| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ 2 ᠤᠨ ᠡᠳᠦᠷ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠂ ᠤᠯᠤᠰ ᠤᠨ ᠲᠡᠷᠢᠭᠦᠯᠡᠭᠴᠢ ᠲᠦᠩᠯᠥ᠋ᠨ ᠳᠤ ᠭᠠᠰᠢᠭᠤᠳᠠᠯ ᠤᠨ ᠴᠠᠭᠢᠯᠭᠠᠨ ᠴᠢᠮᠡᠭᠡ ᠶᠠᠪᠤᠭᠤᠯᠵᠤ ᠂ ᠯᠠᠤᠰ ᠤᠨ ᠨᠠᠮ ᠪᠣᠯᠣᠨ ᠤᠯᠤᠰ ᠤᠨ ᠤᠤᠯ ᠤᠨ | ᠲᠡᠷᠢᠭᠦᠯᠡᠭᠴᠢ ᠺᠠᠨᠳᠠᠢ ᠶᠢᠨ ᠨᠠᠰᠤ ᠪᠠᠷᠠᠭᠰᠠᠨ ᠳᠤ ᠲᠦᠢᠯ ᠢᠶᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ ᠂ ᠺᠠᠨᠳᠠᠢ ᠨᠥᠬᠦᠷ ᠤᠨ ᠭᠡᠷ ᠪᠦᠯᠢ ᠶᠢᠨ ᠬᠢᠨ ᠢ | ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ ᠃ ᠪᠦᠭᠦ ᠠᠭᠤᠯᠭ᠎ᠠ ᠨᠢ ᠳᠣᠣᠷᠠᠬᠢ ᠮᠡᠲᠦ ᠄ | ᠯᠠᠤᠰ ᠤᠨ ᠨᠠᠮ ᠪᠣᠯᠣᠨ ᠤᠯᠤᠰ ᠤᠨ ᠤᠤᠯ ᠤᠨ ᠲᠡᠷᠢᠭᠦᠯᠡᠭᠴᠢ ᠺᠠᠨᠳᠠᠢ ᠨᠥᠬᠦᠷ ᠵᠣᠯ ᠪᠤᠰᠤ ᠪᠠᠷ ᠨᠠᠰᠤ ᠪᠠᠷᠠᠪᠠ ᠃ ᠪᠢ ᠳᠤᠮᠳᠠᠳᠤ ᠤᠯᠤᠰ ᠤᠨ ᠡᠪ ᠬᠠᠮᠲᠤ | ᠨᠠᠮ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠂ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠂ ᠲᠡᠷᠡᠴᠢᠯᠡᠨ ᠬᠤᠪᠢ ᠬᠥᠮᠥᠨ ᠤ ᠨᠡᠷ᠎ᠡ ᠪᠠᠷ ᠢᠶᠠᠨ | ᠯᠠᠤᠰ ᠤᠨ ᠠᠷᠠᠳ ᠤᠨ ᠬᠤᠪᠢᠰᠬᠠᠯᠲᠤ ᠨᠠᠮ ᠂ ᠯᠠᠤᠰ ᠤᠨ ᠵᠠᠰᠠᠭ ᠤᠨ ᠣᠷᠳᠣᠨ ᠂ ᠯᠠᠤᠰ ᠤᠨ ᠠᠷᠠᠳ ᠲᠦᠮᠡᠨ ᠳᠤ ᠺᠠᠨᠳᠠᠢ ᠨᠥᠬᠦᠷ ᠤᠨ ᠨᠠᠰᠤ ᠪᠠᠷᠠᠭᠰᠠᠨ ᠳᠤ | ᠲᠦᠢᠯ ᠢᠶᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ ᠂ ᠺᠠᠨᠳᠠᠢ ᠨᠥᠬᠦᠷ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ | ᠪᠠᠶᠢᠨ᠎ᠠ ᠃ | ᠺᠠᠨᠳᠠᠢ ᠨᠥᠬᠦᠷ ᠪᠣᠯ ᠡᠷᠡᠰ ᠪᠠᠲᠤ ᠡᠪ ᠬᠠᠮᠲᠤ ᠶᠣᠰᠣᠨ ᠤ ᠦᠵᠡᠯᠲᠡᠨ ᠮᠥᠨ ᠂ ᠯᠠᠤᠰ ᠤᠨ ᠨᠠᠮ ᠪᠣᠯᠣᠨ ᠤᠯᠤᠰ ᠤᠨ ᠠᠬᠠᠮᠠᠳ ᠨᠢᠭᠡ ᠦᠶ᠎ᠡ ᠶᠢᠨ ᠭᠠᠷᠮᠠᠭᠠᠢ | ᠤᠳᠤᠷᠢᠳᠬᠤ ᠬᠥᠮᠥᠨ ᠮᠥᠨ ᠂ ᠳᠤᠮᠳᠠᠳᠤ ᠤᠯᠤᠰ ᠤᠨ ᠨᠠᠮ ᠪᠣᠯᠣᠨ ᠠᠷᠠᠳ ᠲᠦᠮᠡᠨ ᠤ ᠳᠣᠲᠣᠨᠣ ᠨᠥᠬᠦᠷ ᠪᠠ ᠨᠠᠶᠢᠵᠠ ᠮᠥᠨ ᠂ ᠯᠠᠤᠰ ᠤᠨ ᠰᠢᠨᠡᠴᠢᠯᠡᠯᠲᠡ ᠶᠢᠨ | ᠠᠵᠢᠯ ᠦᠢᠯᠡᠰ ᠪᠣᠯᠣᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠳᠤ ᠨᠢᠭᠡ ᠨᠠᠰᠤᠨ ᠤ ᠤᠶᠤᠨ ᠴᠢᠳᠠᠯ ᠢᠶᠠᠨ ᠡᠷᠭᠦᠵᠦ ᠂ ᠳᠤᠮᠳᠠᠳᠤ ᠯᠠᠤᠰ ᠤᠨ ᠬᠤᠶᠠᠷ | ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ ᠃ ᠳᠤᠮᠳᠠᠳᠤ ᠤᠯᠤᠰ ᠤᠨ ᠨᠠᠮ ᠂ ᠵᠠᠰᠠᠭ ᠤᠨ ᠣᠷᠳᠣᠨ ᠂ | ᠠᠷᠠᠳ ᠲᠦᠮᠡᠨ ᠺᠠᠨᠳᠠᠢ ᠨᠥᠬᠦᠷ ᠢ ᠡᠭᠦᠷᠢᠳᠡ ᠳᠤᠷᠠᠰᠤᠨ ᠰᠠᠨᠠᠭᠠᠯᠵᠠᠬᠤ ᠪᠣᠯᠣᠨ᠎ᠠ ᠃ | ᠳᠤᠮᠳᠠᠳᠤ ᠯᠠᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠡᠶᠢᠭᠡᠮ ᠵᠢᠷᠤᠮᠲᠤ ᠬᠥᠷᠰᠢ ᠤᠯᠤᠰ ᠂ ᠰᠠᠶᠢᠨ ᠵᠡᠷᠭᠡᠯᠡᠳᠡᠭᠡ ᠂ ᠰᠠᠶᠢᠨ ᠨᠠᠶᠢᠵᠠ ᠂ ᠰᠠᠶᠢᠨ | ᠨᠥᠬᠦᠷ ᠂ ᠰᠠᠶᠢᠨ ᠬᠠᠨᠢᠲᠠᠨ ᠮᠥᠨ ᠃ ᠳᠤᠮᠳᠠᠳᠤ ᠤᠯᠤᠰ ᠳᠤᠮᠳᠠᠳᠤ ᠯᠠᠤᠰ ᠤᠨ ᠬᠤᠶᠠᠷ ᠨᠠᠮ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠪᠠᠬᠢᠵᠢᠭᠦᠯᠦᠨ | ᠪᠠᠳᠠᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠂ ᠳᠤᠷᠠᠲᠠᠶ᠎ᠠ ᠯᠠᠤᠰ ᠤᠨ ᠬᠢᠨ ᠲᠠᠢ ᠬᠠᠮᠲᠤ ᠪᠠᠷ ᠴᠢᠷᠮᠠᠶᠢᠵᠤ ᠳᠤᠮᠳᠠᠳᠤ ᠯᠠᠤᠰ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠵᠢᠴᠢ ᠲᠤᠰ ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠤᠨ ᠨᠡᠩ ᠶᠡᠭᠡ ᠬᠥᠭᠵᠢᠯᠲᠡ ᠲᠠᠢ ᠪᠤᠯᠬᠤ ᠶᠢ | ᠠᠬᠢᠭᠤᠯᠤᠨ᠎ᠠ ᠃ ᠶᠡᠷᠦᠩᠬᠡᠢ ᠱᠦᠵᠢ ᠲᠦᠩᠯᠥ᠋ᠨ ᠨᠥᠬᠦᠷ ᠢᠶᠠᠷ ᠲᠦᠷᠦᠭᠦᠯᠡᠭᠦᠯᠦᠭᠰᠡᠨ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ ᠯᠠᠤᠰ ᠤᠨ ᠨᠠᠮ ᠪᠣᠯᠣᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠲᠠᠰᠤᠷᠠᠯᠲᠠ ᠦᠭᠡᠢ ᠨᠡᠩ ᠶᠡᠭᠡ ᠰᠢᠨ᠎ᠡ | ᠠᠮᠵᠢᠯᠲᠠ ᠣᠯᠬᠤ ᠶᠢ ᠬᠦᠰᠡᠨ ᠵᠥᠩᠨᠡᠵᠦ ᠪᠠᠶᠢᠨ᠎ᠠ ᠃ | ᠺᠠᠨᠳᠠᠶ ᠨᠥᠬᠦᠷ ᠥᠨᠢᠳᠡ ᠪᠠᠯᠠᠷᠠᠰᠢ ᠦᠭᠡᠢ ︕ | | |