| ᠯᠢ ᠴᠢᠶᠠᠩ ᠵᠣᠣ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠣᠷᠣᠯᠴᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 3 ᠤ ᠦᠳᠡ ᠶᠢᠨ ᠡᠮᠦᠨ᠎ᠡ | ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ ᠂ ᠮᠣᠳᠣ ᠳᠠᠷᠢᠵᠤ ᠣᠶᠢᠵᠢᠭᠤᠯᠬᠤ ᠪᠣᠯ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠴᠢᠬᠤᠯᠠ ᠨᠢᠭᠡᠨ ᠭᠤᠭᠴᠤᠭ᠎ᠠ ᠪᠣᠯᠣᠨ᠎ᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠯᠠᠮ ᠨᠢᠭᠡ ᠠᠯᠬᠤᠮ ᠬᠥᠳᠡᠯᠦᠯᠴᠡᠵᠦ ᠂ ᠥᠷᠭᠡᠨ | ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ ᠵᠣᠬᠢᠶᠠᠨ ᠪᠠᠶᠢᠭᠤᠯᠵᠤ ᠣᠶᠢᠵᠢᠭᠤᠯᠵᠤ ᠨᠣᠭᠤᠭᠠᠷᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ ᠂ ᠪᠣᠬᠢᠷᠳᠤᠯ | ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠂ ᠠᠮᠢ ᠠᠬᠤᠢ ᠶᠢᠨ ᠰᠣᠶᠣᠯ ᠢ ᠪᠠᠳᠠᠷᠠᠭᠤᠯᠵᠤ ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠢ ᠬᠠᠮᠲᠤ ᠪᠠᠷ ᠪᠦᠲᠦᠭᠡᠨ ᠪᠠᠶᠢᠭᠤᠯᠬᠤ ᠠᠤᠭ᠎ᠠ ᠬᠦᠴᠦᠨ ᠢ ᠨᠢᠭᠲᠠᠷᠠᠭᠤᠯᠵᠤ ᠂ ᠡᠬᠡ ᠤᠯᠤᠰ ᠤᠨ ᠡᠬᠡ ᠭᠠᠵᠠᠷ ᠢ ᠨᠠᠩ ᠨᠣᠮᠢᠨ ᠨᠣᠭᠤᠭᠠᠨ ᠂ ᠥᠷᠨᠢᠭᠦᠨ | ᠪᠠᠳᠠᠷᠠᠩᠭᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | | 4 ᠰᠠᠷ᠎ᠠ ᠶᠢᠨ 3 ᠤ ᠡᠳᠦᠷ ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ | ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠨᠠᠷ ᠪᠡᠭᠡᠵᠢᠩ ᠬᠤᠳᠠ ᠶᠢᠨ ᠹᠧᠩᠲ᠋ᠠᠢ ᠲᠣᠭᠤᠷᠢᠭ ᠤᠨ ᠶᠦᠩ ᠳ᠋ᠢᠩ ᠾᠧ ᠭᠤᠣᠯ ᠤᠨ ᠬᠥᠪᠡᠭᠡᠨ ᠳᠤ ᠬᠦᠷᠴᠦ | ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ ᠃ ᠵᠢᠷᠤᠭ ᠪᠣᠯ ᠰᠢ ᠶᠢᠨ ᠫᠢᠩ ᠤᠯᠠᠨ ᠲᠠᠢ ᠬᠠᠮᠲᠤ ᠮᠣᠳᠣ ᠲᠠᠷᠢᠵᠦ ᠪᠠᠶᠢᠭ᠎ᠠ ᠨᠢ ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠬᠠᠩᠰᠢ ᠣᠶᠢᠷᠠᠲᠤᠬᠤ ᠪᠠᠷ ᠂ ᠨᠡᠶᠢᠰᠯᠡᠯ ᠪᠡᠭᠡᠵᠢᠩ ᠬᠠᠪᠤᠷ ᠤᠨ ᠥᠩᠭᠡ ᠪᠠᠷ ᠴᠢᠮᠡᠭᠯᠡᠭᠳᠡᠨ ᠡᠰᠡᠨᠢᠯ ᠬᠥᠭᠵᠢᠯ ᠢᠶᠠᠷ ᠪᠢᠯᠬᠠᠨ᠎ᠠ ᠃ ᠦᠳᠡ ᠶᠢᠨ ᠡᠮᠦᠨᠡᠬᠢ 10 | ᠴᠠᠭ 30 ᠮᠢᠨᠦ᠋ᠲ ᠤᠨ ᠦᠶ᠎ᠡ ᠪᠠᠷ ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ | ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠨᠠᠷ ᠬᠠᠮᠲᠤ ᠮᠠᠰᠢᠨ ᠲᠡᠷᠭᠡᠨ ᠳᠤ ᠰᠠᠭᠤᠵᠤ ᠂ ᠹᠧᠩᠲ᠋ᠠᠢ ᠲᠣᠭᠤᠷᠢᠭ ᠤᠨ ᠶᠦᠩ ᠳ᠋ᠢᠩ ᠾᠧ ᠭᠤᠣᠯ ᠤᠨ | ᠬᠥᠪᠡᠭᠡᠨ ᠳᠤ ᠬᠦᠷᠴᠦ ᠢᠷᠡᠨ ᠂ ᠺᠠᠳ᠋ᠷ ᠤᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ ᠃ | ᠮᠣᠳᠣ ᠳᠠᠷᠢᠬᠤ ᠭᠠᠵᠠᠷ ᠨᠢ ᠶᠦᠩ ᠳ᠋ᠢᠩ ᠾᠧ ᠭᠤᠣᠯ ᠤᠨ ᠨᠣᠮᠢᠨ ᠨᠣᠭᠤᠭᠠᠨ ᠵᠠᠮ ᠤᠨ ᠵᠢᠱᠢᠶ᠎ᠡ ᠦᠵᠡᠭᠦᠯᠭᠦ ᠬᠡᠰᠡᠭ ᠲᠤ ᠪᠠᠶᠢᠷᠢᠯᠠᠵᠤ ᠂ ᠡᠨᠡ ᠬᠦ ᠣᠷᠣᠨ | ᠪᠦᠰᠡ ᠶᠢᠨ ᠤᠰᠤᠨ ᠰᠢᠰᠲ᠋ᠧᠮ ᠤᠨ ᠭᠡᠯᠪᠡᠷᠢ ᠪᠠᠶᠢᠳᠠᠯ ᠨᠢ ᠣᠯᠠᠨ ᠶᠠᠩᠵᠤ ᠶᠢᠨ ᠪᠠᠶᠢᠵᠤ ᠂ ᠤᠰᠤᠨ ᠤ ᠭᠦᠪᠡᠭᠡ ᠪᠠᠷ 7 ᠺᠢᠯᠣᠮᠧᠳ᠋ᠷ ᠦᠷᠭᠦᠯᠵᠢᠯᠡᠭᠰᠡᠨ ᠣᠷᠣᠨ ᠵᠠᠢ | ᠪᠠᠶᠢᠵᠤ ᠂ ᠶᠠᠭ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠰᠡᠯᠡᠭᠦᠴᠡᠨ ᠪᠡᠶ᠎ᠡ ᠴᠢᠭᠢᠷᠠᠭᠵᠢᠭᠤᠯᠬᠤ ᠴᠢᠳᠠᠮᠵᠢ ᠶᠢ ᠬᠤᠣᠰᠯᠠᠭᠤᠯᠤᠭᠰᠠᠨ ᠤᠰᠤᠨ ᠤ ᠬᠥᠪᠡᠭᠡᠨ ᠤ | ᠨᠣᠭᠤᠭᠠᠨ ᠬᠤᠩᠭᠢᠯ ᠢ ᠪᠠᠶᠢᠭᠤᠯᠵᠤ ᠪᠠᠶᠢᠨ᠎ᠠ ᠃ | ᠶᠡᠷᠦᠩᠬᠡᠢ ᠱᠦᠵᠢ ᠢᠷᠡᠭᠰᠡᠨ ᠢ ᠦᠵᠡᠭᠡᠳ ᠂ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠲᠠᠢ ᠬᠠᠯᠠᠭᠤᠮᠰᠤᠭ ᠢᠶᠠᠷ ᠮᠡᠨᠳᠦᠴᠢᠯᠡᠵᠦ | ᠪᠠᠶᠢᠯ᠎ᠠ ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ ᠂ ᠬᠦᠷᠵᠡ ᠪᠠᠷᠢᠨ ᠮᠣᠳᠣ ᠲᠠᠷᠢᠬᠤ ᠭᠠᠵᠠᠷ ᠵᠦᠭ ᠶᠠᠪᠤᠵᠤ ᠂ ᠲᠤᠬᠠᠢ ᠶᠢᠨ ᠲᠠᠯᠠᠪᠠᠢ ᠳᠤ | ᠮᠣᠳᠣ ᠲᠠᠷᠢᠵᠤ ᠪᠠᠶᠢᠭᠰᠠᠨ ᠪᠡᠭᠡᠵᠢᠩ ᠬᠤᠳᠠ ᠂ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠪᠣᠯᠣᠨ ᠺᠠᠳ᠋ᠷ | ᠤᠯᠠᠨ ᠲᠦᠮᠡᠨ ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠢ ᠬᠠᠮᠲᠤ ᠮᠣᠳᠣ ᠲᠡᠷᠢᠵᠤ ᠡᠬᠢᠯᠡᠪᠡ ᠃ | ᠬᠦᠷᠵᠡ ᠪᠠᠷᠢᠨ ᠨᠦᠬᠡ ᠮᠠᠯᠲᠠᠵᠤ ᠂ ᠬᠦᠷᠢᠶᠡᠯᠡᠨ ᠬᠠᠰᠢᠵᠤ ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ ᠰᠢ ᠶᠢᠨ ᠫᠢᠩ ᠨᠠᠷᠠᠰᠤᠨ ᠮᠣᠳᠣ ᠂ ᠠᠯᠲᠠᠨ | ᠮᠥᠴᠢᠷᠲᠦ ᠬᠤᠨᠭ᠍ᠭᠤᠷᠴᠤᠬᠲᠤ ᠮᠣᠳᠣ ᠂ ᠭᠤᠪᠠᠢ ᠲᠡᠷᠢᠭᠦᠯᠡᠭᠴᠢ ᠮᠣᠳᠣ ᠂ ᠦᠰᠦᠯᠢᠭ ᠲᠤᠷᠤᠭ ᠲᠠᠷᠠᠨᠠᠢ ᠂ ᠮᠢᠨᠳᠠᠰᠤᠨ ᠬᠠᠯᠢᠰᠤᠨ ᠮᠣᠳᠣ ᠂ ᠬᠠᠲᠠᠭᠤ ᠴᠠᠭᠠᠨ ᠵᠡᠷᠭᠡ | ᠤᠯᠠᠨ ᠴᠢᠬᠢ ᠮᠣᠳᠣ ᠶᠢ ᠵᠠᠯᠭᠠᠭ᠎ᠠ ᠪᠠᠷ ᠳᠠᠷᠢᠪᠠ ᠃ ᠰᠢ ᠶᠢᠨ ᠫᠢᠩ ᠮᠣᠳᠣ ᠲᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ ᠪᠠ ᠬᠥᠳᠡᠯᠮᠦᠷᠢᠯᠡᠵᠦ | ᠳᠠᠪᠲᠠᠨ ᠪᠣᠯᠪᠠᠰᠤᠷᠠᠵᠤ ᠪᠠᠶᠢᠭ᠎ᠠ ᠪᠠᠶᠢᠳᠠᠯ ᠢ ᠠᠰᠠᠭᠤᠪᠠ ᠃ ᠲᠡᠷᠡ ᠂ ᠰᠠᠶᠢᠨ ᠰᠠᠶᠢᠬᠠᠨ ᠠᠮᠢᠳᠤᠷᠠᠯ ᠢ ᠴᠥᠮ ᠭᠦᠳᠡᠯᠮᠦᠷᠢ ᠳᠤ ᠲᠦᠰᠢᠭᠯᠡᠨ ᠡᠭᠦᠳᠦᠨ ᠪᠦᠲᠦᠭᠡᠳᠡᠭ | ᠶᠤᠮ ᠂ ᠥᠷᠭᠡᠨ ᠤᠯᠠᠨ ᠵᠠᠯᠠᠭᠤᠴᠤᠳ ᠪᠠᠭᠠᠴᠤᠳ ᠭᠦᠳᠡᠯᠮᠦᠷᠢ ᠶᠢ ᠬᠠᠶᠢᠷᠠᠯᠠᠵᠤ ᠂ ᠡᠬᠡ ᠪᠠᠶᠢᠭᠠᠯᠢ ᠶᠢ ᠬᠠᠶᠢᠷᠠᠯᠠᠵᠤ ᠂ ᠮᠣᠳᠣ ᠲᠠᠷᠢᠵᠤ ᠣᠶᠢᠵᠢᠭᠤᠯᠬᠤ ᠵᠡᠷᠭᠡ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ ᠂ ᠭᠦᠳᠡᠯᠮᠦᠷᠢ ᠶᠢᠨ ᠳᠤᠮᠳᠠ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠵᠤ ᠂ | ᠰᠥᠰᠥ ᠵᠣᠷᠢᠭ ᠢᠶᠠᠨ ᠳᠠᠪᠲᠠᠨ ᠪᠤᠯᠪᠠᠰᠤᠷᠠᠭᠤᠯᠵᠤ ᠂ ᠮᠡᠳᠡᠯᠭᠡ ᠪᠠᠨ ᠨᠡᠮᠡᠭᠳᠡᠭᠦᠯᠵᠦ ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ | ᠭᠦᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠬᠦ ᠬᠡᠷᠡᠭᠲᠡᠢ ᠭᠡᠵᠦ ᠴᠢᠬᠤᠯᠠᠴᠢᠯᠠᠪᠠ ᠃ ᠮᠣᠳᠣ ᠲᠠᠷᠢᠬᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠭᠦᠷ | ᠬᠥᠭᠵᠢᠶᠡᠨ ᠲᠠᠢ ᠪᠠᠶᠢᠵᠤ ᠂ ᠶᠠᠭᠠᠷᠠᠯᠲᠠᠢ ᠠᠵᠢᠯᠯᠠᠵᠠᠭᠠᠨ᠎ᠠ ᠃ | ᠮᠣᠳᠣ ᠲᠠᠷᠢᠬᠤ ᠳᠤᠮᠳᠠ ᠂ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ ᠃ ᠲᠡᠷᠡ ᠂ | ᠣᠳᠣᠬᠠᠨ ᠳᠤ ᠮᠠᠨ ᠤ ᠤᠯᠤᠰ ᠤᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠨᠢᠭᠡᠨᠲᠡ 25% ᠶᠢ ᠳᠠᠪᠠᠵᠤ ᠂ ᠪᠦᠭᠦ ᠪᠥᠮᠪᠥᠷᠴᠡᠭ ᠤᠨ 25% ᠣᠷᠴᠢᠮ | ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠢ ᠳᠤ ᠬᠤᠪᠢ ᠨᠡᠮᠡᠷᠢ ᠦᠵᠡᠭᠦᠯᠪᠡ ᠃ ᠤᠯᠠᠨ ᠵᠢᠯ ᠴᠢᠷᠮᠠᠶᠢᠬᠤ ᠪᠠᠷ ᠳᠠᠮᠵᠢᠭᠠᠳ ᠂ ᠲᠠᠺᠯᠢᠮᠠᠺᠠᠨ ᠡᠯᠡᠰᠦᠨ | ᠴᠦᠯ ᠳᠤ ︽ ᠨᠣᠭᠤᠭᠠᠨ ᠣᠷᠢᠶᠠᠯᠲᠠ ︾ ᠵᠡᠭᠦᠯᠭᠡᠵᠦ ᠂ ᠬᠤᠷᠴᠢᠨ ᠤ ᠡᠯᠡᠰᠦᠷᠬᠡᠭ ᠭᠠᠵᠠᠷ ᠲᠤ ᠲᠠᠯ᠎ᠠ ᠨᠤᠲᠤᠭ ᠤᠨ ᠥᠩᠭᠡ ᠦᠵᠡᠮᠵᠢ ᠲᠠᠭᠢᠨ ᠢᠯᠡᠷᠡᠪᠡ ᠂ ᠡᠳᠡᠭᠡᠷ | ᠠᠮᠵᠢᠯᠲᠠ ᠶᠢ ᠭᠢᠯᠪᠡᠷ ᠪᠤᠰᠤ ᠪᠠᠷ ᠣᠯᠵᠤ ᠠᠪᠴᠢᠷᠠᠭᠰᠠᠨ ᠶᠤᠮ ᠃ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠭᠰᠠᠨ ᠲᠤᠬᠠᠢ ᠠᠷᠠᠳ ᠤᠯᠠᠨ ᠤ | ᠲᠥᠷᠥᠭᠳᠡᠯ ᠬᠠᠮᠤᠭ ᠤᠨ ᠰᠢᠭᠤᠳ ᠬᠠᠮᠤᠭ ᠤᠨ ᠦᠨᠡᠨ ᠪᠣᠳᠠᠲᠠᠢ ᠶᠤᠮ ᠃ ᠡᠭᠦᠨ ᠤ ᠬᠠᠮᠲᠤ ᠮᠠᠨ ᠤ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠡᠬᠢ | ᠪᠠᠶᠠᠯᠢᠭ ᠤᠨ ᠶᠡᠷᠦᠩᠬᠡᠢ ᠬᠡᠮᠵᠢᠶ᠎ᠡ ᠮᠥᠨ ᠬᠦ ᠬᠦᠷᠦᠯᠴᠡᠬᠦ ᠦᠭᠡᠢ ᠂ ᠶᠠᠰᠤ ᠴᠢᠨᠠᠷ ᠦᠷ᠎ᠡ ᠠᠰᠢᠭ ᠪᠠᠰᠠ ᠲᠡᠶᠢᠮᠦ ᠥᠨᠳᠥᠷ ᠪᠢᠰᠢ ᠪᠠᠶᠢᠬᠤ ᠶᠢ ᠣᠯᠵᠤ ᠬᠠᠷᠠᠬᠤ | ᠬᠡᠷᠡᠭᠲᠡᠢ ᠃ ᠲᠣᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ ᠂ ᠵᠢᠯ ᠠᠴᠠ ᠵᠢᠯ ᠨᠡᠩ ᠰᠠᠶᠢᠨ ᠠᠵᠢᠯᠯᠠᠬᠤ ᠪᠠᠷ ᠴᠢᠷᠮᠠᠶᠢᠬᠤ ᠬᠡᠷᠡᠭᠲᠡᠢ ᠭᠡᠪᠡ ᠃ | ᠰᠢ ᠶᠢᠨ ᠫᠢᠩ ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠡᠷᠬᠡᠪᠰᠢ ᠨᠣᠭᠤᠭᠠᠷᠠᠭᠤᠯᠤᠯᠲᠠ ᠶᠢ ᠥᠷᠭᠡᠳᠬᠡᠵᠦ ᠨᠣᠭᠤᠭᠠᠷᠠᠭᠤᠯᠤᠯᠲᠠ ᠶᠢ ᠬᠥᠭᠵᠢᠭᠦᠯᠵᠦ | ᠨᠣᠭᠤᠭᠠᠷᠠᠭᠤᠯᠤᠯᠲᠠ ᠶᠢ ᠬᠠᠮᠠᠭᠠᠯᠠᠬᠤ ︽ ᠭᠤᠷᠪᠠᠨ ᠨᠣᠭᠤᠭᠠᠷᠠᠭᠤᠯᠤᠯᠲᠠ ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ ᠂ ᠣᠶ ᠰᠢᠭᠤᠢ ᠶᠢᠨ ᠤᠰᠤᠨ | ᠴᠥᠭᠦᠷᠥᠮ ᠂ ᠵᠣᠭᠤᠰᠤᠨ ᠬᠥᠮᠥᠷᠭᠡ ᠂ ᠠᠮᠤ ᠪᠤᠳᠠᠭᠠᠨ ᠤ ᠬᠥᠮᠥᠷᠭᠡ ᠂ ᠨᠡᠭᠦᠷᠡᠰᠦᠲᠥ᠋ᠷᠥᠭᠴᠢ ᠶᠢᠨ ᠬᠥᠮᠥᠷᠭᠡ ︽ ᠳᠥᠷᠪᠡᠨ ᠬᠥᠮᠥᠷᠭᠡ ︾ ᠶᠢᠨ ᠬᠤᠯᠪᠤᠭᠠᠯᠠᠨ | ᠬᠥᠳᠡᠯᠦᠯᠴᠡᠬᠦ ᠶᠢ ᠠᠬᠢᠭᠤᠯᠬᠤ ᠬᠡᠷᠡᠭᠲᠡᠢ ᠃ ︽ ᠶᠠᠰᠤ ᠴᠢᠨᠠᠷ ᠢ ᠳᠡᠭᠡᠭᠰᠢᠯᠡᠭᠦᠯᠭᠦ ︾ ᠶᠢ ᠨᠡᠩ ᠴᠢᠬᠤᠯᠠᠴᠢᠯᠠᠵᠤ ᠂ ᠤᠢ ᠰᠢᠭᠤᠢ ᠶᠢᠨ ᠬᠡᠰᠡᠭᠯᠡᠯ ᠤᠨ ᠪᠦᠲᠦᠴᠡ ᠶᠢ | ᠰᠢᠯᠢᠳᠡᠭᠵᠢᠭᠦᠯᠵᠦ ᠂ ᠤᠢ ᠰᠢᠭᠤᠢ ᠶᠢᠨ ᠡᠵᠡᠩᠨᠡᠯᠲᠡ ᠶᠢ ᠰᠠᠶᠢᠲᠤᠷ ᠬᠢᠵᠦ ᠂ ᠨᠤᠲᠤᠭ ᠪᠡᠯᠴᠢᠭᠡᠷ ᠤᠨ ᠠᠮᠢ ᠠᠬᠤᠢ ᠶᠢᠨ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠭᠦ | ᠬᠡᠷᠡᠭᠲᠡᠢ ᠃ ︽ ᠠᠵᠤ ᠦᠢᠯᠡᠰ ᠢ ᠬᠥᠭᠵᠢᠭᠦᠯᠬᠦ ︾ ᠶᠢ ᠨᠠᠩ ᠴᠢᠬᠤᠯᠠᠴᠢᠯᠠᠵᠤ ᠂ ᠥᠭᠡᠷᠡᠴᠢᠯᠡᠯᠲᠡ ᠡᠨᠡᠬᠦ ᠠᠷᠭ᠎ᠠ ᠶᠢ ᠢᠯᠡᠭᠦᠬᠡᠨ ᠬᠡᠷᠡᠭᠯᠡᠨ ᠣᠶ ᠰᠢᠭᠤᠢ ᠡᠪᠡᠰᠦᠨ ᠤ | ᠡᠬᠢ ᠪᠠᠶᠠᠯᠢᠭ ᠢ ᠠᠮᠢᠳᠤᠯᠢᠭ ᠬᠡᠷᠡᠭᠯᠡᠵᠦ ᠂ ᠣᠶ ᠰᠢᠭᠤᠢ ᠡᠪᠡᠰᠦᠨ ᠤ ᠠᠵᠤ ᠦᠢᠯᠡᠰ ᠢ ᠪᠤᠵᠠᠭᠠᠶᠢᠷᠠᠭᠤᠯᠬᠤ ᠬᠡᠷᠡᠭᠲᠡᠢ ᠃ ︽ ᠠᠷᠠᠳ ᠲᠤ ᠠᠰᠢᠭ ᠬᠦᠷᠲᠡᠭᠡᠬᠦ ︾ ᠶᠢ | ᠨᠠᠩ ᠴᠢᠬᠤᠯᠠᠴᠢᠯᠠᠵᠤ ᠂ ᠣᠯᠠᠨ ᠲᠦᠮᠡᠨ ᠤ ᠳᠡᠷᠭᠡᠳᠡ ᠂ ᠨᠢᠳᠦᠨ ᠡᠮᠦᠨ᠎ᠡ ᠨᠣᠭᠤᠭᠠᠨ ᠥᠩᠭᠡ ᠂ ᠭᠤᠸ᠎ᠠ ᠰᠠᠶᠢᠬᠠᠨ ᠨᠡᠮᠡᠷᠢᠯᠡᠵᠦ ᠂ ᠣᠶ ᠰᠢᠭᠤᠢ ᠨᠤᠲᠤᠭ | ᠪᠡᠯᠴᠢᠭᠡᠷ ᠤᠨ ᠦᠢᠯᠡᠰ ᠲᠠᠬᠢ ᠠᠵᠢᠯ ᠣᠯᠵᠤ ᠣᠷᠣᠯᠭ᠎ᠠ ᠶᠢ ᠨᠡᠮᠡᠭᠳᠡᠭᠦᠯᠬᠦ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠠᠯᠪᠠᠨ ᠵᠢᠷᠤᠮ ᠤᠨ ᠮᠣᠳᠣ ᠳᠠᠷᠢᠬᠤ ᠪᠣᠯ ᠪᠦᠭᠦ ᠠᠷᠠᠳ ᠤᠨ ᠠᠵᠢᠯᠯᠠᠭ᠎ᠠ ᠮᠥᠨ ᠂ ᠦᠶ᠎ᠡ ᠶᠢᠨ ᠦᠶ᠎ᠡ ᠪᠤᠤᠬᠢᠶ᠎ᠠ ᠵᠠᠯᠭᠠᠨ ᠠᠵᠢᠯᠯᠠᠬᠤ | ᠬᠡᠷᠡᠭᠲᠡᠢ ᠃ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ ᠂ ᠣᠷᠤᠯᠴᠠᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ ᠂ ᠦᠢᠯᠡᠴᠢᠯᠡᠭᠡᠨ ᠤ ᠲᠤᠯᠭᠠᠭᠤᠷᠢᠯᠠᠯ ᠢ | ᠴᠢᠩᠭᠠᠳᠬᠠᠵᠤ ᠂ ᠡᠨᠡ ᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠂ ᠣᠶᠢᠵᠢᠭᠤᠯᠵᠤ ᠨᠣᠭᠤᠭᠠᠷᠠᠭᠤᠯᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ | ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ | ᠪᠡᠭᠡᠵᠢᠩ ᠳᠤ ᠪᠠᠶᠢᠭ᠎ᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠂ ᠲᠦᠷᠦ ᠶᠢᠨ ᠶᠠᠪᠤᠳᠠᠯ ᠤᠨ ᠭᠡᠰᠢᠭᠦᠨ ᠨᠠᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠠᠢ ᠃ | | | |