| ᠣᠶᠢᠷ᠎ᠠ ᠶᠢᠨ ᠵᠢᠯ ᠠᠴᠠ ᠨᠠᠭᠠᠰᠢ ᠂ ᠵᠡᠭᠦᠨᠭᠠᠷ ᠬᠤᠰᠢᠭᠤ ᠠᠵᠤ ᠦᠢᠯᠡᠰ ᠤᠨ ᠲᠥᠪᠯᠡᠷᠡᠯ ᠢᠶᠠᠷ ᠬᠥᠳᠡᠯᠭᠡᠭᠦᠷ ᠪᠣᠯᠭᠠᠵᠤ ᠂ ᠤᠯᠠᠨ ᠡᠰᠢᠲᠦ ᠴᠢᠨᠠᠷ ᠰᠠᠶᠢᠲᠠᠢ | ᠲᠦᠷᠦᠯ ᠵᠦᠢᠯ ᠢ ᠲᠦᠷᠭᠡᠨ ᠨᠤᠳᠤᠬᠰᠢᠭᠤᠯᠬᠤ ᠶᠢ ᠠᠬᠢᠭᠤᠯᠵᠤ ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠮᠠᠰᠢ ᠤᠯᠠᠨ ᠰᠤᠷᠤᠭᠴᠢᠳ ᠢ ᠲᠠᠲᠠᠵᠤ | ᠨᠤᠲᠤᠭ ᠲᠤᠨᠢ ᠪᠤᠴᠠᠭᠤᠯᠤᠨ ᠠᠵᠢᠯ ᠤᠯᠭᠤᠵᠤ ᠂ ᠴᠢᠳᠠᠪᠤᠷᠢᠲᠠᠨ ᠢ ᠣᠷᠣᠨ ᠨᠤᠲᠤᠭ ᠤᠨ ᠬᠥᠭᠵᠢᠯᠲᠡ ᠲᠠᠢ ᠠᠳᠠᠯᠢ ᠳᠠᠪᠲᠠᠮᠵᠢ ᠪᠠᠷ ᠬᠥᠭᠵᠢᠭᠦᠯᠬᠦ ᠶᠢ ᠪᠡᠶᠡᠯᠡᠭᠦᠯᠵᠤ | ᠪᠠᠶᠢᠨ᠎ᠠ ᠃ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠯᠡᠮᠡᠯ ᠲᠤᠰᠤᠨ ᠤ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠲᠤᠷᠰᠢᠯᠲᠠ ᠶᠢᠨ | ᠲᠠᠰᠤᠭ ᠲᠤ ᠂ ᠰᠢᠨᠵᠢᠯᠡᠨ ᠰᠢᠯᠭᠠᠭᠴᠢ ᠵᠢᠶᠠ ᠵᠢᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠵᠠᠳᠠᠯᠤᠨ ᠰᠢᠨᠵᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ ᠪᠠᠶᠢᠯ᠎ᠠ᠃ 2011 ᠣᠨ ᠳᠤ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠂ ᠲᠡᠷᠡ ᠨᠤᠲᠤᠭ ᠲᠠᠭᠠᠨ ᠪᠤᠴᠠᠵᠤ ᠂ ᠲᠤᠬᠠᠢ ᠶᠢᠨ ᠭᠠᠵᠠᠷ ᠲᠤ | ᠰᠠᠶ᠋ᠢᠬᠠᠨ ᠨᠤᠲᠤᠭᠰᠢᠭᠰᠠᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠯᠡᠮᠡᠯ ᠲᠣᠰᠣᠨ ᠤ ᠺᠤᠮᠫᠠᠨᠢ ᠳᠤ ᠠᠵᠢᠯ ᠤᠨ ᠪᠠᠶᠢᠷᠢᠨ ᠳᠤ ᠭᠠᠷᠤᠬᠰᠠᠨ | ᠪᠠᠶᠢᠨ᠎ᠠ ᠃ ︽ ᠭᠡᠷ ᠤᠨ ᠡᠭᠦᠳᠡᠨ ᠳᠡᠭᠡᠷ᠎ᠠ ᠪᠠᠨ ᠡᠶᠢᠮᠦ ᠨᠢᠭᠡᠨ ᠲᠣᠭᠲᠠᠪᠤᠷᠢᠲᠠᠢ ᠠᠵᠢᠯ ᠤᠯᠵᠤ ᠠᠪᠤᠬᠰᠠᠨ ᠳᠠᠭᠠᠨ ᠳᠤᠩ ᠵᠢᠷᠭᠠᠯᠳᠠᠢ ᠰᠠᠨᠠᠬᠳᠠᠨ᠎ᠠ ︾ ᠭᠡᠵᠤ ᠵᠢᠶᠠ | ᠵᠢᠩ ᠶᠠᠷᠢᠨ᠎ᠠ ᠃ 13 ᠵᠢᠯ ᠤᠨ ᠲᠤᠷᠰᠢ ᠂ ᠲᠡᠷᠡ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠵᠠᠳᠠᠯᠤᠨ ᠰᠢᠨᠵᠢᠵᠦ ᠪᠠᠶᠢᠴᠠᠭᠠᠨ ᠬᠡᠮᠵᠢᠬᠦ ᠶᠢ | ᠢᠮᠠᠭᠲᠠ ᠪᠠᠷᠢᠮᠲᠠᠯᠠᠵᠤ ᠂ ᠲᠤᠰᠬᠠᠢ ᠮᠡᠷᠭᠡᠵᠢᠯ ᠢᠶᠠᠷ ᠢᠶᠠᠨ ᠲᠣᠬᠢᠷᠠᠵᠤ ᠂ ᠬᠠᠷᠠᠭᠠᠯᠵᠠᠯ ᠬᠦᠷᠲᠡᠭᠡᠮᠵᠢ ᠪᠠᠷ ᠰᠠᠶᠢᠨ ᠪᠠᠶᠢᠭᠰᠠᠨ ᠵᠶ᠋ᠠᠷᠦᠯᠤ ᠪᠠᠷᠠᠨ ᠂ ᠨᠠᠩ ᠴᠤ ᠣᠷᠳᠣ | ᠬᠤᠭᠤᠴᠠᠭᠠᠨ ᠤ ᠦᠢᠯᠡᠳᠦᠯᠭᠡ ᠶᠢᠨ ᠳᠤᠮᠳᠠ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠠᠢ ᠃ ᠡᠨᠡ ᠬᠦ ᠭᠡᠷ ᠤᠨ ᠡᠭᠦᠳᠡᠨ ᠳᠠᠬᠢ ᠠᠵᠢᠯ ᠨᠢ ᠲᠡᠭᠦᠨ ᠳᠤ ᠠᠵᠢᠯ | ᠮᠡᠷᠭᠡᠵᠢᠯ ᠤᠨ ᠪᠤᠶᠢᠵᠢᠯᠲᠠ ᠪᠠ ᠠᠮᠢᠳᠤᠷᠠᠯ ᠤᠨ ᠬᠤᠣᠰ ᠵᠣᠯ ᠵᠢᠷᠭᠠᠯ ᠢ ᠡᠳ᠋ᠯᠡᠭᠦᠯᠵᠠᠢ᠃ | | | | ᠨᠤᠲᠤᠭ ᠲᠠᠭᠠᠨ ᠪᠤᠴᠠᠵᠤ ᠠᠵᠢᠯ ᠣᠯᠣᠭᠰᠠᠳ ᠲᠤ ᠪᠠᠰᠠ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠸᠠᠭᠠᠷ ᠱᠠᠭᠠᠵᠠᠩ ᠤᠨ ᠵᠢᠷᠤᠭ ᠲᠥᠯᠥᠪᠯᠡᠭᠡᠨ ᠤ | ᠬᠦᠷᠢᠶᠡᠯᠡᠩ ᠤᠨ ᠴᠧᠨ ᡁᠢ ᠷᠦᠸᠧ ᠪᠤᠢ᠃ 2024 ᠣᠨ ᠳᠤ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠣᠷᠭᠠᠨᠢᠭ ᠪᠤᠰᠤ | ᠲᠡᠮᠦᠷᠯᠢᠭ ᠪᠤᠰᠤ ᠰᠢᠨ᠎ᠡ ᠮᠠᠲ᠋ᠧᠷᠢᠶᠠᠯ ᠤᠨ ᠲᠤᠰᠬᠠᠢ ᠮᠡᠷᠭᠡᠵᠢᠯ ᠠᠴᠠ ᠲᠡᠭᠦᠰᠦᠭᠰᠡᠨ ᠤ ᠳᠠᠷᠠᠭ᠎ᠠ᠂ ᠲᠡᠷᠡ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ | ᠣᠷᠭᠠᠨᠢᠭ ᠪᠤᠰᠤ ᠲᠡᠮᠦᠷᠯᠢᠭ ᠪᠤᠰᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠳᠤ ᠣᠷᠣᠯᠴᠠᠪᠠ᠃ ᠠᠳᠡ᠂ ᠲᠡᠷᠡ ᠤᠯᠤᠰ ᠤᠨ ᠳᠣᠲᠣᠭᠠᠳᠤ ᠶᠢᠨ | ᠲᠤᠰᠬᠠᠢ ᠮᠡᠷᠭᠡᠵᠢᠯᠲᠡᠨ ᠤ ᠪᠦᠯᠬᠦᠮ ᠢ ᠳᠠᠭᠠᠵᠤ ᠂ ᠲᠤᠬᠠᠢ ᠶᠢᠨ ᠭᠠᠵᠠᠷ ᠤᠨ ᠨᠡᠭᠦᠷᠡᠰᠦᠨ ᠴᠢᠯᠠᠭᠤ ᠂ ᠨᠤᠨᠳᠠᠭ ᠨᠡᠭᠦᠷᠡᠰᠦᠨ ᠤ ᠦᠨᠡᠰᠦ ᠵᠡᠷᠭᠡ ᠬᠠᠲᠠᠭᠤ ᠬᠠᠶᠠᠭᠳᠠᠮᠠᠯ | ᠪᠣᠳᠠᠰ ᠲᠤ ᠴᠢᠭᠯᠡᠭᠦᠯᠦᠨ ᠰᠤᠳᠤᠯᠤᠨ ᠨᠡᠭᠡᠭᠡᠵᠦ ᠂ ᠬᠢᠴᠢᠶᠡᠯ ᠤᠨ ᠳᠡᠪᠲᠡᠷ ᠤᠨ ᠮᠡᠳᠡᠯᠭᠡ ᠶᠢ ᠦᠢᠯᠡᠳᠦᠯᠭᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠠᠢ᠃ ︽ | ᠺᠣᠮᠫᠠᠨᠢ ᠠᠴᠠ ᠵᠣᠬᠢᠶᠠᠨ ᠪᠠᠶᠢᠭᠤᠯᠵᠤ ᠱᠠᠨᠳᠦ᠋ᠩ ᠤᠨ ᠠᠵᠤ ᠦᠢᠯᠡᠳᠪᠦᠷᠢ ᠶᠢᠨ ᠸᠠᠭᠠᠷ ᠱᠠᠭᠠᠵᠠᠩ ᠤᠨ ᠬᠦᠷᠢᠶᠡᠯᠡᠩ ᠳᠤ ᠰᠤᠷᠤᠯᠴᠠᠭᠤᠯᠤᠬᠰᠠᠨ ᠶᠤᠮ᠂ ᠶᠡᠷᠦ ᠶᠢᠨ | ᠦᠶ᠎ᠡ ᠳᠤ ᠪᠠᠰᠠ ᠲᠤᠰᠬᠠᠢ ᠮᠡᠷᠭᠡᠵᠢᠯᠲᠡᠨ ᠬᠢᠴᠢᠶᠡᠯ ᠣᠷᠣᠵᠤ ᠪᠠᠶᠢᠭᠰᠠᠨ ᠪᠣᠯᠬᠤᠷ ᠮᠠᠰᠢ ᠲᠦᠷᠭᠡᠨ ᠢᠶᠠᠷ ᠡᠵᠡᠮᠰᠢᠵᠡᠢ︾ ᠃ ᠴᠧᠨ ᡁᠢ ᠷᠦᠸᠧ ᠬᠡᠯᠡᠬᠦ ᠳᠡᠭᠡᠨ ᠂ | ᠰᠤᠷᠭᠠᠭᠤᠯᠢ ᠲᠡᠭᠦᠰᠦᠮᠡᠭᠴᠡ ᠲᠤᠰᠬᠠᠢ ᠮᠡᠷᠭᠡᠵᠢᠯ ᠨᠢ ᠳᠤᠬᠢᠷᠠᠬᠰᠠᠨ ᠂ ᠠᠵᠢᠯᠯᠠᠬᠤ ᠠᠭᠤᠷ ᠠᠮᠢᠰᠬᠤᠯ ᠢᠶᠠᠷ ᠮᠠᠰᠢ ᠰᠠᠶᠢᠨ ᠠᠵᠢᠯ ᠣᠯᠵᠤ ᠂ ᠲᠡᠭᠦᠨ ᠳᠤ | ᠲᠤᠶᠢᠯ ᠤᠨ ᠠᠵᠠ ᠵᠠᠪᠰᠢᠶᠠᠨ ᠲᠠᠢ ᠰᠠᠨᠠᠬᠳᠠᠵᠠᠢ ᠭᠡᠬᠦ ᠶᠤᠮ ᠃ | | | | ᠴᠢᠳᠠᠪᠤᠷᠢᠲᠠᠨ ᠢ ᠨᠥᠭᠡᠴᠡᠯᠡᠬᠦ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ ᠂ ᠣᠶᠢᠷ᠎ᠠ ᠶᠢᠨ ᠵᠢᠯ ᠤᠳ ᠲᠤ ᠂ ᠥᠪᠥᠷ ᠮᠣᠩᠭᠤᠯ ᠤᠨ ᠲᠡᠷᠢᠭᠦᠨ ᠤ | ᠸᠠᠭᠠᠷ ᠱᠠᠭᠠᠵᠠᠩ ᠤᠨ ᠵᠢᠷᠤᠭ ᠲᠥᠯᠥᠪᠯᠡᠭᠡᠨ ᠤ ᠬᠦᠷᠢᠶᠡᠯᠡᠩ ᠨᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠂ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠠᠴᠠ ᠲᠣᠰ ᠬᠤᠭᠤᠴᠠᠭᠠᠨ ᠤ ᠲᠡᠭᠦᠰᠬᠦ ᠰᠣᠷᠣᠭᠴᠢ ᠶᠢ 20 ᠭᠠᠷᠤᠢ ᠡᠯᠰᠡᠵᠦ ᠂ | ︽ ᠭᠠᠳᠠᠭᠰᠢ ᠭᠠᠷᠴᠤ ᠰᠤᠷᠤᠯᠴᠠᠬᠤ ᠂ ᠣᠷᠣᠭᠤᠯᠤᠨ ᠠᠪᠴᠢᠷᠠᠵᠤ ᠬᠢᠴᠢᠶᠡᠯ ᠣᠷᠣᠬᠤ ︾ ᠠᠷᠭ᠎ᠠ ᠮᠠᠶ᠋ᠢᠭ ᠢᠶᠠᠷ ᠰᠢᠰᠲ᠋ᠧᠮ ᠲᠠᠢ ᠬᠥᠮᠥᠵᠢᠭᠦᠯᠬᠦ ᠪᠠᠷ ᠳᠡᠮᠵᠢᠭᠠᠳ ᠂ | ᠴᠥᠭᠡᠨ ᠪᠤᠰᠤ ᠬᠥᠮᠥᠰ ᠨᠢ ᠨᠢᠭᠡᠨᠲᠡ ᠮᠡᠷᠭᠡᠵᠢᠯ ᠤᠨ ᠭᠤᠣᠯᠯᠠᠭᠴᠢ ᠬᠦᠴᠦᠨ ᠪᠣᠯᠵᠤ ᠂ ᠲᠤᠬᠠᠢ ᠶᠢᠨ ᠭᠠᠵᠠᠷ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠲᠤ | ᠴᠢᠳᠠᠪᠤᠷᠢᠲᠠᠨ ᠤ ᠰᠠᠭᠤᠷᠢ ᠶᠢ ᠪᠠᠲᠤ ᠪᠠᠬᠢ ᠲᠠᠯᠪᠢᠵᠤ ᠥᠭᠭᠦᠭᠰᠡᠨ ᠪᠠᠶᠢᠨ᠎ᠠ ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠥᠨᠳᠦᠷᠯᠢᠭ ᠭᠠᠵᠠᠷ ᠪᠣᠯᠤᠭᠰᠠᠨ ᠤ ᠬᠤᠪᠢ ᠳᠤ ᠂ ᠵᠡᠭᠦᠨᠭᠠᠷ ᠠᠵᠤ ᠠᠬᠤᠢ ᠶᠢᠨ | ᠨᠡᠭᠡᠭᠡᠯᠲᠡ ᠶᠢᠨ ᠤᠷᠤᠨ ᠢᠮᠠᠭᠲᠠ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠦᠨᠳᠦᠰᠦ ᠂ ᠬᠥᠭᠵᠢᠯᠲᠡ ᠶᠢᠨ ᠴᠢᠬᠤᠯᠠ ᠵᠦᠢᠯ ᠪᠣᠯᠭᠠᠭᠰᠠᠭᠠᠷ ᠢᠷᠡᠵᠠᠢ᠃ | ᠨᠢᠭᠡ ᠲᠠᠯ᠎ᠠ ᠪᠠᠷ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠂ ᠲᠣᠨᠣᠭᠯᠠᠯ ᠦᠢᠯᠡᠳᠬᠦ ᠵᠡᠷᠭᠡ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠦᠯᠡᠮᠵᠢ ᠤᠯᠠᠨ ᠴᠢᠨᠠᠷ ᠰᠠᠶᠢᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠂ | ᠣᠶᠤᠲᠠᠨ ᠪᠠ ᠳᠡᠭᠡᠳᠦ ᠲᠡᠰ ᠤᠨ ᠴᠢᠳᠠᠪᠤᠷᠢᠲᠠᠨ ᠳᠤ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠬᠠᠩᠭᠠᠪᠠ ︔ ᠨᠥᠭᠦᠭᠡ ᠲᠠᠯ᠎ᠠ ᠪᠠᠷ ᠲᠠᠷᠢᠶᠠᠯᠠᠩ ᠤᠨ ᠲᠤᠰᠠᠯᠠᠬᠤ | ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠂ ᠸᠠᠭᠠᠷ ᠱᠠᠭᠠᠵᠠᠩ ᠵᠡᠷᠭᠡ ᠬᠥᠳᠡᠯᠮᠦᠷᠢ ᠬᠤᠷᠠᠭᠰᠠᠨ ᠬᠡᠯᠪᠡᠷᠢ ᠶᠢᠨ ᠠᠵᠤ ᠦᠢᠯᠡᠰ ᠢ ᠲᠡᠳᠬᠦᠨ ᠳᠡᠮᠵᠢᠵᠦ ᠂ | ᠬᠤᠲᠠ ᠳᠤ ᠣᠷᠣᠭᠰᠠᠨ ᠮᠠᠯᠴᠢᠨ ᠲᠠᠷᠢᠶᠠᠴᠢᠨ ᠪᠠ ᠬᠤᠲᠠ ᠪᠠᠯᠭᠠᠰᠤᠨ ᠤ ᠠᠵᠢᠯ ᠦᠭᠡᠢ ᠬᠥᠮᠥᠰ ᠤᠨ ᠠᠵᠢᠯ ᠣᠯᠬᠤ ᠶᠢ ᠪᠠᠲᠤᠯᠠᠵᠤ ᠪᠠᠶᠢᠨ᠎ᠠ ᠃ ᠡᠭᠦᠨ ᠤ ᠬᠠᠮᠲᠤ ᠂ | ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢ | ᠪᠠᠶᠢᠭᠤᠯᠬᠤ ᠪᠠᠷ ᠳᠠᠮᠵᠢᠭᠤᠯᠤᠨ ᠂ ︽ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 2.0 ᠶᠢᠨ ᠬᠡᠪᠯᠡᠯ ︾ ᠢ ᠨᠠᠶᠢᠳᠠᠪᠤᠷᠢᠵᠢᠭᠤᠯᠵᠤ ᠂ ︽ ᠲᠠᠪᠴᠠᠩ ᠪᠠᠶᠢᠭᠤᠯᠬᠤ | + ᠰᠤᠷᠭᠠᠭᠤᠯᠢ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠬᠦ + ᠨᠠᠷᠢᠯᠢᠭ ᠣᠨᠣᠴᠠᠲᠠᠢ ᠪᠠᠷ ᠤᠷᠤᠭᠤᠯᠤᠨ ᠠᠪᠴᠢᠷᠠᠬᠤ ᠬᠥᠮᠥᠵᠢᠭᠦᠯᠬᠦ ︾ ᠭᠤᠷᠪᠠᠨ ᠳᠠᠪᠬᠤᠷ | ᠲᠣᠭᠲᠠᠴᠠ ᠪᠠᠷ ᠵᠠᠯᠠᠭᠤ ᠴᠢᠳᠠᠪᠤᠷᠢᠲᠠᠨ ᠳᠤ ᠪᠥᠬᠦ ᠬᠡᠯᠬᠢᠶ᠎ᠡ ᠶᠢᠨ ᠠᠵᠢᠯ ᠣᠯᠭᠤᠯᠲᠠ ᠶᠢᠨ ᠪᠠᠲᠤᠯᠠᠭ᠎ᠠ ᠬᠠᠩᠭᠠᠵᠤ ᠪᠤᠢ ᠃ | | | | ᠣᠳᠣᠬᠠᠨ ᠳᠤ ᠂ ᠬᠦᠷᠢᠶᠡᠯᠡᠩ ᠲᠣᠭᠤᠷᠢᠭ ᠲᠤ ᠨᠢᠭᠡᠨᠲᠡ 128 ᠣᠨᠴᠠᠯᠢᠭᠲᠤ ᠠᠵᠤ ᠠᠬᠤᠶᠢᠯᠠᠯ ᠬᠤᠷᠠᠨ ᠴᠤᠭᠯᠠᠷᠠᠵᠤ ᠂ 2 ᠲᠦᠮᠡ ᠭᠠᠷᠤᠢ ᠬᠥᠮᠥᠨ ᠤ ᠠᠵᠢᠯ | ᠣᠯᠭᠤᠯᠲᠠ ᠶᠢ ᠳᠠᠶᠢᠴᠢᠯᠠᠪᠠ ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠦᠷᠭᠦᠯᠵᠢᠯᠡᠨ ᠴᠢᠩᠭᠠᠷᠠᠬᠤ ᠶᠢ ᠳᠠᠭᠠᠯᠳᠤᠨ ᠂ ᠰᠢᠨ᠎ᠡ ᠡᠨᠧᠷᠭᠢ ᠂ ᠰᠢᠨ᠎ᠡ | ᠮᠠᠲ᠋ᠧᠷᠢᠶᠠᠯ ᠵᠡᠷᠭᠡ ᠳᠠᠪᠠᠭᠤᠯᠢᠭ ᠲᠥᠷᠥᠯ ᠵᠦᠢᠯ ᠵᠠᠯᠭᠠᠭ᠎ᠠ ᠪᠠᠷ ᠠᠰᠢᠭᠯᠠᠯᠲᠠ ᠳᠤ ᠣᠷᠣᠵᠤ ᠂ ᠲᠡᠳᠡᠨ ᠤ ᠠᠵᠢᠯ ᠣᠯᠭᠤᠯᠲᠠ ᠶᠢᠨ ︽ ᠬᠠᠶᠢᠮᠢᠶᠠᠨ ᠦᠢᠯᠡᠳᠦᠯ ︾ | ᠲᠠᠰᠤᠷᠠᠯᠲᠠ ᠦᠭᠡᠢ ᠢᠯᠡᠷᠡᠵᠦ ᠂ ᠵᠡᠭᠦᠨᠭᠠᠷ ᠬᠤᠰᠢᠭᠤᠨ ᠤ ᠠᠵᠤ ᠠᠬᠤᠢ ᠶᠢᠨ ᠬᠥᠭᠵᠢᠯᠲᠡ ᠬᠢᠭᠡᠳ ᠴᠢᠳᠠᠪᠤᠷᠢᠲᠠᠨ ᠤ ᠦᠰᠦᠨ ᠪᠤᠶᠢᠵᠢᠯᠲᠠ ᠳᠤ ᠨᠠᠩ ᠥᠷᠭᠡᠨ | ᠠᠭᠤᠳᠠᠮ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ ᠃ | | | | | |