ᠰᠢ ᠶᠢᠨ ᠫᠢᠩ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠲᠡᠷᠢᠭᠦᠯᠡᠭᠴᠢᠳ ᠤᠨ ᠪᠦᠯᠭᠦᠮ ᠤᠨ ᠵᠢᠵᠢᠭᠦᠷ ᠲᠡᠷᠢᠭᠦᠯᠡᠭᠴᠢ ᠽᠸᠢᠶᠠᠨᠤᠸᠢᠴᠢ ᠳᠤᠮᠳᠠᠳᠤ ᠤᠯᠤᠰ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/4/7
     ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ 4 ᠰᠠᠷ᠎ᠠ ᠶᠢᠨ 3 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠲᠡᠷᠢᠭᠦᠯᠡᠭᠴᠢᠳ ᠤᠨ ᠪᠦᠯᠭᠦᠮ ᠤᠨ ᠵᠢᠵᠢᠭᠦᠷ ᠲᠡᠷᠢᠭᠦᠯᠡᠭᠴᠢ ᠽᠸᠢᠶᠠᠨᠤᠸᠢᠴᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠶᠢ ᠪᠡᠯᠭᠡᠯᠡᠪᠡ ᠃    ᠰᠢ ᠶᠢᠨ ᠫᠢᠩ ᠂ ᠳᠤᠮᠳᠠᠳᠤ ᠤᠯᠤᠰ ᠫᠤᠰᠨᠢᠶ᠎ᠠ ᠪᠠ ᠾᠧᠷᠽᠧᠭᠤᠸᠢᠨᠠ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠬᠠᠨᠳᠤᠬᠤ ᠂ ᠬᠠᠷᠢᠯᠴᠠᠨ ᠬᠦᠨᠳᠦᠳᠬᠡᠬᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠬᠥᠭᠵᠢᠭᠦᠯᠵᠦ ᠂ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠤ ᠂ ᠶᠡᠭᠡ ᠪᠠᠭ᠎ᠠ ᠨᠢ ᠠᠳᠠᠯᠢ ᠪᠤᠰᠤ ᠂ ᠲᠡᠦᠬᠡ ᠰᠣᠶᠣᠯ ᠨᠢ ᠠᠳᠠᠯᠢ ᠪᠤᠰᠤ ᠂ ᠨᠡᠶᠢᠭᠡᠮ ᠤᠨ ᠪᠠᠶᠢᠭᠤᠯᠤᠯ ᠨᠢ ᠠᠳᠠᠯᠢ ᠪᠤᠰᠤ ᠤᠯᠤᠰ ᠤᠨ ᠨᠥᠭᠦᠷᠰᠡᠭ ᠢᠶᠠᠷ ᠬᠠᠷᠢᠯᠴᠠᠬᠤ ᠂ ᠭᠠᠷ ᠬᠤᠯᠪᠣᠨ ᠬᠥᠭᠵᠢᠬᠦ ᠦᠯᠢᠭᠡᠷ ᠳᠠᠭᠤᠷᠢᠶᠠᠯ ᠢ ᠱᠤᠭᠤᠪᠠ ᠃ ᠪᠢ ᠳᠤᠮᠳᠠᠳᠤ ᠤᠯᠤᠰ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠂ ᠳᠤᠷᠠᠲᠠᠶ᠎ᠠ ᠲᠡᠷᠢᠭᠦᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠬᠠᠷᠢᠯᠴᠠᠭ᠎ᠠ ᠶᠢᠨ ᠲᠠᠭᠢᠨ ᠰᠢᠨ᠎ᠡ ᠳᠡᠭᠲᠡᠷ ᠲᠤ ᠭᠠᠷᠬᠤ ᠶᠢ ᠬᠥᠲᠥᠯᠥᠨ ᠳᠠᠭᠠᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃    ᠽᠸᠢᠶᠠᠨᠤᠸᠢᠴᠢ ᠂ ᠫᠤᠰᠨᠢᠶ᠎ᠠ ᠪᠠ ᠾᠧᠷᠽᠧᠭᠤᠸᠢᠨᠠ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ ᠂ ᠬᠤᠶᠠᠷ ᠤᠯᠤᠰ ᠬᠠᠷᠢᠯᠴᠠᠨ ᠭᠦᠨᠳᠦᠳᠭᠡᠵᠦ ᠂ ᠨᠥᠬᠦᠷᠯᠡᠯ ᠪᠠᠲᠤ ᠪᠠᠬᠢ ᠪᠠᠶᠢᠵᠤ ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ ᠃ ᠫᠤᠰᠨᠢᠶ᠎ᠠ ᠪᠠ ᠾᠧᠷᠽᠧᠭᠤᠸᠢᠨᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠦᠨ᠎ᠡ ᠭᠡᠵᠦ ᠢᠯᠡᠳᠬᠡᠪᠡ ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ