ᠲᠦᠷᠭᠡᠪᠴᠢᠯᠡᠨ ᠭᠦᠢᠴᠡᠳᠬᠡᠵᠦ ᠂ ᠴᠤᠸᠠᠨ ᠬᠤᠩ᠂ ᠦ᠋ ᠭᠧ ᠲᠤ ᠵᠡᠷᠭᠡ ᠦᠢᠯᠡᠳᠪᠦᠷᠢᠯᠡᠯ ᠢᠶᠠᠨ | ᠵᠣᠭᠰᠣᠭᠠᠭᠰᠠᠨ ᠨᠡᠭᠦᠷᠡᠰᠦᠨ ᠠᠭᠤᠷᠬᠠᠢ ᠶᠢ ᠬᠠᠪᠰᠤᠷᠤᠨ ᠠᠵᠢᠯ ᠢ ᠨᠢ ᠰᠡᠷᠭᠦᠭᠡᠵᠦ ᠦᠢᠯᠡᠳᠪᠦᠷᠢᠯᠡᠯ ᠢ ᠨᠢ ᠰᠡᠷᠭᠦᠭᠡᠨ ᠂ ᠨᠡᠭᠦᠷᠡᠰᠦᠨ ᠤ ᠭᠠᠷᠤᠯᠲᠠ ᠶᠢ 3.45 | ᠳ᠋ᠦᠩᠰᠢᠭᠤᠷ ᠲᠣᠨ ᠳᠤ ᠬᠦᠷᠭᠡᠬᠦ ᠪᠠᠷ ᠴᠢᠷᠮᠠᠶᠢᠨ᠎ᠠ᠃ ᠵᠡᠬᠦᠠᠭᠠᠷ ᠠᠴᠠ ᠳ᠋ᠠᠲ᠋ᠦ᠋ᠩ ᠬᠦᠷᠬᠦ ᠬᠤᠶᠠᠳᠤᠭᠠᠷ ᠬᠤᠭᠤᠴᠠᠭ᠎ᠠ ᠂ ᠬᠥᠪᠴᠢ ᠶᠢᠨ 400 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠰᠠᠭᠤᠷᠢᠨ ᠭᠠᠵᠠᠷ ᠵᠡᠷᠭᠡ ᠭᠤᠣᠯᠳᠠᠯᠭ᠎ᠠ ᠲᠠᠢ ᠴᠠᠬᠢᠯᠭᠠᠨ ᠬᠦᠴᠦᠨ ᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ ᠂ ᠬᠤᠢ ᠨᠧᠩ ᠤᠨ ᠴᠠᠩ ᠴᠤᠸᠠᠨ ᠴᠠᠬᠢᠯᠭᠠᠨ ᠤ ᠦᠢᠯᠡᠳᠪᠦᠷᠢ ᠶᠢ ᠵᠢᠯ ᠤᠨ ᠳᠣᠲᠣᠷ᠎ᠠ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ ᠃ ᠪᠣᠬᠢᠷᠲᠤᠯ ᠦᠭᠡᠢ ᠴᠠᠬᠢᠯᠭᠠᠨ ᠢ ᠬᠦᠷᠢᠶᠡᠯᠡᠩ ᠲᠣᠭᠤᠷᠢᠭ ᠲᠤ ᠣᠷᠣᠭᠤᠯᠬᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠵᠢᠯ ᠤᠨ ᠡᠴᠦᠰ ᠲᠤ ᠪᠥᠬᠦ ᠬᠤᠰᠢᠭᠤᠨ ᠤ ᠴᠠᠬᠢᠯᠭᠠᠨ ᠬᠦᠴᠦᠨ ᠤ ᠮᠠᠰᠢᠨ | ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ ᠶᠢ 1350 ᠲᠦᠮᠡᠨ ᠺᠢᠯᠣᠸᠠᠲ ᠲᠤ ᠬᠦᠷᠭᠡᠨ᠎ᠠ᠃ ᠲᠠᠪᠤᠨ ᠰᠠᠭᠤᠷᠢ ᠶᠢᠨ ᠰᠢᠨ᠎ᠡ ᠮᠠᠲ᠋ᠧᠷᠢᠶᠠᠯ ᠤᠨ ᠲᠠᠯ᠎ᠠ ᠪᠠᠷ ᠂ ᠷᠦᠩ | ᠱᠧᠩ ᠤᠨ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠪᠤᠷᠢᠯᠡᠬᠦ ᠶᠢ ᠠᠬᠢᠭᠤᠯᠵᠤ ᠂ ᠨᠡᠭᠦᠷᠡᠰᠦ ᠪᠠᠷ ᠲᠣᠰᠣ ᠦᠢᠯᠡᠳᠪᠤᠷᠢᠯᠡᠬᠦ ᠲᠦᠷᠦᠯ ᠵᠦᠢᠯ ᠢ ᠭᠡᠪᠴᠢᠶᠡᠨ ᠳᠤ | ᠣᠷᠣᠭᠤᠯᠤᠨ ᠵᠥᠪᠰᠢᠶᠡᠷᠡᠭᠦᠯᠵᠦ ᠂ ᠠᠯᠢ ᠲᠦᠷᠭᠡᠨ ᠢᠶᠠᠷ ᠤᠷᠤᠨᠵᠢᠭᠤᠯᠤᠨᠠ︔ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ | ᠨᠡᠭᠦᠷᠡᠰᠦ ᠪᠠᠷ ᠠᠯᠺᠧᠨ ᠦᠢᠯᠡᠳᠪᠤᠷᠢᠯᠡᠬᠦ ᠲᠥᠷᠥᠯ ᠵᠦᠢᠯ ᠂ ᠮᠧᠩ ᠲᠠᠢ ᠶᠢᠨ ᠬᠦᠩᠭᠡᠨᠴᠠᠭᠠᠨ ᠴᠠᠬᠢᠭᠤᠷ ᠤᠨ ᠬᠠᠶᠢᠯᠤᠰᠢ ᠶᠢᠨ ᠲᠥᠷᠥᠯ ᠵᠦᠢᠯ ᠢ 3 ᠰᠠᠷ᠎ᠠ ᠶᠢᠨ | ᠰᠡᠭᠦᠯᠴᠢ ᠠᠴᠠ ᠡᠮᠦᠨ᠎ᠡ ᠪᠥᠬᠦ ᠲᠠᠯ᠎ᠠ ᠪᠠᠷ ᠠᠵᠢᠯ ᠡᠬᠢᠯᠡᠬᠦᠯᠤᠨ᠎ᠠ︔ ᠵᠢᠤᠢ ᠾᠧ ᠱᠦᠨ ᠰᠢᠨ᠎ᠡ ᠮᠠᠲ᠋ᠧᠷᠢᠶᠠᠯ ᠂ ᠲᠦᠩ ᠸᠧᠢ ᠲᠠᠯᠠᠰᠲᠤ ᠴᠠᠬᠢᠭᠤᠷ ᠂ ᠲᠦᠸᠧ | ᠨᠧᠩᠬᠦ᠋ᠩᠭᠡᠨᠴᠠᠭᠠᠨ ᠴᠠᠬᠢᠭᠤᠷ ᠤᠨ ᠨᠡᠶᠢᠯᠡᠮᠡᠯ ᠮᠠᠲ᠋ᠧᠷᠢᠶᠠᠯ ᠂ ᠢ ᠳ᠋ᠦᠩ ᠤᠨ ᠭᠤᠤᠯᠢᠩ ᠰᠢᠷᠣᠢ ᠂ ᠴᠠᠩ ᠴᠧᠩᠬᠦ᠋ᠨᠳᠦ ᠠᠵᠤ ᠦᠢᠯᠡᠳᠪᠦᠷᠢ ᠶᠢᠨ ᠰᠢᠨ᠎ᠡ | ᠡᠨᠧᠷᠭᠢ ᠶᠢᠨ ᠠᠭᠤᠷᠬᠠᠢ ᠳᠤ ᠭᠡᠷᠡᠭᠯᠡᠬᠦ ᠠᠴᠢᠶᠠᠨ ᠤ ᠮᠠᠰᠢᠨ ᠵᠡᠷᠭᠡ 15 ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ ᠠᠵᠢᠯ ᠡᠬᠢᠯᠡᠭᠦᠯᠦᠨ᠎ᠡ ︔ ᠵᠢᠦ ᠲᠠᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠂ ᠬᠤᠢ ᠨᠧᠩ ᠤᠨ ᠴᠠᠬᠢᠭᠤᠷ ᠬᠦᠩᠭᠡᠨᠴᠠᠭᠠᠨ ᠤ ᠬᠠᠶᠢᠯᠤᠰᠢ ᠶᠢᠨ | ᠵᠢᠱᠢᠶ᠎ᠡ ᠦᠵᠡᠭᠦᠯᠬᠦ ᠂ ᠢᠤᠢ ᠵᠢᠩ ᠰᠢᠯ ᠤᠨ ᠬᠤᠶᠠᠳᠤᠭᠠᠷ ᠬᠤᠭᠤᠴᠠᠭ᠎ᠠ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢ ᠹᠸᠢ ᠯᠢᠲ᠋ᠢ | ᠳ᠋ᠢᠶᠠᠨ ᡂᠢ ᠂ ᠴᠠᠬᠢᠭᠤᠷ ᠤᠨ ᠢᠷᠡᠯᠳᠡ ᠴᠠᠬᠢᠭᠤᠷ ᠤᠨ ᠰᠠᠭᠤᠷᠢ ᠮᠠᠲ᠋ᠧᠷᠢᠶᠠᠯ ᠤᠨ ᠪᠢᠯᠢᠭ ᠲᠤᠶᠢᠯ ᠤᠨ ᠮᠠᠲ᠋ᠧᠷᠢᠶᠠᠯ ᠵᠡᠷᠭᠡ 10 ᠲᠥᠷᠥᠯ ᠵᠦᠢᠯ ᠢ ᠵᠢᠯ ᠤᠨ | ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ ᠃ ᠱᠠᠭᠠᠵᠠᠩ ᠤᠨ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ | ᠴᠢᠩᠭᠠᠷᠠᠭᠤᠯᠵᠤ ᠂ ᠳ᠋ᠠ ᠬᠠᠨ ᠶᠣᠣ ᠱᠠᠭᠠᠵᠠᠩ ᠤᠨ ᠦᠢᠯᠡᠰ ᠤᠨ ᠦᠢᠯᠡᠳᠪᠦᠷᠢᠯᠡᠯ ᠢᠶᠠᠨ ᠰᠡᠷᠭᠦᠭᠡᠵᠦ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠵᠤ ᠂ | ᠱᠠᠭᠠᠵᠠᠩ ᠤᠨ ᠦᠢᠯᠡᠰ ᠢ ᠠᠯᠬᠤᠮ ᠠᠯᠬᠤᠮ ᠢᠶᠠᠷ ᠪᠤᠵᠠᠭᠠᠶᠢᠷᠠᠭᠤᠯᠤᠨ᠎ᠠ︔ ᠵᠢᠶᠦ᠋ᠨ ᠴᠧᠩ ᠳᠣᠣᠷ᠎ᠠ ᠠᠭᠠᠷ ᠤᠨ ᠠᠵᠤ ᠠᠬᠤᠢ ᠶᠢᠨ ᠪᠥᠬᠦ ᠠᠵᠤ ᠦᠢᠯᠡᠰ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠂ ᠵᠢᠦ ᠲᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠫ ᠂ ᠵᠥᠩ ᠲᠢᠶᠠᠨ ᠰᠢᠨ᠎ᠡ ᠮᠠᠲ᠋ᠧᠷᠢᠶᠠᠯ ᠂ ᠠᠢ ᠰᠢᠦᠢ ᠬᠡᠷᠡᠯ | ᠴᠡᠨᠡᠭ ᠤᠨ ᠳᠤᠨᠤᠬᠯᠠᠭᠠᠰᠤ ᠂ ᠳᠤᠮᠳᠠᠳᠤ ᠤᠯᠤᠰ ᠤᠨ ᠡᠨᠧᠷᠬᠢ ᠶᠢᠨ ᠪᠦᠲᠦᠭᠡᠨ ᠪᠠᠶᠢᠭᠤᠯᠤᠯᠲᠠ ᠶᠢᠨ ᠰᠠᠯᠬᠢᠨ ᠬᠦᠴᠤᠨ ᠤ ᠴᠠᠬᠢᠯᠭᠠᠨ ᠭᠡᠷᠡᠯ ᠴᠡᠨᠡᠭ ᠬᠠᠳᠠᠭᠠᠯᠠᠴᠠ | ︱ ᠤᠰᠤᠲᠥ᠋ᠷᠥᠭᠴᠢ ᠰᠢᠪᠲᠦᠷᠲᠦ ᠠᠯᠺᠣᠣᠯ ᠵᠡᠷᠭᠡ ᠲᠥᠷᠥᠯ ᠵᠦᠢᠯ ᠢ ᠤᠷᠤᠨᠵᠢᠭᠤᠯᠬᠤ ᠶᠢ ᠠᠬᠢᠭᠤᠯᠤᠨ᠎ᠠ ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠲᠠᠯ᠎ᠠ ᠪᠠᠷ ᠂ ᠷᠦᠢ ᠬᠤᠩ ᠪᠣᠬᠢᠷᠲᠤᠯ ᠦᠭᠡᠢ ᠣᠶᠤᠨᠴᠢ ᠡᠬᠡ ᠬᠠᠭᠤᠷᠠᠢ ᠶᠢᠨ ᠭᠠᠷᠠᠮ ᠂ ᠮᠧᠩ ᠢ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ ᠲᠥᠷᠥᠯ | ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ ᠂ ᠯᠦᠩ ᠺᠧᠦ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ | ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ ᠂ ᠨᠡᠭᠦᠷᠡᠰᠦ ᠶᠢ ᠭᠠᠳᠠᠭᠰᠢ ᠲᠡᠭᠡᠭᠡᠪᠦᠷᠢᠯᠡᠬᠦ ᠴᠢᠳᠠᠪᠤᠷᠢ ᠶᠢ 2000 ᠲᠦᠮᠡᠨ ᠲᠣᠨ | ᠰᠢᠨ᠎ᠡ ᠪᠠᠷ ᠨᠡᠮᠡᠭᠳᠡᠭᠦᠯᠦᠨ᠎ᠡ ᠃ ᠨᠢᠭᠡᠨᠲᠡ ᠪᠠᠶᠢᠭᠤᠯᠤᠭᠰᠠᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠥᠷᠨᠢᠭᠦᠯᠬᠦ ᠶᠢ | ᠵᠣᠷᠢᠭᠵᠢᠭᠤᠯᠵᠤ ᠂ ᠰᠢᠨ᠎ᠡ ᠡᠨᠧᠷᠭᠢ ᠶᠢᠨ ᠴᠡᠨᠡᠭᠯᠡᠵᠦ ᠰᠣᠯᠢᠬᠤ ᠴᠠᠬᠢᠯᠭᠠᠨ ᠥᠷᠲᠡᠭᠡ ᠶᠢ ᠰᠢᠨ᠎ᠡ ᠪᠠᠷ 6 ᠪᠠᠶᠢᠭᠤᠯᠵᠤ ᠂ 2000 ᠰᠢᠨ᠎ᠡ ᠡᠨᠧᠷᠭᠢ ᠶᠢᠨ ᠬᠦᠨᠳᠦ | ᠠᠴᠢᠶᠠᠨ ᠤ ᠮᠠᠰᠢᠨ ᠢ ᠬᠡᠷᠡᠭᠯᠡᠨ᠎ᠡ ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠦᠢᠯᠡᠰ ᠢ ᠡᠷᠡᠭᠦᠯ ᠢᠶᠠᠷ ᠬᠦᠭᠵᠢᠬᠦᠯᠬᠦ ᠬᠡᠷᠡᠭᠵᠢᠭᠦᠯᠬᠦ ᠲᠥᠰᠥᠯ ᠢ ᠨᠡᠶᠢᠲᠡᠯᠡᠵᠦ ᠂ | ᠱᠧᠩ ᠰᠢᠶᠠᠩ ᠰᠣᠶᠣᠯ ᠵᠤᠭᠠᠴᠠᠯ ᠂ ᠭᠦᠸᠧ ᠰᠢᠩ ᠡᠨᠧᠷᠭᠢ ᠶᠢᠨ ᠰᠤᠷᠪᠤᠯᠵᠢ ᠵᠡᠷᠭᠡ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠢ ᠳᠡᠯᠭᠡᠷᠡᠭᠦᠯᠦᠨ | ᠬᠡᠷᠡᠭᠯᠡᠵᠦ ᠂ ᠮᠠᠨ ᠱᠢ ᠶᠢᠨ ᠬᠠᠮᠲᠤᠷᠠᠭᠰᠠᠨ ᠪᠠᠷᠠᠭᠠᠨ ᠤ ᠭᠦᠢᠯᠭᠡᠭᠡᠨ ᠂ ᠥᠪᠥᠷ ᠮᠣᠩᠭᠤᠯ ᠤᠨ ᠪᠠ ᠶᠦᠨ ᠪᠠᠷᠠᠭᠠᠨ ᠤ ᠭᠦᠢᠯᠭᠡᠭᠡᠨ ᠂ ᠮᠧᠩ ᠺᠠᠢ ᠲᠡᠭᠡᠭᠡᠪᠦᠷᠢ ᠵᠡᠷᠭᠡ | ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ ᠂ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ | ᠲᠤᠬᠠᠶᠢᠯᠠᠭᠰᠠᠨ ᠠᠵᠢᠯ ᠤᠨ ᠡᠭᠡᠯᠭᠡ ᠶᠢᠨ ᠤᠶᠢᠯᠡᠰ ᠢ ᠶᠡᠬᠡᠪᠡᠷ ᠠᠬᠢᠭᠤᠯᠵᠤ ᠂ ᠪᠠᠷᠠᠭᠠᠨ ᠤ ᠭᠦᠢᠯᠭᠡᠭᠡᠨ ᠤ ᠦᠢᠯᠡᠰ ᠢ ᠰᠢᠨ᠎ᠡ ᠨᠡᠮᠡᠭᠳᠡᠯ ᠤᠨ ᠲᠤᠶᠢᠯ ᠪᠣᠯᠭᠠᠨ᠎ᠠ ᠃ | ᠪᠦᠳᠤᠭᠡᠯᠴᠢ ᠰᠣᠶᠣᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ ᠬᠠᠩᠭᠠᠬᠤ ᠶᠢ ᠴᠢᠩᠭᠠᠳᠬᠠᠵᠤ ᠂ ᠵᠠᠭᠤᠨ ᠡᠳᠦᠷ ᠤᠨ ᠵᠤᠰᠠᠯᠠᠩ ᠤᠨ ᠦᠳᠡᠰᠢᠯᠡᠭᠡ ᠂ | ᠲᠠᠷᠢᠶᠠᠴᠢᠳ ᠤᠨ ᠴᠠᠭᠠᠨ ᠰᠠᠷ᠎ᠠ ᠶᠢᠨ ᠦᠳᠡᠰᠢᠯᠡᠭᠡ ᠂ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ ᠵᠡᠷᠭᠡ ᠣᠯᠠᠨ ᠲᠦᠮᠡᠨ ᠤ ᠰᠣᠶᠣᠯ ᠤᠨ ᠲᠥᠷᠥᠯ | ᠲᠡᠮᠳᠡᠭᠲᠦ ᠶᠢ ᠪᠣᠶᠢᠵᠢᠭᠤᠯᠤᠨ᠎ᠠ ︔ ᠬᠠᠲᠤᠨ ᠭᠤᠣᠯ ᠤᠨ ᠳᠤᠮᠤ ᠬᠠᠪᠴᠢᠯ ᠂ ᠵᠡᠭᠦᠨᠭᠠᠷ ᠵᠣᠣ ᠶᠢ ᠪᠦᠬᠦ ᠬᠤᠲᠠ ᠶᠢᠨ ᠵᠤᠭᠠᠴᠠᠯ ᠤᠨ ᠶᠡᠭᠡ ᠲᠣᠭᠤᠷᠢᠯ ᠵᠠᠮ ᠳᠤ | ᠠᠭᠤᠰᠬᠠᠨ ᠣᠷᠣᠭᠤᠯᠵᠤ ᠂ ᠤᠶᠢᠷ᠎ᠠ ᠬᠠᠪᠢ ᠶᠢᠨ ᠭᠠᠵᠠᠷ ᠣᠷᠣᠨ ᠯᠤᠭ᠎ᠠ ᠬᠠᠲᠤᠨ ᠭᠤᠣᠯ ᠳᠠᠭᠠᠤ ᠵᠤᠭᠠᠴᠠᠬᠤ ᠵᠤᠭᠠᠴᠠᠯ ᠤᠨ ᠵᠢᠵᠢᠭ ᠲᠣᠭᠤᠷᠢᠯ ᠵᠠᠮ | ᠪᠠᠶᠢᠭᠤᠯᠬᠤ ᠶᠢ ᠬᠠᠶᠢᠨ ᠰᠦᠪᠡᠭᠴᠢᠯᠡᠵᠦ ᠂ ᠬᠠᠲᠤᠨ ᠭᠤᠣᠯ ᠤᠨ ᠳᠤᠮᠤ ᠬᠠᠪᠴᠢᠯ ᠤᠨ ᠠᠮᠠᠷᠠᠯᠲᠠ ᠶᠢᠨ ᠬᠤᠸᠠᠷᠠᠨ ᠂ ᠱᠧᠨ ᠴᠢᠦᠸᠠᠨ ᠬᠡᠭᠡᠷ᠎ᠡ ᠪᠠᠭᠤᠳᠠᠯᠯᠠᠬᠤ | ᠰᠠᠭᠤᠷᠢᠨ ᠭᠠᠵᠠᠷ ᠂ ᠱᠦᠢ ᠵᠢᠩ ᠬᠤ᠋ ᠶᠢᠨ ᠭᠡᠷᠳᠤ ᠲᠡᠷᠭᠡ ᠶᠢᠨ ᠦᠪᠡᠷ ᠢᠶᠠᠨ ᠵᠢᠯᠤᠭᠤᠳᠬᠤ ᠳᠡᠷᠭᠡᠨ ᠤ ᠬᠤᠸᠠᠷᠠᠨ ᠢ ᠪᠦᠲᠦᠭᠡᠨ ᠪᠠᠶᠢᠭᠤᠯᠵᠤ ᠂ ᠬᠠᠲᠤᠨ | ᠭᠤᠣᠯ ᠤᠨ ᠳᠤᠮᠤ ᠬᠠᠪᠴᠢᠯ ᠬᠢᠭᠡᠳ ᠴᠢᠩ ᠱᠦᠢ ᠾᠧ ᠭᠤᠣᠯ ᠤᠨ ᠯᠣᠸ ᠨᠢᠦ ᠸᠠᠨ ᠢ ᠬᠤᠷᠰᠢᠨ ᠨᠡᠭᠡᠭᠡᠨ ᠬᠥᠭᠵᠢᠭᠦᠯᠬᠦ ᠠᠵᠢᠯ ᠢ ᠡᠬᠢᠯᠡᠭᠦᠯᠵᠦ ᠂ ᠪᠥᠬᠦ ᠵᠢᠯ ᠳᠤ | ᠭᠥᠯᠢᠶᠡᠨ ᠠᠪᠬᠤ ᠵᠤᠭᠠᠴᠠᠭᠰᠠᠳ ᠤᠨ ᠲᠤᠭ᠎ᠠ ᠶᠢ 200 ᠲᠦᠮᠡᠨ ᠬᠥᠮᠥᠨ ᠤᠳᠠᠭ᠎ᠠ ᠠᠴᠠ ᠳᠠᠪᠠᠭᠤᠯᠬᠤ ᠪᠠᠷ ᠴᠢᠷᠮᠠᠶᠢᠵᠤ ᠂ ᠵᠤᠭᠠᠴᠠᠯ ᠤᠨ ᠣᠷᠣᠯᠭ᠎ᠠ ᠶᠢ 10.5 | ᠳ᠋ᠦᠩᠰᠢᠭᠤᠷ ᠲᠥᠭᠦᠷᠢᠭ ᠲᠤ ᠬᠦᠷᠭᠡᠵᠤ ᠂ 10% ᠪᠠᠷ ᠨᠡᠮᠡᠭᠳᠡᠭᠦᠯᠦᠨ᠎ᠡ ᠃ | ᠴᠢᠬᠤᠯᠠ ᠶᠡᠭᠡ ᠳᠦᠷᠤᠯ ᠵᠤᠶᠢᠯ ᠢ ᠲᠥᠯᠥᠪᠵᠢᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠪᠥᠬᠦ ᠵᠢᠯ ᠳᠤ ︽ ᠬᠤᠶᠠᠷ ᠴᠢᠬᠤᠯᠠ ᠂ ᠬᠤᠶᠠᠷ ᠦᠢᠯᠡᠰ ︾ ᠤᠨ | ᠲᠥᠷᠥᠯ ᠵᠦᠢᠯ ᠢ 20 ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠵᠢᠭᠦᠯᠦᠨ ᠂ ᠠᠵᠤ ᠦᠢᠯᠡᠰ ᠤᠨ ᠬᠤᠯᠪᠣᠭᠳᠠᠬᠤ ᠬᠡᠮᠵᠢᠶ᠎ᠡ ᠪᠠᠷ ᠶᠡᠭᠡ ᠂ ᠮᠡᠷᠭᠡᠵᠢᠯ ᠤᠨ | ᠠᠭᠤᠯᠤᠭᠳᠠᠴᠠ ᠪᠠᠷ ᠥᠨᠳᠥᠷ ᠂ ᠨᠥᠯᠥᠭᠡᠯᠡᠨ ᠳᠠᠶᠢᠴᠢᠯᠠᠬᠤ ᠴᠢᠳᠠᠪᠤᠷᠢ ᠪᠠᠷ ᠴᠢᠩᠭ᠎ᠠ ᠲᠥᠷᠥᠯ ᠵᠦᠢᠯ ᠢ ᠭᠤᠣᠯᠳᠠᠯᠭ᠎ᠠ ᠲᠠᠢ ᠤᠷᠤᠭᠤᠯᠤᠨ ᠠᠪᠴᠢᠷᠠᠵᠤ ᠂ ᠪᠥᠬᠦ | ᠵᠢᠯ ᠳᠤ ᠤᠷᠤᠨᠵᠢᠭᠤᠯᠬᠤ ᠪᠡᠯᠡ ᠮᠥᠩᠭᠦ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠃ ︽ ᠠᠷᠪᠠᠨ ᠲᠠᠪᠤᠳᠤᠭᠠᠷ ᠲᠠᠪᠤᠨ ᠵᠢᠯ ︾ ᠤᠨ | ᠲᠥᠯᠦᠪᠵᠢᠭᠦᠯᠭᠡ ᠶᠢᠨ ᠬᠤᠭᠤᠴᠠᠭᠠᠨ ᠳᠠᠬᠢ ᠱᠠᠲᠤ ᠦᠶ᠎ᠡ ᠶᠢᠨ ᠴᠢᠨᠠᠷᠲᠠᠢ ᠬᠠᠷᠠᠯᠲᠠ ᠡᠭᠦᠷᠭᠡ ᠳᠤ ᠰᠠᠭᠤᠷᠢᠯᠠᠨ᠂ ︽ᠲᠠᠪᠤᠨ ᠰᠠᠭᠤᠷᠢ︾ ᠶᠢᠨ ᠠᠵᠤ ᠦᠢᠯᠡᠰ ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂ ᠰᠠᠭᠤᠷᠢ ᠲᠥᠬᠦᠭᠡᠷᠦᠮᠵᠢ᠂ ᠨᠡᠶᠢᠭᠡᠮ ᠠᠷᠠᠳ ᠤᠨ ᠠᠮᠢᠳᠤᠷᠠᠯ ᠂ ᠠᠮᠤᠷ ᠲᠦᠪᠰᠢᠨ ᠣᠷᠴᠢᠨ ᠳᠤᠭᠤᠷᠢᠨ ᠤ | ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠴᠠᠷᠠᠭᠠ ᠶᠢᠨ ᠳᠤᠭᠤᠷᠢᠨ ᠳᠤ ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠳᠦᠷᠤᠯ ᠵᠤᠶᠢᠯ ᠢ ᠲᠥᠰᠥᠪᠯᠡᠨ | ᠨᠥᠭᠡᠴᠡᠯᠡᠵᠦ ᠂ ᠴᠢᠨᠠᠷ ᠰᠠᠶᠢᠲᠠᠢ ᠳᠦᠷᠤᠯ ᠵᠤᠶᠢᠯ ᠢᠶᠠᠷ ᠴᠢᠨᠠᠷ ᠰᠠᠶᠢᠲᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠥᠰᠥᠪᠯᠡᠨ ᠲᠤᠯᠭᠠᠭᠤᠷᠢᠯᠠᠨ᠎ᠠ᠃ | ᠴᠢᠬᠤᠯᠠ ᠶᠡᠭᠡ ᠲᠥᠷᠥᠯ ᠵᠦᠢᠯ ᠤᠨ ᠴᠢᠬᠤᠯᠠ ᠴᠢᠨᠠᠷ ᠂ ᠪᠣᠯᠣᠮᠵᠢᠲᠤ ᠴᠢᠨᠠᠷ ᠂ ᠪᠡᠯᠡ ᠮᠥᠩᠭᠦ ᠶᠢᠨ ᠢᠷᠡᠯᠲᠡ ᠂ ᠡᠮᠦᠨᠡᠬᠢ ᠬᠤᠭᠤᠴᠠᠭᠠᠨ ᠤ ᠭᠠᠷᠳᠠᠮ ᠵᠡᠷᠭᠡ | ᠲᠠᠯ᠎ᠠ ᠶᠢᠨ ᠰᠤᠳᠤᠯᠭᠠᠨ ᠢ ᠴᠢᠩᠭᠠᠳᠬᠠᠵᠤ ᠂ ᠲᠥᠷᠥᠯ ᠵᠦᠢᠯ ᠤᠨ ᠪᠣᠯᠪᠠᠰᠤᠷᠠᠩᠭᠤᠢ ᠪᠣᠯᠤᠭᠰᠠᠨ ᠬᠢᠷᠢ ᠳᠦᠪᠰᠢᠨ ᠢ ᠳᠡᠭᠡᠭᠰᠢᠯᠡᠭᠦᠯᠦᠨ ᠂ ᠢᠳᠡᠪᠬᠢᠲᠡᠢ ᠪᠠᠷ ᠳᠡᠭᠡᠭᠰᠢ | ᠬᠠᠷᠢᠭᠤ ᠮᠡᠳᠡᠭᠦᠯᠵᠦ ᠨᠡᠪᠲᠡᠷᠡᠯᠴᠡᠵᠦ ᠂ ᠬᠤᠢ ᠨᠧᠩ ᠴᠠᠬᠢᠭᠤᠷ ᠬᠦᠩᠭᠡᠨᠴᠠᠭᠠᠨ ᠤ ᠬᠠᠶᠢᠯᠤᠰᠢ ᠶᠢᠨ ᠠᠵᠤ ᠦᠢᠯᠡᠰ ᠤᠨ ᠰᠦᠷᠦᠭᠵᠢᠯ ᠂ ᠵᠡᠬᠦᠠᠭᠠᠷ ᠡᠨᠧᠷᠬᠢ ᠶᠢᠨ | ᠪᠦᠯᠦᠭᠯᠡᠯ ᠤᠨ ᠨᠡᠭᠦᠷᠡᠰᠦ ᠪᠠᠷ ᠰᠢᠳᠠᠮᠠᠬᠠᠢ ᠬᠡᠢ ᠦᠢᠯᠡᠳᠪᠤᠷᠢᠯᠡᠬᠦ ᠂ ᠮᠧᠩ ᠲᠠᠢ ᠴᠠᠬᠢᠯᠭᠠᠨ ᠵᠠᠳᠠᠯᠤᠯ ᠤᠨ ᠬᠦᠩᠭᠡᠨᠴᠠᠭᠠᠨ ᠵᠡᠷᠭᠡ ᠲᠥᠷᠥᠯ ᠵᠦᠢᠯ ᠢ ᠤᠯᠤᠰ ᠪᠠ | ᠥᠪᠡᠷᠲᠡᠭᠡᠨ ᠵᠠᠰᠠᠬᠤ ᠣᠷᠣᠨ ᠤ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠤᠨ᠎ᠠ ᠃ ᠨᠠᠢᠮᠠᠨ ᠶᠡᠭᠡ ᠠᠵᠤ ᠠᠬᠤᠢ ᠶᠢᠨ ᠡᠵᠡᠩᠨᠡᠯᠲᠡ ᠶᠢᠨ | ᠬᠡᠯᠪᠡᠷᠢ ᠪᠠᠶᠢᠳᠠᠯ ᠤᠨ ᠲᠣᠭᠤᠷᠢᠨ ᠳᠤ ᠂ ᠳᠤᠯᠤᠭᠠᠶᠢᠯᠠᠬᠴᠢ ᠠᠵᠤ ᠠᠬᠤᠶᠢᠯᠠᠯ ᠤᠨ ᠳᠡᠭᠡᠳᠦ ᠳᠣᠣᠷᠠᠳᠤ ᠭᠡᠯᠬᠢᠶ᠎ᠠ ᠶᠢ ᠡᠮᠬᠢᠯᠡᠨ ᠨᠡᠶᠢᠯᠡᠭᠦᠯᠬᠦ ᠂ ᠭᠠᠳᠠᠨ᠎ᠠ ᠠᠴᠠ | ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠤᠨᠠ ᠃ ᠨᠥᠬᠦᠴᠡᠯ ᠳᠤ ᠨᠡᠶᠢᠴᠡᠬᠦ ᠠᠵᠤ | ᠠᠬᠤᠶᠢᠯᠠᠯ ᠤᠨ ᠪᠦᠬᠦ ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠬᠤᠪᠢ ᠤᠷᠤᠭᠤᠯᠤᠯᠳᠠ ᠪᠠᠨ ᠰᠢᠯᠵᠢᠬᠦᠯᠬᠦ ᠰᠢᠰᠲ᠋ᠧᠮ ᠫᠠᠶᠢᠰᠠ ᠡᠯᠭᠦᠨ ᠵᠠᠬ᠎ᠠ | ᠳᠡᠯᠭᠡᠭᠦᠷ ᠲᠤ ᠭᠠᠷᠬᠤ ᠶᠢ ᠢᠳᠡᠪᠬᠢᠲᠡᠢ ᠪᠠᠷ ᠠᠬᠢᠭᠤᠯᠤᠨ᠎ᠠ ᠃ ᠳᠤᠮᠳᠠ ᠪᠠᠭ᠎ᠠ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠠᠬᠢᠭᠤᠯᠵᠤ ᠂ ᠵᠢᠯ ᠤᠨ | ᠳᠣᠲᠣᠷ᠎ᠠ ᠤᠯᠤᠰ ᠤᠨ ᠲᠠᠰ ᠤᠨ ︽ ᠵᠢᠵᠢᠭ ᠠᠪᠤᠷᠭᠤ ︾ ᠶᠢᠨ ᠠᠵᠤ ᠠᠬᠤᠶᠢᠯᠠᠯ 1 ᠂ ᠥᠪᠡᠷᠲᠡᠭᠡᠨ ᠵᠠᠰᠠᠬᠤ ᠣᠷᠣᠨ ᠤ ︽ ᠲᠤᠰᠬᠠᠢ ᠨᠠᠷᠢᠯᠢᠭ ᠣᠨᠴᠠ | ᠰᠢᠨ᠎ᠡ ︾ ᠳᠤᠮᠳᠠ ᠪᠠᠭ᠎ᠠ ᠠᠵᠤ ᠠᠬᠤᠶᠢᠯᠠᠯ 5 ᠂ ᠰᠢᠨ᠎ᠠ ᠪᠠᠷ ᠬᠥᠮᠥᠷᠭᠡ ᠳᠤ ᠣᠷᠣᠭᠤᠯᠬᠤ ᠭᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 10 ᠠᠴᠠ | ᠳᠡᠭᠡᠭᠰᠢ ᠪᠣᠶᠢᠵᠢᠭᠤᠯᠤᠨ᠎ᠠ ᠃ ᠵᠢᠵᠢᠭ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠵᠦ ᠂ ᠭᠡᠪᠴᠢᠶᠡᠵᠢᠯ ᠢᠶᠠᠷ ᠨᠡᠯᠢᠶᠡᠳ ᠶᠡᠭᠡ ᠂ ᠭᠤᠣᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠷ ᠨᠡᠯᠢᠶᠡᠳ ᠠᠷᠪᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠪᠠᠨ | ᠬᠤᠪᠢᠷᠠᠭᠤᠯᠤᠨ ᠠᠵᠤ ᠠᠬᠤᠶᠢᠯᠠᠯ ᠪᠣᠯᠬᠤ ᠶᠢ ᠬᠥᠲᠥᠯᠥᠨ ᠵᠢᠯᠤᠭᠤᠳᠴᠤ ᠂ ᠪᠥᠬᠦ ᠵᠢᠯ ᠳᠤ ︽ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ | ᠠᠬᠤᠶᠢᠯᠠᠯ ᠪᠣᠯᠭᠠᠨ ᠬᠤᠪᠢᠷᠠᠭᠤᠯᠬᠤ ︾ ᠶᠢ 10 ᠡᠷᠦᠬᠡ ᠠᠴᠠ ᠳᠡᠭᠡᠭᠰᠢ ᠪᠡᠶᠡᠯᠡᠭᠦᠯᠦᠨ᠎ᠡ᠃ ᠠᠷᠭ᠎ᠠ ᠪᠣᠳᠣᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠵᠦ ᠠᠵᠤ | ᠠᠬᠤᠶᠢᠯᠠᠯ ᠢ ᠬᠠᠪᠰᠤᠷᠤᠨ ᠲᠡᠳᠬᠦᠵᠦ ᠬᠥᠭᠵᠢᠯᠲᠡ ᠶᠢ ᠨᠢ ᠲᠦᠷᠭᠡᠳᠬᠡᠨ ᠂ ︽ ᠪᠢ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠬᠦ︾ ᠭᠡᠷ᠎ᠡ ᠶᠢ | 25 ᠳ᠋ᠦᠩᠰᠢᠭᠤᠷ ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠤᠨ᠎ᠠ᠃ ︽ ᠬᠤᠶᠠᠷ ᠰᠢᠨ᠎ᠡ ︾ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠂ ᠬᠡᠷᠡᠭᠯᠡᠭᠡᠨ ᠤ | ᠲᠡᠮᠳᠡᠭᠲᠦ ᠶᠢᠨ ᠲᠥᠷᠥ ᠶᠢᠨ ᠪᠣᠳᠣᠯᠭ᠎ᠠ ᠶᠢ ᠳᠠᠬᠢᠨ ᠳᠠᠪᠲᠠᠨ ᠰᠢᠯᠢᠳᠡᠭᠵᠢᠭᠦᠯᠵᠦ ᠂ ᠬᠡᠷᠡᠭᠯᠡᠭᠡ ᠶᠢ ᠳᠠᠶᠢᠴᠢᠯᠠᠬᠤ ᠡᠯ᠎ᠡ ᠲᠥᠷᠥᠯ ᠤᠨ ᠪᠡᠯᠡ ᠮᠥᠩᠭᠦ ᠶᠢ 3000 | ᠲᠦᠮᠡᠨ ᠲᠥᠭᠦᠷᠢᠭ ᠲᠠᠷᠬᠠᠭᠠᠵᠤ ᠂ ᠪᠥᠬᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 5000 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ | ᠴᠢᠷᠮᠠᠶᠢᠵᠤ ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠡᠬᠦᠳᠤᠨ ᠪᠦᠳᠤᠭᠡᠬᠦ ᠬᠦᠴᠦᠨ ᠢ | ᠢᠯᠡᠳᠲᠡ ᠴᠢᠩᠭᠠᠷᠠᠭᠤᠯᠤᠨ᠎ᠠ ᠃ | ︵ ᠬᠤᠶᠠᠷ ︶ ᠰᠢᠨᠡᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠶᠢ ᠲᠦᠷᠭᠡᠳᠬᠡᠵᠦ ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠴᠢᠳᠠᠪᠬᠢ ᠣᠯᠭᠤᠬᠤ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠬᠠᠮᠲᠤᠪᠠᠷ ᠠᠬᠢᠭᠤᠯᠤᠨ᠎ᠠ ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠲᠤᠯᠠᠭ᠎ᠠ ᠶᠢᠨ ᠳᠤᠬᠳᠠᠴᠠ ᠶᠢ ᠳᠡᠬᠦᠯᠳᠡᠷᠵᠢᠬᠦᠯᠤᠨ᠎ᠠ᠃ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠵᠤ ᠂ 20% ᠶᠢᠨ ᠵᠠᠪᠠᠯ ᠨᠡᠮᠡᠭᠳᠡᠬᠦᠯᠬᠦ ᠨᠡᠮᠡᠭᠳᠡᠯ ᠤᠨ ᠲᠣᠭᠲᠠᠴᠠ ᠶᠢ ᠰᠠᠶᠢᠲᠤᠷ ᠬᠡᠷᠡᠭᠵᠢᠭᠦᠯᠵᠦ ᠂ 2.2 ᠳ᠋ᠦᠩᠰᠢᠭᠤᠷ | ᠲᠥᠭᠦᠷᠢᠭ ᠠᠴᠠ ᠳᠣᠣᠷ᠎ᠠ ᠦᠭᠡᠢ ᠲᠤᠰᠬᠠᠢ ᠵᠦᠢᠯ ᠤᠨ ᠪᠡᠯᠡ ᠮᠥᠩᠭᠦ ᠶᠢ ᠲᠣᠬᠢᠷᠠᠭᠤᠯᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠦᠷᠤᠯ | ᠵᠤᠶᠢᠯ ᠢ ᠬᠡᠷᠡᠭᠵᠢᠭᠦᠯᠬᠦ ᠶᠢ ᠳᠡᠮᠵᠢᠵᠦ ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ ᠭᠤᠣᠯᠳᠠᠯᠭ᠎ᠠ ᠲᠠᠢ ᠠᠵᠤ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠤ ᠲᠥᠪᠯᠡᠷᠡᠭᠦᠯᠬᠦ ᠶᠢ ᠠᠬᠢᠭᠤᠯᠤᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ | ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ ᠂ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ | ᠵᠣᠷᠢᠭᠵᠢᠭᠤᠯᠵᠤ ᠂ ᠰᠤᠳᠤᠯᠭᠠᠨ ᠤ ᠵᠠᠷᠤᠳᠠᠯ ᠢ 14 ᠳ᠋ᠦᠩᠰᠢᠭᠤᠷ ᠲᠥᠭᠦᠷᠢᠭ ᠠᠴᠠ ᠳᠠᠪᠠᠭᠤᠯᠤᠨ ᠬᠤᠷᠠᠮᠳᠤᠭᠤᠯᠵᠤ ᠂ ᠪᠥᠬᠦ ᠨᠡᠶᠢᠭᠡᠮ ᠤᠨ R&D ᠳᠠᠬᠢ | ᠣᠷᠣᠭᠤᠯᠤᠯᠲᠠ ᠶᠢᠨ ᠡᠷᠴᠢᠮ ᠢ 1% ᠳᠤ ᠬᠦᠷᠭᠡᠬᠦ ᠪᠠᠷ ᠴᠢᠷᠮᠠᠶᠢᠨ᠎ᠠ ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠪᠦᠬᠦ ᠲᠤᠭ᠎ᠠ ᠶᠢ 75 ᠳᠤ ᠬᠦᠷᠭᠡᠵᠦ ᠂ ᠰᠢᠨ᠎ᠡ ᠶᠢ ᠡᠭᠦᠳᠬᠦ ᠬᠡᠯᠪᠡᠷᠢ ᠶᠢᠨ | ᠳᠤᠮᠳᠠ ᠪᠠᠭ᠎ᠠ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠵᠡᠭᠦᠨᠭᠠᠷ ᠵᠠᠪᠰᠠᠷ ᠲᠤᠷᠰᠢᠯᠲᠠ ᠶᠢᠨ ᠰᠠᠭᠤᠷᠢᠨ ᠭᠠᠵᠠᠷ ᠂ ᠨᠡᠭᠦᠷᠡᠰᠦ ᠶᠢ | ᠠᠷᠢᠭᠤᠨ ᠴᠡᠪᠡᠷ ᠪᠦᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠵᠡᠭᠦᠨᠭᠠᠷ ᠤᠨ ᠰᠤᠳᠤᠯᠭᠠᠨ ᠤ ᠲᠥᠪ ᠵᠡᠷᠭᠡ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ ᠃ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠠᠶᠢᠲᠤᠷ ᠬᠢᠬᠦ ᠶᠢ ᠳᠡᠮᠵᠢᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠰᠢᠯᠭᠠᠨᠬᠤᠷᠢᠶᠠᠬᠤ ᠳᠤ ᠣᠷᠣᠭᠤᠯᠵᠤ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠢ | ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠭᠠᠨ ᠪᠦᠲᠦᠭᠡᠨ ᠪᠠᠶᠢᠭᠤᠯᠬᠤ ᠶᠢ ᠪᠥᠬᠦ ᠬᠦᠴᠤᠨ ᠢᠶᠠᠷ ᠢᠶᠠᠨ | ᠠᠬᠢᠭᠤᠯᠤᠨ᠎ᠠ ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠤᠨ᠎ᠠ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠂ ︽ ᠲᠠᠪᠤᠨ ᠰᠠᠭᠤᠷᠢ ︾ ᠶᠢᠨ ᠠᠵᠤ ᠦᠢᠯᠡᠰ ᠤᠨ | ᠲᠣᠭᠤᠷᠢᠨ ᠳᠤ ᠂ ᠵᠢᠶᠠᠩᠰᠤ ᠶᠢᠨ ᠵᠢᠶᠦ᠋ᠨ ᠴᠧᠩ ᠂ ᠰᠢᠩ ᠶᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠴᠢᠬᠤᠯᠠ ᠶᠡᠭᠡ ᠲᠤᠰᠬᠠᠢ ᠵᠦᠢᠯ ᠢ ᠬᠡᠷᠡᠭᠵᠢᠭᠦᠯᠬᠦ ᠶᠢ ᠳᠡᠮᠵᠢᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ 20 | ᠵᠦᠢᠯ ᠠᠴᠠ ᠳᠡᠭᠡᠭᠰᠢ ᠳᠤ ᠬᠦᠷᠭᠡᠵᠤ ᠂ ᠥᠪᠡᠷᠲᠡᠭᠡᠨ ᠵᠠᠰᠠᠬᠤ ᠣᠷᠣᠨ ᠤ ︽ ᠵᠠᠷᠯᠠᠨᠮᠠᠩᠯᠠᠶᠢᠯᠠᠬᠤ ︾ ᠲᠥᠷᠥᠯ ᠵᠦᠢᠯ ᠢ 2 ᠠᠴᠠ ᠳᠡᠭᠡᠭᠰᠢ ᠭᠤᠶᠤᠴᠢᠯᠠᠨ | ᠮᠡᠳᠡᠭᠦᠯᠵᠦ ᠂ ︽ ᠪᠣᠭᠤᠮᠢ ︾ ᠶᠢᠨ ᠮᠡᠷᠭᠡᠵᠢᠯ ᠤᠨ ᠠᠰᠠᠭᠤᠳᠠᠯ ᠢ ᠬᠦᠴᠦᠯᠡᠨ ᠰᠢᠪᠲᠤᠯᠤᠨ᠎ᠠ ᠃ ᠴᠢᠬᠤᠯᠠ ᠶᠡᠭᠡ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠤᠷᠤᠨᠵᠢᠭᠤᠯᠤᠨ ᠤᠯᠠᠷᠢᠭᠤᠯᠬᠤ ᠶᠢᠨ ᠬᠠᠮᠲᠤ ᠦᠶᠯᠡᠳᠬᠦᠨᠵᠢᠭᠦᠯᠬᠦ ᠂ ᠠᠵᠤ ᠦᠶᠯᠡᠰᠵᠢᠭᠦᠯᠬᠦ ᠶᠢ ᠪᠡᠶᠡᠯᠡᠭᠦᠯᠬᠦ ᠶᠢ ᠳᠡᠮᠵᠢᠵᠦ ᠂ ᠠᠵᠤ ᠦᠢᠯᠡᠳᠪᠦᠷᠢ ᠶᠢᠨ ᠢᠯᠴᠢ | ᠡᠨᠧᠷᠭᠢ ᠬᠠᠳᠠᠭᠠᠯᠠᠬᠤ ᠂ PVC ᠲᠤᠰᠠᠯᠠᠬᠤ ᠡᠳ᠋ ᠂ ᠰᠢᠨ᠎ᠡ ᠡᠨᠧᠷᠭᠢ ᠬᠢᠭᠡᠳ ᠬᠢᠮᠢ ᠶᠢᠨ ᠠᠵᠤ ᠦᠢᠯᠡᠳᠪᠦᠷᠢ ᠶᠢᠨ ᠡᠪᠴᠡᠯᠳᠤᠯ ᠵᠡᠷᠭᠡ ᠲᠥᠷᠥᠯ ᠵᠦᠢᠯ ᠳᠤ | ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠬᠤ ᠪᠠᠷ ᠴᠢᠷᠮᠠᠶᠢᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠬᠦᠷ ᠢ | ᠪᠠᠶᠢᠭᠤᠯᠵᠤ ᠂ ᠳ᠋ᠠ ᠯᠤ᠋ ᠠᠵᠤ ᠦᠢᠯᠡᠰ ᠤᠨ ᠬᠦᠷᠢᠶᠡᠯᠡᠩ ᠤᠨ ᠴᠢ ᠶᠤᠸᠠᠢ ᠯᠠᠢ ᠣᠯᠠᠨ ᠨᠡᠶᠢᠳᠡ ᠶᠢᠨ ᠰᠢᠨ᠎ᠡ ᠶᠢ ᠡᠭᠦᠳᠬᠦ ᠣᠷᠣᠨ ᠵᠠᠢ ᠶᠢ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ︵ ᠭᠤᠷᠪᠠ ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠪᠥᠬᠦ ᠲᠠᠯ᠎ᠠ ᠪᠠᠷ ᠨᠢᠭᠡᠳᠦᠯᠲᠡᠢ ᠲᠥᠯᠥᠪᠵᠢᠬᠦᠯᠵᠤ ᠂ ᠬᠤᠲᠠ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠠᠬᠢᠭᠤᠯᠤᠨ᠎ᠠ ᠃ | ᠠᠷᠠᠳ ᠲᠦᠮᠡᠨ ᠤ ᠰᠡᠳᠬᠢᠯ ᠬᠠᠨᠤᠮᠵᠢᠲᠠᠶ ᠬᠤᠳᠠ ᠶᠢ ᠪᠦᠲᠦᠭᠡᠨ ᠪᠠᠶᠢᠭᠤᠯᠤᠨ᠎ᠠ᠃ ︽ᠨᠢᠭᠡ ᠭᠤᠤᠯ ᠬᠤᠶᠠᠷ ᠵᠢᠭᠦᠷ ᠲᠤᠯᠤᠭᠠᠨ ᠤᠳᠤᠨ︾ ᠤ ᠬᠤᠳᠠ ᠶᠢᠨ ᠣᠷᠣᠨ | ᠵᠠᠢ ᠶᠢᠨ ᠪᠠᠶᠢᠷᠢᠰᠢᠭᠤᠯᠤᠯᠲᠠ ᠶᠢᠨ ᠣᠶᠢᠯᠠᠭᠠᠭᠳᠠᠬᠤᠨ ᠶᠣᠰᠣᠭᠠᠷ᠂ ᠬᠤᠳᠠ ᠶᠢᠨ ᠬᠡᠮ ᠰᠣᠭᠤᠭ ᠢ ᠣᠨᠣᠪᠴᠢᠲᠠᠢ ᠡᠷᠢᠵᠦ ᠂ ᠬᠤᠳᠠ ᠶᠢᠨ ᠳᠤᠲᠠᠭᠤᠳᠠᠯ ᠢ | ᠨᠥᠬᠦᠪᠦᠷᠢᠯᠡᠨ᠎ᠡ᠃ ᠰᠢᠦᠸᠠᠢ ᠵᠢᠶᠠ ᠸᠠᠨ ᠳᠤ ︽ ᠠᠰᠠᠭᠤᠳᠠᠯ ᠦᠭᠡᠢ ᠪᠣᠯ ᠪᠠᠷᠢᠯᠭ᠎ᠠ ᠪᠠᠷᠢᠬᠤ ᠦᠭᠡᠢ ︾ ᠵᠠᠷᠴᠢᠮ ᠢ ᠪᠠᠷᠢᠮᠲᠠᠯᠠᠨ ᠂ ᠬᠡᠷᠡᠭᠴᠡᠭᠡ ᠪᠠᠨ ᠦᠨᠳᠦᠰᠦᠯᠡᠨ | ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠵᠦ ᠂ ᠵᠧᠦ ᠵᠢᠶᠠ ᠸᠠᠨ ᠂ ᠵᠢᠶᠠ ᠵᠢᠶᠠ ᠸᠠᠨ ᠤ ᠪᠤᠴᠠᠭᠠᠨ ᠨᠡᠭᠦᠯᠭᠡᠵᠤ ᠲᠥᠪᠬᠢᠨᠡᠭᠦᠯᠬᠦ ᠭᠡᠷ ᠪᠠᠶᠢᠰᠢᠩ ᠪᠠᠬᠤᠢ ᠽᠧ B | ᠲᠣᠭᠤᠷᠢᠭ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠂ 14 ᠰᠠᠭᠤᠭᠠᠯᠢ ᠲᠣᠭᠤᠷᠢᠭ ᠤᠨ ᠭᠡᠷ ᠤᠨ | ᠣᠷᠣᠢ ᠶᠢᠨ ᠤᠰᠤ ᠰᠡᠷᠭᠡᠶᠢᠯᠡᠬᠦ ᠰᠡᠯᠪᠢᠨ ᠵᠠᠰᠠᠬᠤ ᠢᠨᠵᠧᠨᠧᠷᠢᠩ ᠢ ᠪᠡᠶᠡᠯᠡᠭᠦᠯᠤᠨ᠎ᠠ ᠃ ᠮᠠᠨ ᠱᠢ ᠱᠢ ᠳ᠋ᠠᠢ ᠠᠭᠤᠳᠠᠮ ᠲᠠᠯᠠᠪᠠᠶ ᠶᠢ ᠪᠠᠶᠢᠭᠤᠯᠤᠨ ᠬᠡᠷᠡᠭᠯᠡᠵᠦ ᠂ ᠪᠠᠷᠠᠭ᠎ᠠ | ᠬᠤᠳᠠᠯᠳᠤᠨ ᠠᠪᠬᠤ ᠂ ᠢᠳᠡᠭᠡᠨ ᠤᠮᠳᠠᠭᠠᠨ ᠂ ᠬᠤᠳᠠᠯᠳᠤᠭᠠᠨ ᠤ ᠶᠠᠪᠤᠳᠠᠯ ᠂ ᠰᠡᠯᠡᠭᠦᠴᠡᠯ ᠢ ᠨᠢᠭᠡ ᠴᠣᠭᠴᠠᠵᠢᠭᠤᠯᠤᠭᠰᠠᠨ ᠬᠡᠷᠡᠭᠯᠡᠭᠡᠨ ᠤ ᠴᠤᠭᠯᠠᠷᠠᠯ ᠤᠨ ᠤᠷᠤᠨ ᠢ | ᠪᠠᠶᠢᠭᠤᠯᠤᠨ᠎ᠠ ᠃ ᠲᠡᠷᠭᠡ ᠵᠣᠭᠰᠤᠭᠠᠬᠤ ᠳᠤ ᠬᠦᠴᠢᠷ ᠂ ᠵᠠᠮ ᠲᠦᠭᠵᠢᠷᠡᠬᠦ ᠵᠡᠷᠭᠡ ᠣᠯᠠᠨ ᠲᠦᠮᠡᠨ ᠤ ᠳᠡᠷᠭᠡᠳᠡᠬᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ 2 | ᠮᠠᠰᠢᠨ ᠲᠡᠷᠭᠡᠨ ᠤ ᠵᠣᠭᠰᠣᠭᠠᠯ ᠢ ᠰᠢᠨ᠎ᠡ ᠪᠠᠷ ︵ ᠥᠭᠡᠷᠡᠴᠢᠯᠡᠨ ︶ ᠪᠠᠶᠢᠭᠤᠯᠵᠤ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠮᠠᠰᠢᠨ ᠲᠡᠷᠭᠡᠨ ᠤ | ᠵᠣᠭᠰᠣᠭᠠᠯ ᠢ ᠰᠥᠨᠢ ᠪᠠᠷ ᠭᠠᠳᠠᠬᠰᠢ ᠨᠡᠭᠡᠭᠡᠬᠦ ᠂ ᠰᠠᠭᠤᠭᠠᠯᠢ ᠲᠣᠭᠤᠷᠢᠭ ᠤᠨ ᠭᠠᠵᠠᠷ ᠳᠣᠣᠷᠠᠬᠢ ᠮᠠᠰᠢᠨ ᠲᠡᠷᠭᠡᠨ ᠤ ᠵᠣᠭᠰᠣᠭᠠᠯ ᠢ ᠪᠠᠶᠢᠭᠤᠯᠵᠤ ᠭᠠᠳᠠᠭᠰᠢ | ᠲᠦᠷᠢᠶᠡᠰᠦᠯᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠂ ᠡᠮᠬᠢ ᠳᠢᠭᠯᠢᠮ ᠦᠭᠡᠢ ᠪᠠᠷ ᠲᠡᠷᠭᠡ ᠵᠣᠭᠰᠤᠭᠠᠬᠤ ᠠᠰᠠᠭᠤᠳᠠᠯ ᠢ ᠰᠢᠢᠳᠪᠦᠷᠢᠯᠡᠨ ᠂ ᠵᠠᠮ ᠤᠨ ᠣᠷᠣᠨ ᠵᠠᠢ ᠶᠢ | ᠰᠤᠯᠠᠯᠠᠨ᠎ᠠ ︔ ᠬᠤᠳᠠ ᠶᠢᠨ ᠲᠣᠭᠤᠷᠢᠭ ᠤᠨ ᠮᠤᠬᠤᠷ ᠵᠠᠮ ᠢ ᠨᠠᠪᠲᠠᠷᠡᠭᠦᠯᠵᠦ ᠂ ᠬᠤᠳᠠ ᠶᠢᠨ ᠶᠠᠪᠤᠳᠠᠯ ᠤᠨ ᠵᠠᠮ ᠤᠨ ᠪᠢᠴᠢᠯ ᠣᠷᠴᠢᠯ ᠪᠠ ᠢᠯᠡᠳᠬᠡᠮᠵᠢ ᠲᠡᠮᠳᠡᠭ ᠤᠨ | ᠥᠭᠡᠷᠡᠴᠢᠯᠡᠯᠲᠡ ᠶᠢ ᠴᠢᠩᠭᠠᠳᠬᠠᠵᠤ ᠂ ᠣᠶᠤᠨᠴᠢ ᠵᠠᠮ ᠬᠠᠷᠢᠯᠴᠠᠭᠠᠨ ᠤ ᠲᠠᠪᠴᠠᠩ ᠢ ᠡᠬᠢᠯᠡᠨ ᠬᠡᠷᠡᠭᠯᠡᠵᠦ ᠂ ᠭᠤᠣᠯᠳᠠᠯᠭ᠎ᠠ ᠲᠠᠢ ᠵᠠᠮ ᠤᠨ ᠬᠡᠰᠡᠭ ᠤᠨ ᠴᠠᠭᠳᠠᠭᠠᠨ ᠤ | ᠬᠦᠴᠦᠨ ᠢᠶᠠᠷ ᠵᠠᠯᠠᠵᠤ ᠵᠢᠯᠤᠭᠤᠳᠬᠤ ᠠᠵᠢᠯ ᠢ ᠴᠢᠩᠭᠠᠳᠬᠠᠵᠤ ᠂ ᠰᠢᠦᠸᠠᠢ ᠵᠢᠶᠠ ᠸᠠᠨ ᠤ ᠭᠠᠳᠠᠷ ᠲᠣᠭᠤᠷᠢᠯ ᠵᠠᠮ ᠤᠨ ᠡᠮᠦᠨᠡᠬᠢ ᠬᠤᠭᠤᠴᠠᠭᠠᠨ ᠤ ᠪᠠᠷᠢᠯᠭ᠎ᠠ ᠶᠢᠨ | ᠭᠠᠷ ᠭᠦᠢᠴᠡᠳᠬᠡᠯ ᠢ ᠡᠬᠢᠯᠡᠭᠦᠯᠵᠦ ᠂ ᠰᠢᠦᠸᠠᠢ ᠵᠢᠶᠠ ᠸᠠᠨ ᠤ ᠬᠤᠳᠠ ᠶᠢᠨ ᠲᠣᠭᠤᠷᠢᠭ ᠤᠨ ᠲᠦᠭᠵᠢᠷᠡᠯ ᠤᠨ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ | ᠨᠡᠶᠢᠲᠡ ᠶᠢᠨ ᠴᠠᠬᠢᠯᠭᠠᠨ ᠴᠡᠨᠡᠭᠯᠡᠬᠦ ᠥᠷᠲᠡᠭᠡ ᠶᠢ ᠰᠢᠨ᠎ᠡ ᠪᠠᠷ 7 ᠪᠠᠶᠢᠭᠤᠯᠵᠤ ᠂ 500 ᠴᠠᠬᠢᠯᠭᠠᠨ ᠴᠡᠨᠡᠭᠯᠡᠬᠦ ᠱᠣᠩ ᠲᠣᠬᠢᠷᠠᠭᠤᠯᠤᠨ᠎ᠠ ᠃ ᠰᠢᠦᠸᠠᠢ ᠵᠢᠶᠠ ᠸᠠᠨ ᠤ | ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡ ᠶᠢ ᠰᠢᠨ᠎ᠡ ᠪᠠᠷ ᠪᠠᠶᠢᠭᠤᠯᠵᠤ ᠂ 33 ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠰᠠᠭᠤᠭᠠᠯᠢ | ᠲᠣᠭᠤᠷᠢᠭ ᠤᠨ ᠭᠠᠯ ᠰᠡᠷᠭᠡᠶᠢᠯᠡᠨ ᠤᠨᠲᠠᠷᠠᠭᠠᠬᠤ ᠥᠭᠡᠷᠡᠴᠢᠯᠡᠯᠲᠡ ᠶᠢ ᠪᠡᠶᠡᠯᠡᠭᠦᠯᠤᠨ᠎ᠠ᠃ ᠬᠤᠶᠢᠳᠤ ᠠᠭᠤᠯᠠᠨ ᠤ ᠵᠠᠯᠭᠠᠯᠳᠤᠭᠰᠠᠨ ᠣᠷᠣᠨ ᠤ ᠪᠠᠶᠢᠭᠤᠯᠵᠤ ᠪᠠᠶᠢᠭ᠎ᠠ | ᠳᠦᠷᠤᠯ ᠵᠤᠶᠢᠯ ᠤᠨ ᠠᠬᠢᠴᠠ ᠶᠢ ᠲᠦᠷᠭᠡᠳᠬᠡᠵᠦ ᠂ ᠵᠠᠮ ᠪᠠ ᠬᠤᠭᠤᠯᠠᠢ ᠲᠣᠣᠷ ᠤᠨ ᠳᠦᠷᠤᠯ ᠵᠤᠶᠢᠯ ᠢ ᠢᠵᠢ ᠪᠦᠷᠢᠳᠦᠭᠦᠯᠦᠨ ᠬᠡᠷᠡᠭᠵᠢᠭᠦᠯᠦᠨ᠎ᠡ᠃ ᠱᠠᠬᠳᠠᠷ ᠲᠤ ᠂ | ᠱᠠᠬᠳᠠᠷ ᠤᠨ ᠬᠠᠭᠤᠴᠢᠨ ᠬᠤᠳᠠ ᠶᠢᠨ ᠲᠣᠭᠤᠷᠢᠭ ᠤᠨ ᠶᠡᠷᠦᠩᠬᠡᠢ ᠳᠦᠯᠦᠪᠵᠢᠬᠦᠯᠭᠡ ᠂ ᠬᠢᠵᠠᠭᠠᠷᠯᠠᠬᠤ ᠲᠣᠭᠲᠠᠭᠠᠯ ᠪᠣᠯᠣᠨ ᠬᠤᠳᠠ ᠶᠢᠨ ᠵᠢᠷᠤᠭ ᠲᠥᠯᠥᠪᠯᠡᠭᠡ ᠵᠡᠷᠭᠡ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ ᠂ 20 ᠲᠦᠮᠡᠨ ᠲᠡᠭᠰᠢ ᠳᠥᠷᠪᠡᠯᠵᠢᠨ ᠮᠧᠲᠷ ᠤᠨ ᠳᠦᠬᠦᠮ ᠪᠦᠳᠤᠴᠡᠳᠤ ᠭᠡᠷ ᠤᠨ | ᠲᠣᠭᠤᠷᠢᠭ ᠤᠨ ᠬᠤᠭᠤᠯᠠᠢ ᠲᠣᠣᠷ ᠢ ᠡᠷᠦᠬᠡ ᠳᠤ ᠣᠷᠣᠭᠤᠯᠬᠤ ᠵᠢᠴᠢ ᠭᠤᠳᠤᠮᠵᠢ ᠶᠢᠨ ᠵᠠᠮ ᠢ ᠬᠠᠲᠠᠭᠤᠷᠠᠭᠤᠯᠬᠤ ᠢᠨᠵᠧᠨᠧᠷᠢᠩ ᠢ ᠡᠬᠢᠯᠡᠭᠦᠯᠵᠦ ᠂ 26 ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠭᠦᠷᠭᠡ ᠶᠢ ᠪᠡᠶᠡᠯᠡᠭᠦᠯᠵᠦ ᠂ ᠶᠢᠩ ᠪᠢᠨ ᠵᠡᠭᠡᠯᠢ ᠵᠡᠷᠭᠡ ᠬᠠᠭᠤᠴᠢᠨ ᠵᠡᠭᠡᠯᠢ ᠲᠣᠭᠤᠷᠢᠭ ᠢ ᠥᠭᠡᠷᠡᠴᠢᠯᠡᠨ | ᠪᠠᠶᠢᠭᠤᠯᠬᠤ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠥᠭᠡᠷᠡᠴᠢᠯᠡᠨ ᠪᠠᠶᠢᠭᠤᠯᠬᠤ ᠶᠢ ᠲᠦᠷᠭᠡᠳᠬᠡᠨ᠎ᠠ᠃ ᠶᠡᠭᠡ ᠬᠦᠴᠦ ᠣᠷᠣᠭᠤᠯᠵᠤ ᠪᠠᠶᠢᠭᠠᠳ | ᠪᠠᠯᠭᠠᠰᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠂ ᠭᠤᠷᠪᠠᠨ ᠵᠢᠯ ᠤᠨ ᠬᠤᠭᠤᠴᠠᠭ᠎ᠠ ᠶᠢ ᠠᠰᠢᠭᠯᠠᠵᠤ ᠪᠠᠶᠢᠭᠠᠳ ᠱᠠᠬᠳᠠᠷ ᠤᠨ ᠬᠤᠲᠠ ᠶᠢᠨ ᠶᠠᠪᠤᠳᠠᠯ ᠤᠨ | ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠤᠨ᠎ᠠ ᠃ ᠳ᠋ᠠ ᠯᠤ᠋ ᠳᠤ ᠂ ᠬᠡᠷᠡᠭᠴᠡᠭᠡ ᠶᠣᠰᠣᠭᠠᠷ ᠢᠵᠢ ᠪᠦᠷᠢᠳᠦᠭᠦᠯᠬᠦ ᠦᠢᠯᠡᠴᠢᠯᠡᠭᠡᠨ ᠤ ᠳᠦᠬᠦᠭᠡᠷᠤᠮᠵᠢ ᠶᠢ | ᠨᠡᠮᠡᠭᠳᠡᠭᠦᠯᠵᠦ ᠂ ᠳ᠋ᠠ ᠴᠧᠩ ᠾᠧ ᠱᠦᠨ ᠂ ᠳ᠋ᠠ ᠴᠧᠩ ᠰᠢᠶᠠᠩ ᠾᠧ ᠵᠡᠷᠭᠡ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠨ ᠂ ᠶᠢᠨ ᠰᠢᠸ ᠬᠤᠸᠠ ᠲᠢᠩ ᠰᠠᠭᠤᠭᠠᠯᠢ ᠲᠣᠭᠤᠷᠢᠭ ᠢ ᠲᠤᠰᠢᠶᠠᠨ ᠥᠭᠴᠦ ᠬᠡᠷᠡᠭᠯᠡᠭᠦᠯᠬᠦ ᠪᠠᠷ ᠴᠢᠷᠮᠠᠶᠢᠬᠤ ᠶᠢᠨ ᠬᠠᠮᠲᠤ ᠨᠢᠭᠡᠨᠲᠡ ᠪᠠᠶᠢᠭᠤᠯᠤᠭᠰᠠᠨ | ᠲᠠᠯᠠᠪᠤᠷ ᠭᠠᠵᠠᠷ ᠤᠨ ᠠᠰᠢᠭᠯᠠᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠪᠤᠰᠤᠳ ᠰᠢᠶᠠᠩ ᠪᠠᠯᠭᠠᠰᠤᠨ ᠤ ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠨ ᠵᠠᠰᠠᠯᠳᠠ ᠶᠢ ᠲᠦᠷᠭᠡᠳᠬᠡᠨ ᠠᠬᠢᠭᠤᠯᠵᠤ ᠂ ᠶᠠᠩ ᠱᠢ ᠲᠠ ᠶᠢᠨ ᠳᠤᠯᠠᠭᠠᠯᠠᠭ᠎ᠠ ᠶᠢᠨ ᠬᠤᠭᠤᠯᠠᠢ ᠲᠣᠣᠷ ᠂ ᠪᠤᠷᠤᠳᠤᠬᠤᠢ ᠶᠢᠨ | ᠪᠣᠷᠣᠭᠠᠨ ᠤ ᠤᠰᠤ ᠪᠤᠬᠢᠷ ᠤᠰᠤᠨ ᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠂ 4 ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ | ᠭᠠᠵᠠᠷ ᠤᠨ ᠵᠠᠷᠢᠮ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠰᠡᠯᠪᠢᠨ ᠵᠠᠰᠠᠵᠤ ᠥᠭᠡᠷᠡᠴᠢᠯᠡᠬᠦ ᠶᠢ ᠬᠡᠷᠡᠭᠵᠢᠭᠦᠯᠦᠨ ᠂ | ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ ᠂ ᠬᠤᠲᠠ | ᠬᠥᠳᠡᠭᠡ ᠶᠢᠨ ᠣᠷᠣᠰᠢᠨ ᠰᠠᠭᠤᠬᠤ ᠳᠤ ᠳᠠᠭᠠᠯᠠᠮᠵᠢᠳᠠᠢ ᠬᠢᠷᠢ ᠳᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︽ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠢᠭ᠎ᠠ ᠬᠦᠷᠲᠡᠯ᠎ᠡ | ᠪᠦᠳᠤᠭᠡᠨ ᠪᠠᠶᠢᠭᠤᠯᠪᠠᠯ ᠂ ᠰᠠᠭᠤᠷᠢ ᠲᠥᠬᠦᠭᠡᠷᠦᠮᠵᠢ ᠶᠢ ᠳᠡᠨᠳᠡ ᠬᠦᠷᠲᠡᠯ᠎ᠡ ᠢᠵᠢ ᠪᠦᠷᠢᠳᠦᠬᠦᠯᠬᠦ ︾ ᠱᠠᠭᠠᠷᠳᠠᠯᠭ᠎ᠠ ᠶᠣᠰᠣᠭᠠᠷ ᠂ ᠤᠰᠤ ᠴᠠᠬᠢᠯᠭᠠᠨ ᠵᠠᠮ ᠴᠢᠮᠡᠭᠡ | ᠬᠤᠯᠪᠤᠭ᠎ᠠ ᠰᠢᠲᠠᠮᠠᠬᠠᠢ ᠬᠡᠢ ᠵᠡᠷᠭᠡ ᠰᠠᠭᠤᠷᠢ ᠲᠥᠬᠦᠭᠡᠷᠦᠮᠵᠢ ᠶᠢ ᠨᠡᠪᠲᠡᠷᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ ᠂ ᠬᠦᠷᠢᠶᠡᠯᠡᠩ ᠲᠣᠭᠤᠷᠢᠭ ᠤᠨ ᠵᠠᠮ | ᠬᠤᠭᠤᠯᠠᠢ ᠲᠣᠣᠷ ᠢ ᠰᠢᠨ᠎ᠡ ᠪᠠᠷ 10.4 ᠺᠢᠯᠣᠮᠧᠲᠷ ᠪᠠᠶᠢᠭᠤᠯᠵᠤ ᠂ ᠵᠡᠭᠦᠨᠭᠠᠷ ᠠᠵᠤ ᠦᠢᠯᠡᠰ ᠤᠨ ᠬᠦᠷᠢᠶᠡᠯᠡᠩ ᠤᠨ ᠭᠠᠯ ᠰᠡᠷᠭᠡᠶᠢᠯᠡᠨ ᠤᠨᠲᠠᠷᠠᠭᠠᠬᠤ ᠣᠨᠴᠠ | ᠦᠢᠯᠡᠴᠢᠯᠡᠭᠡᠨ ᠤ ᠥᠷᠲᠡᠭᠡ ᠂ ᠰᠢᠳᠠᠮᠠᠬᠠᠢ ᠬᠡᠢ ᠶᠢᠨ ᠰᠡᠷᠭᠡᠶᠢᠯᠡᠯᠲᠡ ᠶᠢᠨ ᠥᠷᠲᠡᠭᠡ ᠪᠠ ᠠᠶᠤᠯᠲᠠᠢ ᠬᠢᠮᠢ ᠶᠢᠨ ᠪᠣᠳᠠᠰ ᠳᠡᠭᠡᠭᠡᠪᠤᠷᠢᠯᠡᠭᠰᠡᠨ ᠳᠡᠷᠭᠡ ᠵᠤᠬᠰᠤᠭᠠᠬᠤ | ᠲᠡᠷᠭᠡᠨ ᠵᠣᠭᠰᠣᠭᠠᠯ ᠢ ᠪᠠᠶᠢᠭᠤᠯᠵᠤ ᠂ ᠱᠠᠭᠠᠷᠳᠠᠯᠭ᠎ᠠ ᠶᠣᠰᠣᠭᠠᠷ ᠬᠦᠷᠢᠶᠡᠯᠡᠩ ᠲᠣᠭᠤᠷᠢᠭ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠳᠡᠭᠡᠭᠰᠢᠯᠡᠭᠦᠯᠦᠨ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ ᠃ | ᠬᠠᠲᠤᠨ ᠭᠤᠣᠯ ᠤᠨ ᠤᠰᠤᠨ ᠤ ᠭᠦᠢᠴᠡᠳᠬᠡᠯ ᠲᠤᠭ᠎ᠠ ᠶᠢ ᠬᠤᠪᠢᠳᠠᠨ ᠣᠯᠬᠤ ᠡᠷᠴᠢᠮ ᠢᠶᠠᠨ ᠴᠢᠩᠭᠠᠷᠠᠭᠤᠯᠵᠤ ᠂ ᠨᠠᠢᠮᠠ ᠲᠤᠯᠤᠭᠠᠨ ᠬᠤᠪᠢ ᠪᠠᠷ ᠬᠤᠪᠢᠶᠠᠬᠤ | ᠤᠰᠤᠨ ᠤ ᠲᠥᠰᠥᠯ ᠤᠨ ᠨᠡᠮᠡᠵᠦ ᠲᠣᠬᠢᠷᠠᠭᠤᠯᠬᠤ ᠭᠦᠢᠴᠡᠳᠬᠡᠯ ᠲᠤᠭ᠎ᠠ ᠂ ᠠᠶᠢᠮᠠᠭ ᠬᠤᠲᠠ ᠠᠯᠤᠰᠯᠠᠭᠰᠠᠨ ᠤᠰᠤᠨ ᠤ ᠡᠷᠬᠡ ᠶᠢᠨ ᠠᠷᠠᠯᠵᠢᠶ᠎ᠠ ᠶᠢᠨ ᠬᠤᠶᠠᠳᠤᠭᠠᠷ | ᠬᠤᠭᠤᠴᠠᠭᠠᠨ ᠤ ᠭᠦᠢᠴᠡᠳᠬᠡᠯ ᠲᠤᠭ᠎ᠠ ᠲᠠᠢ ᠵᠣᠯᠭᠠᠭᠤᠯᠬᠤ ᠪᠠᠷ ᠴᠢᠷᠮᠠᠶᠢᠵᠤ ᠂ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ 1000 ᠲᠦᠮᠡᠨ ᠪᠣᠰᠤᠭ᠎ᠠ ᠳᠥᠷᠪᠡᠯᠵᠢᠨ | ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ ᠂ ᠴᠧᠨ ᠵᠢᠶᠠ ᠭᠧᠦ ᠮᠧᠨ ᠤ ᠤᠰᠤᠨ ᠤ ᠢᠷᠡᠯᠳᠡ ᠶᠢᠨ ᠭᠠᠵᠠᠷ ᠤᠨ ᠤᠰᠤ ᠬᠠᠩᠭᠠᠬᠤ ᠬᠤᠭᠤᠯᠠᠢ | ᠲᠣᠣᠷ ᠢ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠦᠨ᠎ᠡ ᠃ ᠵᠦᠨ ᠳ᠋ᠠ ᠴᠠᠬᠢᠯᠭᠠᠨ ᠤ ᠦᠢᠯᠡᠳᠪᠦᠷᠢ᠂ ᠴᠠᠩ ᠲᠠᠨ ᠴᠠᠬᠢᠯᠭᠠᠨ ᠤ ᠦᠢᠯᠡᠳᠪᠦᠷᠢ ᠶᠢᠨ ᠥᠷᠭᠡᠳᠬᠡᠨ | ᠪᠠᠶᠢᠭᠤᠯᠬᠤ ᠲᠥᠷᠥᠯ ᠵᠦᠢᠯ ᠤᠨ ᠢᠵᠢ ᠪᠦᠷᠢᠳᠦᠭᠦᠯᠦᠨ ᠲᠣᠣᠷ ᠵᠠᠯᠭᠠᠬᠤ ᠢᠨᠵᠧᠨᠧᠷᠢᠩ ᠪᠣᠯᠣᠨ ᠨᠠᠷᠠᠰᠤᠨ ᠤ 500 ᠺᠢᠯᠤᠸᠤᠯᠲ ᠤᠨ ᠬᠦᠴᠦᠳᠡᠯ | ᠬᠤᠪᠢᠰᠬᠠᠬᠤ ᠥᠷᠳᠡᠭᠡ ᠶᠢᠨ 220 ᠺᠢᠯᠤᠸᠤᠯᠲ ᠤᠨ ᠱᠤᠭᠤᠮ ᠤᠨ ᠴᠠᠬᠢᠯᠭᠠᠨ ᠬᠦᠷᠭᠡᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠨ᠂ ᠰᠢᠦᠸᠠᠢ ᠵᠢᠶᠠ ᠸᠠᠨ ᠪᠠᠯᠭᠠᠰᠤᠨ ᠤ ᠳᠤᠭᠤᠷᠢᠭ ᠤᠨ ᠭᠤᠤᠯᠳᠠᠯᠭᠠᠳᠤ 110 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠪᠠᠷᠢᠯᠭ᠎ᠠ ᠶᠢ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ ᠂ 16 ᠬᠥᠳᠡᠭᠡ ᠲᠣᠰᠬᠤᠨ ᠤ ᠴᠠᠬᠢᠯᠭᠠᠨ ᠲᠣᠣᠷ ᠢ | ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠪᠣᠯᠣᠨ ᠬᠤᠳᠠ ᠶᠢᠨ ᠴᠠᠬᠢᠯᠭᠠᠨ ᠲᠣᠣᠷ ᠢ ᠲᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ | ᠴᠢᠮᠡᠭᠡ ᠬᠤᠯᠪᠣᠭᠠᠨ ᠤ ᠰᠠᠭᠤᠷᠢ ᠳᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠤᠲᠠ ᠬᠥᠳᠡᠭᠡ ᠶᠢᠨ ᠴᠢᠮᠡᠭᠡ ᠬᠤᠯᠪᠣᠭᠠᠨ ᠤ ᠲᠣᠣᠷ | ᠰᠦᠯᠵᠢᠶ᠎ᠡ ᠶᠢ ᠬᠠᠮᠤᠷᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ ᠂ ᠬᠡᠰᠡᠭ ᠭᠠᠵᠠᠷ ᠣᠷᠣᠨ ᠤ ᠳᠣᠬᠢᠶ᠎ᠠ ᠪᠠᠭᠤᠷᠠᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ ᠃ | ᠱᠠᠬᠳᠠᠷ ᠪᠠᠯᠭᠠᠰᠤ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢ ᠡᠷᠦᠬᠡ ᠳᠤ ᠣᠷᠣᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ ᠂ ᠵᠢᠯ ᠤᠨ ᠳᠣᠲᠣᠷ᠎ᠠ ᠭᠤᠤᠯ | ᠬᠤᠭᠤᠯᠠᠢ ᠲᠣᠣᠷ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠷᠪᠠᠨ ᠵᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ | ᠥᠷᠨᠢᠭᠦᠯᠵᠦ ᠂ ᠪᠤᠷᠬᠠᠨᠳᠤ ᠠᠴᠠ ᠠᠨᠳᠠ ᠶᠢᠨ ᠰᠤᠭᠤ ᠬᠦᠷᠬᠦ ᠲᠣᠰᠬᠤᠨ ᠳᠤ ᠨᠡᠪᠲᠡᠷᠡᠬᠦ ᠵᠠᠮ ᠢ 4 ᠰᠠᠷ᠎ᠠ ᠶᠢᠨ ᠰᠡᠭᠦᠯᠴᠢ ᠠᠴᠠ ᠡᠮᠦᠨ᠎ᠡ ᠂ G628 ᠰᠢᠤᠸᠠᠢ | ᠵᠢᠶᠠ ᠸᠠᠨ ᠠᠴᠠ ᠸᠧᠢ ᠵᠢᠶᠠ ᠮᠤᠤ ᠬᠦᠷᠬᠦ ᠵᠠᠮ ᠢ ᠵᠢᠯ ᠤᠨ ᠳᠣᠲᠣᠷ᠎ᠠ ᠠᠵᠢᠯ ᠡᠬᠢᠯᠡᠭᠦᠯᠬᠦ ᠶᠢ ᠠᠬᠢᠭᠤᠯᠵᠤ ᠂ ᠵᠤᠭᠠᠴᠠᠯ ᠤᠨ ᠲᠤᠰᠬᠠᠢ ᠱᠤᠭᠤᠮ ᠂ ᠬᠤᠶᠠᠳᠤᠭᠠᠷ | ᠵᠠᠰᠠᠮᠠᠯ ᠵᠠᠮ ᠂ ᠴᠢᠩ ᠳ᠋ᠡ ᠪᠤᠰᠤᠭ᠎ᠠ ᠵᠦᠷᠢᠯᠢᠭ ᠬᠦᠬᠦᠷᠭᠡ ᠵᠡᠷᠭᠡ 14 ᠵᠤᠷᠪᠤᠰ ᠵᠠᠮ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ | ᠦᠨᠡᠨᠬᠦ ᠪᠠᠲᠤᠯᠠᠵᠤ ᠂ ᠵᠠᠰᠠᠮᠠᠯ ᠵᠠᠮ ᠢ ᠰᠢᠨ᠎ᠡ ᠪᠠᠷ 150 ᠺᠢᠯᠣᠮᠧᠲᠷ ᠪᠠᠶᠢᠭᠤᠯᠤᠨ᠎ᠠ ᠃ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠪᠠ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠳᠤᠬᠳᠠᠯᠴᠠᠭ᠎ᠠ ᠶᠢ ᠲᠡᠭᠦᠯᠳᠡᠷᠵᠢᠭᠦᠯᠵᠦ ᠂ | ᠲᠠᠷᠢᠶᠠᠯᠠᠩ ᠤᠨ ᠪᠦᠲᠦᠭᠡᠭᠳᠡᠬᠦᠨ ᠢ ᠬᠦᠷᠭᠡᠬᠦ ᠪᠠ ᠬᠡᠷᠡᠭᠯᠡᠭᠡᠨ ᠤ ᠵᠦᠢᠯ ᠢ ᠳᠤᠷᠤᠬᠰᠢ ᠪᠠᠭᠤᠯᠭᠠᠬᠤ ︽ ᠲᠦᠭᠵᠢᠷᠡᠯ ᠤᠨ ᠴᠡᠭ ︾ ᠢ ᠨᠠᠪᠲᠠᠷᠡᠭᠦᠯᠵᠦ ᠂ ᠬᠥᠳᠡᠭᠡ | ᠲᠣᠰᠬᠤᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠦᠯᠵᠢᠶ᠎ᠡ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ ᠂ ᠡᠯᠧᠺᠲᠷᠣᠨ ᠬᠤᠳᠠᠯᠳᠤᠭ᠎ᠠ ᠶᠢᠨ | ᠬᠡᠷᠡᠭᠯᠡᠭᠡ ᠳᠤ ᠬᠦᠴᠦᠨ ᠨᠡᠮᠡᠷᠢᠯᠡᠬᠦ ᠢᠳᠡᠪᠬᠢ ᠦᠢᠯᠡᠳᠦᠯ ᠢ ᠬᠦᠢᠴᠡᠳ ᠪᠠᠳᠠᠷᠠᠭᠤᠯᠤᠨ᠎ᠠ ᠃ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢ ᠠᠳᠬᠤᠬᠤ ᠲᠠᠢ ᠠᠳᠠᠯᠢ ᠪᠠᠷ ᠲᠠᠷᠢᠶᠠᠯᠠᠩ | ᠮᠠᠯ ᠠᠵᠤ ᠠᠬᠤᠢ ᠶᠢ ᠠᠳᠬᠤᠵᠤ ᠂ ᠬᠤᠰᠢᠭᠤᠨ ᠤ ᠡᠳ᠋ ᠤᠨ ᠵᠠᠰᠠᠭ ᠠᠴᠠ ᠵᠢᠯ ᠪᠦᠷᠢ 5 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠪᠡᠯᠡ ᠮᠦᠩᠬᠦ ᠶᠢ | ᠲᠣᠬᠢᠷᠠᠭᠤᠯᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ ᠃ ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷᠵᠢᠯ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ ᠂ ᠳᠠᠷᠢᠮᠠᠯ ᠲᠡᠵᠢᠭᠡᠪᠤᠷᠢ ᠶᠢᠨ ᠤᠶᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ ᠂ ᠰᠢᠨ᠎ᠡ ᠰᠤᠷᠭᠤᠭ ᠯᠠᠵᠤᠤ ᠂ ᠵᠢᠮᠢᠰ ᠢᠳᠡᠰᠢᠨ ᠨᠣᠭᠤᠭ᠎ᠠ ᠂ | ᠡᠯᠳᠡᠪ ᠠᠮᠤ ᠵᠡᠷᠭᠡ ᠠᠵᠤ ᠠᠬᠤᠢ ᠶᠢᠨ ᠲᠠᠷᠢᠮᠠᠯ ᠳᠤ ᠨᠥᠬᠦᠪᠦᠷᠢ ᠥᠭᠬᠦ ᠡᠷᠴᠢᠮ ᠢ ᠴᠢᠩᠭᠠᠷᠠᠭᠤᠯᠤᠨ ᠂ ᠱᠢ ᠡᠯ ᠯᠢᠶᠠᠨ ᠴᠧᠩ ᠰᠢᠶᠠᠩ ᠂ ᠪᠤᠷᠤᠳᠤᠬᠤᠢ ᠣᠷᠣᠨ ᠤ | ᠳᠠᠷᠢᠮᠠᠯ ᠲᠡᠵᠢᠭᠡᠪᠤᠷᠢ ᠶᠢᠨ ᠤᠶᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠡᠮᠬᠢ ᠳᠢᠭᠯᠢᠮ ᠲᠠᠢ ᠪᠠᠷ ᠠᠬᠢᠭᠤᠯᠤᠨ᠎ᠠ ︔ ︽ ᠠᠵᠤ ᠠᠬᠤᠶᠢᠯᠠᠯ ᠤᠨ ᠪᠡᠯᠡ | ᠣᠷᠣᠭᠤᠯᠤᠯᠲᠠ + ᠵᠠᠰᠠᠭ ᠤᠨ ᠣᠷᠳᠣᠨ ᠤ ᠨᠥᠬᠦᠪᠦᠷᠢ + ᠲᠠᠷᠢᠶᠠᠯᠠᠩ ᠮᠠᠯ ᠠᠵᠤ ᠠᠬᠤᠢ ᠶᠢᠨ ᠳᠤᠯᠤᠭᠠᠶᠢᠯᠠᠬᠴᠢ ᠠᠵᠤ ᠠᠬᠤᠶᠢᠯᠠᠯ ᠤᠨ ᠡᠵᠡᠩᠨᠡᠯᠲᠡ ︾ ᠶᠢᠨ | ᠬᠠᠮᠲᠤ ᠪᠠᠷ ᠪᠠᠶᠠᠵᠢᠬᠤ ᠵᠠᠭᠪᠤᠷ ᠢ ᠬᠡᠷᠡᠭᠯᠡᠨ ᠂ 700 ᠮᠦ ᠥᠨᠳᠥᠷ ᠪᠠᠷᠢᠮᠵᠢᠶᠠᠲᠤ ᠳᠤᠯᠠᠭᠠᠨ ᠬᠦᠯᠡᠮᠵᠢ ᠂ 300 ᠮᠦ ᠣᠲᠣ ᠦᠶ᠎ᠡ ᠶᠢᠨ ᠣᠶᠤᠨᠴᠢ ᠰᠢᠯ ᠤᠨ | ᠬᠤᠯᠪᠣᠯᠳᠤᠭᠰᠠᠨ ᠬᠦᠯᠡᠮᠵᠢ ᠶᠢ ᠰᠢᠨ᠎ᠡ ᠪᠠᠷ ᠪᠠᠶᠢᠭᠤᠯᠤᠨ᠎ᠠ ᠃ ᠵᠢᠮᠢᠰ ᠤᠨ ᠣᠶ ᠶᠢᠨ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ ᠂ ᠯᠦᠩ ᠺᠧᠦ ᠂ | ᠨᠤᠸᠠᠨ ᠱᠦᠢ ᠶᠢ ᠭᠤᠣᠯᠳᠠᠯᠭ᠎ᠠ ᠲᠠᠢ ᠭᠠᠵᠠᠷ ᠣᠷᠣᠨ ᠪᠣᠯᠭᠠᠨ ᠂ ᠠᠵᠤ ᠦᠶᠯᠡᠰᠵᠢᠭᠦᠯᠦᠨ ᠬᠥᠭᠵᠢᠭᠦᠯᠬᠦ ᠠᠷᠭ᠎ᠠ ᠵᠠᠮ ᠢᠶᠠᠷ ᠳᠠᠷᠢᠬᠤ ᠶᠢ ᠳᠡᠮᠵᠢᠵᠤ ᠂ ᠳᠠᠷᠢᠬᠤ ᠂ | ᠠᠷᠠᠴᠢᠯᠠᠨ ᠪᠣᠶᠢᠵᠢᠭᠤᠯᠬᠤ ᠂ ᠡᠬᠦᠯᠳᠡᠷ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠦ ᠂ ᠬᠠᠮᠲᠤ ᠶᠢᠨ ᠵᠢᠮᠢᠰ ᠤᠨ ᠬᠦᠷᠢᠶᠡᠯᠡᠩ ᠪᠠ ᠵᠢᠮᠢᠰ ᠤᠨ | ᠣᠶ ᠵᠢᠨᠰᠠᠭᠤᠷᠢᠨ ᠭᠠᠵᠠᠷ ᠤᠨ ᠳᠠᠷᠢᠬᠤ ᠬᠡᠪᠴᠢᠶ᠎ᠡ ᠶᠢ ᠥᠷᠭᠡᠳᠬᠡᠨ ᠂ ᠵᠢᠮᠢᠰ ᠤᠨ ᠣᠶ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠢᠨ᠎ᠡ ᠪᠠᠷ 1 ᠲᠦᠮᠡᠨ ᠮᠦ | ᠨᠡᠮᠡᠭᠳᠡᠭᠦᠯᠵᠦ ᠂ ᠡᠬᠦᠯᠳᠡᠷ ᠰᠠᠶᠢᠵᠢᠷᠠᠭᠤᠯᠵᠤ ᠠᠷᠠᠴᠢᠯᠠᠨ ᠪᠣᠶᠢᠵᠢᠭᠤᠯᠬᠤ ᠠᠵᠤ ᠠᠬᠤᠢ ᠶᠢᠨ ᠣᠶ ᠶᠢ ᠰᠢᠨ᠎ᠡ ᠪᠠᠷ2 ᠲᠦᠮᠡᠨ ᠮᠦ ᠠᠴᠠ ᠳᠡᠭᠡᠭᠰᠢ ᠨᠡᠮᠡᠭᠳᠡᠭᠦᠯᠦᠨ᠎ᠡ ᠃ | ᠳᠤᠪᠤᠴᠠᠭ ᠠᠭᠤᠯᠠᠷᠬᠠᠭ ᠣᠷᠣᠨ ᠤ ᠬᠥᠲᠥᠯ ᠢ ᠱᠠᠳᠤᠨ ᠳᠠᠷᠢᠶ᠎ᠠ ᠪᠣᠯᠭᠠᠨ ᠥᠭᠡᠷᠡᠴᠢᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠬᠥᠲᠥᠯ ᠢ ᠱᠠᠳᠤᠨ ᠳᠠᠷᠢᠶ᠎ᠠ | ᠪᠣᠯᠭᠠᠨ ᠥᠭᠡᠷᠡᠴᠢᠯᠡᠬᠦ ᠶᠢ 1 ᠲᠦᠮᠡᠨ ᠮᠦ ᠬᠡᠷᠡᠭᠵᠢᠭᠦᠯᠦᠨ᠎ᠡ ᠃ ᠡᠳ᠋ ᠤᠨ ᠵᠠᠰᠠᠭ ᠠᠴᠠ 5000 ᠲᠦᠮᠡᠨ ᠲᠥᠭᠦᠷᠢᠭ ᠲᠣᠬᠢᠷᠠᠭᠤᠯᠵᠤ ᠂ ᠬᠥᠳᠡᠭᠡ ᠲᠣᠰᠬᠤᠨ ᠤ | ᠬᠥᠮᠥᠨ ᠮᠠᠯ ᠤᠨ ᠤᠤᠭᠤᠬᠤ ᠤᠰᠤ ᠤᠮᠳᠠ ᠶᠢᠨ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠪᠠ ᠢᠳᠡᠬᠦ ᠤᠰᠤᠨ ᠤ ᠬᠦᠴᠢᠷᠳᠡᠯ ᠲᠠᠢ ᠪᠠᠶᠢᠭ᠎ᠠ ᠡᠷᠦᠬᠡ ᠶᠢᠨ | ᠤᠤᠭᠤᠬᠤ ᠤᠰᠤᠨ ᠤ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠢᠳᠪᠦᠷᠢᠯᠡᠨ᠎ᠡ᠃ ︽ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ ᠂ | ᠠᠵᠤ ᠦᠢᠯᠡᠳᠪᠦᠷᠢ ᠪᠠᠷ ᠲᠠᠷᠢᠶᠠᠯᠠᠩ ᠢ ᠳᠡᠮᠵᠢᠬᠦ ︾ ᠠᠵᠢᠯ ᠤᠨ ᠡᠷᠴᠢᠮ ᠢ ᠴᠢᠩᠭᠠᠷᠠᠭᠤᠯᠵᠤ ᠂ ᠰᠠᠭᠤᠭ᠎ᠠ ᠭᠠᠵᠠᠷ ᠤᠨ ᠡᠯᠡᠠᠵᠤ ᠠᠬᠤᠶᠢᠯᠠᠯ ᠤᠨ ᠳᠣᠲᠣᠭᠠᠳᠤ ᠶᠢᠨ | ᠬᠤᠭᠤᠯᠠᠨ ᠭᠡᠷ ᠪᠣᠯᠣᠨ ᠠᠵᠢᠯᠲᠠᠳ ᠤᠨ ᠠᠰᠠᠷᠠᠮᠵᠢ ᠶᠢ ᠵᠠᠬ᠎ᠠ ᠳᠡᠯᠭᠡᠭᠦᠷ ᠤᠨ ᠦᠨ᠎ᠡ ᠂ ᠵᠠᠬᠢᠶᠠᠯᠠᠭ᠎ᠠ ᠶᠢᠨ ᠬᠡᠯᠪᠡᠷᠢ ᠪᠠᠷ ᠲᠣᠰ ᠭᠠᠵᠠᠷ ᠤᠨ ᠲᠠᠷᠢᠶᠠᠯᠠᠩ ᠤᠨ | ᠪᠦᠲᠦᠭᠡᠭᠳᠡᠬᠦᠨ ᠢ ᠭᠡᠷᠡᠭᠯᠡᠬᠦ ᠶᠢ ᠰᠠᠨᠠᠭᠠᠴᠢᠯᠠᠵᠤ ᠂ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠡᠯ᠎ᠡ ᠨᠢᠭᠡᠴᠢ ᠠᠴᠠ ᠲᠣᠰ ᠭᠠᠵᠠᠷ ᠤᠨ | ᠲᠠᠷᠢᠶᠠᠯᠠᠩ ᠤᠨ ᠪᠦᠲᠦᠭᠡᠭᠳᠡᠬᠦᠨ ᠢ ᠭᠡᠷᠡᠭᠯᠡᠬᠦ ᠪᠠᠷ ᠭᠤᠣᠯ ᠪᠣᠯᠭᠠᠵᠤ ᠂ ᠳᠤᠮᠳᠠ ᠵᠡᠷᠭᠡ ᠶᠢᠨ ᠣᠷᠣᠯᠭ᠎ᠠ ᠲᠠᠢ ᠮᠠᠯᠴᠢᠨ ᠲᠠᠷᠢᠶᠠᠴᠢᠳ ᠤᠨ ᠳᠠᠷᠢᠬᠤ ᠵᠣᠷᠢᠭ ᠦᠭᠡᠢ ᠂ | ᠲᠡᠵᠢᠭᠡᠬᠦ ᠵᠣᠷᠢᠭ ᠦᠭᠡᠢ ᠪᠠᠶᠢᠬᠤ ᠪᠠ ᠵᠠᠷᠢᠮ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠤ ᠬᠦᠴᠢᠷ ᠪᠠᠶᠢᠬᠤ ᠠᠰᠠᠭᠤᠳᠠᠯ ᠢ ᠪᠥᠬᠦ ᠬᠦᠴᠦᠨ ᠢᠶᠠᠷ ᠢᠶᠠᠨ | ᠰᠢᠢᠳᠪᠦᠷᠢᠯᠡᠨ᠎ᠠ ᠃ ︽ ᠲᠠᠷᠢᠶᠠᠯᠠᠩ ︾ ᠲᠡᠮᠳᠡᠭᠲᠦ ᠳᠤᠯᠤᠭᠠᠶᠢᠯᠠᠬᠴᠢ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠵᠢᠭᠡᠯᠡᠯᠭᠡ ᠶᠢᠨ ᠳᠠᠮ ᠬᠦᠦ ᠂ | ᠥᠷᠭᠡᠳᠬᠡᠭᠰᠡᠨ ᠨᠥᠬᠦᠨ ᠦᠢᠯᠡᠳᠪᠦᠷᠢᠯᠡᠯ ᠤᠨ ᠨᠥᠬᠦᠪᠦᠷᠢ ᠂ ᠮᠡᠷᠭᠡᠵᠢᠯ ᠤᠨ ᠥᠭᠡᠷᠡᠴᠢᠯᠡᠯᠲᠡ ᠶᠢᠨ ᠨᠥᠬᠦᠪᠦᠷᠢ ᠂ ᠰᠢᠨᠵᠢᠯᠡᠬᠦ ᠤᠬᠠᠭᠠᠨ ᠤ ᠰᠤᠳᠤᠯᠭᠠᠨ ᠤ | ᠵᠠᠷᠤᠳᠠᠯ ᠤᠨ ᠳᠡᠮᠵᠢᠯᠭᠡ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠠᠪᠴᠤ ᠪᠠᠶᠢᠭᠠᠳ ︽ ᠲᠠᠷᠢᠶᠠᠯᠠᠩ ︾ ᠲᠡᠮᠳᠡᠭᠲᠦ ᠳᠤᠯᠤᠭᠠᠶᠢᠯᠠᠬᠴᠢ ᠠᠵᠤ ᠠᠬᠤᠶᠢᠯᠠᠯ ᠢ | ᠳᠡᠮᠵᠢᠨ ᠪᠤᠵᠠᠭᠠᠶᠢᠷᠠᠭᠤᠯᠤᠨ᠎ᠠ ᠃ ᠳᠤᠯᠤᠭᠠᠶᠢᠯᠠᠬᠴᠢ ᠠᠵᠤ ᠠᠬᠤᠶᠢᠯᠠᠯ ᠬᠢᠭᠡᠳ ᠮᠠᠯᠴᠢᠨ ᠳᠠᠷᠢᠶᠠᠴᠢᠨ ᠡᠷᠦᠬᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ | ᠤᠯᠠᠮ ᠨᠢᠭᠡ ᠠᠯᠬᠤᠮ ᠨᠢᠭᠲᠠᠷᠠᠭᠤᠯᠵᠤ ᠂ ᠭᠤᠤ ᠶᠤᠸᠠᠨ ᠭᠦᠢᠯᠡᠰᠦᠨ ᠴᠥᠮ᠎ᠡ ᠶᠢᠨ ᠤᠮᠳᠠᠭᠠᠨ ᠂ ᠬᠦᠸᠧ ᠵᠢᠢ ᠬᠤᠸᠠ ᠵᠡᠷᠭᠡ ᠠᠵᠤ ᠠᠬᠤᠶᠢᠯᠠᠯ ᠤᠨ ᠪᠤᠵᠠᠭᠠᠶᠢᠷᠠᠨ | ᠬᠦᠴᠦᠷᠬᠡᠭᠵᠢᠬᠦ ᠶᠢ ᠳᠡᠮᠵᠢᠨ᠎ᠡ ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠵᠡᠩᠨᠡᠯᠲᠡ ᠨᠢ ᠬᠦᠴᠢᠷᠳᠡᠯ ᠲᠠᠢ ︽ ᠲᠠᠷᠢᠶᠠᠯᠠᠩ ︾ ᠳᠡᠮᠳᠡᠭᠲᠤ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠠᠴᠠ ᠨᠢ ᠠᠩᠭᠢᠵᠢᠷᠠᠭᠤᠯᠵᠤ ᠂ ᠮᠠᠯᠴᠢᠨ ᠲᠠᠷᠢᠶᠠᠴᠢᠨ ᠳᠤ ᠠᠵᠤ ᠦᠶᠯᠡᠰᠵᠢᠯᠲᠡ ᠶᠢᠨ ᠬᠥᠭᠵᠢᠯᠲᠡ ᠠᠴᠠ ᠨᠠᠩ ᠣᠯᠠᠨ | ᠪᠣᠳᠠᠲᠤ ᠠᠰᠢᠭ ᠬᠦᠷᠲᠡᠭᠡᠨ᠎ᠡ ᠃ ᠵᠡᠭᠦᠨᠭᠠᠷ ᠬᠤᠰᠢᠭᠤᠨ ᠤ ᠨᠢᠲᠤᠯᠵᠤ ᠡᠳ᠋ᠰᠢᠭᠦᠯᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ ᠂ ᠳ᠋ᠠ ᠯᠦ ᠪᠠᠯᠭᠠᠰᠤ ᠶᠢᠨ ᠰᠢᠶᠣᠣ | ᠲᠠᠨ ᠽᠢ ᠲᠣᠰᠬᠤᠨ ᠢᠶᠠᠷ ᠭᠤᠣᠯ ᠪᠣᠯᠭᠠᠭᠰᠠᠨ ︽ ᠲᠠᠪᠤᠨ ᠰᠠᠶᠢᠲᠠᠢ ᠬᠤᠶᠠᠷ ᠳᠠᠭᠠᠯᠠᠮᠵᠢᠳᠠᠢ ︾ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠭᠤᠶᠤᠴᠢᠯᠠᠨ ᠮᠡᠳᠡᠭᠦᠯᠬᠦ ᠶᠢ ᠳᠡᠮᠵᠢᠵᠦ ᠂ ᠭᠤᠣᠯ ᠳᠠᠭᠠᠤ ᠶᠢᠨ ᠵᠤᠭᠠᠴᠠᠨ ᠰᠡᠯᠡᠭᠦᠴᠡᠬᠦ | ᠠᠮᠠᠷᠠᠯᠲᠠ ᠶᠢᠨ ᠣᠷᠣᠨ ᠢ ᠪᠠᠶᠢᠭᠤᠯᠤᠨ᠎ᠠ ᠃ ᠲᠠᠷᠢᠶᠠᠨ ᠭᠠᠵᠠᠷ ᠢ ︽ ᠲᠠᠷᠢᠶᠠᠯᠠᠩ ᠤᠨ ᠪᠤᠰᠤ ᠪᠣᠯᠭᠠᠬᠤ ︾ ᠂ ᠦᠨᠳᠦᠰᠦᠨ ᠲᠠᠷᠢᠶᠠᠨ ᠭᠠᠵᠠᠷ ᠢ ︽ ᠠᠮᠤ ᠪᠤᠳᠠᠭᠠᠨ ᠤ | ᠪᠤᠰᠤ ᠪᠣᠯᠭᠠᠬᠤ ︾ ᠶᠢ ᠡᠷᠡᠰ ᠬᠤᠷᠢᠭᠯᠠᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ 1 ᠲᠦᠮᠡᠨ ᠮᠦ ᠬᠡᠷᠡᠭᠵᠢᠭᠦᠯᠦᠨ᠎ᠡ ᠃ | ᠬᠤᠶᠠᠷ ᠲᠤ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠬᠦ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ ᠂ ᠣᠷᠣᠯᠭ᠎ᠠ ᠪᠠᠭᠠᠲᠠᠢ | ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠶᠢ ᠴᠢᠩᠭᠠᠳᠬᠠᠨ ᠂ ᠲᠠᠰ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠰᠠᠶᠢᠲᠤᠷ ᠬᠢᠵᠦ ᠂ | ᠵᠡᠬᠦᠠᠭᠠᠷ ᠬᠤᠰᠢᠭᠤᠨ ᠤ ᠬᠠᠷᠢᠶ᠎ᠠ ᠲᠠᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠦᠨ ᠦᠨᠳᠦᠰᠦᠨ ᠵᠦᠢᠯ ᠢ ᠪᠠᠲᠤᠯᠠᠬᠤ | ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠨ᠎ᠡ ︔ ᠪᠦᠬᠦᠯᠢ 60 ᠨᠠᠰᠤᠨ ᠠᠴᠠ ᠳᠡᠭᠡᠭᠰᠢᠬᠢ ᠵᠡᠬᠦᠠᠭᠠᠷ ᠬᠤᠰᠢᠭᠤᠨ ᠤ ᠬᠠᠷᠢᠶ᠎ᠠ ᠲᠠᠢ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠢ ᠡᠳ᠋ ᠤᠨ ᠵᠠᠰᠠᠭ ᠠᠴᠠ ᠣᠷᠣᠯᠠᠨ ᠲᠤᠰᠢᠶᠠᠨ᠎ᠠ ︔ ᠳᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ︽ | ᠦᠨᠳᠦᠰᠦᠨ ᠵᠦᠢᠯ ᠢ ᠪᠠᠲᠤᠯᠠᠬᠤ + ᠤᠷᠮᠠᠰᠢᠭᠤᠯᠬᠤ︾ ᠠᠷᠭ᠎ᠠ ᠮᠠᠶ᠋ᠢᠭ ᠢᠶᠠᠷ ᠲᠤᠰ ᠳᠤᠰᠬᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠦᠮᠤᠨ ᠪᠦᠷᠢ ᠳᠤ ᠨᠦᠬᠦᠪᠤᠷᠢ ᠦᠭᠬᠦᠨ᠎ᠠ᠃ ᠵᠢᠯ ᠪᠤᠯᠭᠠᠨ ᠣᠷᠣᠯᠭ᠎ᠠ ᠪᠠᠭᠠᠲᠠᠢ ᠬᠥᠮᠥᠰ ᠢ 2000 | ᠡᠷᠦᠬᠡ ᠠᠴᠠ ᠳᠣᠣᠷ᠎ᠠ ᠦᠭᠡᠢ ᠳᠤᠬᠤᠨᠢᠭᠤᠯᠵᠤ ᠂ ᠡᠷᠦᠬᠡ ᠪᠦᠷᠢ ᠶᠢᠨ ᠲᠣᠬᠤᠨᠢᠭᠤᠯᠬᠤ ᠮᠥᠩᠭᠦ ᠶᠢ 2000 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠃ ᠵᠢᠯ | ᠪᠤᠯᠭᠠᠨ ᠥᠨᠳᠥᠷ ᠪᠠᠷᠢᠮᠵᠢᠶᠠᠲᠤ ᠳᠤᠯᠠᠭᠠᠨ ᠬᠦᠯᠡᠮᠵᠢ ᠶᠢᠨ ᠠᠰᠢᠭ ᠣᠷᠣᠯᠭ᠎ᠠ ᠠᠴᠠ 3000 ᠲᠦᠮᠡᠨ ᠲᠥᠭᠦᠷᠢᠭ ᠭᠠᠷᠭᠠᠵᠤ ᠂ ᠬᠤᠰᠢᠭᠤᠨ ᠤ ᠬᠠᠷᠢᠶᠠᠲᠤ | ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠪᠠᠯᠭᠠᠰᠤ ᠂ ᠲᠣᠰᠬᠤᠨ ᠤ ᠬᠠᠮᠲᠤ ᠶᠢᠨ ᠠᠵᠤ ᠠᠬᠤᠢ ᠠᠴᠠ 3000 ᠲᠦᠮᠡᠨ ᠲᠥᠭᠦᠷᠢᠭ ᠭᠠᠷᠭᠠᠵᠤ ᠂ 6000 | ᠣᠷᠴᠢᠮ ᠡᠷᠦᠬᠡ ᠶᠢᠨ ᠣᠷᠣᠯᠭ᠎ᠠ ᠪᠠᠭᠠᠲᠠᠢ ᠬᠦᠮᠤᠰ ᠤᠨ ᠣᠷᠣᠯᠭ᠎ᠠ ᠶᠢᠨ ᠨᠡᠮᠡᠭᠳᠡᠯ ᠤᠨ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠨ᠎ᠡ ᠃ | ︵ ᠳᠥᠷᠪᠡ ︶ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠰᠣᠨᠣᠰᠴᠤ ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ | ᠲᠠᠰᠤᠷᠠᠯᠲᠠ ᠦᠭᠡᠢ ᠳᠠᠪᠰᠢᠬᠤ ᠶᠢ ᠠᠬᠢᠭᠤᠯᠤᠨ᠎ᠠ ᠃ | ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ | ᠲᠦᠷᠤ ᠶᠢᠨ ᠪᠣᠳᠣᠯᠭ᠎ᠠ ᠵᠢᠨᠴᠢᠨᠠᠷᠲᠠᠢ ᠪᠠᠷ ᠨᠢᠭᠡᠳᠦᠯᠲᠡᠢ ᠲᠥᠯᠥᠪᠵᠢᠬᠦᠯᠤᠨ ᠠᠵᠢᠯ ᠣᠯᠭᠤᠬᠤ ᠪᠠ ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢᠨ ︽ᠬᠤᠣᠰ ᠴᠢᠭᠯᠡᠯ︾ | ᠢᠶᠠᠷ ᠬᠦᠴᠦᠯᠡᠬᠦ ᠶᠢ ᠠᠬᠢᠭᠤᠯᠵᠤ ᠂ ᠲᠤᠰ ᠭᠠᠵᠠᠷ ᠣᠷᠣᠨ ᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠭᠦᠨᠵᠡᠭᠡᠢ ᠠᠭᠤᠳᠠᠯᠵᠤ ᠂ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠥᠭᠬᠦ ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠥᠭᠬᠦ ᠵᠡᠷᠭᠡ | ᠬᠡᠯᠪᠡᠷᠢ ᠶᠢ ᠠᠪᠴᠤ ᠂ ᠠᠵᠤ ᠠᠬᠤᠶᠢᠯᠠᠯ ᠤᠨ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠠᠭᠠᠨ ᠠᠵᠢᠯᠴᠢᠨ ᠬᠡᠷᠡᠭᠯᠡᠬᠦ ᠶᠢ ᠵᠣᠷᠢᠭᠵᠢᠭᠤᠯᠤᠨ ᠬᠥᠲᠥᠯᠥᠨ | ᠵᠢᠯᠣᠭᠤᠳᠤᠨ᠎ᠠ᠃ ᠬᠤᠰᠢᠭᠤᠨ ᠤ ᠳᠤᠳᠤᠷᠠᠬᠢ ᠤᠯᠤᠰ ᠤᠨ ᠪᠠ ᠲᠥᠪ ᠤᠨ ᠠᠵᠤ ᠠᠬᠤᠶᠢᠯᠠᠯ ᠵᠣᠬᠢᠬᠤ ᠬᠠᠷᠢᠴᠠᠯ ᠢᠶᠠᠷ ᠲᠤᠰ ᠭᠠᠵᠠᠷ ᠤᠨ ᠠᠵᠢᠯᠴᠢᠨ ᠢ ᠡᠯᠰᠡᠬᠦ ᠶᠢ | ᠰᠠᠨᠠᠭᠠᠴᠢᠯᠠᠵᠤ ᠂ ᠲᠤᠰ ᠭᠠᠵᠠᠷ ᠤᠨ ᠬᠥᠳᠡᠯᠮᠦᠷᠢ ᠬᠦᠴᠦᠨ ᠳᠤ ᠠᠵᠢᠯ ᠮᠡᠷᠭᠡᠵᠢᠯ ᠤᠨ ᠬᠥᠭᠵᠢᠯᠲᠡ ᠶᠢᠨ ᠲᠣᠭᠲᠠᠭᠤᠨ ᠠᠵᠠ ᠲᠣᠬᠢᠶᠠᠯ ᠬᠠᠩᠭᠠᠬᠤ ᠶᠢ | ᠰᠠᠨᠠᠭᠠᠴᠢᠯᠠᠨ᠎ᠠ᠃ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ ᠂ ᠵᠠᠬᠢᠶᠠᠯᠠᠭ᠎ᠠ ᠶᠢᠨ | ᠮᠠᠶ᠋ᠢᠭ ᠤᠨ ᠂ ᠬᠠᠨᠳᠤᠯᠭᠠᠲᠤ ᠮᠠᠶ᠋ᠢᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ ᠂ | ᠰᠤᠷᠭᠠᠭᠤᠯᠢ ᠶᠢᠨ ᠳᠣᠲᠣᠨ᠎ᠠ ᠭᠠᠳᠠᠨᠠᠬᠢ ᠶᠢ ᠵᠣᠯᠭᠠᠭᠤᠯᠬᠤ ᠂ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤ ᠬᠦᠴᠦᠨ ᠨᠡᠮᠡᠷᠢᠯᠡᠬᠦ ᠦᠢᠯᠡᠴᠢᠯᠡᠭᠡᠨ ᠤ | ᠲᠤᠯᠭᠠᠭᠤᠷᠢᠯᠠᠯ ᠢ ᠪᠣᠶ ᠪᠣᠯᠭᠠᠨ᠎ᠠ ᠃ ︽ ᠵᠠᠰᠠᠭ ᠰᠤᠷᠭᠠᠭᠤᠯᠢ ᠠᠵᠤ ᠠᠬᠤᠶᠢᠯᠠᠯ ︾ ᠭᠤᠷᠪᠠᠨ ᠲᠠᠯ᠎ᠠ ᠪᠠᠷ ᠢᠶᠠᠨ ᠬᠠᠮᠵᠢᠯᠴᠠᠨ ᠵᠠᠬᠢᠶᠠᠯᠠᠬᠤ ᠮᠠᠶ᠋ᠢᠭ ᠤᠨ | ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠪᠠᠶᠢᠭᠤᠯᠵᠤ ᠂ 300 ᠴᠢᠳᠠᠪᠤᠷᠢᠲᠠᠨ ᠢ ᠬᠥᠮᠥᠵᠢᠭᠦᠯᠬᠦ ᠂ 50 ᠨᠡᠷ᠎ᠠ ᠬᠦᠮᠤᠨ ᠤ ᠲᠤᠰᠬᠠᠢ ᠮᠡᠷᠭᠡᠵᠢᠯ ᠢ | ᠬᠤᠪᠢᠷᠠᠭᠤᠯᠤᠨ ᠪᠣᠯᠪᠠᠰᠤᠷᠠᠭᠤᠯᠬᠤ ᠂ 100 ᠬᠥᠮᠥᠨ ᠢ ᠨᠡᠯᠢᠶᠡᠳ ᠣᠷᠳᠣ ᠬᠤᠭᠤᠴᠠᠭ᠎ᠠ ᠪᠠᠷ ᠠᠵᠢᠯ ᠤᠨ ᠪᠠᠶᠢᠷᠢ ᠠᠴᠠ ᠨᠢ ᠰᠠᠯᠭᠠᠵᠤ ᠪᠣᠯᠪᠠᠰᠤᠷᠠᠭᠤᠯᠬᠤ ᠶᠢ | ᠪᠡᠶᠡᠯᠡᠭᠦᠯᠵᠦ ᠂ ᠠᠵᠢᠯ ᠲᠠᠢ ᠬᠦᠮᠤᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠦᠭᠡᠢ ᠪᠤᠯᠭᠠᠬᠤ ᠶᠢ ᠦᠨᠡᠨᠬᠦ ᠪᠠᠲᠤᠯᠠᠵᠤ ᠂ ᠬᠤᠲᠠ ᠪᠠᠯᠭᠠᠰᠤ ᠶᠢᠨ 3000 | ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠠ ᠃ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ᠶᠢ | ᠪᠠᠭᠰᠢ ᠶᠢᠨ ᠢᠳᠡᠪᠬᠢᠵᠢᠯ ᠢ ᠳᠡᠭᠡᠭᠰᠢᠯᠡᠭᠦᠯᠬᠦ ᠪᠠ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠬᠤ ᠳᠡᠭᠡᠷ᠎ᠡ ᠲᠠᠯᠪᠢᠵᠤ ᠂ ᠰᠤᠷᠭᠠᠭᠤᠯᠢ ᠳᠡᠪᠰᠢᠬᠦ ᠨᠣᠷᠮ᠎ᠠ ᠶᠢ | ᠳᠡᠭᠡᠭᠰᠢᠯᠡᠭᠦᠯᠬᠦ ᠳᠦᠪᠰᠢᠨ ᠂ ᠦᠨᠳᠤᠷ ᠬᠤᠪᠢ ᠤᠯᠳᠠᠭ ᠰᠣᠷᠣᠭᠴᠢ ᠶᠢᠨ ᠲᠤᠭ᠎ᠠ ᠶᠢ ᠨᠡᠮᠡᠭᠳᠡᠭᠦᠯᠬᠦ ᠵᠡᠷᠭᠡ ᠪᠠᠶᠢᠳᠠᠯ ᠢ ᠦᠨᠳᠦᠰᠦᠯᠡᠨ ᠂ ᠰᠤᠷᠭᠠᠭᠤᠯᠢ ᠳᠡᠪᠰᠢᠭᠰᠡᠨ ᠢ | ᠱᠠᠩᠨᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠱᠠᠩᠨᠠᠬᠤ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠦᠨ ᠂ ᠬᠢᠷᠢ ᠪᠦᠲᠦᠮᠵᠢ ᠪᠠᠷ | ᠰᠠᠶᠢᠨ ᠂ ᠬᠠᠷᠠᠮ ᠦᠭᠡᠢ ᠵᠣᠷᠢᠭᠤᠯᠬᠤ ᠳᠤᠷᠠᠲᠠᠢ ᠪᠠᠭᠰᠢ ᠳᠤ ᠨᠠᠩ ᠣᠯᠠᠨ ᠪᠤᠳᠠᠳᠤ ᠬᠦᠷᠳᠡᠭᠡᠮᠵᠢ ᠲᠠᠢ ᠪᠣᠯᠭᠠᠨ᠎ᠠ ᠃ ᠮᠡᠷᠭᠡᠵᠢᠯ ᠤᠨ ᠴᠣᠯᠠ ᠲᠣᠭᠲᠠᠭᠠᠬᠤ ᠤᠷᠢᠬᠤ | ᠲᠦᠷᠦ ᠶᠢᠨ ᠪᠣᠳᠣᠯᠭ᠎ᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ ᠂ ᠮᠡᠷᠭᠡᠵᠢᠯ ᠤᠨ ᠴᠣᠯᠠ ᠲᠣᠭᠲᠠᠭᠠᠬᠤ ᠤᠷᠢᠬᠤ ᠠᠷᠭ᠎ᠠ ᠵᠠᠮ ᠢ ᠰᠢᠯᠢᠳᠡᠭᠵᠢᠭᠦᠯᠵᠦ ᠂ ᠨᠡᠩ | ᠤᠯᠠᠨ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠨᠢᠭᠡᠳᠦᠭᠡᠷ ᠹᠷᠣᠨᠲ ᠤᠨ ᠪᠠᠭᠰᠢ ᠳᠡᠶᠢᠰᠢ ᠬᠡᠯᠪᠡᠶᠢᠯᠭᠡᠵᠦ ᠂ ᠨᠡᠩ ᠤᠯᠠᠨ ᠰᠢᠯᠢᠳᠡᠭ ᠵᠠᠯᠠᠭᠤ ᠪᠠᠭᠰᠢ ᠶᠢ ᠬᠦᠰᠡᠯ | ᠡᠷᠡᠮᠡᠯᠵᠡᠯ ᠲᠠᠢ᠂ ᠬᠦᠭᠡᠭᠡᠴᠡᠯᠳᠤᠯ ᠲᠠᠢ ᠪᠣᠯᠭᠠᠨ᠎ᠠ᠃ ︽ᠬᠤᠶᠠᠷ ᠢ ᠬᠦᠩᠭᠡᠷᠡᠬᠦᠯᠬᠦ︾ ᠠᠵᠢᠯ ᠢ ᠭᠦᠨᠵᠡᠭᠡᠢ ᠠᠬᠢᠭᠤᠯᠵᠤ ᠂ ᠪᠠᠭᠰᠢ ᠶᠢᠨ ᠳᠠᠷᠤᠭᠠᠰᠤ ᠶᠢ ᠬᠦᠩᠭᠡᠷᠡᠬᠦᠯᠬᠦ | ᠠᠷᠭ᠎ᠠ ᠶᠢ ᠨᠡᠶᠢᠲᠡᠯᠡᠨ ᠬᠡᠷᠡᠭᠵᠢᠭᠦᠯᠵᠦ ᠂ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠬᠤ ᠪᠠ ᠠᠳᠠᠯᠢᠳᠬᠠᠨ ᠰᠢᠯᠭᠠᠷᠠᠭᠤᠯᠵᠤ ᠬᠢᠨᠠᠨ ᠰᠢᠯᠭᠠᠬᠤ ᠶᠢ ᠨᠢᠭᠡᠳᠦᠯᠲᠡᠢ | ᠲᠥᠯᠥᠪᠵᠢᠬᠦᠯᠤᠨ ᠵᠢᠷᠤᠮᠵᠢᠭᠤᠯᠵᠤ ᠂ ᠨᠡᠶᠢᠭᠡᠮ ᠤᠨ ᠤᠴᠢᠷ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠴᠢᠩᠭ᠎ᠠ ᠬᠢᠵᠠᠭᠠᠷᠯᠠᠨ ᠂ | ᠰᠤᠷᠭᠠᠭᠤᠯᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠨᠡᠶᠢᠭᠡᠮᠴᠢᠯᠡᠭᠰᠡᠨ ᠬᠠᠮᠢᠶᠠᠷᠤᠯᠲᠠ ᠶᠢ ᠲᠤᠷᠰᠢᠨ ᠬᠡᠷᠡᠭᠵᠢᠭᠦᠯᠵᠦ ᠂ ᠪᠠᠭᠰᠢ ᠨᠠᠷ ᠤᠨ ᠪᠦᠬᠦ ᠤᠶᠤᠨ ᠴᠢᠳᠠᠯ ᠢ | ᠵᠢᠭᠠᠨ ᠰᠤᠷᠭᠠᠯᠲᠠ ᠳᠡᠭᠡᠷ᠎ᠡ ᠦᠨᠡᠨ ᠬᠦ ᠬᠡᠷᠡᠭᠯᠡᠭᠦᠯᠦᠨ᠎ᠡ᠃ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠠᠨᠠᠯ ᠢ ᠦᠷᠭᠦᠯᠵᠢᠯᠡᠨ | ᠨᠠᠶᠢᠳᠠᠪᠤᠷᠢᠵᠢᠭᠤᠯᠵᠤ ᠂ ᠶᠤᠸᠠᠨ ᠳ᠋ᠢᠩ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ 9 ᠰᠤᠷᠭᠠᠨ ᠬᠥᠮᠦᠵᠢᠯ ᠤᠨ | ᠪᠦᠯᠦᠭᠯᠡᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ ᠂ ᠳ᠋ᠦᠩᠱᠧᠩ ᠬᠢᠶ᠎ᠠ ᠪᠠᠭᠰᠢ ᠭᠠᠵᠠᠷ ᠣᠷᠣᠨ ᠤ ᠰᠤᠷᠭᠠᠭᠤᠯᠢ ᠯᠤᠭ᠎ᠠ ᠬᠤᠯᠪᠤᠭᠠᠯᠠᠯ | ᠪᠠᠶᠢᠭᠤᠯᠤᠨ ᠬᠠᠮᠲᠤ ᠪᠠᠷ ᠪᠠᠶᠢᠭᠤᠯᠬᠤ ᠶᠢ ᠴᠢᠩᠭᠠᠳᠬᠠᠵᠤ ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠬᠦ ᠶᠢ | ᠭᠦᠨᠵᠡᠭᠡᠶᠢᠷᠡᠭᠦᠯᠦᠨ ᠂ ᠤᠯᠤᠰ ᠤᠨ ᠳᠣᠲᠣᠭᠠᠳᠤ ᠶᠢᠨ ᠨᠠᠷᠠᠲᠤ ᠪᠠᠭᠰᠢ ᠪᠠᠷ ᠬᠥᠲᠥᠯᠥᠨ ᠳᠠᠭᠠᠭᠤᠯᠤᠭᠰᠠᠨ ᠭᠠᠷᠮᠠᠭᠠᠢ ᠪᠠᠭᠰᠢ ᠶᠢ ᠬᠥᠮᠥᠵᠢᠭᠦᠯᠬᠦ ᠢᠨᠵᠧᠨᠧᠷᠢᠩ ᠢ | ᠡᠬᠢᠯᠡᠭᠦᠯᠵᠦ ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ ᠂ ᠲᠡᠷᠢᠭᠦᠨ ᠤ ᠪᠠᠭᠰᠢ ᠪᠠᠷ ᠲᠡᠷᠢᠭᠦᠨ ᠤ ᠰᠤᠷᠭᠠᠨ ᠬᠥᠮᠦᠵᠢᠯ ᠤᠨ | ᠶᠠᠰᠤ ᠴᠢᠨᠠᠷ ᠢ ᠪᠠᠲᠤᠯᠠᠨ᠎ᠠ ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ 4 ᠪᠠᠶᠢᠭᠤᠯᠵᠤ ᠂ ᠵᠡᠭᠦᠨᠭᠠᠷ ᠳᠤᠮᠳᠠᠳᠤ ᠰᠤᠷᠭᠠᠭᠤᠯᠢ ᠶᠢ 9 | ᠰᠠᠷ᠎ᠠ ᠶᠢᠨ 1 ᠤ ᠡᠳᠦᠷ ᠠᠴᠠ ᠡᠮᠦᠨ᠎ᠡ ᠲᠤᠰᠢᠶᠠᠨ ᠬᠡᠷᠡᠭᠯᠡᠭᠦᠯᠬᠦ ᠶᠢ ᠦᠨᠡᠨᠬᠦ ᠪᠠᠲᠤᠯᠠᠵᠤ ᠂ ᠤᠨᠴᠠᠭᠠᠢ ᠰᠤᠷᠭᠠᠭᠤᠯᠢ ᠂ ᠵᠡᠭᠦᠨᠭᠠᠷ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶ᠎ᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠰᠢᠦᠸᠠᠢ ᠵᠢᠶᠠ ᠸᠠᠨ ᠤ ᠨᠢᠭᠡᠳᠦᠭᠡᠷ ᠬᠡᠤᠬᠡᠳ ᠤᠨ ᠴᠡᠴᠡᠷᠯᠢᠭ ᠂ | ᠲᠠᠪᠤᠳᠤᠭᠠᠷ ᠪᠠᠭ᠎ᠠ ᠰᠤᠷᠭᠠᠭᠤᠯᠢ ᠵᠡᠷᠭᠡ 20 ᠬᠠᠭᠤᠴᠢᠨ ᠰᠤᠷᠭᠠᠭᠤᠯᠢ ᠶᠢᠨ ᠬᠦᠷᠢᠶ᠎ᠡ ᠶᠢ ᠪᠠᠷᠢᠮᠵᠢᠶ᠎ᠠ ᠳᠤ ᠬᠦᠷᠭᠡᠨ ᠥᠭᠡᠷᠡᠴᠢᠯᠡᠬᠦ ᠶᠢ ᠪᠡᠶᠡᠯᠡᠭᠦᠯᠵᠦ ᠂ ᠬᠡᠦᠬᠡᠳ ᠤᠨ | ᠴᠡᠴᠡᠷᠯᠢᠭ ᠤᠨ ᠲᠦᠭᠡᠮᠡᠯ ᠬᠠᠷᠠᠭᠠᠯᠵᠠᠯ ᠢ ᠲᠦᠭᠡᠮᠡᠯᠵᠢᠭᠦᠯᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ | ᠰᠢᠯᠭᠠᠨ ᠬᠤᠷᠢᠶᠠᠯᠳᠠ ᠳᠤ ᠬᠢᠷᠢ ᠲᠡᠩᠴᠡᠭᠦᠯᠬᠦ ᠶᠢ ᠦᠨᠡᠨᠬᠦ ᠪᠠᠲᠤᠯᠠᠨ᠎ᠠ ᠃ ᠵᠢᠱᠢᠶ᠎ᠡ ᠦᠵᠡᠭᠦᠯᠬᠦ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠥᠪ ᠢ 1 | ᠪᠠᠶᠢᠭᠤᠯᠵᠤ ᠂ ᠮᠢᠩᠭᠠᠨ ᠬᠥᠮᠥᠨ ᠪᠦᠷᠢ ᠳᠤ ᠨᠣᠭᠳᠠᠬᠤ ᠪᠠᠶᠢᠷᠢ ᠶᠢᠨ ᠲᠤᠭ᠎ᠠ ᠶᠢ 5.1 ᠪᠣᠯᠭᠠᠵᠤ ᠂ ︽ ᠤᠯᠤᠰ ᠤᠨ ᠰᠢᠶᠠᠨ ᠤ ᠬᠡᠪᠴᠢᠶᠡᠨ ᠤ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠬᠦ ᠰᠢᠶᠠᠨ ︾ ᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠨ᠎ᠠ ᠃ | ᠲᠤᠰᠬᠠᠢ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃ ᠡᠮᠴᠢᠯᠡᠭᠡᠨ ᠤ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠬᠤᠶᠢᠳᠤ ᠠᠭᠤᠯᠠᠨ ᠤ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠳ᠋ᠠ ᠯᠤ᠋ ᠡᠮᠨᠡᠯᠭᠡ ᠶᠢᠨ | ᠬᠤᠷᠢᠶ᠎ᠠ ᠶᠢᠨ ᠰᠤᠯᠠ ᠪᠠᠶᠢᠭ᠎ᠠ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠨ ᠂ ᠡᠯ᠎ᠡ ᠲᠠᠯ᠎ᠠ ᠶᠢᠨ ᠬᠢᠨ ᠤ ᠴᠢᠷᠮᠠᠶᠢᠯᠭ᠎ᠠ ᠪᠠᠷ ᠳᠡᠮᠵᠢᠨ ᠂ ᠤᠯᠤᠰ ᠤᠨ | ᠳᠣᠲᠣᠭᠠᠳᠤ ᠶᠢᠨ ᠣᠷᠣᠶᠢᠯᠠᠭᠰᠠᠨ ᠬᠡᠦᠬᠡᠳ ᠤᠨ ᠡᠮᠨᠡᠯᠭᠡ ᠶᠢᠨ ᠬᠤᠷᠢᠶ᠎ᠠ ᠯᠤᠭ᠎ᠠ ᠬᠠᠮᠲᠤᠷᠠᠯᠴᠠᠭ᠎ᠠ ᠲᠣᠬᠢᠷᠠᠭᠤᠯᠵᠤ ᠂ ᠪᠠᠷᠠᠭᠤᠨ ᠬᠤᠶᠢᠲᠤ ᠣᠷᠣᠨ ᠤ ᠬᠡᠦᠬᠡᠳ ᠤᠨ | ᠲᠡᠷᠢᠭᠦᠨ ᠤ ᠲᠤᠰᠬᠠᠢ ᠡᠮᠨᠡᠯᠭᠡ ᠶᠢᠨ ᠬᠤᠷᠢᠶ᠎ᠠ ᠶᠢ ᠬᠠᠮᠲᠤᠪᠠᠷ ᠪᠠᠶᠢᠭᠤᠯᠬᠤ ᠪᠠᠷ ᠴᠢᠷᠮᠠᠶᠢᠨ᠎ᠠ ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ | ᠥᠷᠭᠡᠳᠬᠡᠨ ᠳᠣᠷᠣᠭᠰᠢ ᠪᠠᠭᠤᠯᠭᠠᠬᠤ ᠪᠠ ᠲᠡᠩᠴᠡᠭᠦᠷᠢᠲᠡᠢ ᠪᠠᠶᠢᠷᠢᠰᠢᠭᠤᠯᠬᠤ ᠶᠢ ᠲᠦᠷᠭᠡᠳᠬᠡᠵᠦ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠲᠣᠰ ᠭᠠᠵᠠᠷ ᠣᠷᠣᠨ ᠤ ᠡᠮᠴᠢᠯᠡᠭᠡᠨ ᠤ ᠡᠩᠨᠡᠭᠡ ᠶᠢ ᠲᠦᠷᠭᠡᠳᠬᠡᠨ | ᠬᠥᠮᠥᠵᠢᠭᠦᠯᠵᠦ ᠂ ᠴᠢᠩᠬᠤᠸᠠ ᠶᠢᠨ ᠴᠠᠩ ᠭᠧᠩ ᠡᠮᠨᠡᠯᠭᠡ ᠶᠢᠨ ᠬᠤᠷᠢᠶ᠎ᠠ ᠂ ᠪᠡᠭᠡᠵᠢᠩ ᠤᠨ ᠭᠤᠸᠠᠩ ᠠᠨ ᠮᠧᠨ ᠡᠮᠨᠡᠯᠭᠡ ᠶᠢᠨ ᠬᠤᠷᠢᠶ᠎ᠠ ᠪᠣᠯᠣᠨ ᠲᠢᠶᠠᠨᠵᠢᠨ | ᠬᠤᠲᠠ ᠶᠢᠨ ᠬᠢᠲᠠᠳ ᠡᠮ ᠡᠮᠨᠡᠯᠭᠡ ᠶᠢᠨ ᠰᠤᠳᠤᠯᠭᠠᠨ ᠤ ᠬᠦᠷᠢᠶᠡᠯᠡᠩ ᠤᠨ ᠬᠠᠷᠢᠶᠠᠲᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠬᠤ ᠶᠢ ᠴᠢᠩᠭᠠᠳᠬᠠᠨ ᠂ ᠤᠯᠤᠰ ᠤᠨ | ︽ ᠮᠢᠩᠭᠠᠨ ᠰᠢᠶᠠᠨ ᠤ ᠢᠨᠵᠧᠨᠧᠷᠢᠩ ︾ ᠤᠨ ᠬᠤᠰᠢᠭᠤᠨ ᠤ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠡᠭᠦᠷᠭᠡ ᠶᠢ | ᠬᠤᠭᠤᠴᠠᠭ᠎ᠠ ᠶᠣᠰᠣᠭᠠᠷ ᠪᠡᠶᠡᠯᠡᠭᠦᠯᠵᠦ ᠂ ᠪᠥᠬᠦ ᠵᠢᠯ ᠳᠤ ᠳᠣᠷᠣᠭᠰᠢ ᠰᠠᠭᠤᠵᠤ ᠡᠮᠴᠢᠯᠡᠬᠦ ᠲᠤᠰᠬᠠᠢ ᠮᠡᠷᠭᠡᠵᠢᠯᠲᠡᠨ ᠢ 1000 ᠬᠥᠮᠥᠨ ᠤᠳᠠᠭ᠎ᠠ ᠳᠠᠪᠠᠭᠤᠯᠤᠨ ᠂ | ᠭᠤᠷᠪᠠᠳᠤᠭᠠᠷ ᠵᠡᠷᠭᠡ ᠶᠢᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠶᠢ ᠬᠠᠮᠲᠤ ᠪᠠᠷ ᠪᠠᠶᠢᠭᠤᠯᠵᠤ ᠲᠤᠰᠬᠠᠢ ᠮᠡᠷᠭᠡᠵᠢᠯᠲᠡᠨ ᠤ ᠪᠠᠶᠢᠩᠭᠤ ᠶᠢᠨ ᠴᠢᠨᠠᠷᠲᠠᠢ ᠡᠪᠡᠳᠴᠢᠨ | ᠦᠵᠡᠬᠦ ᠶᠢ ᠪᠡᠶᠡᠯᠡᠭᠦᠯᠦᠨ᠎ᠡ ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠤᠬᠳᠠᠯᠴᠠᠭ᠎ᠠ ᠶᠢ ᠲᠡᠭᠦᠯᠳᠡᠷᠵᠢᠭᠦᠯᠵᠦ ᠂ ᠬᠠᠯᠳᠠᠪᠤᠷᠢᠲᠤ | ᠡᠪᠡᠳᠴᠢᠨ ᠢ ᠪᠠᠶᠢᠴᠠᠭᠠᠬᠤ ᠂ ᠬᠢᠨᠠᠨ ᠬᠡᠮᠵᠢᠬᠦ ᠂ ᠠᠪᠤᠷᠠᠨ ᠵᠠᠰᠠᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ ᠭᠤᠷᠪᠠᠨ ᠵᠢᠯ ᠤᠨ ᠬᠤᠭᠤᠴᠠᠭ᠎ᠠ ᠶᠢ ᠠᠰᠢᠭᠯᠠᠨ | ᠪᠦᠬᠦᠯᠢ 45 ᠨᠠᠰᠤᠨ ᠠᠴᠠ ᠳᠡᠭᠡᠭᠰᠢᠬᠢ ᠵᠡᠬᠦᠠᠭᠠᠷ ᠬᠤᠰᠢᠭᠤᠨ ᠤ ᠬᠠᠷᠢᠶ᠎ᠠ ᠲᠠᠢ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ | ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ ᠂ ᠪᠦᠬᠦᠯᠢ 50 ᠨᠠᠰᠤᠨ ᠠᠴᠠ ᠳᠡᠭᠡᠭᠰᠢᠬᠢ ᠬᠥᠮᠥᠰ ᠲᠤ ᠤᠷᠢᠳᠠᠪᠠᠷ ᠪᠡᠶ᠎ᠡ ᠶᠢᠨ ᠪᠠᠶᠢᠴᠠᠭᠠᠯᠲᠠ ᠬᠢᠵᠦ ᠂ ᠬᠦᠨᠳᠦ ᠶᠡᠭᠡ | ᠤᠳᠠᠭᠠᠨ ᠴᠢᠨᠠᠷᠲᠠᠢ ᠡᠪᠡᠳᠴᠢᠳᠡᠨ ᠤ ᠬᠡᠲᠦ ᠡᠷᠲᠡ ᠦᠬᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠤᠨ᠎ᠠ ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠪᠠ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠰᠤᠷᠭᠠᠭᠤᠯᠢ ᠳᠤ ᠤᠷᠤᠬᠤ ᠠᠴᠠ ᠡᠮᠦᠨᠡᠬᠢ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ | ᠬᠢᠵᠦ ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠰᠠᠬᠢᠨ ᠬᠠᠮᠠᠭᠠᠯᠠᠨ᠎ᠠ᠃ | ᠡᠭᠦᠨ ᠤ ᠬᠠᠮᠲᠤ ᠂ ︽ ᠵᠦᠨ ᠰᠢᠶᠠᠩ ᠹᠦ᠋ ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠲᠡᠮᠳᠡᠭᠲᠦ ᠶᠢ ᠠᠯᠳᠠᠷᠰᠢᠭᠤᠯᠵᠤ ᠂ ᠪᠤᠷᠤᠳᠤᠬᠤᠢ ᠂ | ᠨᠠᠷᠠᠰᠤᠨ ᠂ ᠯᠦᠩ ᠺᠧᠦ ᠵᠡᠷᠭᠡ 3 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠂ 5 ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ ᠶᠢ ᠪᠠᠶᠢᠭᠤᠯᠤᠨ᠎ᠠ ᠃ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠦᠷᠢᠯᠡᠵᠦ ᠂ | ᠪᠤᠭᠤᠷᠤᠯᠴᠤᠳ ᠤᠨ ᠠᠵᠤ ᠠᠬᠤᠢ ᠶᠢᠨ ᠬᠤᠯᠪᠣᠭᠳᠠᠯ ᠪᠦᠬᠦᠢ ᠠᠵᠤ ᠦᠢᠯᠡᠰ ᠢ ᠪᠠᠶᠢᠷᠢᠯᠠᠭᠤᠯᠤᠨ᠂ ᠣᠶᠤᠨᠴᠢ ᠡᠷᠡᠭᠦᠯ ᠴᠢᠭᠢᠷᠠᠭ ᠨᠠᠰᠤᠵᠢᠯ ᠤᠨ ᠠᠰᠠᠷᠠᠮᠵᠢ ᠶᠢᠨ | ᠠᠬᠤᠢ ᠦᠵᠡᠭᠳᠡᠯ ᠢ ᠲᠥᠪᠯᠡᠷᠡᠭᠦᠯᠦᠨ ᠬᠡᠷᠡᠭᠯᠡᠬᠦ ᠶᠢ ᠳᠡᠯᠭᠡᠷᠡᠭᠦᠯᠦᠨ᠎ᠡ᠃ ᠪᠠᠷᠢᠮᠵᠢᠶᠠᠵᠢᠭᠰᠠᠨ ᠂ ᠳᠦᠷᠤᠯ ᠲᠡᠮᠳᠡᠭᠵᠢᠭᠰᠡᠨ ᠂ ᠬᠡᠯᠬᠢᠶᠡᠵᠢᠭᠰᠡᠨ ᠂ ᠣᠶᠤᠨᠴᠢᠯᠠᠭᠰᠠᠨ | ᠬᠤᠭᠤᠯᠠᠨ ᠳᠤ ᠲᠤᠰᠠᠯᠠᠬᠤ ᠳᠤᠬᠳᠠᠯᠴᠠᠭ᠎ᠠ ᠶᠢ ᠪᠣᠶ ᠪᠣᠯᠭᠠᠵᠤ ᠂ ᠬᠤᠲᠠ ᠬᠥᠳᠡᠭᠡ ᠶᠢᠨ ᠬᠤᠭᠤᠯᠠᠨ ᠳᠤ ᠲᠤᠰᠠᠯᠠᠬᠤ ᠳᠦᠬᠦᠭᠡᠷᠤᠮᠵᠢ ᠶᠢᠨ ᠰᠦᠯᠵᠢᠶ᠎ᠡ ᠶᠢ ᠪᠦᠬᠦᠨ ᠢ | ᠬᠠᠮᠤᠷᠬᠤ ᠶᠢ ᠪᠡᠶᠡᠯᠡᠭᠦᠯᠦᠨ᠎ᠡ ᠃ ︽ ᠰᠤᠶᠢᠳᠭᠡᠯ ᠬᠤᠷᠢᠶᠠᠬᠤ ᠦᠭᠡᠢ ᠤᠷᠤᠰᠢᠭᠤᠯᠭ᠎ᠠ ︾ ᠶᠢᠨ ᠠᠵᠢᠯ ᠢ ᠦᠨᠡᠨᠬᠦ ᠰᠠᠶᠢᠲᠤᠷ ᠬᠢᠵᠦ ᠂ ᠵᠡᠭᠦᠨᠭᠠᠷ ᠤᠨ | ᠨᠡᠶᠢᠲᠡ ᠶᠢᠨ ᠪᠤᠩᠬᠤᠨ ᠂ ᠰᠢᠤᠸᠠᠢ ᠵᠢᠶᠠ ᠸᠠᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠣᠯᠣᠨ ᠡᠯ᠎ᠡ ᠰᠤᠮᠤ ᠰᠢᠶᠠᠩ ᠪᠠᠯᠭᠠᠰᠤ ᠶᠢᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠪᠤᠩᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ᠃ | ︵ ᠲᠠᠪᠤ ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠴᠢᠩᠭᠠᠳᠬᠠᠵᠤ ᠂ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠭᠦᠨᠵᠡᠭᠡᠶᠢᠷᠡᠨ | ᠥᠷᠨᠢᠬᠦ ᠶᠢ ᠠᠬᠢᠭᠤᠯᠤᠨ᠎ᠠ ᠃ | ᠠᠮᠢ ᠠᠬᠤᠢ ᠶᠢ ᠰᠡᠷᠭᠦᠭᠡᠨ ᠵᠠᠰᠠᠬᠤ ᠶᠢ ᠴᠢᠩᠭᠠᠳᠬᠠᠨ᠎ᠠ᠃ ᠠᠭᠤᠯᠠ ᠤᠰᠤ ᠣᠶ ᠮᠤᠳᠤ ᠭᠠᠵᠠᠷ ᠳᠠᠷᠢᠶ᠎ᠠ ᠨᠠᠭᠤᠷ ᠴᠦᠬᠦᠷᠤᠮ ᠨᠤᠳᠤᠭ ᠪᠡᠯᠴᠢᠭᠡᠷ ᠡᠯᠡᠰᠦ | ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠂ ᠬᠥᠪᠴᠢ ᠶᠢᠨ ᠡᠯᠡᠰᠤᠨ ᠴᠦᠯ ᠢ ᠵᠠᠰᠠᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠵᠦ ᠂ ︽ ᠤᠮᠠᠷᠠᠲᠤ ᠶᠢᠨ ᠭᠤᠷᠪᠠᠨ ᠤᠷᠤᠨ ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠣᠶ ᠰᠢᠭᠤᠢ ᠨᠤᠳᠤᠭ ᠪᠡᠯᠴᠢᠭᠡᠷ ᠢ | ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠲᠥᠷᠥᠯ ᠵᠦᠢᠯ ᠤᠨ 38.6 ᠲᠦᠮᠡᠨ ᠮᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ | ᠰᠠᠶᠢᠲᠠᠢ ᠪᠡᠶᠡᠯᠡᠭᠦᠯᠦᠨ᠎ᠡ ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠭᠦᠨᠵᠡᠭᠡᠢ ᠠᠬᠢᠭᠤᠯᠵᠤ ᠂ ᠰᠢᠭᠤᠢ ᠵᠢᠨᠭᠤᠤᠯ ᠤᠨ ᠠᠮᠢ | ᠠᠬᠤᠢ ᠶᠢᠨ ᠵᠠᠪᠰᠠᠷ ᠤᠨ ᠪᠦᠰᠡ ᠶᠢ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ ᠂ ᠬᠤᠸᠠᠩ ᠹᠦ᠋ ᠴᠤᠸᠠᠨ ᠂ ᠮᠤᠷᠢᠨᠬᠠᠰᠢᠶᠠ ᠶᠢᠨ ᠭᠤᠤᠯ ᠵᠡᠷᠭᠡ ᠭᠤᠣᠯ ᠤᠨ | ᠵᠠᠮ ᠤᠨ ᠵᠠᠰᠠᠯᠲᠠ ᠶᠢ ᠴᠢᠩᠭᠠᠳᠬᠠᠵᠤ ᠂ 25 ᠡᠯᠡᠰᠦᠨ ᠬᠠᠰᠢᠯᠭ᠎ᠠ ᠂ 27 ᠨᠦᠯᠦᠮᠡᠯ ᠭᠠᠵᠠᠷ ᠤᠨ ᠬᠠᠰᠢᠯᠭ᠎ᠠ ᠶᠢ ᠪᠦᠲᠦᠭᠡᠨ ᠪᠠᠶᠢᠭᠤᠯᠵᠤ ᠂ ᠵᠢᠵᠢᠭ ᠰᠠᠪᠠ | ᠭᠠᠵᠠᠷ ᠤᠨ 20 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠢ ᠶᠢ ᠬᠠᠮᠠᠭᠠᠯᠠᠨ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ ᠃ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ ᠂ 1.5 ᠲᠦᠮᠡᠨ ᠮᠦ ᠠᠴᠠ ᠳᠡᠭᠡᠭᠰᠢ ᠭᠠᠵᠠᠷ ᠰᠢᠷᠣᠢ ᠶᠢ ᠳᠠᠬᠢᠨ | ᠬᠠᠭᠠᠯᠪᠤᠷᠢᠯᠠᠵᠤ ᠵᠠᠰᠠᠬᠤ ᠶᠢ ᠪᠡᠶᠡᠯᠡᠭᠦᠯᠵᠦ ᠂ 9 ᠰᠠᠭᠤᠷᠢ ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ ᠨᠡᠮᠡᠭᠳᠡᠭᠦᠯᠦᠨ ᠂ ᠵᠡᠭᠦᠨᠭᠠᠷ ᠵᠣᠣ ᠂ ᠨᠠᠷᠠᠰᠤᠨ | ᠬᠤᠳᠳᠤᠭ ᠤᠨ ᠠᠵᠤ ᠦᠢᠯᠡᠳᠪᠦᠷᠢ ᠨᠡᠭᠦᠷᠡᠰᠦᠨ ᠠᠭᠤᠷᠬᠠᠢ ᠶᠢᠨ ᠳᠣᠷᠣᠭᠰᠢ ᠰᠠᠭᠤᠭᠳᠠᠬᠰᠠᠨ ᠣᠷᠣᠨ ᠤ ᠪᠦᠬᠦᠯᠢᠠᠭᠤᠯᠠ ᠭᠤᠤ ᠪᠠ ᠵᠠᠳᠠᠭᠠᠢ ᠨᠡᠭᠦᠷᠡᠰᠦᠨ | ᠠᠭᠤᠷᠬᠠᠢ ᠶᠢᠨ ᠳᠠᠬᠢᠨ ᠬᠠᠭᠠᠯᠪᠤᠷᠢᠯᠠᠭᠰᠠᠨ ᠣᠷᠣᠨ ᠤ ᠲᠥᠪᠯᠡᠷᠡᠭᠦᠯᠦᠨ ᠵᠠᠯᠭᠠᠯᠳᠤᠭᠤᠯᠤᠨ ᠭᠡᠰᠡᠭ ᠢ ᠵᠠᠰᠠᠭᠰᠠᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ ᠂ | ᠵᠡᠭᠦᠨᠭᠠᠷ ᠵᠤᠤ ᠶᠢᠨ ᠪᠣᠬᠢᠷᠲᠤᠯ ᠦᠭᠡᠢ ᠠᠭᠤᠷᠬᠠᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠂ | ᠳᠠᠬᠢᠨ ᠬᠠᠭᠤᠯᠪᠤᠷᠢᠯᠠᠵᠤ ᠪᠣᠯᠬᠤ ᠂ ᠳᠡᠯᠭᠡᠷᠡᠭᠦᠯᠵᠦ ᠪᠣᠯᠬᠤ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠴᠡᠭ ᠤᠨ | ᠲᠤᠷᠰᠢᠯᠭ᠎ᠠ ᠶᠢ ᠰᠦᠪᠡᠭᠴᠢᠯᠡᠨ ᠪᠣᠶ ᠪᠣᠯᠭᠠᠨ᠎ᠠ ᠃ | ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯ ᠢ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠬᠤᠷᠠᠯ ᠤᠨ ᠡᠭᠦᠷᠭᠡ ᠶᠢ ᠪᠥᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠰᠠᠨ ᠢ ᠤᠬᠳᠤᠨ ᠠᠪᠴᠤ ᠪᠠᠶᠢᠴᠠᠭᠠᠬᠤ ᠪᠠ ᠥᠩᠭᠡᠷᠡᠭᠰᠡᠨ ᠵᠢᠯ ᠤᠳ ᠤᠨ ᠡᠯ᠎ᠡ ᠱᠠᠲᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠰᠠᠨ ᠂ ᠥᠪᠡᠷᠲᠡᠭᠡᠨ ᠵᠠᠰᠠᠬᠤ ᠣᠷᠣᠨ ᠤ ︽ ᠨᠠᠷᠢᠯᠢᠭ ᠣᠨᠣᠴᠠᠲᠠᠢ ᠪᠠᠷ ᠵᠢᠷᠤᠭ ᠳᠦᠯᠦᠪᠯᠡᠭᠡ ᠭᠠᠷᠭᠠᠵᠤ ︾ ᠬᠠᠷᠢᠭᠤ | ᠲᠤᠰᠬᠠᠭᠰᠠᠨ ᠠᠰᠠᠭᠤᠳᠠᠯ ᠢ ᠬᠠᠯᠠᠨᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠰᠠᠶᠢᠳᠤᠷ ᠬᠢᠨ᠎ᠠ᠃ ᠬᠤᠳᠠ ᠶᠢᠨ ᠱᠠᠳᠤᠨ ᠠᠴᠠ ᠪᠠᠭᠤᠯᠭᠠᠬᠰᠠᠨ 135 ᠵᠤᠶᠢᠯ ᠤᠨ | ᠪᠤᠬᠢᠷᠳᠤᠯ ᠢ ᠰᠡᠷᠭᠡᠶᠢᠯᠡᠨ ᠵᠠᠰᠠᠬᠤ ᠡᠬᠦᠷᠭᠡ ᠶᠢ ᠯᠠᠪᠳᠠᠭᠤᠨ ᠪᠠᠳᠤᠳᠠᠢ ᠠᠬᠢᠭᠤᠯᠵᠤ ᠂ ᠠᠭᠤᠷᠬᠠᠢ ᠶᠢᠨ ᠣᠷᠣᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠲᠣᠭᠤᠰᠣ ᠪᠠᠭᠤᠷᠠᠭᠤᠯᠬᠤ ᠳᠦᠬᠦᠭᠡᠷᠤᠮᠵᠢ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠂ ᠲᠣᠭᠤᠰᠣ ᠬᠤᠷᠢᠭᠯᠠᠬᠤ ᠴᠢᠳᠠᠪᠤᠷᠢ ᠶᠢ | ᠪᠦᠲᠦᠮᠵᠢᠲᠡᠶ ᠳᠡᠭᠡᠭᠰᠢᠯᠡᠭᠦᠯᠦᠨ᠎ᠡ ᠃ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠵᠠᠰᠠᠯᠲᠠ ᠶᠢ ᠲᠦᠷᠭᠡᠳᠬᠡᠵᠦ ᠂ | ᠢ ᠲᠠᠢ ᠶᠢᠨ ᠨᠡᠭᠦᠷᠡᠰᠦ ᠪᠠᠷ ᠲᠣᠰᠣ ᠦᠢᠯᠡᠳᠪᠤᠷᠢᠯᠡᠬᠦ ᠂ ᠳ᠋ᠦᠩ ᠬᠤᠸᠠ ᠡᠨᠧᠷᠭᠢ ᠶᠢᠨ ᠰᠤᠷᠪᠤᠯᠵᠢ ᠪᠠᠷ ᠮᠧᠲ᠋ᠢᠯ ᠠᠯᠺᠣᠣᠯ ᠤᠶᠢᠯᠡᠳᠪᠤᠷᠢᠯᠡᠬᠦ VOC ᠶᠢᠨ | ᠭᠠᠳᠠᠭᠰᠢᠯᠠᠭᠤᠯᠤᠯᠲᠠ ᠶᠢ ᠵᠠᠰᠠᠬᠤ ᠡᠭᠦᠷᠭᠡ ᠶᠢ ᠪᠡᠶᠡᠯᠡᠭᠦᠯᠵᠦ ᠂ ᠪᠥᠬᠦ ᠵᠢᠯ ᠤᠨ ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 90% ᠠᠴᠠ | ᠳᠡᠭᠡᠭᠰᠢ ᠳᠤ ᠬᠦᠷᠭᠡᠨ᠎ᠠ ᠃ ᠪᠥᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠦᠷᠢᠶ᠎ᠠ ᠴᠠᠷᠠᠭᠠᠨ ᠳᠠᠬᠢ ᠡᠯ᠎ᠡ ᠱᠠᠲᠤᠨ ᠤ ᠡᠯ᠎ᠡ ᠲᠥᠷᠥᠯ ᠤᠨ | ᠠᠰᠠᠭᠤᠳᠠᠯ ᠢ ᠬᠠᠯᠠᠨ ᠰᠠᠶᠢᠵᠢᠷᠠᠭᠤᠯᠬᠤ ᠴᠢᠨᠠᠷᠵᠢᠯ ᠦᠷ᠎ᠡ ᠪᠦᠲᠦᠮᠵᠢ ᠶᠢᠨ ︽ ᠬᠤᠶᠠᠷ ᠢ ᠦᠨᠡᠯᠡᠨ ᠪᠠᠶᠢᠴᠠᠭᠠᠬᠤ ︾ ᠠᠵᠢᠯᠯᠠᠭ᠎ᠠ ᠶᠢ ᠥᠨᠳᠥᠷ ᠪᠦᠲᠦᠮᠵᠢᠲᠡᠶ | ᠠᠬᠢᠭᠤᠯᠵᠤ ᠂ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠵᠢᠴᠢ ᠠᠮᠢ ᠠᠬᠤᠢ ᠣᠷᠴᠢᠨ ᠲᠣᠭᠤᠷᠢᠨ ᠤ ᠣᠳᠣᠬᠢ ᠪᠠᠶᠢᠳᠠᠯ ᠢ | ᠪᠠᠶᠢᠴᠠᠭᠠᠨ ᠦᠨᠡᠯᠡᠬᠦ ᠶᠢ ᠥᠷᠨᠢᠭᠦᠯᠵᠦ ᠂ ᠬᠠᠲᠤᠨ ᠭᠤᠣᠯ ᠤᠨ ᠰᠠᠪᠠ ᠭᠠᠵᠠᠷ ᠤᠨ 3 ᠺᠢᠯᠣᠮᠧᠲᠷ ᠤᠨ ᠬᠡᠪᠴᠢᠶᠡᠨ ᠳᠠᠬᠢ ᠡᠯ᠎ᠡ ᠲᠥᠷᠥᠯ ᠤᠨ ᠪᠣᠬᠢᠷᠲᠤᠯ ᠤᠨ | ᠢᠷᠡᠯᠳᠡ ᠶᠢ ᠣᠨᠣᠪᠴᠢᠲᠠᠶ ᠵᠢᠭᠰᠠᠭᠠᠨ ᠪᠠᠶᠢᠴᠠᠭᠠᠵᠤ ᠂ ᠬᠢᠨᠠᠨ ᠬᠠᠮᠢᠶᠠᠷᠴᠤ ᠵᠠᠰᠠᠬᠤ ᠠᠵᠢᠯ ᠢ ᠰᠠᠶᠢᠲᠤᠷ ᠬᠢᠵᠦ ᠂ ᠤᠯᠤᠰ ᠠᠴᠠ ᠡᠵᠡᠮᠳᠡᠬᠦ ᠂ ᠣᠷᠣᠨ ᠠᠴᠠ | ᠡᠵᠡᠮᠳᠡᠬᠦ ᠂ ᠬᠤᠲᠠ ᠠᠴᠠ ᠡᠵᠡᠮᠳᠡᠬᠦ 15 ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠪᠠᠲᠤᠯᠠᠨ᠎ᠠ ᠃ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠲᠦᠷᠦᠯ ᠵᠦᠢᠯ ᠪᠠ ᠬᠠᠶᠠᠭᠳᠠᠮᠠᠯ ᠡᠳ᠋ ᠢ ᠬᠤᠷᠢᠶᠠᠨ ᠠᠪᠴᠤ ᠲᠥᠪᠯᠡᠷᠡᠭᠦᠯᠦᠨ ᠲᠠᠷᠬᠠᠭᠠᠬᠤ | ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠰᠢᠶᠠᠩ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠰᠢᠯᠵᠢᠭᠦᠯᠦᠨ ᠬᠠᠳᠠᠭᠠᠯᠠᠬᠤ ᠴᠡᠭ ᠢ ᠵᠦᠢ | ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ ᠂ ᠲᠠᠷᠠᠬᠠᠢ ᠪᠤᠲᠠᠷᠬᠠᠢ ᠪᠠᠷ ᠭᠠᠳᠠᠭᠰᠢᠯᠠᠭᠤᠯᠬᠤ ᠦᠭᠡᠢ ᠂ ᠪᠣᠬᠢᠷᠲᠤᠯ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ | ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠴᠢᠩᠭᠠᠳᠬᠠᠨ᠎ᠠ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠱᠢ ᠡᠯ ᠯᠢᠶᠠᠨ ᠴᠧᠩ ᠤᠨ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠠᠰᠠᠭᠤᠳᠠᠯ ᠢ ᠵᠠᠰᠠᠬᠤ ᠶᠢ ᠲᠦᠷᠭᠡᠳᠬᠡᠵᠦ ᠂ ᠲᠠᠷᠢᠮᠠᠯ ᠤᠨ ᠪᠦᠲᠦᠴᠡ ᠳᠤ ᠳᠤᠬᠢᠷᠠᠭᠤᠯᠤᠯᠳᠠ ᠬᠢᠬᠦ ᠂ ᠤᠰᠤ | ᠠᠷᠪᠢᠯᠠᠨ ᠤᠰᠤᠯᠠᠯᠲᠠ ᠬᠢᠬᠦ ᠪᠠ ᠤᠰᠤᠨ ᠤ ᠱᠠᠲᠤᠯᠢᠭ ᠦᠨ᠎ᠡ ᠶᠢ ᠲᠣᠬᠢᠷᠠᠭᠤᠯᠬᠤ ᠂ ᠤᠰᠤ ᠲᠠᠲᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠤᠨ ᠬᠤᠬᠢᠷᠠᠯ ᠵᠢᠴᠢ ᠪᠦᠷᠢᠯᠭᠡᠨ ᠰᠦᠢᠳᠬᠡᠵᠦ ᠪᠠᠶᠢᠭ᠎ᠠ ᠪᠠᠶᠢᠳᠠᠯ ᠢ ᠠᠷᠢᠯᠭᠠᠵᠤ ᠂ ᠭᠠᠵᠠᠷ ᠳᠣᠣᠷᠠᠬᠢ | ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠪᠠᠭᠠᠰᠬᠠᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠰᠦᠷᠴᠢᠨ ᠤᠰᠤᠯᠠᠬᠤ ᠂ ᠪᠢᠴᠢᠯ ᠤᠰᠤᠯᠠᠯᠲᠠ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠤᠰᠤ | ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠎ᠡ᠃ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ ᠂ ᠤᠰᠤ ᠶᠡᠭᠡ | ᠬᠤᠷᠣᠭᠳᠠᠭᠤᠯᠬᠤ ᠲᠥᠷᠥᠯ ᠵᠦᠢᠯ ᠤᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ᠃ ᠶᠡᠷᠦ ᠶᠢᠨ ᠪᠤᠰᠤ ᠤᠰᠤ ᠶᠢ ᠥᠨᠳᠥᠷ | ᠪᠦᠲᠦᠮᠵᠢᠲᠡᠶ ᠪᠠᠷ ᠠᠰᠢᠭᠯᠠᠵᠤ ᠂ ᠡᠵᠡᠨ ᠬᠤᠷᠤᠭ᠎ᠠ ᠬᠤᠰᠢᠭᠤᠨ ᠠᠴᠠ ᠨᠠᠷᠠᠰᠤᠨ ᠪᠠᠯᠭᠠᠰᠤ ᠬᠦᠷᠬᠦ ᠂ ᠡᠵᠡᠨ ᠬᠤᠷᠤᠭ᠎ᠠ ᠬᠤᠰᠢᠭᠤᠨ ᠠᠴᠠ ᠵᠡᠭᠦᠨᠭᠠᠷ ᠵᠣᠣ ᠪᠠᠯᠭᠠᠰᠤ | ᠬᠦᠷᠬᠦ ᠠᠭᠤᠷᠬᠠᠢ ᠶᠢᠨ ᠬᠤᠳᠳᠤᠭ ᠤᠨ ᠴᠡᠪᠡᠷᠰᠢᠬᠦᠯᠦᠭᠰᠡᠨ ᠤᠰᠤ ᠶᠢ ᠳᠤᠬᠢᠷᠠᠭᠤᠯᠬᠤ ᠢᠨᠵᠧᠨᠧᠷᠢᠩ ᠢ ᠪᠠᠶᠢᠭᠤᠯᠤᠨ᠎ᠠ ᠃ ᠠᠵᠤ ᠦᠢᠯᠡᠳᠪᠦᠷᠢ ᠶᠢᠨ ᠤᠰᠤ | ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠵᠦ ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠦᠬᠦᠨ ᠢᠶᠠᠷ ᠢᠶᠠᠨ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠪᠣᠯᠭᠠᠨ ᠪᠠᠶᠢᠭᠤᠯᠬᠤ ᠪᠠᠷ ᠴᠢᠷᠮᠠᠶᠢᠨ᠎ᠠ ︔ ᠬᠤᠲᠠ ᠪᠠᠯᠭᠠᠰᠤ ᠶᠢᠨ ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢᠶᠠᠨ | ᠨᠡᠮᠡᠭᠳᠡᠭᠦᠯᠦᠨ᠂ ᠰᠠᠭᠤᠭᠠᠯᠢ ᠠᠷᠠᠳ ᠤᠨ ᠤᠰᠤ ᠠᠷᠪᠢᠯᠠᠬᠤ ᠬᠡᠯᠪᠡᠷᠢ ᠶᠢᠨ ᠪᠠᠭᠠᠵᠢ ᠬᠡᠷᠡᠭᠰᠡᠯ ᠬᠡᠷᠡᠭᠯᠡᠬᠦ ᠶᠢ ᠵᠣᠷᠢᠭᠵᠢᠭᠤᠯᠵᠤ ᠂ ᠤᠯᠠᠨ ᠨᠡᠶᠢᠲᠡ ᠶᠢᠨ ᠬᠦᠷᠢᠶ᠎ᠠ | ᠴᠠᠷᠠᠭᠠᠨ ᠳᠤ ᠬᠡᠷᠡᠭᠯᠡᠬᠦ ᠤᠰᠤᠨ ᠳᠤ ᠪᠦᠬᠦᠨ ᠢ ᠳᠠᠬᠢᠨ ᠴᠡᠪᠡᠷᠰᠢᠬᠦᠯᠦᠭᠰᠡᠨ ᠤᠰᠤ ᠬᠡᠷᠡᠭᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ | ᠪᠥᠬᠦ ᠲᠠᠯ᠎ᠠ ᠪᠠᠷ ᠳᠡᠯᠭᠡᠷᠡᠭᠦᠯᠵᠦ ᠂ ᠭᠤᠤᠯᠳᠠᠯᠭᠠᠳᠤ ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ ᠴᠢᠳᠠᠪᠤᠷᠢ ᠶᠢ | ᠳᠡᠭᠡᠭᠰᠢᠯᠡᠬᠦᠯᠤᠨ᠎ᠠ᠃ | ︵ᠵᠢᠷᠭᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢ | ᠪᠦᠲᠦᠮᠵᠢᠲᠡᠶ ᠪᠠᠷ ᠰᠢᠢᠳᠪᠦᠷᠢᠯᠡᠬᠦ ᠵᠢᠠᠬᠢᠭᠤᠯᠤᠨᠠ᠃ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠱᠠᠲᠤᠨ ᠤ | ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠳᠠᠭᠠᠭᠠᠨ ᠠᠪᠴᠤ ᠂ ᠥᠭᠡᠷᠡᠴᠢᠯᠡᠯᠲᠡ ᠨᠢᠭᠡᠪᠦᠷᠢ ᠶᠢ ᠴᠥᠮ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠨ᠎ᠠ ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ ᠂ ᠠᠷᠠᠯᠵᠢᠶᠠᠴᠢᠨ ᠤᠷᠢᠬᠤ ᠪᠦᠯᠦᠭᠯᠡᠯ ᠵᠡᠷᠭᠡ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠣᠳᠠᠲᠤ | ᠴᠣᠭᠴᠠᠵᠢᠭᠤᠯᠤᠬᠰᠠᠨ ᠡᠷᠬᠢᠯᠳᠡ ᠶᠢ ᠲᠦᠷᠭᠡᠳᠬᠡᠨ ᠠᠬᠢᠭᠤᠯᠵᠤ ᠂ ᠬᠤᠰᠢᠭᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠵᠢᠴᠢ ᠤᠯᠤᠰ ᠤᠨ ᠥᠮᠴᠢᠯᠡᠯᠲᠦ | ᠬᠤᠪᠢ ᠡᠵᠡᠮᠳᠡᠯ ᠤᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠢ ᠬᠡᠮᠵᠢᠶ᠎ᠡ ᠶᠢ 300 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ ᠃ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ ᠂ ᠤᠯᠠᠭᠠᠨᠮᠥ᠋ᠴᠢᠷ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠰᠣᠶᠣᠯ ᠤᠨ ᠠᠵᠢᠯ ᠦᠢᠯᠡᠰ ᠤᠨ ᠨᠢᠭᠡᠴᠢ ᠶᠢᠨ ᠵᠠᠬ᠎ᠠ ᠳᠡᠯᠭᠡᠭᠦᠷ ᠤᠨ ᠠᠷᠭ᠎ᠠ ᠪᠠᠷᠢᠯ ᠢᠶᠠᠷ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠬᠦ ᠶᠢ | ᠳᠡᠮᠵᠢᠵᠦ ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠬᠥᠭᠵᠢᠯᠲᠡ ᠶᠢ ᠳᠡᠮᠵᠢᠵᠦ ᠂ ᠠᠵᠤ ᠠᠬᠤᠶᠢᠯᠠᠯ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ | ᠳᠤᠷᠠᠴᠤᠤᠯ ᠤᠨ ᠣᠷᠣᠯᠴᠠᠬᠤ ᠶᠢ ᠬᠦᠯᠢᠶᠡᠨᠠᠪᠴᠤ ᠂ ᠣᠯᠠᠨ ᠲᠦᠮᠡᠨ ᠳᠤ ᠴᠢᠨᠠᠷ ᠰᠠᠶᠢᠲᠠᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠨ᠎ᠠ ᠃ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠪᠥᠬᠦ ᠲᠠᠯ᠎ᠠ ᠪᠠᠷ ᠴᠢᠩᠭᠠᠳᠬᠠᠵᠤ ᠂ ᠪᠠᠶᠢᠯᠳᠤᠭᠠᠨᠲᠤ ᠤᠯᠤᠰ ᠤᠨ ᠴᠢᠨ ᠤ ᠣᠷᠳᠣ ᠴᠠᠭᠠᠨ ᠬᠡᠷᠡᠮ ᠂ | ᠱᠢ ᠡᠯ ᠯᠢᠶᠠᠨ ᠴᠧᠩ ᠬᠤᠲᠠ ᠶᠢᠨ ᠪᠠᠭᠤᠷᠢ ᠂ ᠵᠡᠭᠦᠨᠭᠠᠷ ᠵᠣᠣ ᠰᠦᠮ᠎ᠡ ᠂ ᠰᠦᠮ᠎ᠡ ᠶᠢᠨ ᠰᠤᠪᠤᠷᠭ᠎ᠠ ᠶᠢᠨ ᠴᠢᠯᠠᠭᠤᠨ ᠠᠭᠤᠢ ᠶᠢᠨ ᠰᠦᠮ᠎ᠡ ᠵᠡᠷᠭᠡ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ ᠵᠢᠴᠢ ᠤᠶᠢᠷ᠎ᠠ ᠬᠠᠪᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠲᠦᠷᠭᠡᠳᠬᠡᠨ ᠠᠬᠢᠭᠤᠯᠤᠨ᠎ᠠ ᠃ ᠪᠥᠬᠦ ᠤᠯᠤᠰ ᠤᠨ ᠣᠶ ᠮᠣᠳᠣᠨ ᠤ ᠡᠷᠬᠡ ᠶᠢᠨ ᠳᠠᠩᠰᠠᠯᠠᠯᠲᠠ ᠶᠢᠨ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠳᠡᠯᠭᠡᠷᠡᠭᠦᠯᠦᠨ ᠬᠡᠷᠡᠭᠯᠡᠵᠦ ᠪᠣᠯᠬᠤ | ᠥᠭᠡᠷᠡᠴᠢᠯᠡᠯᠲᠡ ᠶᠢᠨ ᠳᠤᠷᠰᠢᠯᠭ᠎ᠠ ᠶᠢ ᠪᠦᠷᠢᠯᠳᠦᠬᠦᠯᠤᠨ᠎ᠠ᠃ | ᠭᠠᠵᠠᠷ ᠰᠢᠷᠣᠢ ᠲᠠᠲᠠᠪᠤᠷᠢᠯᠠᠬᠤ ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠤᠨ᠎ᠠ᠃ ᠭᠠᠵᠠᠷ ᠰᠢᠷᠣᠢ ᠭᠡᠬᠦ ᠡᠨᠡᠬᠦ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ | ᠠᠰᠠᠭᠤᠳᠠᠯ ᠂ ᠵᠥᠷᠢᠴᠡᠯ ᠢ ᠰᠢᠢᠳᠪᠦᠷᠢᠯᠡᠬᠦ ︽ ᠶᠡᠷᠦᠩᠬᠡᠢ ᠨᠡᠭᠡᠭᠡᠯᠭᠡ ︾ ᠶᠢ ᠴᠢᠩᠭ᠎ᠠ ᠠᠳᠬᠤᠵᠤ ᠂ ︽ ᠵᠡᠭᠦᠨᠭᠠᠷ ᠬᠤᠰᠢᠭᠤᠨ ᠤ ᠭᠠᠵᠠᠷ ᠰᠢᠷᠣᠢ ᠶᠢᠨ | ᠲᠠᠲᠠᠪᠤᠷᠢᠯᠠᠯᠲᠠ ᠶᠢᠨ ᠨᠥᠬᠦᠪᠦᠷᠢ ᠣᠯᠭᠤᠵᠤ ᠲᠥᠪᠬᠢᠨᠡᠭᠦᠯᠬᠦ ᠪᠠ ᠬᠢᠨᠠᠯᠲᠠ ᠬᠠᠮᠢᠶᠠᠷᠤᠯᠳᠠ ᠶᠢᠨ ᠠᠷᠭ᠎ᠠ ︾ ᠵᠢᠴᠢ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ | ᠪᠢᠴᠢᠭ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ ᠂ ︽ ᠢᠯᠡ ᠪᠠᠷ ᠲᠠᠲᠠᠪᠤᠷᠢᠯᠠᠨ ᠨᠤᠷᠠᠭᠠᠬᠤ ︾ ᠪᠠ ᠳᠦᠷᠢᠮ ᠠᠴᠠ ᠵᠥᠷᠢᠴᠡᠨ ᠪᠦᠳᠤᠭᠡᠨ | ᠪᠠᠶᠢᠭᠤᠯᠤᠬᠰᠠᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ ᠂ ᠭᠠᠵᠠᠷ ᠰᠢᠷᠣᠢ ᠲᠠᠲᠠᠪᠤᠷᠢᠯᠠᠵᠤ ᠲᠥᠪᠬᠢᠨᠡᠭᠦᠯᠬᠦ ᠶᠢᠨ ᠬᠠᠥᠯᠢᠵᠢᠭᠤᠯᠤᠯᠲᠠ ᠂ | ᠳᠦᠷᠢᠮᠵᠢᠭᠦᠯᠦᠯᠲᠡ ᠂ ᠵᠢᠷᠤᠮᠵᠢᠭᠤᠯᠤᠯᠲᠠ ᠶᠢ ᠤᠷᠳᠤ ᠬᠤᠭᠤᠴᠠᠭ᠎ᠠ ᠪᠠᠷ ᠴᠢᠷᠮᠠᠶᠢᠨ ᠠᠬᠢᠭᠤᠯᠵᠤ ᠂ ᠵᠢᠯ ᠤᠨ ᠳᠣᠲᠣᠷ᠎ᠠ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ | ᠲᠠᠯᠠᠪᠠᠶ ᠶᠢ 6 ᠲᠦᠮᠡᠨ ᠮᠦ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ ᠃ ᠳᠦᠷᠢᠮ ᠠᠴᠠ ᠵᠥᠷᠢᠴᠡᠨ ᠪᠦᠳᠤᠭᠡᠨ ᠪᠠᠶᠢᠭᠤᠯᠤᠭᠰᠠᠨ ᠦᠶᠯᠡ | ᠠᠵᠢᠯᠯᠠᠭ᠎ᠠ ᠪᠠ ᠵᠠᠪᠳᠤᠨ ᠵᠠᠶᠢᠯᠠᠵᠤ ᠵᠠᠪᠳᠤᠨ ᠳᠠᠷᠢᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠳᠦᠷᠢᠮ ᠠᠴᠠ ᠵᠥᠷᠢᠴᠡᠨ ᠪᠦᠳᠤᠭᠡᠨ | ᠪᠠᠶᠢᠭᠤᠯᠤᠭᠰᠠᠨ ᠦᠵᠡᠭᠳᠡᠯ ᠡᠭᠦᠰᠬᠦ ᠶᠢ ᠡᠬᠢ ᠡᠭᠦᠰᠦᠯ ᠠᠴᠠ ᠨᠢ ᠲᠠᠰᠤ ᠵᠣᠭᠰᠣᠭᠠᠵᠤ ᠂ ᠳᠦᠷᠢᠮ ᠠᠴᠠ ᠵᠥᠷᠢᠴᠡᠨ ᠪᠦᠳᠤᠭᠡᠨ ᠪᠠᠶᠢᠭᠤᠯᠤᠭᠰᠠᠨ ᠦᠯᠡᠳᠡᠭᠳᠡᠯ | ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠬᠠᠯᠠᠨ ᠰᠠᠶᠢᠵᠢᠷᠠᠭᠤᠯᠬᠤ ᠶᠢ ᠠᠬᠢᠭᠤᠯᠤᠨ᠎ᠠ ᠃ | ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠥᠬᠦ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ | ᠠᠬᠤᠢ ᠶᠢᠨ 6.0 ᠬᠡᠪᠯᠡᠯ ᠢ ᠰᠢᠯᠢᠳᠡᠭᠵᠢᠭᠦᠯᠬᠦ ᠶᠢ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠳᠤ ᠦᠢᠯᠡᠴᠢᠯᠡᠬᠦ ᠬᠠᠮᠢᠶᠠᠷᠤᠯᠲᠠ ᠶᠢᠨ ᠲᠠᠪᠴᠠᠩ ᠢ ᠰᠠᠶᠢᠲᠤᠷ | ᠬᠡᠷᠡᠭᠯᠡᠨ ᠂ ᠠᠵᠤ ᠠᠬᠤᠶᠢᠯᠠᠯ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠷᠢᠯᠢᠭ ᠰᠠᠶᠢᠲᠤᠷ ᠬᠢᠵᠦ ᠂ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠬᠢᠭᠡᠳ ᠲᠥᠷᠥᠯ ᠵᠦᠢᠯ ᠤᠨ ᠨᠢᠭᠡᠴᠢ ᠶᠢᠨ ︽ ᠨᠢᠭᠤᠷᠳᠠᠨ ︾ ᠨᠡᠪᠲᠡᠷᠡᠯᠴᠡᠬᠦ ᠵᠠᠮ ᠮᠦᠷ ᠢ ᠪᠠᠶᠢᠭᠤᠯᠤᠨ ᠂ ᠲᠥᠷᠥᠯ ᠵᠦᠢᠯ ᠤᠨ ᠭᠠᠷᠳᠠᠮ ᠢ ᠣᠷᠣᠯᠠᠨ | ᠭᠦᠢᠴᠡᠳᠬᠡᠬᠦ ᠳᠦᠷᠢᠮ ᠂ ᠳᠠᠭᠠᠭᠤᠯᠤᠨ ᠭᠦᠢᠴᠡᠳᠬᠡᠬᠦ ᠳᠦᠷᠢᠮ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ ᠃ ᠬᠦᠷᠢᠶᠡᠯᠡᠩ ᠲᠣᠭᠤᠷᠢᠭ ᠤᠨ | ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠵᠦ ᠂ ᠴᠢᠬᠤᠯᠠ ᠶᠡᠭᠡ ᠲᠥᠷᠥᠯ ᠵᠦᠢᠯ ᠤᠨ ᠲᠦᠭᠵᠢᠮᠡᠯ ᠠᠰᠠᠭᠤᠳᠠᠯ ᠬᠠᠷᠰᠢ ᠰᠠᠭᠠᠳ ᠢ ᠴᠢᠭᠯᠡᠭᠦᠯᠬᠦ | ᠴᠢᠨᠠᠷᠲᠠᠢ ᠪᠠᠷ ᠰᠤᠳᠤᠯᠤᠨ ᠰᠢᠢᠳᠪᠦᠷᠢᠯᠡᠵᠦ ᠂ ︽ ᠠᠮᠠᠯᠠᠯᠲᠠ ᠶᠢᠨ ᠳᠦᠷᠢᠮ + ᠪᠠᠷᠢᠮᠵᠢᠶᠠᠲᠤ ᠭᠠᠵᠠᠷ + ᠪᠦᠷᠢᠨ ᠣᠷᠣᠯᠠᠨ ᠭᠦᠢᠴᠡᠳᠬᠡᠬᠦ ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠂ ᠦᠢᠯᠡᠴᠢᠯᠡᠭᠡᠨ ᠤ ᠠᠵᠤ ᠠᠬᠤᠶᠢᠯᠠᠯ ᠤᠨ ︽ ᠬᠠᠮᠤᠭ ᠰᠡᠬᠦᠯᠴᠢ ᠶᠢᠨ ᠨᠢᠭᠡ ᠺᠢᠯᠣᠮᠧᠲᠷ ︾ ᠢ ᠦᠨᠡᠨᠬᠦ ᠨᠠᠪᠲᠠᠷᠡᠭᠦᠯᠵᠦ ᠂ ︽ ᠬᠦᠷᠢᠶᠡᠯᠡᠩ | ᠲᠣᠭᠤᠷᠢᠭ ᠤᠨ ᠤᠴᠢᠷ ᠶᠠᠪᠤᠳᠠᠯ ᠢ ᠬᠦᠷᠢᠶᠡᠯᠡᠩ ᠲᠣᠭᠤᠷᠢᠭ ᠠᠴᠠ ᠭᠦᠢᠴᠡᠳᠬᠡᠬᠦ ᠂ ᠠᠵᠤ ᠠᠬᠤᠶᠢᠯᠠᠯ ᠤᠨ ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠷᠢᠶᠡᠯᠡᠩ | ᠲᠣᠭᠤᠷᠢᠭ ᠠᠴᠠ ᠭᠠᠷᠬᠤ ᠦᠭᠡᠢ ︾ ᠪᠠᠶᠢᠬᠤ ᠶᠢ ᠪᠡᠶᠡᠯᠡᠭᠦᠯᠬᠦ ᠶᠢ ᠠᠬᠢᠭᠤᠯᠤᠨ᠎ᠠ ᠃ | ︵ ᠳᠣᠯᠤᠭ᠎ᠠ ︶ ᠨᠡᠶᠢᠭᠡᠮ ᠤᠨ ᠪᠦᠬᠦ ᠲᠠᠯ᠎ᠠ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ ᠂ ᠠᠶᠤᠯ ᠲᠦᠭᠰᠢᠭᠦᠷᠢ ᠶᠢᠨ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠠᠷᠢᠯᠭᠠᠨ ᠪᠣᠳᠠᠲᠠᠶᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ ᠃ | ᠠᠶᠤᠯ ᠲᠦᠭᠰᠢᠭᠦᠷᠢ ᠶᠢ ᠠᠷᠢᠯᠭᠠᠬᠤ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢᠨ ᠲᠠᠯᠳᠠ ᠭᠡᠮ ᠢ | ᠰᠡᠷᠭᠡᠶᠢᠯᠡᠨ ᠠᠷᠢᠯᠭᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭᠠᠳᠯᠠᠵᠤ | ᠤᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠤᠯᠤᠰ ᠲᠦᠷᠦ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ ᠦᠨᠳᠦᠰᠦᠲᠡᠨ ᠱᠠᠰᠢᠨ | ᠰᠤᠷᠲᠠᠬᠤᠨ᠂ ᠦᠵᠡᠯ ᠤᠬᠠᠮᠰᠠᠷ ᠤᠨ ᠬᠡᠯᠪᠡᠷᠢ᠂ ᠠᠵᠤ ᠠᠬᠤᠢ ᠮᠥᠩᠭᠦᠨ ᠭᠦᠢᠯᠭᠡᠭᠡ ᠵᠡᠷᠭᠡ ᠡᠯ᠎ᠡ ᠬᠦᠷᠢᠶ᠎ᠠ ᠴᠠᠷᠠᠭᠠᠨ ᠳᠠᠬᠢ ᠠᠶᠤᠯ ᠲᠦᠭᠰᠢᠭᠦᠷᠢ ᠶᠢ | ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠨ᠎ᠠ᠃ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠂ ᠲᠣᠭᠲᠠᠭᠠᠯ ᠠᠴᠠ | ᠵᠥᠷᠢᠴᠡᠨ ᠥᠷᠢ ᠲᠠᠯᠪᠢᠬᠤ ᠪᠠ ᠲᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ | ᠴᠠᠷᠠᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ ᠂ ᠵᠢᠷᠤᠭᠯᠠᠨ ᠲᠥᠯᠥᠪᠯᠡᠵᠦ ᠲᠥᠯᠥᠪᠵᠢᠭᠦᠯᠬᠦ ᠂ ᠪᠠᠷᠢᠯᠭ᠎ᠠ ᠪᠠᠷᠢᠬᠤ ᠶᠠᠪᠤᠴᠠ ᠂ ᠤᠷᠢᠳᠴᠢᠯᠠᠨ ᠬᠤᠳᠠᠯᠳᠤᠬᠤ ᠶᠢ | ᠬᠢᠨᠠᠨ ᠪᠠᠶᠢᠴᠠᠭᠠᠬᠤ ᠂ ᠭᠠᠯ ᠰᠡᠷᠭᠡᠶᠢᠯᠡᠨᠤᠨᠲᠠᠷᠠᠭᠠᠬᠤ ᠠᠩᠬᠠᠨ ᠤ ᠰᠢᠯᠭᠠᠨ ᠬᠤᠷᠢᠶᠠᠯᠳᠠ ᠵᠡᠷᠭᠡ ᠭᠤᠭᠴᠤᠭ᠎ᠠ ᠶᠢᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠭᠡᠷ ᠪᠠᠶᠢᠰᠢᠩ ᠤᠨ ᠦᠨ᠎ᠡ ᠬᠠᠩᠰᠢ ᠶᠢ ᠵᠦᠢ ᠵᠣᠬᠢᠰᠲᠠᠢ ᠣᠷᠣᠨ ᠪᠠᠶᠢᠷᠢ ᠳᠤ | ᠪᠠᠶᠢᠯᠭᠠᠬᠤ ᠶᠢ ᠬᠥᠲᠥᠯᠥᠨ ᠵᠢᠯᠤᠭᠤᠳᠬᠤ ᠪᠠ ᠲᠣᠬᠢᠷᠠᠭᠤᠯᠤᠨ ᠡᠵᠡᠮᠳᠡᠵᠦ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠨ᠎ᠠ ᠃ | ᠠᠶᠤᠯᠭᠦᠢ ᠦᠢᠯᠡᠳᠪᠦᠷᠢᠯᠡᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠤᠨ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠠᠵᠢᠯ ᠲᠦᠷᠦᠯ ᠤᠨ ᠠᠶᠤᠯ | ᠲᠦᠭᠰᠢᠭᠦᠷᠢ ᠶᠢ ᠪᠠᠶᠢᠴᠠᠭᠠᠵᠤ ᠬᠠᠮᠢᠶᠠᠷᠤᠨ ᠡᠵᠡᠮᠳᠡᠬᠦ ᠪᠠ ᠭᠡᠮ ᠰᠣᠭᠤᠭ ᠢ ᠠᠷᠢᠯᠭᠠᠬᠤ ᠠᠵᠢᠯ ᠢ ᠴᠢᠩᠭ᠎ᠠ ᠠᠳᠬᠤᠵᠤ ᠂ ᠲᠤᠰᠬᠠᠢ ᠮᠡᠷᠭᠡᠵᠢᠯᠲᠡᠨ ᠢ ᠤᠷᠢᠵᠤ ᠠᠵᠤ | ᠠᠬᠤᠶᠢᠯᠠᠯ ᠳᠤ ᠣᠷᠣᠭᠤᠯᠤᠨ︽ᠪᠡᠶ᠎ᠡ ᠶᠢᠨ ᠪᠠᠶᠢᠴᠠᠭᠠᠯᠲᠠ︾ ᠬᠢᠯᠭᠡᠬᠦ ᠶᠢ ᠪᠠᠶᠢᠩᠭᠤᠵᠢᠭᠤᠯᠤᠨ᠂ ᠭᠤᠣᠯᠳᠠᠯᠭ᠎ᠠ ᠲᠠᠢ ᠠᠵᠢᠯ ᠲᠦᠷᠦᠯ ᠤᠨ︽ᠮᠠᠰᠢᠨᠴᠢᠯᠠᠯᠲᠠ ᠪᠠᠷ ᠬᠥᠮᠥᠨ ᠢ | ᠰᠣᠯᠢᠬᠤ ᠂ ᠠᠦ᠋ᠲ᠋ᠣᠴᠢᠯᠠᠯᠲᠠ ᠪᠠᠷ ᠬᠥᠮᠥᠨ ᠢ ᠬᠠᠰᠤᠬᠤ ᠂ ᠣᠶᠤᠨᠴᠢᠯᠠᠯᠳᠠ ᠪᠠᠷ ᠬᠥᠮᠥᠨ ᠵᠠᠷᠤᠬᠤ ᠦᠭᠡᠢ ᠪᠠᠶᠢᠬᠤ︾ ᠠᠮᠤᠷ ᠲᠦᠪᠰᠢᠨ ᠤ ᠮᠡᠷᠭᠡᠵᠢᠯ ᠤᠨ | ᠥᠭᠡᠷᠡᠴᠢᠯᠡᠯᠲᠡ ᠶᠢᠨ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠭᠤᠷᠬᠠᠢ ᠳᠤ ᠰᠠᠭᠤᠭ᠎ᠠ ᠂ ᠠᠵᠤ ᠠᠬᠤᠶᠢᠯᠠᠯ ᠳᠤ ᠰᠠᠭᠤᠭ᠎ᠠ ᠠᠮᠤᠷ | ᠳᠦᠪᠰᠢᠨ ᠤ ᠬᠢᠨᠠᠨ ᠬᠠᠮᠢᠶᠠᠷᠤᠭᠴᠢ ᠶᠢᠨ ᠬᠢᠨᠠᠯᠲᠠ ᠲᠠᠯᠪᠢᠵᠤ ᠬᠢᠨᠠᠨ ᠰᠢᠯᠭᠠᠵᠤ ᠰᠢᠯᠭᠠᠨ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ | ᠰᠢᠭᠰᠢᠬᠦ ᠳᠦᠷᠢᠮ ᠢ ᠴᠢᠩᠭ᠎ᠠ ᠬᠡᠷᠡᠭᠵᠢᠭᠦᠯᠦᠨ ᠂ ᠠᠮᠤᠷ ᠳᠦᠪᠰᠢᠨ ᠤ ᠬᠢᠨᠠᠨ ᠬᠠᠮᠢᠶᠠᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ ᠃ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠂ ᠰᠥᠩ ᠬᠠᠯᠢᠶ᠎ᠠ ᠶᠢ ᠰᠡᠷᠭᠡᠶᠢᠯᠡᠨ ᠦᠶᠡᠷ ᠢ ᠰᠡᠷᠭᠡᠶᠢᠯᠡᠬᠦ ᠂ ᠭᠠᠵᠠᠷ ᠬᠥᠳᠡᠯᠦᠯᠲᠡ ᠠᠴᠠ ᠰᠡᠷᠭᠡᠶᠢᠯᠡᠨ | ᠭᠠᠮᠰᠢᠭ ᠢ ᠪᠠᠭᠠᠰᠬᠠᠬᠤ ᠂ ᠮᠠᠭᠤ ᠴᠠᠭ ᠠᠭᠤᠷ ᠵᠡᠷᠭᠡ ᠶᠢ ᠰᠡᠷᠭᠡᠶᠢᠯᠡᠨ ᠠᠷᠭᠠᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ ᠂ ᠮᠥᠨ ᠴᠢᠨᠠᠷ ᠤᠨ ᠠᠮᠤᠷ | ᠲᠦᠪᠰᠢᠨ ᠤ ᠬᠢᠷᠢ ᠳᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠎ᠡ ᠃ | ᠨᠡᠶᠢᠭᠡᠮ ᠤᠨ ᠵᠠᠰᠠᠯᠲᠠ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠰᠢᠨ᠎ᠡ ᠴᠠᠭ ᠦᠶ᠎ᠡ ᠶᠢᠨ︽ ᠹᠧᠩᠴᠢᠶᠤᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ ᠂ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠤᠯᠢᠵᠢᠯ ᠤᠨ ᠴᠢᠨᠠᠷᠵᠢᠯ ᠦᠷ᠎ᠡ ᠠᠰᠢᠭ ᠤᠨ ᠳᠡᠭᠡᠭᠰᠢᠯᠡᠯᠲᠡ ᠶᠢ ᠪᠦᠬᠦ ᠲᠠᠯ᠎ᠠ ᠪᠠᠷ | ᠠᠬᠢᠭᠤᠯᠵᠤ ᠂ ︽ᠬᠥᠳᠡᠭᠡ ᠲᠣᠰᠬᠤᠨ ᠤ ᠠᠮᠤᠷ ᠲᠦᠪᠰᠢᠨ ᠤ ᠲᠠᠪᠤᠨ ᠶᠠᠪᠤᠳᠠᠯ︾ ᠤᠨ ᠠᠵᠢᠯ ᠤᠨ ᠠᠷᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠵᠦ ᠂ | ︽ᠠᠷᠠᠳ ᠤᠨ ᠲᠥᠯᠥᠭᠡ ᠬᠠᠤᠯᠢ ᠪᠠᠷ ᠵᠠᠰᠠᠬᠤ︾ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠠᠬᠢᠭᠤᠯᠵᠤ ᠂ ᠠᠷᠠᠳ ᠤᠨ ᠲᠥᠯᠥᠭᠡ ᠬᠠᠤᠯᠢ ᠪᠠᠷ ᠵᠠᠰᠠᠬᠤ | ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠲᠦᠷᠭᠡᠳᠬᠡᠵᠦ ᠂ ︽ ᠲᠤᠯᠤᠭ᠎ᠠ ᠶᠢ ᠨᠢᠭᠡ ᠴᠣᠭᠴᠠᠵᠢᠭᠤᠯᠬᠤ︾ ᠨᠢᠭᠡ ᠦᠷᠳᠡᠭᠡᠴᠢᠯᠡᠭᠰᠡᠨ ᠮᠠᠶ᠋ᠢᠭ ᠤᠨ ᠠᠷᠠᠳ ᠲᠤ | ᠦᠢᠯᠡᠴᠢᠯᠡᠬᠦ ᠳᠤᠬᠳᠠᠯᠴᠠᠭ᠎ᠠ ᠶᠢ ᠪᠠᠶᠢᠭᠤᠯᠵᠤ ᠂ ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠰᠢᠢᠳᠪᠦᠷᠢᠯᠡᠵᠦ ᠂ | ᠡᠬᠦᠰᠴᠤ ᠪᠠᠶᠢᠭ᠎ᠠ ᠪᠠᠶᠢᠳᠠᠯ ᠳᠤᠨᠢ ᠠᠷᠢᠯᠭᠠᠨ᠎ᠠ᠃ ᠰᠢᠶᠠᠨ ᠤ ᠱᠠᠲᠤ ᠂ ᠰᠢᠶᠠᠩ ᠪᠠᠯᠭᠠᠰᠤᠨ ᠤ ᠤᠳᠤᠷᠢᠳᠤᠯᠭ᠎ᠠ ᠰᠦᠯᠵᠢᠶᠡᠨ ᠳᠡᠭᠡᠷ᠎ᠡ ᠪᠣᠯᠵᠣᠨ ᠰᠤᠷᠪᠤᠯᠵᠢᠯᠠᠬᠤ ᠶᠢ | ᠪᠠᠶᠢᠩᠭᠤᠵᠢᠭᠤᠯᠤᠨ ᠥᠷᠨᠢᠭᠦᠯᠵᠦ ᠂ ᠵᠠᠬᠢᠳᠠᠯ ᠰᠣᠷᠪᠤᠯᠵᠢᠯᠠᠯ ᠤᠨ ᠵᠦᠢᠯᠡᠰ ᠢ ᠦᠨᠡᠨ ᠰᠡᠳᠬᠢᠯ ᠠᠴᠠ ᠪᠠᠨ ᠤᠶᠤᠨ ᠤᠬᠠᠭᠠᠨ ᠢᠶᠠᠨ ᠰᠢᠪᠬᠠᠨ ᠰᠢᠢᠳᠪᠦᠷᠢᠯᠡᠨ᠎ᠠ︔ | ᠵᠢᠭᠤᠷᠠᠯᠳᠤᠨ ᠵᠠᠭᠠᠯᠳᠤᠬᠤ ᠦᠢᠮᠡᠭᠦᠯᠦᠨ ᠵᠠᠭᠠᠯᠳᠤᠬᠤ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠂ 60% ᠶᠢᠨ ᠵᠥᠷᠢᠴᠡᠯ ᠢ ᠭᠠᠴᠠᠭ᠎ᠠ | ᠲᠣᠰᠬᠤᠨ ᠨᠡᠶᠢᠭᠡᠮ ᠲᠣᠭᠤᠷᠢᠭ ᠲᠤ ᠰᠢᠢᠳᠪᠦᠷᠢᠯᠡᠵᠦ ᠂ 30% ᠶᠢᠨ ᠵᠥᠷᠢᠴᠡᠯ ᠢ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ | ᠰᠢᠢᠳᠪᠦᠷᠢᠯᠡᠵᠦ ᠂ 10% ᠶᠢᠨ ᠵᠥᠷᠢᠴᠡᠯ ᠢ ᠬᠤᠰᠢᠭᠤ ᠱᠠᠲᠤᠨ ᠤ ᠳᠠᠪᠬᠤᠷᠭ᠎ᠠ ᠳᠤ ᠰᠢᠢᠳᠪᠦᠷᠢᠯᠡᠵᠦ ᠂ ᠵᠠᠬᠢᠳᠠᠯ ᠰᠣᠷᠪᠤᠯᠵᠢᠯᠠᠯ ᠢ ᠬᠤᠰᠢᠭᠤᠨ ᠤ ᠱᠠᠲᠤᠨ ᠠᠴᠠ | ᠭᠠᠷᠭᠠᠬᠤ ᠦᠭᠡᠢ ᠪᠣᠯᠭᠠᠬᠤ ᠪᠠᠷ ᠴᠢᠷᠮᠠᠶᠢᠨ᠎ᠠ ᠃ ᠬᠤᠰᠢᠭᠤ ᠰᠢᠶᠠᠩ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠᠵᠢᠭᠤᠯᠬᠤ ᠂ | ᠵᠢᠷᠤᠮᠵᠢᠭᠤᠯᠤᠨ ᠠᠵᠢᠯᠯᠠᠭᠤᠯᠬᠤ ᠶᠢ ᠠᠬᠢᠭᠤᠯᠵᠤ ᠂ ᠵᠠᠬᠢᠳᠠᠯ ᠰᠣᠷᠪᠤᠯᠵᠢᠯᠠᠯ ᠤᠨ ᠠᠵᠢᠯ ᠤᠨ ︽ ᠭᠤᠷᠪᠠ ᠶᠢ ᠪᠠᠭᠤᠷᠠᠭᠤᠯᠵᠤ ᠭᠤᠷᠪᠠ ᠶᠢ ᠳᠡᠭᠡᠭᠰᠢᠯᠡᠭᠦᠯᠬᠦ ︾ ᠶᠢ | ᠴᠢᠷᠮᠠᠶᠢᠨ ᠪᠡᠶᠡᠯᠡᠭᠦᠯᠦᠨ᠎ᠡ ᠃ | ᠡᠭᠦᠨ ᠤ ᠬᠠᠮᠲᠤ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠶᠡᠬᠡᠪᠡᠷ ᠳᠡᠮᠵᠢᠵᠦ ᠂ ᠴᠡᠷᠢᠭ ᠠᠩᠭᠢ ᠪᠠ ᠣᠷᠣᠨ | ᠨᠤᠲᠤᠭ ᠤᠨ ᠬᠤᠯᠪᠤᠭᠠᠯᠠᠯ ᠪᠠᠶᠢᠭᠤᠯᠵᠤ ᠬᠠᠮᠲᠤ ᠪᠠᠷ ᠪᠠᠶᠢᠭᠤᠯᠬᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠬᠦ ᠠᠵᠢᠯ ᠢ | ᠰᠠᠶᠢᠲᠤᠷ ᠬᠢᠨ᠎ᠡ ᠃ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠵᠡᠷᠭᠡ ᠤᠯᠠᠨ ᠲᠦᠮᠡᠨ ᠤ ᠪᠦᠯᠬᠦᠮ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠵᠡᠷᠭᠡ ᠦᠢᠯᠡᠰ ᠢ ᠶᠡᠬᠡᠪᠡᠷ ᠬᠥᠭᠵᠢᠭᠦᠯᠦᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠠ᠋᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠨᠡᠩ ᠴᠢᠬᠤᠯᠠᠴᠢᠯᠠᠵᠤ ᠂ | ︽ᠲᠠᠪᠤᠨ ᠲᠠᠯ᠎ᠠ︾ ᠠᠴᠠ ᠵᠠᠰᠠᠭ ᠤᠨ ᠣᠷᠳᠣᠨ ᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠪᠣᠳᠠᠲᠠᠢ ᠶᠢ ᠡᠷᠬᠢᠮᠯᠡᠭᠰᠡᠨ ᠵᠠᠰᠠᠭ ᠤᠨ ᠣᠷᠳᠣᠨ ᠢ ᠪᠠᠶᠢᠭᠤᠯᠤᠨ᠎ᠠ᠃ ︽ ᠠᠷᠠᠳ ᠢᠷᠭᠡᠳ ᠪᠢᠳᠡᠨ ᠢᠶᠠᠷ ᠶᠠᠭᠤ ᠬᠢᠯᠭᠡᠶᠠ ᠭᠡᠪᠡᠯ ᠪᠢᠳᠡ ᠶᠠᠭᠤ ᠶᠢ ᠨᠢ ᠬᠢᠬᠦ ︾ | ᠵᠠᠷᠴᠢᠮ ᠢ ᠪᠠᠷᠢᠮᠲᠠᠯᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠂ ᠰᠤᠮᠤ | ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠪᠠ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠬᠢᠨ ᠤ ᠰᠠᠨᠠᠯ ᠢ ᠥᠷᠭᠡᠨ ᠢᠶᠠᠷ ᠰᠣᠨᠣᠰᠴᠤ ᠂ | 12345 ᠬᠠᠯᠠᠮᠰᠢᠯ ᠤᠲᠠᠰᠤ ᠂ ︽ ᠠᠵᠤ ᠠᠬᠤᠶᠢᠯᠠᠯ ᠳᠤ ᠦᠢᠯᠡᠴᠢᠯᠡᠬᠦ ᠬᠠᠮᠢᠶᠠᠷᠤᠬᠴᠢ ︾ ᠶᠢᠨ ᠬᠦᠰᠡᠯ ᠱᠠᠭᠠᠷᠳᠠᠯᠭ᠎ᠠ ᠶᠢ ᠬᠤᠷᠢᠶᠠᠩᠭᠤᠶᠢᠯᠠᠨ ᠵᠠᠳᠠᠯᠵᠤ ᠂ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠤᠨ ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠠᠵᠢᠯ ᠶᠠᠪᠤᠳᠠᠯ ᠬᠢᠬᠦ ᠶᠢᠨ | ᠦᠨᠳᠦᠰᠦᠯᠡᠯ ᠪᠣᠯᠭᠠᠵᠤ ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠪᠠ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠳᠡᠭᠡᠷ᠎ᠡ ᠲᠥᠪᠯᠡᠷᠡᠭᠦᠯᠦᠨ᠎ᠡ ᠃ ᠬᠤᠭᠤᠰᠤᠨ ᠤᠷᠢᠶ᠎ᠠ ᠬᠠᠰᠬᠢᠷᠬᠤ ᠦᠭᠡᠢ ᠂ ᠦᠩᠭᠡᠨ ᠲᠠᠯ᠎ᠠ ᠶᠢᠨ | ᠠᠵᠢᠯ ᠬᠢᠬᠦ ᠦᠭᠡᠢ ᠂ ᠤᠯᠠᠨ ᠲᠦᠮᠡᠨ ᠤ ᠠᠵᠢᠯ ᠣᠯᠭᠤᠯᠲᠠ᠂ ᠳᠥᠭᠦᠮ ᠳᠥᠲᠡ ᠠᠮᠢᠳᠤᠷᠠᠯ ᠂ ᠰᠤᠷᠭᠠᠨ ᠬᠥᠮᠦᠵᠢᠯ ᠡᠮ ᠡᠮᠨᠡᠯᠭᠡ᠂ ᠬᠤᠳᠠᠯᠳᠤᠭ᠎ᠠ ᠡᠷᠬᠢᠯᠡᠬᠦ | ᠣᠷᠴᠢᠨ ᠠᠬᠤᠢ ᠵᠡᠷᠭᠡ ᠲᠠᠯ᠎ᠠ ᠪᠠᠷ ᠭᠤᠣᠯᠳᠠᠭᠤᠯᠤᠨ ᠲᠠᠰᠤᠷᠠᠯᠲᠠ ᠦᠭᠡᠢ ᠴᠢᠷᠮᠠᠶᠢᠵᠤ ᠂ ᠪᠣᠳᠠᠲᠠᠢ ᠶᠢ ᠡᠷᠬᠢᠮᠯᠡᠬᠦ ᠶᠢ ᠵᠠᠰᠠᠭ ᠤᠨ ᠣᠷᠳᠣᠨ ᠤ ᠠᠵᠢᠯ ᠤᠨ ᠭᠤᠶᠤ | ᠰᠠᠶᠢᠬᠠᠨ ᠰᠠᠭᠤᠷᠢ ᠪᠣᠯᠭᠠᠨ᠎ᠠ᠃ | ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠠᠶᠢᠭᠤᠯᠤᠨ᠎ᠠ᠃ ᠠᠵᠤ ᠠᠬᠤᠢ ᠶᠢᠨ ᠠᠵᠢᠯ ᠤᠨ ᠬᠤᠷᠠᠯ ᠪᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠳᠤᠷᠠᠳᠤᠭᠰᠠᠨ ᠠᠵᠢᠯ ᠤᠨ ᠡᠭᠦᠷᠭᠡ ᠨᠢᠭᠡᠪᠦᠷᠢ ᠶᠢ ᠴᠥᠮ ᠲᠥᠪ ᠴᠢᠩᠭ᠎ᠠ ᠠᠮᠠᠯᠠᠯᠲᠠ ᠪᠠᠷ ᠦᠵᠡᠵᠦ ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ | ᠠᠬᠢᠭᠤᠯᠵᠤ ᠂ ᠶᠠᠭᠠᠬᠢᠭᠰᠠᠨ ᠴᠤ ᠬᠠᠰᠢ ᠶᠠᠰᠢ ᠪᠠᠷ ᠥᠩᠭᠡᠷᠡᠭᠦᠯᠵᠤ ᠪᠤᠯᠬᠤ ᠦᠭᠡᠢ ᠂ ᠨᠡᠩ ᠴᠤ ᠰᠠᠶᠢᠨ ᠢ ᠨᠢ ᠰᠢᠯᠢᠵᠦ ᠮᠠᠭᠤ ᠶᠢ ᠨᠢ ᠰᠢᠭ᠍ᠰᠢᠵᠤ ᠪᠤᠯᠬᠤ ᠦᠭᠡᠢ᠂ | ᠳᠤᠰ ᠵᠢᠯ ᠤᠨ ᠡᠭᠦᠷᠭᠡ ᠪᠠᠨ ᠳᠤᠰ ᠵᠢᠯ ᠳᠡᠭᠡᠨ ᠪᠡᠶᠡᠯᠡᠭᠦᠯᠵᠦ ᠂ ᠤᠯᠠᠨ ᠲᠦᠮᠡᠨ ᠳᠤ ᠬᠤᠪᠢᠷᠠᠯᠲᠠ ᠶᠢ ᠦᠨᠡᠨ ᠬᠦ ᠦᠵᠡᠭᠦᠯᠵᠦ ᠂ ᠪᠣᠳᠠᠲᠤ ᠠᠰᠢᠭ ᠲᠤᠰᠠ | ᠬᠦᠷᠲᠡᠭᠡᠨ᠎ᠡ᠃ ᠬᠡᠯᠡᠭᠰᠡᠨ ᠢᠶᠠᠨ ᠵᠠᠪᠠᠯ ᠪᠡᠶᠡᠯᠡᠭᠦᠯᠵᠦ ᠂ ᠠᠵᠤ ᠠᠬᠤᠶᠢᠯᠠᠯ ᠳᠤ ᠠᠮᠠᠯᠳᠠᠭᠰᠠᠨ ᠠᠮᠠᠯᠠᠯᠲᠠ ᠪᠠᠨ ᠪᠦᠬᠦ ᠲᠠᠯ᠎ᠠ ᠪᠠᠷ ᠪᠡᠶᠡᠯᠡᠭᠦᠯᠵᠦ ᠂ ᠲᠦᠷᠦᠯ ᠵᠦᠢᠯ ᠤᠨ | ᠬᠢᠨᠠᠨ ᠵᠥᠪᠰᠢᠶᠡᠷᠡᠯ ᠤᠨ︽ᠨᠢᠭᠡ ᠦᠷᠳᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠠᠴᠠ ᠴᠢᠬᠤᠯᠠ ᠬᠦᠴᠤᠨ ᠵᠤᠶᠢᠯ ᠤᠨ ᠪᠠᠲᠤᠯᠠᠭ᠎ᠠ ᠶᠢᠨ ᠪᠦᠬᠦ ᠳᠠᠯ᠎ᠠ ᠶᠢᠨ | ᠳᠡᠮᠵᠢᠯᠭᠡ ᠬᠦᠷᠲᠡᠯ᠎ᠡ᠂ ᠳᠠᠬᠢᠭᠠᠳ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠬᠦᠷᠲᠡᠯ᠎ᠡ᠂ ᠠᠵᠤ | ᠠᠬᠤᠶᠢᠯᠠᠯ ᠤᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠮᠤᠭ ᠤᠨ ᠰᠢᠯᠢᠳᠡᠭ ᠣᠷᠴᠢᠨ ᠠᠬᠤᠢ ᠶᠢ ᠪᠦᠬᠦ ᠲᠠᠯ᠎ᠠ ᠪᠠᠷ ᠬᠠᠩᠭᠠᠵᠤ ᠂ | ᠠᠵᠤ ᠠᠬᠤᠶᠢᠯᠠᠯ ᠢ ᠰᠡᠳᠬᠢᠯ ᠰᠠᠨᠠᠭ᠎ᠠ ᠠᠮᠤᠷ ᠢᠶᠠᠷ ᠡᠵᠡᠩᠨᠡᠯᠲᠡ ᠬᠢᠬᠦ ᠳᠤ ᠠᠩᠬᠠᠷᠤᠯ ᠢ ᠨᠢ ᠲᠥᠪᠯᠡᠷᠡᠭᠦᠯᠦᠨ᠂ ᠪᠡᠯᠡ ᠣᠷᠣᠭᠤᠯᠤᠯᠲᠠ ᠪᠠᠨ ᠵᠣᠷᠢᠭᠲᠠᠢ ᠪᠠᠷ | ᠥᠷᠭᠡᠳᠬᠡᠵᠦ ᠂ ᠦᠨᠡᠨᠴᠢ ᠢᠲᠡᠭᠡᠮᠵᠢ ᠲᠠᠢ ᠪᠠᠶᠢᠬᠤ ᠶᠢ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠵᠠᠷᠴᠢᠮ ᠪᠣᠯᠭᠠᠨ᠎ᠠ᠃ | ᠪᠣᠳᠠᠲᠠᠢ ᠠᠵᠢᠯᠯᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ︽ᠭᠤᠷᠪᠠᠨ ᠤ ᠨᠢᠭᠡ ᠬᠤᠪᠢ︾ ᠶᠢᠨ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ ᠂ | ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠤᠨ ᠂ ᠢᠳᠡᠪᠬᠢᠲᠡᠢ ᠥᠭᠡᠳᠡᠷᠬᠡᠭ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠵᠠᠰᠠᠭ ᠤᠨ | ᠶᠠᠪᠤᠳᠠᠯ ᠤᠨ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ ᠵᠠᠰᠠᠭ ᠤᠨ ᠣᠷᠳᠣᠨ ᠤ ᠠᠯᠪᠠᠨ ᠪᠠᠶᠢᠭᠤᠯᠭ᠎ᠠ ᠠᠴᠠ ᠰᠢᠶᠠᠩ ᠪᠠᠯᠭᠠᠰᠤᠨ ᠤ | ᠰᠠᠯᠠᠭ᠎ᠠ ᠮᠥᠴᠢᠷ ᠬᠦᠷᠲᠡᠯ᠎ᠡ᠂ ᠲᠠᠬᠢᠭᠠᠳ ᠳᠤᠰᠬᠤᠨ ᠨᠡᠶᠢᠭᠡᠮ ᠲᠣᠭᠤᠷᠢᠭ ᠬᠦᠷᠲᠡᠯ᠎ᠡ ᠂ ᠡᠯ᠎ᠡ ᠱᠠᠲᠤ ᠳᠠᠪᠬᠤᠷᠭ᠎ᠠ ᠶᠢᠨ ᠬᠢᠨ ᠴᠥᠮ ᠰᠠᠨᠠᠭᠠᠴᠢᠯᠠᠭ᠎ᠠ ᠠᠴᠠ ᠪᠠᠨ | ᠠᠵᠢᠯᠯᠠᠵᠤ ᠂ ᠨᠢᠭᠡᠨᠲᠡ ᠲᠣᠭᠲᠠᠭᠠᠭᠰᠠᠨ ᠠᠵᠢᠯ ᠤᠨ ᠡᠭᠦᠷᠭᠡ ᠳᠤ ᠨᠠᠷᠢᠨ ᠲᠣᠳᠣᠷᠬᠠᠢ ᠴᠠᠭ ᠤᠨ ᠬᠦᠰᠦᠨᠦᠭᠲᠦ ᠂ ᠵᠠᠮ ᠱᠤᠭᠤᠮ ᠤᠨ ᠵᠢᠷᠤᠭ ᠵᠢᠷᠤᠵᠤ ᠂ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ ᠂ ᠶᠠᠪᠤᠳᠠᠯ ᠪᠦᠬᠦᠨ ᠢ ᠠᠳᠬᠤᠬᠤ ᠬᠥᠮᠥᠨ ᠲᠠᠢ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠨ᠎ᠠ᠃ ᠠᠵᠢᠯ ᠤᠨ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ ᠂ ᠬᠢᠨᠠᠨ ᠰᠢᠯᠭᠠᠵᠤ ᠦᠨᠡᠯᠡᠬᠦ ᠲᠣᠭᠲᠠᠴᠠ ᠶᠢ | ᠴᠢᠩᠭᠠᠳᠬᠠᠵᠤ ᠂ ᠠᠵᠢᠯ ᠢ ᠠᠬᠢᠭᠤᠯᠬᠤ ᠳᠤᠮᠳᠠ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠮᠥᠷᠳᠡᠨ ᠰᠢᠢᠳᠪᠦᠷᠢᠯᠡᠵᠦ ᠂ ︽ ᠬᠡᠯᠡᠪᠡᠯ | ᠬᠢᠵᠦ ᠂ ᠲᠣᠭᠲᠠᠭᠠᠪᠠᠯ ᠭᠦᠢᠴᠡᠳᠬᠡᠬᠦ ︾ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ ᠂ ᠪᠣᠳᠠᠲᠠᠢ ᠠᠵᠢᠯᠯᠠᠬᠤ ᠶᠢ ᠵᠠᠰᠠᠭ ᠤᠨ ᠣᠷᠳᠣᠨ ᠤ | ᠠᠵᠢᠯ ᠤᠨ ᠢᠯᠡ ᠲᠣᠳᠣ ᠤᠳᠤᠷᠢᠳᠤᠮᠵᠢ ᠪᠣᠯᠭᠠᠨ᠎ᠠ ᠃ | ᠬᠠᠷᠢᠭᠤᠴᠠᠯᠭ᠎ᠠ ᠡᠭᠦᠷᠭᠡᠯᠡᠳᠡᠭ ᠵᠠᠰᠠᠭ ᠤᠨ ᠣᠷᠳᠣᠨ ᠢ ᠪᠠᠶᠢᠭᠤᠯᠤᠨ᠎ᠠ᠃ ᠰᠡᠳᠬᠢᠬᠦᠢ ᠪᠠᠨ ᠪᠠᠲᠤᠳᠬᠠᠵᠤ ᠂ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠪᠠ | ᠥᠷᠢᠰᠦᠯᠳᠦᠭᠡᠨ ᠳᠤ ᠬᠠᠨᠳᠤᠵᠤ ᠂ ᠵᠠᠶᠢᠯᠠᠬᠤ ᠦᠭᠡᠢ᠂ ᠲᠦᠯᠬᠢᠯᠴᠡᠬᠦ ᠦᠭᠡᠢ ᠪᠠᠷ ᠪᠣᠭᠤᠮᠲᠠ ᠰᠢᠪᠲᠤᠯᠬᠤ ᠤᠬᠠᠮᠰᠠᠷ ᠢᠶᠠᠨ ᠴᠢᠩᠭᠠᠳᠬᠠᠵᠤ ᠂ ᠰᠢᠢᠳᠪᠦᠷᠢᠯᠡᠬᠦ | ᠠᠷᠭ᠎ᠠ ᠶᠢ ᠢᠳᠡᠪᠬᠢᠲᠡᠢ ᠡᠷᠢᠯᠬᠢᠯᠡᠨ ᠂ ᠦᠵᠡᠯ ᠰᠠᠨᠠᠭᠠᠨ ᠤ ᠶᠡᠭᠡ ᠴᠢᠯᠦᠭᠡᠯᠡᠯᠲᠡ ᠪᠠᠷ ᠠᠵᠢᠯ ᠤᠨ ᠬᠤᠷᠳᠤᠴᠠ ᠪᠠᠨ ᠶᠡᠬᠡᠪᠡᠷ ᠲᠦᠷᠭᠡᠳᠬᠡᠬᠦ ᠂ ᠠᠵᠤ ᠠᠬᠤᠢ ᠶᠢᠨ | ᠶᠡᠭᠡ ᠬᠥᠭᠵᠢᠯᠲᠡ ᠶᠢ ᠠᠬᠢᠭᠤᠯᠤᠨ᠎ᠠ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠤᠴᠢᠷ ᠶᠠᠪᠤᠳᠠᠯ ᠢ ᠤᠷᠢᠳᠴᠢᠯᠠᠨ ᠳᠠᠩᠰᠠᠯᠠᠬᠤ ᠪᠠ ᠦᠯᠦ ᠬᠢᠬᠦᠢ ᠺᠠᠳ᠋ᠷ ᠢ | ᠰᠢᠢᠳᠪᠦᠷᠢᠯᠡᠬᠦ ᠠᠷᠭ᠎ᠠ ᠶᠢ ᠨᠠᠶᠢᠳᠠᠪᠤᠷᠢᠵᠢᠭᠤᠯᠵᠤ ᠂ ᠺᠠᠳ᠋ᠷᠴᠤᠳ ᠤᠨ ᠵᠣᠷᠢᠭᠲᠠᠢ ᠪᠠᠷ ᠪᠣᠳᠠᠲᠤ ᠠᠰᠢᠭ ᠲᠤᠰᠠ ᠶᠢ ᠬᠦᠨᠳᠡᠵᠤ ᠂ ᠦᠵᠡᠯ ᠰᠠᠨᠠᠭᠠᠨ ᠤ ᠳᠠᠷᠤᠭᠠᠰᠤ ᠪᠠᠨ | ᠲᠠᠶᠠᠭᠳᠠᠨ ᠂ ᠵᠣᠷᠢᠭᠲᠠᠢ ᠪᠠᠷ ᠠᠵᠢᠯ ᠬᠢᠬᠦ ᠶᠢ ᠵᠣᠷᠢᠭᠵᠢᠭᠤᠯᠤᠨ᠎ᠠ᠃ ᠰᠢᠶᠠᠩ ᠪᠠᠯᠭᠠᠰᠤᠨ ᠤ ᠰᠠᠯᠠᠭ᠎ᠠ ᠮᠥᠴᠢᠷ ᠤᠨ ᠡᠭᠦᠷᠭᠡᠯᠡᠵᠦ ᠳᠡᠶᠢᠯᠬᠦ ᠶᠢ ᠨᠢ ᠰᠢᠶᠠᠩ | ᠪᠠᠯᠭᠠᠰᠤᠨ ᠤ ᠰᠠᠯᠠᠭ᠎ᠠ ᠮᠥᠴᠢᠷ ᠡᠭᠦᠷᠭᠡᠯᠡᠵᠦ ᠂ ᠡᠭᠦᠷᠭᠡᠯᠡᠵᠦ ᠳᠡᠶᠢᠯᠬᠦ ᠦᠭᠡᠢ ᠶᠢ ᠨᠢ ᠵᠠᠰᠠᠭ ᠤᠨ ᠣᠷᠳᠣᠨ ᠳᠤ ᠮᠡᠳᠡᠭᠦᠯᠦᠨ ᠬᠠᠮᠲᠤ ᠪᠠᠷ ᠰᠤᠳᠤᠯᠤᠭᠤᠯᠵᠤ ᠂ | ᠤᠯᠠᠨ ᠢᠶᠠᠷ ᠢᠶᠠᠨ ᠬᠠᠮᠲᠤ ᠪᠠᠷ ᠡᠭᠦᠷᠭᠡᠯᠡᠵᠦ ᠂ ᠬᠦᠴᠦᠷᠬᠡᠭ ᠶᠡᠭᠡ ᠠᠵᠢᠯ ᠤᠨ ᠬᠠᠮᠳᠤᠷᠠᠯ ᠬᠦᠴᠦᠨ ᠢ ᠪᠦᠷᠢᠯᠳᠦᠭᠦᠯᠵᠦ ᠂ ᠰᠡᠳᠬᠢᠴᠡ ᠪᠠᠷ ᠬᠥᠭᠵᠢᠯᠲᠡ ᠶᠢᠨ | ᠪᠣᠭᠤᠮᠢ ᠶᠢ ᠲᠠᠶᠢᠯᠵᠤ ᠂ ᠬᠠᠷᠢᠭᠤᠴᠠᠯᠭ᠎ᠠ ᠡᠭᠦᠷᠭᠡᠯᠡᠬᠦ ᠶᠢ ᠵᠠᠰᠠᠭ ᠤᠨ ᠣᠷᠳᠣᠨ ᠤ ᠠᠵᠢᠯ ᠤᠨ ᠤᠶᠤᠨ ᠰᠠᠨᠠᠭᠠᠨ ᠤ ᠴᠥᠮ᠎ᠡ ᠪᠣᠯᠭᠠᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ ᠂ ᠣᠷᠣᠯᠭ᠎ᠠ ᠶᠢ ᠨᠡᠮᠡᠭᠳᠡᠭᠦᠯᠦᠨ | ᠵᠠᠷᠤᠯᠭ᠎ᠠ ᠶᠢ ᠠᠷᠪᠢᠯᠠᠵᠤ ᠂ ︽ ᠠᠯᠪᠠᠨ ᠤ ᠭᠤᠷᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ︽ ᠵᠡᠭᠦᠨᠭᠠᠷ ᠬᠤᠰᠢᠭᠤᠨ ᠤ ᠳᠡᠭᠡᠳᠦ | ᠱᠠᠲᠤᠨ ᠤ ᠰᠢᠯᠵᠢᠭᠦᠯᠦᠨ ᠥᠭᠬᠦ ᠪᠡᠯᠡ ᠮᠥᠩᠭᠦ ᠶᠢ ᠬᠤᠪᠢᠳᠠᠨ ᠣᠯᠬᠤ ᠶᠢ ᠬᠢᠨᠠᠨ ᠰᠢᠯᠭᠠᠵᠤ ᠤᠷᠮᠠᠰᠢᠭᠤᠯᠬᠤ ᠲᠦᠷ ᠬᠡᠷᠡᠭᠵᠢᠭᠦᠯᠬᠦ ᠠᠷᠭ᠎ᠠ ︾ ᠶᠢ ᠰᠠᠶᠢᠲᠤᠷ | ᠨᠠᠶᠢᠳᠠᠪᠤᠷᠢᠵᠢᠭᠤᠯᠵᠤ ᠂ ᠪᠥᠬᠦ ᠨᠡᠶᠢᠭᠡᠮ ᠢ ᠳᠠᠶᠢᠴᠢᠯᠠᠨ ᠲᠥᠷᠥᠯ ᠵᠦᠢᠯ ᠪᠠ ᠪᠡᠯᠡ ᠮᠥᠩᠭᠦ ᠶᠢ ᠢᠳᠡᠪᠬᠢᠲᠡᠢ ᠪᠠᠷ ᠬᠤᠪᠢᠳᠠᠨ ᠣᠯᠵᠤ ᠂ ᠡᠳ᠋ ᠮᠥᠩᠭᠦᠨ ᠤ | ᠢᠷᠡᠯᠲᠡ ᠶᠢ ᠥᠷᠭᠡᠳᠬᠡᠨ᠎ᠡ ︔ ︽ ᠵᠡᠭᠦᠨᠭᠠᠷ ᠬᠤᠰᠢᠭᠤᠨ ᠤ ᠠᠷᠪᠢᠯᠠᠨ ᠭᠠᠮᠨᠠᠬᠤ ᠶᠢ ᠳᠠᠳᠬᠠᠯᠰᠢᠭᠤᠯᠬᠤ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠨᠦᠭᠦᠳ ︾ ᠢ ᠡᠷᠡᠰ ᠬᠡᠷᠡᠭᠵᠢᠭᠦᠯᠵᠦ ᠂ ᠬᠤᠪᠢᠶᠠᠷᠢᠯᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠨᠢᠭᠡᠳᠦᠭᠡᠷ ᠭᠠᠷ ᠨᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠯᠣᠮᠵᠢᠲᠤ ᠴᠢᠨᠠᠷ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠠ ᠪᠡᠯᠡ ᠣᠷᠣᠭᠤᠯᠤᠯᠲᠠ ᠶᠢᠨ | ᠲᠥᠰᠥᠪ ᠢ ᠴᠢᠩᠭ᠎ᠠ ᠬᠢᠨᠠᠨ ᠬᠠᠷᠭᠤᠭᠤᠯᠵᠤ ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ᠎ᠠ ︔ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢᠨ | ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠲᠥᠷᠥᠯ ᠵᠦᠢᠯ ᠢ ᠰᠠᠯᠭᠠᠬᠤ ᠂ ᠢᠯᠡ ᠪᠠᠷ ᠳᠠᠭᠠᠭᠠᠴᠢᠯᠠᠯᠳᠠ ᠵᠠᠷᠯᠠᠵᠤ ᠳᠠᠯᠳᠠᠭᠤᠷ | ᠲᠣᠭᠲᠠᠭᠠᠬᠤ ᠂ ᠬᠤᠤᠪᠢᠯᠳᠤᠨᠰᠥ᠋ᠯᠪᠡᠭᠡᠯᠳᠦᠵᠤ ᠳᠠᠭᠠᠭᠠᠴᠢᠯᠠᠯᠲᠠ ᠵᠠᠷᠯᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ | ᠴᠠᠭᠠᠵᠠᠯᠠᠵᠤ ᠂ ᠠᠷᠢᠭᠤᠨ ᠴᠢᠬᠡᠴᠢ ᠪᠠᠶᠢᠬᠤ ᠶᠢ ᠵᠠᠰᠠᠭ ᠤᠨ ᠣᠷᠳᠣᠨ ᠤ ᠠᠵᠢᠯ ᠤᠨ ᠳᠠᠪᠠᠵᠤ ᠪᠣᠯᠣᠰᠢ ᠦᠭᠡᠢ ᠬᠤᠷᠢᠭ᠎ᠠ ᠱᠤᠭᠤᠮ ᠪᠣᠯᠭᠠᠨ᠎ᠠ ᠃ | ᠲᠥᠯᠥᠭᠡᠯᠡᠭᠴᠢᠳ ᠠ᠋︕ ᠴᠢᠷᠮᠠᠶᠢᠨ ᠲᠡᠮᠡᠴᠡᠪᠡᠯ ᠯᠠᠪᠲᠠᠢ ᠢᠯᠠᠨ᠎ᠠ ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠮᠡᠭᠡᠶᠢᠯᠡᠨ ᠳᠠᠪᠰᠢᠬᠤ ᠣᠮᠤᠭ ᠵᠣᠷᠢᠭ ᠂ ᠬᠤᠷᠳᠤᠨ ᠮᠣᠷᠢᠨ ᠳᠤ ᠲᠠᠰᠢᠭᠤᠷ ᠨᠡᠮᠡᠵᠦ ᠭᠠᠪᠰᠢᠭᠠᠶᠢᠯᠠᠨ ᠲᠡᠮᠡᠴᠡᠬᠦ ᠡᠷᠴᠢ ᠵᠣᠷᠢᠭ | ᠢᠶᠠᠷ ᠂ ᠢᠲᠡᠭᠡᠯ ᠵᠣᠷᠢᠭ ᠢᠶᠠᠨ ᠪᠠᠲᠤᠳᠬᠠᠨ᠂ ᠴᠤᠭ ᠰᠦᠯᠳᠡ ᠪᠠᠨ ᠪᠠᠳᠠᠷᠠᠭᠤᠯᠵᠤ ᠂ ᠬᠠᠲᠠᠭᠤᠵᠢᠯᠲᠠᠢ ᠪᠦᠭᠡᠳ ᠪᠣᠳᠠᠲᠠᠢ ᠠᠵᠢᠯᠯᠠᠵᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠵᠡᠭᠦᠨᠭᠠᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠶ᠎ᠡ︕ | | ᠨᠡᠷ᠎ᠡ ᠦᠭᠡ ᠶᠢᠨ ᠲᠠᠶᠢᠯᠪᠤᠷᠢ | ︽ 518 ︾ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠄ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠨᠠᠢᠮᠠᠳᠤᠭᠠᠷ ᠪᠥᠬᠦᠳᠡ ᠬᠤᠷᠠᠯ ᠵᠢᠴᠢ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠨᠡᠭᠦᠷᠡᠰᠤ ᠪᠠᠷ ᠰᠠᠭᠤᠷᠢ ᠪᠤᠯᠭᠠᠬᠰᠠᠨ ᠂ | ᠦᠨᠡᠰᠤ ᠪᠠᠷ ᠰᠠᠭᠤᠷᠢ ᠪᠤᠯᠭᠠᠬᠰᠠᠨ ᠂ ᠰᠢᠷᠣᠢ ᠪᠠᠷ ᠰᠠᠭᠤᠷᠢ ᠪᠤᠯᠭᠠᠬᠰᠠᠨ ᠂ ᠴᠠᠬᠢᠭᠤᠷ ᠢᠶᠠᠷ ᠰᠠᠭᠤᠷᠢ ᠪᠤᠯᠭᠠᠬᠰᠠᠨ ᠂ ᠪᠤᠬᠢᠷᠳᠤᠯ ᠦᠭᠡᠢ ᠪᠠᠷ ᠰᠠᠭᠤᠷᠢ ᠪᠤᠯᠭᠠᠬᠰᠠᠨ | ᠵᠡᠷᠭᠡ ︽ ᠲᠠᠪᠤᠨ ᠰᠠᠭᠤᠷᠢ ︾ ᠶᠢᠨ ᠰᠢᠨ᠎ᠡ ᠮᠠᠲ᠋ᠧᠷᠢᠶᠠᠯ ᠢ ᠪᠦᠭᠦ ᠬᠦᠴᠦᠨ ᠢᠶᠠᠷ ᠢᠶᠠᠨ ᠬᠥᠭᠵᠢᠭᠦᠯᠬᠦ ᠶᠢ ᠲᠠᠪᠤᠨ ᠶᠡᠭᠡ ᠭᠤᠣᠯᠯᠠᠬᠤ ᠠᠵᠤ ᠦᠢᠯᠡᠰ ᠪᠣᠯᠭᠠᠵᠤ ᠂ | ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠭᠡᠬᠦ ᠡᠨᠡ ᠬᠦ ᠭᠤᠣᠯ ᠠᠵᠤ ᠦᠢᠯᠡᠰ ᠢ ᠬᠦᠴᠦᠯᠡᠨ ᠪᠣᠶᠢᠵᠢᠭᠤᠯᠵᠤ ᠂ ᠲᠠᠷᠢᠶᠠᠯᠠᠩ ᠮᠠᠯ ᠠᠵᠤ ᠠᠬᠤᠢ ᠂ | ᠠᠵᠤ ᠦᠢᠯᠡᠳᠪᠦᠷᠢ ᠶᠢᠨ ᠠᠵᠤ ᠠᠬᠤᠢ᠂ ᠡᠨᠧᠷᠭᠢ ᠶᠢᠨ ᠠᠵᠤ ᠠᠬᠤᠢ᠂ ᠦᠢᠯᠡᠴᠢᠯᠡᠭᠡᠨ ᠤ ᠠᠵᠤ ᠠᠬᠤᠢ᠂ ᠰᠣᠶᠣᠯ ᠵᠤᠭᠠᠴᠠᠯ ᠤᠨ ᠠᠵᠤ ᠠᠬᠤᠢ᠂ ᠲᠣᠭᠠᠴᠢᠯᠠᠭᠰᠠᠨ | ᠠᠵᠤ ᠠᠬᠤᠢ᠂ ᠳᠣᠣᠷᠠᠠᠭᠠᠷ ᠤᠨ ᠠᠵᠤ ᠠᠬᠤᠢ ᠂ ᠠᠮᠢ ᠠᠬᠤᠢ ᠶᠢᠨ ᠠᠵᠤ ᠠᠬᠤᠢ ᠵᠡᠷᠭᠡ ᠨᠠᠢᠮᠠᠨ ᠶᠡᠭᠡ ᠠᠵᠤ ᠠᠬᠤᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠬᠦᠴᠦ ᠪᠠᠨ ᠲᠥᠪᠯᠡᠷᠡᠭᠦᠯᠦᠨ ᠰᠠᠶᠢᠲᠤᠷ ᠬᠥᠭᠵᠢᠭᠦᠯᠬᠦ ᠶᠢ ᠵᠢᠭᠠᠵᠤ ᠪᠤᠢ᠃ | ᠠᠷᠪᠠᠨ ᠶᠡᠭᠡ ᠢᠨᠵᠧᠨᠧᠷᠢᠩ᠄ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ | ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ ᠨᠠᠮ ᠤᠨ ᠪᠠᠶᠢᠭᠤᠯᠤᠯᠲᠠ ᠪᠠᠷ ᠬᠦᠳᠤᠯᠤᠨ ᠳᠠᠭᠠᠭᠤᠯᠵᠤ ᠂ ᠢᠯᠡ ᠪᠠᠷ | ᠲᠠᠲᠠᠪᠤᠷᠢᠯᠠᠵᠤ ᠨᠤᠷᠠᠭᠠᠬᠤ ︾ ᠢᠨᠵᠧᠨᠧᠷᠢᠩ ᠂ ︽ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠵᠤ ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ︾ | ᠢᠨᠵᠧᠨᠧᠷᠢᠩ ᠂ ︽ ᠬᠡᠯᠪᠡᠷᠢ ᠪᠠᠨ ᠬᠤᠪᠢᠷᠠᠭᠤᠯᠬᠤ ᠪᠠᠷ ᠬᠥᠲᠥᠯᠥᠨ ᠳᠠᠭᠠᠭᠤᠯᠵᠤ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠬᠦ ︾ ᠢᠨᠵᠧᠨᠧᠷᠢᠩ ᠂ ︽ | ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠨ ᠳᠠᠭᠠᠭᠤᠯᠵᠤ ᠂ ᠠᠵᠤ ᠠᠬᠤᠶᠢᠯᠠᠯ ᠳᠤ ᠦᠢᠯᠡᠴᠢᠯᠡᠬᠦ ︾ ᠢᠨᠵᠧᠨᠧᠷᠢᠩ ᠂ ︽ ᠠᠷᠠᠳ ᠤᠨ ᠰᠠᠨᠠᠭ᠎ᠠ ᠪᠠᠷ ᠬᠥᠲᠥᠯᠥᠨ | ᠳᠠᠭᠠᠭᠤᠯᠵᠤ ᠂ ᠠᠷᠠᠳ ᠲᠦᠮᠡᠨ ᠳᠤ ᠦᠢᠯᠡᠴᠢᠯᠡᠬᠦ ︾ ᠢᠨᠵᠧᠨᠧᠷᠢᠩ ᠂ ︽ ᠪᠣᠬᠢᠷᠲᠤᠯ ᠦᠭᠡᠢ ᠪᠠᠷ ᠬᠥᠲᠥᠯᠥᠨ ᠳᠠᠭᠠᠭᠤᠯᠵᠤ ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠬᠢᠬᠦ ︾ ᠢᠨᠵᠧᠨᠧᠷᠢᠩ ᠂ ︽ ᠠᠰᠠᠭᠤᠳᠠᠯ ᠢᠶᠠᠷ ᠬᠥᠲᠥᠯᠥᠨ ᠳᠠᠭᠠᠭᠤᠯᠵᠤ ᠂ ᠳᠤᠳᠠᠭᠤᠳᠠᠯ ᠢᠶᠠᠨ ᠨᠥᠬᠦᠪᠦᠷᠢᠯᠡᠨ ᠬᠦᠴᠦᠷᠬᠡᠭᠵᠢᠬᠦᠯᠬᠦ ︾ ᠢᠨᠵᠧᠨᠧᠷᠢᠩ ᠂ | ︽ ᠴᠢᠨᠠᠷᠵᠢᠯ ᠢᠶᠠᠷ ᠬᠥᠲᠥᠯᠥᠨ ᠳᠠᠭᠠᠭᠤᠯᠵᠤ ᠂ ᠠᠷᠠᠳ ᠤᠨ ᠠᠮᠢᠳᠤᠷᠠᠯ ᠤᠨ ᠴᠢᠨᠠᠷᠵᠢᠯ ᠢ ᠳᠡᠭᠡᠭᠰᠢᠯᠡᠭᠦᠯᠬᠦ ︾ ᠢᠨᠵᠧᠨᠧᠷᠢᠩ ᠂ ︽ ᠬᠠᠷᠠᠯᠲᠠ ᠪᠠᠷ ᠬᠥᠲᠥᠯᠥᠨ | ᠳᠠᠭᠠᠭᠤᠯᠵᠤ ᠂ ᠠᠵᠢᠯ ᠢᠶᠠᠨ ᠳᠡᠭᠡᠭᠰᠢᠯᠡᠭᠦᠯᠬᠦ ︾ ᠢᠨᠵᠧᠨᠧᠷᠢᠩ ᠂ ︽ ᠤᠳᠤᠷᠢᠳᠤᠮᠵᠢ ᠪᠠᠷ ᠬᠥᠲᠥᠯᠥᠨ ᠳᠠᠭᠠᠭᠤᠯᠵᠤ ᠂ ᠰᠤᠷᠲᠠᠯ ᠢᠶᠠᠨ ᠰᠠᠶᠢᠵᠢᠷᠠᠭᠤᠯᠬᠤ ︾ | ᠢᠨᠵᠧᠨᠧᠷᠢᠩ ᠃ | ᠲᠤᠰᠬᠠᠢ ᠨᠠᠷᠢᠯᠢᠭ ᠣᠨᠴᠠ ᠰᠢᠨᠡᠠᠵᠤ ᠠᠬᠤᠶᠢᠯᠠᠯ ᠄ ᠲᠤᠰᠬᠠᠶᠢᠵᠢᠭᠰᠠᠨ ᠂ ᠨᠠᠷᠢᠯᠢᠭᠵᠢᠭᠤᠯᠤᠭᠰᠠᠨ ᠂ ᠣᠨᠴᠠᠯᠢᠬᠵᠢᠭᠤᠯᠤᠭᠰᠠᠨ ᠂ ᠰᠢᠨᠡᠴᠢᠯᠡᠭᠰᠡᠨ ᠬᠥᠭᠵᠢᠯᠲᠡ ᠶᠢᠨ | ᠣᠨᠴᠠᠯᠢᠭ ᠲᠠᠢ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠵᠢᠭᠠᠵᠤ ᠪᠣᠶ ᠃ | ᠵᠠᠷᠯᠠᠨᠮᠠᠩᠯᠠᠶᠢᠯᠠᠬᠤ ᠄ ᠮᠡᠷᠭᠡᠵᠢᠯ ᠤᠨ ᠭᠡᠷᠡᠭᠴᠡᠭᠡ ᠱᠠᠭᠠᠷᠳᠠᠯᠭ᠎ᠠ ᠶᠢᠨ ᠲᠠᠯ᠎ᠠ ᠠᠴᠠ ᠮᠡᠷᠭᠡᠵᠢᠯ ᠤᠨ ᠰᠤᠳᠤᠯᠤᠨ ᠨᠡᠭᠡᠭᠡᠬᠦ ᠬᠡᠷᠡᠭᠴᠡᠭᠡ ᠱᠠᠭᠠᠷᠳᠠᠯᠭ᠎ᠠ ᠪᠠ ᠦᠷ᠎ᠡ | ᠪᠦᠲᠦᠭᠡᠯ ᠢ ᠬᠤᠪᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ ᠂ ᠢᠯᠡ ᠪᠠᠷ ᠰᠠᠮᠪᠠᠷ᠎ᠠ ᠳᠤ ᠨᠡᠶᠢᠲᠡᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠂ ᠨᠡᠶᠢᠭᠡᠮ ᠤᠨ | ᠬᠦᠴᠦᠨ ᠢ ᠵᠣᠬᠢᠶᠠᠨ ᠪᠠᠶᠢᠭᠤᠯᠵᠤ ᠵᠠᠷᠯᠠᠨ ᠪᠣᠭᠤᠮᠲᠠ ᠰᠢᠪᠲᠤᠯᠬᠤ ᠶᠢ ᠵᠢᠭᠠᠵᠤ ᠪᠣᠶ ᠃ | ᠬᠤᠶᠠᠷ ᠴᠢᠬᠤᠯᠠ ᠂ ᠬᠤᠶᠠᠷ ᠦᠢᠯᠡᠰ ᠄ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠴᠢᠬᠤᠯᠠ ᠬᠦᠷᠢᠶ᠎ᠠ | ᠴᠠᠷᠠᠭᠠᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠪᠠ ᠲᠥᠪ ᠤᠨ ᠲᠥᠰᠥᠪ ᠤᠨ ᠳᠣᠲᠣᠷᠠᠬᠢ ᠲᠡᠷᠢᠭᠦᠨ ᠤ ᠦᠢᠯᠡᠳᠬᠦ ᠦᠢᠯᠡᠰ ᠂ ᠣᠲᠣ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠬᠤ ᠲᠤᠰᠬᠠᠢ ᠵᠦᠢᠯ ᠢ ᠵᠢᠭᠠᠵᠤ ᠪᠣᠶ ᠃ | ︽ ᠵᠢᠵᠢᠭ ᠠᠪᠤᠷᠭᠤ ︾ ᠶᠢᠨ ᠠᠵᠤ ᠠᠬᠤᠶᠢᠯᠠᠯ ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠮᠠᠭᠠᠳᠯᠠᠨ ᠲᠣᠭᠲᠠᠭᠠᠭᠰᠠᠨ ᠵᠠᠬ᠎ᠠ | ᠳᠡᠯᠭᠡᠭᠦᠷ ᠢ ᠨᠠᠷᠢᠨ ᠬᠤᠪᠢᠶᠠᠬᠰᠠᠨ ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠂ ᠵᠠᠬ᠎ᠠ ᠳᠡᠯᠭᠡᠭᠦᠷ ᠢ ᠡᠵᠡᠯᠡᠬᠦ ᠨᠣᠷᠮ᠎ᠠ ᠪᠠᠷ ᠥᠨᠳᠥᠷ ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠢ ᠡᠵᠡᠮᠰᠢᠭᠰᠡᠨ ᠂ ᠴᠢᠨᠠᠷᠵᠢᠯ ᠦᠷ᠎ᠡ ᠠᠰᠢᠭ ᠢᠶᠠᠷ ᠰᠢᠯᠢᠳᠡᠭ ᠪᠠᠶᠢᠬᠤ ᠶᠢ ᠴᠢᠬᠤᠯᠠᠴᠢᠯᠠᠬᠰᠠᠨ ᠬᠤᠰᠢᠭᠤᠴᠢ ᠠᠵᠤ ᠠᠬᠤᠶᠢᠯᠠᠯ ᠢ ᠵᠢᠭᠠᠵᠤ ᠪᠣᠶ ᠃ | | ᠬᠤᠶᠠᠷ ᠰᠢᠨ᠎ᠡ ᠄ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠠᠵᠢᠯᠯᠠᠭ᠎ᠠ ᠶᠢ ᠠᠬᠢᠭᠤᠯᠬᠤ ᠶᠢ ᠵᠢᠭᠠᠵᠤ ᠪᠣᠶ ᠃ | ᠪᠥᠬᠦ ᠨᠡᠶᠢᠭᠡᠮ ᠳᠠᠬᠢ R&D ᠶᠢᠨ ᠣᠷᠣᠭᠤᠯᠤᠯᠲᠠ ᠶᠢᠨ ᠬᠦᠴᠦᠯᠡᠴᠡ ᠄ ᠪᠥᠬᠦ ᠨᠡᠶᠢᠭᠡᠮ ᠤᠨ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ᠶᠢᠨ | ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ᠶᠢ ᠵᠢᠭᠠᠵᠤ ᠪᠣᠶ ᠂ ᠪᠥᠬᠦ ᠨᠡᠶᠢᠭᠡᠮ ᠤᠨ ᠰᠤᠳᠤᠯᠭᠠᠨ ᠤ ᠵᠠᠷᠤᠳᠠᠯ ᠤᠨ ᠣᠷᠣᠭᠤᠯᠤᠯᠲᠠ ᠶᠢᠨ ᠪᠥᠬᠦ ᠲᠤᠭ᠎ᠠ ᠶᠢᠨ | ᠭᠠᠵᠠᠷ ᠣᠷᠣᠨ ᠤ GDP ᠳᠠᠬᠢ ᠡᠵᠡᠯᠡᠬᠦ ᠬᠤᠪᠢ ᠶᠢᠨ ᠵᠢᠩ ᠢ ᠵᠢᠭᠠᠵᠤ ᠪᠣᠶ ᠃ | ︽ ᠨᠠᠷᠢᠯᠢᠭ ᠣᠨᠣᠴᠠᠲᠠᠢ ᠪᠠᠷ ᠵᠢᠷᠤᠭ ᠳᠦᠯᠦᠪᠯᠡᠭᠡ ᠭᠠᠷᠭᠠᠬᠤ ︾ ᠄ ᠲᠣᠰ ᠭᠠᠵᠠᠷ ᠣᠷᠣᠨ ᠤ ᠠᠮᠢ ᠠᠬᠤᠢ ᠣᠷᠴᠢᠨ ᠳᠤᠭᠤᠷᠢᠨ ᠤ ᠪᠠᠶᠢᠳᠠᠯ ᠳᠤ ᠪᠥᠬᠦ ᠲᠠᠯ᠎ᠠ ᠶᠢᠨ ᠂ | ᠭᠦᠨᠵᠡᠭᠡᠢ ᠪᠠᠶᠢᠴᠠᠭᠠᠯᠲᠠ ᠪᠠ ᠵᠠᠳᠠᠯᠤᠯᠲᠠ ᠬᠢᠵᠦ ᠂ ᠠᠮᠢ ᠠᠬᠤᠢ ᠶᠢᠨ ᠪᠠᠶᠢᠳᠠᠯ ᠢ ᠲᠣᠳᠣᠷᠬᠠᠢ ᠣᠶᠢᠯᠠᠭᠠᠨ ᠂ ᠠᠮᠢ ᠠᠬᠤᠢ ᠣᠷᠴᠢᠨ ᠳᠤᠭᠤᠷᠢᠨ ᠤ ᠬᠦᠷᠢᠶ᠎ᠠ | ᠴᠠᠷᠠᠭᠠᠨ ᠳᠠᠬᠢ ᠠᠶᠤᠯ ᠲᠦᠭᠰᠢᠭᠦᠷᠢ ᠶᠢᠨ ᠴᠡᠭ ᠪᠠ ᠲᠣᠪᠣᠶᠢᠮ᠎ᠠ ᠠᠰᠠᠭᠤᠳᠠᠯ ᠢ ᠣᠨᠣᠪᠴᠢᠲᠠᠶ ᠡᠷᠢᠨ ᠣᠯᠵᠤ ᠂ ᠠᠮᠢ ᠠᠬᠤᠢ ᠣᠷᠴᠢᠨ ᠳᠤᠭᠤᠷᠢᠨ ᠤ ᠪᠠᠶᠢᠳᠠᠯ ᠤᠨ | ᠲᠤᠬᠠᠢ ᠨᠠᠷᠢᠨ ᠲᠣᠳᠣᠷᠬᠠᠢ ᠂ ᠣᠨᠣᠪᠴᠢᠲᠠᠶ ᠂ ᠰᠢᠨᠵᠢᠯᠡᠬᠦ ᠤᠬᠠᠭᠠᠨᠴᠢ ᠲᠣᠭᠠᠴᠢᠯᠲᠠ ᠶᠢ ᠪᠣᠶ ᠪᠣᠯᠭᠠᠵᠤ ᠂ ᠨᠠᠷᠢᠯᠢᠭ ᠣᠨᠣᠴᠠᠲᠠᠢ ᠪᠠᠷ ᠪᠣᠬᠢᠷᠲᠤᠯ ᠢ ᠵᠠᠰᠠᠬᠤ ᠂ | ᠨᠠᠷᠢᠯᠢᠭ ᠣᠨᠣᠴᠠᠲᠠᠢ ᠪᠠᠷ ᠱᠠᠯᠠᠪᠳᠠᠭᠤᠯᠤᠨ ᠪᠠᠶᠢᠴᠠᠭᠠᠬᠤ ᠵᠡᠷᠭᠡ ᠠᠮᠢ ᠠᠬᠤᠢ ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠵᠢᠯ ᠳᠤ ᠦᠨᠳᠦᠰᠦᠯᠡᠯ ᠬᠠᠩᠭᠠᠬᠤ ᠶᠢ | ᠵᠢᠭᠠᠵᠤ ᠪᠣᠶ ᠃ | ᠬᠠᠶᠠᠭᠳᠠᠮᠠᠯ ᠦᠭᠡᠢ ᠡᠰ ᠄ ︽ ᠬᠠᠶᠠᠭᠳᠠᠮᠠᠯ ᠦᠭᠡᠢ ᠬᠤᠲᠠ ︾ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠤᠶᠢᠯᠠᠭᠠᠬᠳᠠᠬᠤᠨ ᠢ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ ᠂ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ ᠂ ᠪᠣᠬᠢᠷᠲᠤᠯ ᠦᠭᠡᠢ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ ᠂ ᠰᠤᠷᠭᠠᠭᠤᠯᠢ ᠂ ᠪᠠᠶᠢᠭᠤᠯᠭ᠎ᠠ ᠂ ᠡᠮᠨᠡᠯᠭᠡ ᠶᠢᠨ ᠬᠤᠷᠢᠶ᠎ᠠ ᠂ ᠦᠢᠯᠡᠳᠪᠦᠷᠢ ᠂ ᠬᠤᠳᠠᠯᠳᠤᠭᠠᠨ ᠤ | ᠲᠠᠯᠠᠪᠤᠷ ᠂ ᠬᠤᠭᠤᠯᠠᠨ ᠭᠡᠷ ᠂ ᠨᠡᠶᠢᠭᠡᠮ ᠲᠣᠭᠤᠷᠢᠭ ᠂ ᠰᠢᠶᠠᠩ ᠪᠠᠯᠭᠠᠰᠤ ᠂ ᠬᠦᠷᠢᠶᠡᠯᠡᠩ ᠲᠣᠭᠤᠷᠢᠭ ᠂ ᠦᠵᠡᠮᠵᠢ ᠶᠢᠨ ᠣᠷᠣᠨ ᠵᠡᠷᠭᠡ ᠡᠯ᠎ᠡ ᠲᠥᠷᠥᠯ ᠤᠨ | ᠦᠢᠯᠡᠳᠪᠦᠷᠢᠯᠡᠯ ᠠᠮᠢᠳᠤᠷᠠᠯ ᠤᠨ ᠨᠢᠭᠡᠴᠢ ᠶᠢ ᠪᠠᠭᠲᠠᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠡᠮᠵᠢᠶ᠎ᠡ ᠶᠢ ᠪᠠᠭᠠᠰᠬᠠᠬᠤ ᠂ ᠡᠬᠢ ᠪᠠᠶᠠᠯᠢᠭᠵᠢᠭᠤᠯᠬᠤ ᠪᠠ | ᠬᠤᠣᠷ ᠦᠭᠡᠢ ᠪᠣᠯᠭᠠᠬᠤ ᠨᠡᠶᠢᠭᠡᠮ ᠤᠨ ᠠᠮᠢᠳᠤᠷᠠᠯ ᠤᠨ ᠨᠢᠭᠡᠴᠢ ᠶᠢ ᠪᠣᠶᠢᠵᠢᠭᠤᠯᠬᠤ ᠶᠢ ᠵᠢᠭᠠᠵᠤ ᠪᠣᠶ ᠃ | ︽ ᠲᠠᠪᠤᠨ ᠰᠠᠶᠢᠳᠠᠢ ᠬᠤᠶᠠᠷ ᠳᠠᠭᠠᠯᠠᠮᠵᠢᠳᠠᠢ ︾ ᠦᠵᠡᠰᠬᠦᠯᠡᠩᠲᠦ ᠰᠠᠶᠢᠬᠠᠨ ᠬᠦᠳᠡᠭᠡ ᠲᠣᠰᠬᠤᠨ ᠄ ᠡᠳ᠋ ᠤᠨ ᠵᠠᠰᠠᠭ ᠤᠨ ᠶᠠᠮᠤᠨ ᠠᠴᠠ ᠬᠦᠳᠡᠭᠡ ᠠᠵᠤ ᠠᠬᠤᠢ | ᠬᠥᠳᠡᠭᠡ ᠲᠣᠰᠬᠤᠨ ᠤ ᠶᠠᠮᠤᠨ ᠲᠠᠢ ᠬᠤᠯᠪᠤᠭᠠᠯᠠᠨ ᠡᠭᠦᠰᠬᠡᠭᠰᠡᠨ ᠰᠢᠨ᠎ᠡ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ | ᠲᠤᠷᠰᠢᠯᠲᠠ ᠶᠢᠨ ᠲᠥᠷᠥᠯ ᠵᠦᠢᠯ ᠂ ᠲᠤᠬᠠᠶᠢᠯᠠᠪᠠᠯ ︽ ᠰᠠᠶᠢᠲᠤᠷ ᠲᠥᠯᠥᠪᠵᠢᠭᠦᠯᠵᠦ ᠂ ᠰᠠᠶᠢᠲᠤᠷ ᠪᠦᠲᠦᠭᠡᠨ ᠪᠠᠶᠢᠭᠤᠯᠵᠤ ᠂ ᠣᠷᠴᠢᠨ ᠲᠣᠭᠤᠷᠢᠨ ᠰᠠᠶᠢᠨ ᠂ | ᠡᠵᠡᠩᠨᠡᠯᠲᠡ ᠰᠠᠶᠢᠨ ᠂ ᠭᠡᠪ ᠰᠤᠷᠲᠠᠯ ᠰᠠᠶᠢᠨ ᠂ ᠣᠷᠣᠰᠢᠨ ᠰᠠᠭᠤᠬᠤ ᠪᠠ ᠤᠶᠢᠯᠡᠰ ᠪᠦᠳᠤᠭᠡᠬᠦ ᠳᠤ ᠳᠠᠭᠠᠯᠠᠮᠵᠢᠳᠠᠢ ︾ ᠪᠠᠶᠢᠬᠤ ᠶᠢ ᠵᠢᠭᠠᠵᠤ ᠪᠣᠶ ᠃ | ︽ ᠨᠢᠭᠡ ᠭᠤᠤᠯ ᠬᠤᠶᠠᠷ ᠵᠢᠭᠦᠷ ᠲᠤᠯᠤᠭᠠᠨ ᠣᠳᠣᠨ ︾ ᠤ ᠬᠤᠲᠠ ᠶᠢᠨ ᠣᠷᠣᠨ ᠵᠠᠢ ᠶᠢᠨ ᠪᠠᠶᠢᠷᠢᠰᠢᠭᠤᠯᠤᠯᠳᠠ ᠄ ᠰᠢᠦᠸᠠᠢ ᠵᠢᠶᠠ ᠸᠠᠨ ᠢᠶᠠᠷ ᠭᠤᠣᠯ ᠬᠤᠲᠠ | ᠲᠣᠭᠤᠷᠢᠭ ᠪᠣᠯᠭᠠᠭᠰᠠᠨ ᠂ ᠳ᠋ᠠ ᠯᠤ᠋ ᠂ ᠱᠠᠬᠳᠠᠷ ᠢᠶᠠᠷ ︽ ᠬᠤᠶᠠᠷ ᠵᠢᠭᠦᠷ ︾ ᠪᠤᠯᠭᠠᠨ ᠵᠠᠯᠭᠠᠯᠳᠤᠭᠤᠯᠤᠨ ᠠᠪᠴᠤ ᠥᠷᠭᠡᠳᠬᠡᠬᠦ ᠦᠢᠯᠡᠳᠦᠯ ᠦᠵᠡᠬᠦᠯᠦᠭᠰᠡᠨ ᠂ | ᠪᠤᠰᠤᠳ 7 ᠰᠤᠮᠤ ᠰᠢᠶᠠᠩ ᠪᠠᠯᠭᠠᠰᠤ ᠪᠠᠯᠭᠠᠰᠤᠨ ᠤ ᠳᠤᠭᠤᠷᠢᠭ ᠬᠠᠮᠵᠢᠯᠴᠠᠨ ᠬᠥᠭᠵᠢᠭᠰᠡᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠵᠢᠭᠠᠵᠤ | ᠪᠣᠶ ᠃ | ᠤᠯᠤᠰ ᠤᠨ ᠳᠣᠲᠣᠭᠠᠳᠤ ᠭᠠᠳᠠᠭᠠᠳᠤ ᠶᠢᠨ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠄ ᠲᠦᠩ ᠷᠧᠨ ᠰᠤᠷᠭᠠᠭᠤᠯᠢ ᠨᠢ ᠪᠡᠭᠡᠵᠢᠩ ᠤᠨ ᠠᠷᠠᠳ ᠤᠨ ᠶᠡᠭᠡ | ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠢ ᠵᠤᠸᠠᠩ ᠰᠤᠷᠭᠠᠭᠤᠯᠢ ᠲᠠᠢ ᠬᠤᠯᠪᠤᠭᠠᠯᠠᠯ ᠪᠤᠯᠵᠤ ᠬᠠᠮᠲᠤ ᠪᠠᠷ ᠪᠠᠶᠢᠭᠤᠯᠬᠤ ︔ ᠱᠢ ᠵᠢᠢ ᠳᠤᠮᠳᠠᠳᠤ | ᠰᠤᠷᠭᠠᠭᠤᠯᠢ ᠨᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠂ ᠬᠢᠮᠢ ᠪᠠ ᠬᠢᠮᠢ ᠶᠢᠨ ᠠᠵᠤ | ᠦᠢᠯᠡᠳᠪᠦᠷᠢ ᠶᠢᠨ ᠳᠡᠭᠡᠳᠦ ᠰᠤᠷᠭᠠᠭᠤᠯᠢ ᠲᠠᠢ ᠠᠮᠢᠳᠤ ᠪᠣᠳᠠᠰ ᠂ ᠬᠢᠮᠢ ᠶᠢᠨ ᠰᠢᠨ᠎ᠡ ᠶᠢ ᠡᠭᠦᠳᠬᠦ ᠳᠤᠷᠰᠢᠯᠳᠠ ᠶᠢᠨ ᠳᠠᠰᠤᠭ ᠢ ᠬᠠᠮᠳᠤ ᠪᠠᠷ ᠪᠠᠶᠢᠭᠤᠯᠬᠤ ︔ | ᠵᠡᠭᠦᠨᠭᠠᠷ ᠨᠢᠭᠡᠳᠦᠭᠡᠷ ᠳᠤᠮᠳᠠᠳᠤ ᠰᠤᠷᠭᠠᠭᠤᠯᠢ ᠨᠢ ᠣᠷᠣᠰ ᠤᠨ ᠯᠧᠪᠢᠨ ᠤ ᠤᠷᠠᠨ ᠵᠢᠷᠤᠭ ᠤᠨ ᠳᠡᠭᠡᠳᠦ ᠰᠤᠷᠭᠠᠭᠤᠯᠢ ᠂ ᠰᠠᠨᠲ ᠫᠧᠲ᠋ᠧᠷᠪᠦ᠋ᠷᠡᠭ ᠤᠨ ᠫᠧᠲ᠋ᠧᠷ ᠶᠡᠭᠡ | ᠬᠠᠭᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠂ ᠮᠢᠴᠢᠨᠢᠺᠤᠹ ᠤᠨ ᠪᠠᠷᠠᠭᠤᠨ ᠬᠤᠶᠢᠲᠤ ᠶᠢᠨ ᠤᠯᠤᠰ ᠤᠨ ᠡᠮᠨᠡᠯᠭᠡ ᠶᠢᠨ ᠶᠡᠭᠡ | ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠶᠢ ᠵᠢᠭᠠᠵᠤ ᠪᠤᠢ ᠃ | ᠰᠦᠢᠳᠬᠡᠯ ᠬᠤᠷᠢᠶᠠᠬᠤ ᠦᠭᠡᠢ ᠣᠷᠣᠰᠢᠭᠤᠯᠭ᠎ᠠ ᠄ ᠵᠡᠭᠦᠨᠭᠠᠷ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠪᠥᠭᠡᠳ ᠬᠤᠰᠢᠭᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠳᠤ ᠣᠷᠣᠰᠢᠭᠤᠯᠤᠭᠰᠠᠨ ᠨᠥᠭᠴᠢᠭᠰᠡᠳ ᠤᠨ ᠬᠡᠭᠦᠷ ᠢ ᠲᠤᠰᠴᠤ ᠵᠥᠭᠡᠭᠡᠪᠦᠷᠢᠯᠡᠬᠦ ᠂ ᠬᠡᠭᠦᠷ ᠢ ᠬᠠᠳᠠᠭᠠᠯᠠᠬᠤ ᠂ | ᠬᠡᠭᠦᠷ ᠢ ᠳᠡᠭᠳᠡᠭᠡᠬᠦ ᠂ ᠴᠢᠨᠳᠠᠷ ᠢ ᠬᠠᠳᠠᠭᠠᠯᠠᠬᠤ ᠵᠡᠷᠭᠡ ᠳᠥᠷᠪᠡᠨ ᠵᠦᠢᠯ ᠤᠨ ᠦᠨᠳᠦᠰᠦᠨ ᠦᠢᠯᠡᠴᠢᠯᠡᠭᠡ ᠳᠤ ᠂ ᠭᠠᠰᠢᠭᠤᠳᠠᠯ ᠤᠨ ᠲᠢᠩᠬᠢᠮ ᠂ ᠭᠠᠰᠢᠭᠤᠳᠠᠨ | ᠳᠤᠷᠠᠰᠬᠠᠬᠤ ᠬᠤᠷᠠᠯ ᠂ ᠴᠢᠨᠳᠠᠷ ᠤᠨ ᠬᠠᠶᠢᠷᠴᠠᠭ ᠂ ᠨᠡᠶᠢᠲᠡ ᠶᠢᠨ ᠣᠩᠭᠤᠨ ᠂ ᠣᠩᠭᠤᠨ ᠤ ᠬᠥᠰᠢᠶ᠎ᠡ ᠂ ᠬᠥᠰᠢᠶᠡᠨ ᠤ ᠰᠡᠶᠢᠯᠦᠮᠡᠯ ᠵᠢᠴᠢ ᠨᠡᠶᠢᠲᠡ ᠶᠢᠨ ᠣᠩᠭᠤᠨ ᠤ | ᠬᠠᠮᠢᠶᠠᠷᠤᠯᠲᠠ ᠵᠡᠷᠭᠡ ᠳᠤ ᠣᠷᠣᠰᠢᠭᠤᠯᠭ᠎ᠠ ᠶᠢᠨ ᠪᠥᠬᠦ ᠭᠡᠯᠬᠢᠶ᠎ᠠ ᠂ ᠪᠥᠬᠦ ᠶᠠᠪᠤᠴᠠ ᠂ ᠪᠥᠬᠦ ᠦᠶᠡᠯᠡᠯ ᠤᠨ ᠬᠤᠭᠤᠴᠠᠭᠠᠨ ᠳᠤ ᠰᠦᠢᠳᠬᠡᠯ ᠬᠤᠷᠢᠶᠠᠬᠤ ᠦᠭᠡᠢ | ᠪᠠᠶᠢᠬᠤ ᠶᠢ ᠵᠢᠭᠠᠵᠤ ᠪᠣᠶ ᠃ | ᠮᠢᠩᠭᠠᠨ ᠰᠢᠶᠠᠨ ᠤ ᠢᠨᠵᠧᠨᠧᠷᠢᠩ ᠄ 2025 ᠣᠨ ᠪᠣᠯᠬᠤ ᠳᠤ ᠂ ᠪᠥᠬᠦ ᠤᠯᠤᠰ ᠲᠤ ᠨᠠᠭᠠᠲᠤ ᠵᠠᠬ᠎ᠠ ᠳᠠᠭᠠᠨ 1000 ᠰᠢᠶᠠᠨ ᠤ ᠡᠮᠨᠡᠯᠭᠡ ᠶᠢᠨ ᠬᠤᠷᠢᠶ᠎ᠠ ᠶᠢ | ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢᠨ ᠬᠢᠷᠢ ᠳᠦᠪᠰᠢᠨ ᠲᠠᠢ ᠪᠤᠯᠭᠠᠬᠤ ᠶᠢ ᠵᠢᠭᠠᠵᠤ ᠪᠤᠢ᠃ | ︽ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠵᠤ ᠂ ᠡᠷᠡᠭᠦᠯ ᠮᠡᠨᠳᠦ ᠶᠢ ᠪᠠᠲᠤᠯᠠᠬᠤ ︾ ᠠᠷᠠᠳ ᠤᠨ ᠠᠮᠢᠳᠤᠷᠠᠯ ᠤᠨ ᠲᠥᠷᠥᠯ ᠵᠦᠢᠯ ᠄ 2024 ᠣᠨ ᠳᠤ | ᠬᠡᠷᠡᠭᠵᠢᠭᠦᠯᠦᠭᠰᠡᠨ ᠵᠡᠭᠦᠨᠭᠠᠷ ᠬᠤᠰᠢᠭᠤᠨ ᠤ ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ︵ ᠤᠯᠤᠰ ᠤᠨ ᠡᠭᠡᠯᠢᠯᠡᠭᠡ ᠶᠢᠨ ᠲᠥᠯᠦᠪᠵᠢᠭᠦᠯᠭᠡ ᠳᠤ ᠨᠡᠶᠢᠴᠡᠬᠦ | ᠬᠥᠮᠥᠰ ᠪᠠᠭᠲᠠᠬᠤ ᠦᠭᠡᠢ ︶ ᠲᠤ ᠵᠠᠰᠠᠭ ᠤᠨ ᠣᠷᠳᠣᠨ ᠠᠴᠠ 60% ᠶᠢᠨ ᠸᠠᠺᠼᠢᠨ ᠤ ᠨᠥᠬᠦᠪᠦᠷᠢ ᠥᠭᠬᠦ ᠪᠠᠷᠢᠮᠵᠢᠶ᠎ᠠ ᠪᠠᠷ 11 ᠵᠦᠢᠯ ᠤᠨ ᠡᠭᠡᠯᠢᠯᠡᠭᠡ ᠶᠢᠨ | ᠪᠤᠰᠤ ᠲᠥᠯᠦᠪᠵᠢᠭᠦᠯᠭᠡ ᠶᠢᠨ ᠸᠠᠺᠼᠢᠨ ᠢ ᠳᠠᠷᠢᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠵᠢᠭᠠᠵᠤ ᠪᠣᠶ ᠃ | ︽ ᠰᠢᠶᠠᠩ ᠤᠨ ᠠᠮᠤᠷ ᠲᠦᠪᠰᠢᠨ ᠤ ᠲᠠᠪᠤᠨ ᠶᠠᠪᠤᠳᠠᠯ ︾ ᠤᠨ ᠠᠵᠢᠯ ᠤᠨ ᠠᠷᠭ᠎ᠠ ᠄ ᠵᠡᠭᠦᠨᠭᠠᠷ ᠬᠤᠰᠢᠭᠤ ᠰᠢᠨ᠎ᠡ ᠴᠠᠭ ᠦᠶ᠎ᠡ ᠶᠢᠨ ︽ ᠹᠧᠩᠴᠢᠶᠤᠤ ᠶᠢᠨ | ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠥᠯᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ ᠂ ᠬᠡᠷᠡᠭ | ᠤᠴᠢᠷ ᠢ ᠶᠠᠷᠢᠬᠤ ᠂ ᠬᠡᠷᠡᠭ ᠡᠷᠭᠢᠯᠡᠬᠦ ᠂ ᠬᠡᠷᠡᠭ ᠬᠦᠢᠴᠡᠳᠭᠡᠬᠦ ᠂ ᠬᠡᠷᠡᠭ ᠵᠥᠪᠯᠡᠬᠦ ᠂ ᠬᠡᠷᠡᠭ ᠦᠨᠡᠯᠡᠬᠦ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠢ ᠵᠢᠭᠠᠵᠤ ᠪᠣᠶ ᠃ | | ︽ ᠭᠤᠷᠪᠠ ᠶᠢ ᠪᠠᠭᠤᠷᠠᠭᠤᠯᠵᠤ ᠭᠤᠷᠪᠠ ᠶᠢ ᠳᠡᠭᠡᠭᠰᠢᠯᠡᠭᠦᠯᠬᠦ ︾ ᠄ ᠵᠠᠬᠢᠳᠠᠯ ᠰᠣᠷᠪᠤᠯᠵᠢᠯᠠᠯ ᠤᠨ ᠪᠦᠬᠦ ᠳᠤᠭ᠎ᠠ ᠶᠢ ᠪᠠᠭᠤᠷᠠᠭᠤᠯᠬᠤ ᠂ ᠳᠠᠪᠬᠤᠷᠳᠠᠭᠤᠯᠤᠨ | ᠰᠤᠷᠪᠤᠯᠵᠢᠯᠠᠬᠤ ᠶᠢᠨ ᠡᠵᠡᠯᠡᠬᠦ ᠬᠠᠷᠢᠴᠠᠯ ᠢ ᠪᠠᠭᠤᠷᠠᠭᠤᠯᠬᠤ ᠂ ᠪᠡᠭᠡᠵᠢᠩ ᠳᠤ ᠣᠷᠣᠵᠤ ᠣᠷᠣᠨ ᠳᠤ ᠬᠦᠷᠴᠦ ᠰᠤᠷᠪᠤᠯᠵᠢᠯᠠᠬᠤ ᠶᠢ ᠪᠠᠭᠤᠷᠠᠭᠤᠯᠬᠤ ᠶᠢ ᠵᠢᠭᠠᠵᠤ ᠪᠣᠶ ︔ | ᠵᠠᠬᠢᠳᠠᠯ ᠰᠣᠷᠪᠤᠯᠵᠢᠯᠠᠯ ᠤᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠶᠣᠰᠣᠲᠠᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠠᠩᠬ᠎ᠠ ᠤᠳᠠᠭ᠎ᠠ ᠶᠢᠨ | ᠵᠠᠬᠢᠳᠠᠯ ᠰᠣᠷᠪᠤᠯᠵᠢᠯᠠᠯ ᠤᠨ ᠵᠦᠢᠯᠡᠰ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ ᠨᠤᠷᠮ᠎ᠠ ᠶᠢ ᠳᠡᠭᠡᠭᠰᠢᠯᠡᠭᠦᠯᠵᠦ ᠂ ᠵᠠᠬᠢᠳᠠᠯ ᠰᠣᠷᠪᠤᠯᠵᠢᠯᠠᠯ ᠤᠨ ᠣᠷᠣᠯᠠᠨ | ᠰᠢᠢᠳᠪᠦᠷᠢᠯᠡᠬᠦ ᠴᠢᠨᠠᠷᠵᠢᠯ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠵᠢᠭᠠᠵᠤ ᠪᠤᠢ᠃ | ︽ᠭᠤᠷᠪᠠᠨ ᠤ ᠨᠢᠭᠡ ᠬᠤᠪᠢ︾ ᠶᠢᠨ ᠠᠵᠢᠯ ᠤᠨ ᠠᠷᠭ᠎ᠠ᠄ ᠤᠳᠤᠷᠢᠳᠬᠤ ᠺᠠᠳ᠋ᠷ ᠪᠦᠬᠦ ᠵᠢᠯ ᠤᠨ ᠭᠤᠷᠪᠠᠨ ᠤ ᠨᠢᠭᠡ ᠬᠤᠪᠢ ᠶᠢᠨ ᠴᠠᠭ ᠢ ᠳᠡᠭᠡᠭᠰᠢ ᠵᠣᠬᠢᠴᠠᠭᠤᠯᠤᠨ | ᠵᠣᠯᠭᠠᠭᠤᠯᠬᠤ ᠳᠤ ᠭᠡᠷᠡᠭᠰᠡᠨ ᠂ ᠭᠤᠷᠪᠠᠨ ᠤ ᠨᠢᠭᠡ ᠬᠤᠪᠢ ᠶᠢᠨ ᠴᠠᠭ ᠢ ᠳᠤᠷᠤᠬᠰᠢ ᠦᠨᠳᠦᠰᠦᠨ ᠱᠠᠲᠤ ᠂ ᠳᠦᠷᠤᠯ ᠵᠤᠶᠢᠯ ᠤᠨ ᠨᠢᠭᠡᠳᠦᠭᠡᠷ ᠹᠷᠣᠨᠲ ᠲᠤ ᠪᠠᠭᠤᠬᠤ | ᠳᠤ ᠭᠡᠷᠡᠭᠰᠡᠵᠤ ᠂ ᠭᠤᠷᠪᠠᠨ ᠤ ᠨᠢᠭᠡ ᠬᠤᠪᠢ ᠶᠢᠨ ᠴᠠᠭ ᠢ ᠪᠠᠶᠢᠭᠤᠯᠭ᠎ᠠ ᠳᠤ ᠠᠵᠢᠯᠯᠠᠭᠤᠯᠬᠤ ᠳᠤ ᠭᠡᠷᠡᠭᠰᠡᠬᠦ ᠶᠢ ᠵᠢᠭᠠᠵᠤ ᠪᠤᠢ᠃ | ᠠᠵᠢᠯ ᠤᠨ ᠪᠠᠶᠢᠷᠢ ᠶᠢ ᠳᠤᠬᠳᠠᠪᠤᠷᠢᠵᠢᠭᠤᠯᠬᠤ ᠨᠥᠬᠦᠪᠦᠷᠢ ᠄ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠠᠵᠢᠯ ᠠᠯᠳᠠᠯᠲᠠ ᠶᠢᠨ ᠳᠠᠭᠠᠳᠬᠠᠯ ᠤᠨ | ᠵᠠᠷᠤᠳᠠᠯ ᠢ 12 ᠰᠠᠷ᠎ᠠ ᠠᠴᠠ ᠳᠡᠭᠡᠭᠰᠢ ᠭᠦᠢᠴᠡᠳ ᠲᠤᠭ᠎ᠠ ᠪᠠᠷ ᠲᠤᠰᠢᠶᠠᠭᠰᠠᠨ᠂ ᠳᠡᠭᠡᠷ᠎ᠡ ᠵᠢᠯ ᠤᠨ ᠬᠥᠮᠥᠨ ᠬᠠᠰᠤᠭᠰᠠᠨ ᠦᠭᠡᠢ ᠪᠤᠶᠤ ᠬᠥᠮᠥᠨ ᠬᠠᠰᠤᠭᠰᠠᠨ ᠨᠤᠷᠮ᠎ᠠ | ᠨᠢ ᠳᠡᠭᠡᠷ᠎ᠡ ᠵᠢᠯ ᠤᠨ ᠪᠥᠬᠦ ᠤᠯᠤᠰ ᠤᠨ ᠬᠤᠲᠠ ᠪᠠᠯᠭᠠᠰᠤ ᠶᠢᠨ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ ᠡᠵᠡᠮᠳᠡᠬᠦ ᠬᠠᠷᠠᠯᠲᠠ ᠠᠴᠠ ᠥᠨᠳᠥᠷ | ᠦᠭᠡᠢ ᠪᠠᠶᠢᠵᠤ ᠂ 30 ᠬᠥᠮᠥᠨ ︵ᠪᠠᠭᠲᠠᠨ᠎ᠠ︶ ᠠᠴᠠ ᠳᠣᠷᠣᠭᠰᠢᠬᠢ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠬᠥᠮᠥᠨ ᠬᠠᠰᠤᠭᠰᠠᠨ ᠨᠤᠷᠮ᠎ᠠ ᠨᠢ | ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠶᠡᠷᠦᠩᠬᠡᠢ ᠲᠤᠭ᠎ᠠ ᠶᠢᠨ 20% ᠠᠴᠠ ᠥᠨᠳᠥᠷ ᠦᠭᠡᠢ ᠪᠠᠶᠢᠪᠠᠯ ᠂ ᠠᠵᠢᠯ ᠠᠯᠳᠠᠯᠲᠠ ᠶᠢᠨ | ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠶᠢ ᠭᠤᠶᠤᠴᠢᠯᠠᠵᠤ ᠪᠣᠯᠬᠤ ᠶᠢ ᠵᠢᠭᠠᠵᠤ ᠪᠤᠢ᠃ | ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠄ ᠠᠵᠤ ᠠᠬᠤᠶᠢᠯᠠᠯ ᠨᠢ ᠲᠡᠭᠦᠰᠬᠦ ᠣᠨ ᠤ ᠳᠡᠭᠡᠳᠦ ᠰᠤᠷᠭᠠᠭᠤᠯᠢ | ᠲᠡᠭᠦᠰᠦᠭᠰᠡᠳ ᠢ ᠡᠯᠰᠡᠨ ᠬᠡᠷᠡᠭᠯᠡᠬᠦ ᠂ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠢ | ᠡᠯᠰᠡᠨ ᠬᠡᠷᠡᠭᠯᠡᠬᠦ ᠂ 16 ︱ 24 ᠨᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠵᠠᠯᠠᠭᠤᠴᠤᠳ ᠭᠤᠷᠪᠠᠨ ᠲᠥᠷᠥᠯ ᠤᠨ ᠬᠥᠮᠥᠰ ᠲᠤ ᠨᠢᠭᠡ ᠤᠳᠠᠭ᠎ᠠ ᠶᠢᠨ | ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠣᠯᠭᠤᠬᠤ ᠶᠢ ᠵᠢᠭᠠᠵᠤ ᠪᠣᠶ ᠂ ᠪᠠᠷᠢᠮᠵᠢᠶ᠎ᠠ ᠨᠢ ᠬᠥᠮᠥᠨ ᠪᠦᠷᠢ 1500 ᠲᠥᠭᠦᠷᠢᠭ ᠪᠣᠯᠣᠨ᠎ᠠ ᠃ | ᠲᠤᠯᠤᠭ᠎ᠠ ᠶᠢ ᠨᠢᠭᠡ ᠴᠣᠭᠴᠠᠵᠢᠭᠤᠯᠬᠤ ᠄ ︽ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠂ ᠴᠣᠬᠤᠯᠠᠪᠤᠷᠢᠯᠠᠨ ᠳᠠᠮᠵᠢᠭᠤᠯᠬᠤ ᠶᠢ ᠰᠢᠢᠳᠪᠦᠷᠢᠯᠡᠬᠦ ᠂ | ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠂ ᠠᠷᠠᠳ ᠤᠨ ᠠᠮᠢᠳᠤᠷᠠᠯ ᠤᠨ ᠠᠪᠤᠷᠠᠨ ᠲᠤᠰᠠᠯᠠᠯᠲᠠ᠂ ᠰᠡᠳᠬᠢᠴᠡ ᠶᠢᠨ ᠬᠠᠶᠢᠷ᠎ᠠ ᠬᠠᠯᠠᠮᠵᠢ᠂ ᠦᠷ᠎ᠡ ᠳ᠋ᠦᠩ ᠢ | ᠬᠠᠷᠢᠭᠤ ᠲᠤᠰᠬᠠᠬᠤ ᠂ ᠮᠥᠷᠳᠡᠨ ᠦᠨᠡᠯᠡᠬᠦ︾ ᠵᠡᠷᠭᠡ ᠶᠢ ᠨᠢᠭᠡ ᠴᠣᠭᠴᠠᠵᠢᠭᠤᠯᠤᠭᠰᠠᠨ ᠠᠷᠠᠳ ᠲᠤ ᠦᠢᠯᠡᠴᠢᠯᠡᠬᠦ ᠬᠠᠤᠯᠢ ᠪᠠᠷ ᠵᠠᠰᠠᠬᠤ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠲᠠᠪᠴᠠᠩ ᠢ ᠵᠢᠭᠠᠵᠤ ᠪᠠᠶᠢᠨ᠎ᠠ᠃ | | | | | |