| | ᠬᠠᠪᠤᠷ ᠤᠨ ᠤᠷᠢᠨ ᠳᠤ ᠂ ᠬᠠᠮᠤᠭ ᠠᠵᠢᠯ ᠶᠠᠭᠠᠷᠠᠯᠳᠠᠢ ᠶᠠᠪᠤᠬᠳᠠᠨ᠎ᠠ ᠃ ᠲᠦᠮᠡᠨ ᠪᠣᠳᠠᠰ ᠳᠦᠯᠵᠢᠵᠤ ᠪᠠᠶᠢᠭ᠎ᠠ ᠬᠠᠪᠤᠷ ᠤᠨ ᠤᠯᠠᠷᠢᠯ ᠳᠤ ᠂ ᠵᠡᠭᠦᠨᠭᠠᠷ ᠤᠨ ᠡᠬᠡ | ᠭᠠᠵᠠᠷ ᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠯᠠᠭᠤᠨ ᠥᠷᠨᠢᠯᠲᠡ ᠭᠠᠷᠴᠤ ᠂ ᠡᠯ᠎ᠡ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ | ᠳᠡᠬᠦᠵᠢᠩ ᠰᠤᠪᠤᠷᠭ᠎ᠠ ᠰᠦᠨᠳᠡᠷᠯᠡᠨ ᠂ ᠲᠡᠷᠭᠡ ᠬᠥᠰᠬᠡ ᠰᠦᠯᠵᠢᠯᠳᠦᠵᠦ ᠂ ᠪᠦᠲᠦᠭᠡᠨ ᠪᠠᠶᠢᠭᠤᠯᠤᠭᠴᠢᠳ ᠴᠠᠭ ᠮᠥᠴᠡ ᠶᠢ ᠵᠠᠪᠳᠤᠨ ᠠᠵᠢᠯ ᠤᠨ ᠬᠤᠭᠤᠴᠠᠭ᠎ᠠ ᠶᠢ | ᠠᠮᠵᠢᠵᠤ ᠂ ᠠᠬᠢᠴᠠ ᠶᠢ ᠲᠦᠷᠭᠡᠳᠬᠡᠵᠦ ᠂ ︽ ᠬᠠᠪᠤᠷ ᠪᠤᠯᠤᠮᠠᠬᠴᠠ ᠰᠢᠪᠲᠤᠯᠤᠯᠲᠠ ᠬᠢᠬᠦ︾ ᠳᠦᠷᠢ ᠪᠠᠶᠢᠳᠠᠯ ᠢᠶᠠᠷ ᠨᠢᠭᠡᠳᠦᠭᠡᠷ ᠤᠯᠠᠷᠢᠯ ᠤᠨ︽ ᠰᠠᠶᠢᠨᠡᠬᠢᠯᠡᠯᠲᠡ︾ ᠶᠢ | ᠣᠯᠬᠤ ᠪᠠᠷ ᠬᠦᠴᠦᠯᠡᠨ ᠴᠢᠷᠮᠠᠶᠢᠵᠤ ᠂ ᠪᠦᠬᠦ ᠵᠢᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠵᠤ | ᠪᠠᠶᠢᠨ᠎ᠠ᠃ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠠᠵᠤ ᠦᠢᠯᠡᠰ ᠤᠨ ᠬᠦᠷᠢᠶᠡᠯᠡᠩ ᠳᠤ ᠂ ᠥᠪᠥᠷ ᠮᠣᠩᠭᠤᠯ ᠤᠨ ᠬᠤᠢ ᠨᠧᠩ ᠴᠠᠬᠢᠭᠤᠷ | ᠬᠦᠩᠭᠡᠨᠴᠠᠭᠠᠨ ᠤ ᠰᠢᠨ᠎ᠡ ᠮᠠᠲ᠋ᠧᠷᠢᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠨᠵᠢᠯ ᠳᠤ 20 ᠲᠦᠮᠡᠨ ᠲᠣᠨ ᠨᠡᠭᠦᠷᠡᠰᠦᠨ ᠴᠢᠯᠠᠭᠤ | ᠨᠤᠨᠳᠠᠭ ᠨᠡᠭᠦᠷᠡᠰᠦᠨ ᠤ ᠦᠨᠡᠰᠦ ᠬᠠᠲᠠᠭᠤ ᠪᠡᠶᠡᠳᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠦᠷᠦᠯ | ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠲᠥᠬᠦᠭᠡᠷᠦᠮᠵᠢ ᠤᠭᠰᠠᠷᠠᠬᠤ ᠵᠢᠴᠢ ᠰᠢᠷᠣᠢ ᠰᠢᠷᠣᠢ ᠶᠢᠨ ᠪᠠᠷᠢᠯᠭ᠎ᠠ ᠶᠢᠨ ᠠᠵᠢᠯ ᠢ ᠪᠠᠴᠢᠮ ᠶᠠᠭᠠᠷᠠᠯᠲᠠᠢ ᠬᠢᠵᠦ | ᠪᠠᠶᠢᠯ᠎ᠠ᠃ ᠥᠩᠭᠡᠷᠡᠭᠰᠡᠨ ᠨᠢᠭᠡ ᠵᠢᠯ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ ᠂ ᠵᠠᠷᠢᠮ ᠠᠯᠪᠠᠨ ᠠᠰᠠᠷ ᠂ ᠦᠢᠯᠡᠳᠪᠦᠷᠢ ᠶᠢᠨ ᠲᠠᠰᠤᠭ ᠤᠨ ᠭᠤᠣᠯ ᠴᠣᠭᠴᠠ ᠶᠢ | ᠨᠢᠭᠡᠨᠲᠡ ᠪᠠᠷᠢᠵᠤ ᠳᠠᠭᠤᠰᠬᠠᠭᠠᠳ ᠂ ᠲᠣᠨᠤᠭ ᠲᠥᠬᠦᠭᠡᠷᠦᠮᠵᠢ ᠶᠢ ᠶᠠᠭ ᠵᠠᠯᠭᠠᠭ᠎ᠠ ᠪᠠᠷ ᠲᠠᠯᠠᠪᠠᠶ ᠳᠤ ᠣᠷᠣᠭᠤᠯᠤᠨ ᠤᠭᠰᠠᠷᠠᠵᠤ ᠪᠠᠶᠢᠪᠠ ᠃ 300 ᠭᠠᠷᠤᠢ ᠠᠵᠢᠯᠴᠢᠨ | ᠡᠯ᠎ᠡ ᠠᠵᠢᠯ ᠤᠨ ᠲᠣᠭᠤᠷᠢᠭ ᠲᠤ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ ᠳᠢᠭᠯᠢᠮ ᠲᠠᠢ ᠠᠬᠢᠭᠤᠯᠤᠨ᠎ᠠ᠃ | | ᠵᠢᠷᠤᠭ ᠄ ᠥᠪᠥᠷ ᠮᠣᠩᠭᠤᠯ ᠤᠨ ᠬᠤᠢ ᠨᠧᠩ ᠴᠠᠬᠢᠭᠤᠷ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠵᠢᠯ ᠳᠤ 20 ᠲᠦᠮᠡᠨ ᠲᠣᠨ ᠨᠡᠭᠦᠷᠡᠰᠦᠨ ᠴᠢᠯᠠᠭᠤ ᠨᠤᠨᠳᠠᠭ ᠨᠡᠭᠦᠷᠡᠰᠦᠨ ᠤ ᠦᠨᠡᠰᠦ ᠬᠠᠲᠠᠭᠤ ᠪᠡᠶᠡᠳᠤ ᠬᠠᠶᠠᠭᠳᠠᠮᠠᠯ ᠪᠣᠳᠠᠰ ᠢ ᠡᠬᠢ | ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠶ ᠳᠤ ᠳᠡᠭᠦᠵᠢᠩ ᠰᠤᠪᠤᠷᠭ᠎ᠠ ᠰᠦᠨᠳᠡᠷᠯᠡᠵᠦ ᠂ | ᠲᠡᠷᠭᠡ ᠬᠥᠰᠬᠡ ᠰᠦᠯᠵᠢᠯᠳᠦᠵᠦ ᠪᠠᠶᠢᠭ᠎ᠠ ᠨᠢ ᠃ ᠸᠠᠩ ᠯᠢ ᠮᠠᠨ ᠰᠡᠭᠦᠳᠡᠷᠯᠡᠪᠡ | ︽ᠡᠨᠡᠬᠦ ᠵᠢᠱᠢᠶ᠎ᠡ ᠦᠵᠡᠭᠦᠯᠬᠦ ᠳᠦᠷᠤᠯ ᠵᠤᠶᠢᠯ ᠢ 2024 ᠣᠨ ᠤ 4 ᠰᠠᠷ᠎ᠠ ᠳᠤ ᠡᠬᠢᠯᠡᠭᠦᠯᠵᠦ ᠂ ᠣᠳᠣᠬᠠᠨ ᠳᠤ ᠭᠠᠵᠠᠷ ᠳᠡᠭᠡᠷᠡᠬᠢ ᠪᠦᠲᠦᠴᠡ ᠶᠢᠨ | ᠪᠠᠷᠢᠯᠭ᠎ᠠ ᠶᠢᠨ20% ᠶᠢ ᠪᠡᠶᠡᠯᠡᠭᠦᠯᠵᠦ ᠂ ᠰᠢᠷᠣᠢ ᠶᠢᠨ ᠪᠠᠷᠢᠯᠭ᠎ᠠ ᠂ ᠲᠣᠨᠤᠭ ᠲᠥᠬᠦᠭᠡᠷᠦᠮᠵᠢ ᠶᠢᠨ ᠤᠭᠰᠠᠷᠠᠯᠲᠠ ᠶᠢ ᠨᠢᠭᠡᠨᠲᠡ ᠰᠣᠯᠪᠢᠴᠠᠭᠤᠯᠤᠨ ᠬᠢᠵᠦ ᠂ ᠵᠢᠱᠢᠯᠳᠡ | ᠪᠠᠷ ᠪᠦᠬᠦ᠋ᠢᠯᠡ ᠳᠦᠷᠤᠯ ᠵᠤᠶᠢᠯ ᠢ ᠡᠨᠡ ᠵᠢᠯ ᠤᠨ 8 ᠰᠠᠷ᠎ᠠ ᠶᠢᠨ 30 ᠤ ᠡᠳᠦᠷ ᠵᠠᠯᠭᠠᠪᠠᠷ ᠲᠣᠬᠢᠷᠠᠭᠤᠯᠵᠤ ᠵᠠᠯᠭᠠᠪᠠᠷ ᠲᠤᠷᠰᠢᠨ ᠠᠰᠢᠭᠯᠠᠯᠲᠠ ᠳᠤ ᠣᠷᠣᠭᠤᠯᠬᠤ ᠪᠠᠷ | ᠪᠤᠢ ︾ ᠭᠡᠵᠤ ᠥᠪᠥᠷ ᠮᠣᠩᠭᠤᠯ ᠤᠨ ᠬᠤᠢ ᠨᠧᠩ ᠰᠢᠨ᠎ᠡ ᠮᠠᠲ᠋ᠧᠷᠢᠶᠠᠯ ᠤᠨ ᠴᠠᠬᠢᠭᠤᠷ ᠬᠥᠩᠭᠡᠨᠴᠠᠭᠠᠨ ᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠢᠨᠵᠧᠨᠧᠷ ᠯᠢ | ᠮᠢᠩ ᠲᠠᠨᠢᠯᠴᠠᠭᠤᠯᠤᠨ᠎ᠠ ᠃ | ᠲᠤᠰ ᠲᠦᠷᠦᠯ ᠵᠦᠢᠯ ᠪᠣᠯ ᠬᠤᠢ ᠨᠧᠩ ᠪᠦᠯᠦᠭᠯᠡᠯ ᠠᠴᠠ ᠭᠤᠣᠯᠯᠠᠨ ᠪᠡᠯᠡ ᠣᠷᠣᠭᠤᠯᠤᠭᠰᠠᠨ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠᠷ ᠭᠤᠣᠯ ᠪᠣᠯᠭᠠᠭᠰᠠᠨ ᠵᠢᠱᠢᠶ᠎ᠡ ᠦᠵᠡᠭᠦᠯᠬᠦ ᠲᠦᠷᠦᠯ ᠵᠦᠢᠯ ᠪᠣᠯᠣᠨ᠎ᠠ᠂ ᠶᠡᠷᠦᠩᠬᠡᠢ ᠡᠵᠡᠯᠡᠬᠦ ᠭᠠᠵᠠᠷ ᠨᠢ 320 | ᠮᠦ ᠪᠠᠶᠢᠵᠤ ᠂ ᠪᠠᠷᠤᠭ10.37 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠰᠥᠪᠯᠡᠵᠦ ᠂ ᠵᠢᠯ ᠳᠤ 7 ᠲᠦᠮᠡᠨ ᠲᠣᠨ ᠬᠦᠩᠭᠡᠨᠴᠠᠭᠠᠨ ᠴᠠᠬᠢᠭᠤᠷ | ᠴᠢᠳᠬᠤᠬᠤ ᠵᠢᠴᠢ ᠬᠦᠴᠢᠯᠲᠥ᠋ᠷᠥᠭᠴᠢ ᠦᠭᠡᠶᠢᠳᠡᠭᠦᠯᠦᠭᠴᠢ ᠡᠳ᠋ ᠤᠨ ᠦᠢᠯᠡᠳᠪᠦᠷᠢᠯᠡᠯ ᠤᠨ ᠱᠤᠭᠤᠮ ᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠳᠤ | ᠭᠤᠣᠯᠳᠠᠭᠤ ᠵᠡᠭᠦᠨᠭᠠᠷ ᠤᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠭᠰᠡᠨ ᠨᠡᠭᠦᠷᠡᠰᠦᠨ ᠴᠢᠯᠠᠭᠤ ᠂ ᠬᠦᠩᠭᠡᠨᠴᠠᠭᠠᠨ ᠶᠡᠬᠡᠲᠡᠢ ᠨᠤᠨᠳᠠᠭ ᠨᠡᠭᠦᠷᠡᠰᠦᠨ ᠤ ᠦᠨᠡᠰᠦ | ᠵᠡᠷᠭᠡ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠳᠤ ᠬᠠᠶᠠᠭᠳᠠᠮᠠᠯ ᠪᠣᠳᠠᠰ ᠲᠤ ᠲᠦᠰᠢᠭᠯᠡᠨ ᠂ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ | ᠲᠡᠷᠢᠭᠦᠨ ᠤ ᠤᠷᠠᠯᠠᠯ ᠢ ᠬᠡᠷᠡᠭᠯᠡᠨ ᠴᠠᠬᠢᠭᠤᠷ ᠬᠦᠩᠭᠡᠨᠴᠠᠭᠠᠨ ᠤ ᠳᠡᠮᠦᠷᠯᠢᠭ ᠂ ᠬᠦᠩᠭᠡᠨᠴᠠᠭᠠᠨ ᠶᠡᠬᠡᠲᠡᠢ ᠬᠦᠴᠢᠯᠲᠥ᠋ᠷᠥᠭᠴᠢ ᠦᠭᠡᠶᠢᠳᠡᠭᠦᠯᠬᠦ ᠡᠳ᠋ ᠂ ᠭᠤᠮ | ᠰᠦᠯᠢᠶᠥᠦ ᠶᠢᠨ ᠨᠡᠮᠡᠯᠲᠡ ᠮᠠᠲ᠋ᠧᠷᠢᠶᠠᠯ ᠵᠡᠷᠭᠡ ᠴᠠᠬᠢᠭᠤᠷ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠢ ᠦᠢᠯᠡᠳᠪᠦᠷᠢᠯᠡᠨ᠎ᠡ ᠃ ᠪᠦᠬᠦᠨ ᠢᠶᠠᠷ ᠢᠶᠠᠨ ᠠᠰᠢᠬᠯᠠᠯᠳᠠ ᠳᠤ | ᠣᠷᠣᠭᠰᠠᠨ ᠤ ᠳᠠᠷᠠᠭ᠎ᠠ᠂ ᠵᠢᠱᠢᠯᠲᠡ ᠪᠠᠷ ᠵᠢᠯ ᠳᠤ 20 ᠲᠦᠮᠡᠨ ᠲᠣᠨ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠵᠦ ᠂ ᠵᠢᠯ ᠳᠤ 9.72 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ ᠂ 1.5 ᠳ᠋ᠦᠩᠰᠢᠭᠤᠷ ᠲᠥᠭᠦᠷᠢᠭ ᠤᠨ ᠭᠠᠶᠢᠯᠢ | ᠰᠦᠢᠳᠬᠡᠯ ᠢ ᠳᠡᠭᠡᠭᠰᠢ ᠲᠤᠰᠢᠶᠠᠵᠤ ᠂ 500 ᠭᠠᠷᠤᠢ ᠠᠵᠢᠯ ᠤᠨ ᠪᠠᠶᠢᠷᠢ ᠬᠠᠩᠭᠠᠨ᠎ᠠ᠃ | ︽ ᠪᠢᠳᠡ ᠵᠡᠭᠦᠨᠭᠠᠷ ᠬᠤᠰᠢᠭᠤᠨ ᠤ ᠲᠤᠬᠠᠢ ᠶᠢᠨ ᠭᠠᠵᠠᠷ ᠤᠨ ᠬᠦᠩᠭᠡᠨᠴᠠᠭᠠᠨ ᠶᠡᠬᠡᠲᠡᠢ ᠨᠤᠨᠳᠠᠭ ᠨᠡᠭᠦᠷᠡᠰᠦᠨ ᠤ ᠦᠨᠡᠰᠦ ᠂ ᠬᠦᠩᠭᠡᠨᠴᠠᠭᠠᠨ ᠶᠡᠬᠡᠲᠡᠢ ᠨᠡᠭᠦᠷᠡᠰᠦᠨ | ᠴᠢᠯᠠᠭᠤ ᠵᠡᠷᠭᠡ ᠬᠠᠲᠠᠭᠤ ᠪᠡᠶᠡᠳᠤ ᠬᠠᠶᠠᠭᠳᠠᠮᠠᠯ ᠪᠣᠳᠠᠰ ᠲᠤ ᠰᠠᠭᠤᠷᠢᠯᠠᠵᠤ ᠂ ᠺᠣᠮᠫᠠᠨᠢ ᠶᠢᠨ ᠠᠩᠬ᠎ᠠ ᠡᠭᠦᠳᠦᠭᠰᠡᠨ ᠣᠬᠤᠷ ᠴᠤᠪᠤᠷᠠᠯ ᠤᠨ ᠤᠷᠠᠯᠠᠯ ᠤᠨ ᠱᠤᠭᠤᠮ ᠢ | ᠬᠡᠷᠡᠭᠯᠡᠨ ᠂ ᠰᠢᠭᠤᠳ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠤᠷᠠᠯᠠᠯ ᠢᠶᠠᠷ ᠦᠢᠯᠡᠳᠪᠦᠷᠢᠯᠡᠵᠦ ᠂ ᠨᠤᠨᠳᠠᠭ ᠨᠡᠭᠦᠷᠡᠰᠦᠨ ᠤ ᠦᠨᠡᠰᠦᠨ ᠳᠠᠬᠢ ᠴᠠᠬᠢᠭᠤᠷ ᠂ | ᠬᠦᠩᠭᠡᠨᠴᠠᠭᠠᠨ ᠤ ᠡᠯᠧᠮᠧᠨ᠋ᠲ ᠢ ᠭᠠᠷᠭᠠᠨ ᠠᠪᠴᠤ ᠂ ᠳᠣᠣᠷᠠᠳᠤ ᠭᠡᠯᠬᠢᠶᠠᠨ ᠤ ᠦᠢᠯᠡᠳᠪᠦᠷᠢᠯᠡᠯ ᠤᠨ ᠱᠤᠭᠤᠮ ᠢ ᠬᠠᠩᠭᠠᠨ ᠂ ᠬᠠᠶᠠᠭᠳᠠᠮᠠᠯ ᠪᠣᠳᠠᠰ ᠢ ᠡᠷᠳᠡᠨᠢ | ᠪᠣᠯᠭᠠᠬᠤ ᠶᠢ ᠪᠡᠶᠡᠯᠡᠭᠦᠯᠦᠨ᠎ᠡ ᠃ ᠡᠨᠡ ᠪᠣᠯ ᠨᠢᠭᠡᠨ ᠵᠢᠱᠢᠶ᠎ᠡ ᠦᠵᠡᠭᠦᠯᠬᠦ ᠲᠦᠷᠦᠯ ᠵᠦᠢᠯ ᠪᠠᠶᠢᠵᠤ ᠂ ᠠᠮᠵᠢᠯᠲᠠ ᠣᠯᠣᠭᠰᠠᠨ ᠤ ᠳᠠᠷᠠᠭ᠎ᠠ᠂ ᠪᠢᠳᠡ ᠲᠦᠷᠦᠯ ᠵᠦᠢᠯ ᠤᠨ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ ᠂ ᠰᠢᠨ᠎ᠡ ᠡᠨᠧᠷᠭᠢ ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠳᠠᠬᠢᠯᠲᠠ ᠬᠦᠩᠭᠡᠨᠴᠠᠭᠠᠨ ᠤ ᠲᠦᠷᠦᠯ | ᠵᠦᠢᠯ ᠢ ᠢᠵᠢ ᠪᠦᠷᠢᠳᠦᠭᠦᠯᠵᠦ ᠂ ᠵᠢᠯ ᠳᠤ 200 ᠲᠦᠮᠡᠨ ᠲᠣᠨ ᠬᠦᠩᠭᠡᠨᠴᠠᠭᠠᠨ ᠤ ᠳᠡᠮᠦᠷᠯᠢᠭ︿ ᠡᠬᠢ ᠰᠤᠷᠪᠤᠯᠵᠢ ᠶᠢ ᠲᠣᠣᠷᠵᠢᠭᠤᠯᠤᠨ ᠨᠥᠭᠡᠴᠡᠯᠡᠬᠦ﹀ ᠂ | ︿ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ﹀ ᠠᠵᠤ ᠦᠢᠯᠡᠰ ᠤᠨ ᠬᠦᠷᠢᠶᠡᠯᠡᠩ ᠢ ᠪᠦᠷᠢᠯᠳᠦᠭᠦᠯᠦᠨ᠎ᠡ︾ | ᠭᠡᠵᠦ ᠯᠢ ᠮᠢᠩ ᠶᠠᠷᠢᠨ᠎ᠠ᠃ | | ᠵᠢᠷᠤᠭ ᠄ ᠪᠦᠲᠦᠭᠡᠨ ᠪᠠᠶᠢᠭᠤᠯᠤᠭᠴᠢᠳ ᠪᠥᠬᠦ ᠬᠦᠴᠦᠨ ᠢᠶᠠᠷ ᠢᠶᠠᠨ ᠠᠵᠢᠯ ᠤᠨ ᠠᠬᠢᠴᠠ᠂ ᠠᠵᠢᠯ ᠤᠨ ᠬᠤᠭᠤᠴᠠᠭ᠎ᠠ ᠶᠢ ᠵᠠᠪᠳᠤᠭᠤᠯᠤᠨ᠂ ᠬᠠᠪᠤᠷ ᠤᠨ ᠡᠳᠦᠷ ᠤᠨ | ᠤᠷᠤᠭᠰᠢᠯᠠᠯᠲᠠ ᠶᠢᠨ ᠠᠶᠠᠰ ᠢ ᠴᠢᠪᠬᠠᠳᠠᠵᠤ ᠪᠠᠶᠢᠭ᠎ᠠ ᠨᠢ ᠃ ᠸᠠᠩ ᠯᠢ ᠮᠠᠨ ᠰᠡᠭᠦᠳᠡᠷᠯᠡᠪᠡ | ᠡᠷᠡᠯᠬᠡᠭᠯᠡᠨ ᠤᠷᠤᠭᠰᠢᠯᠠᠬᠤ ᠤᠷᠢᠬᠠᠨ ᠬᠠᠪᠤᠷ ᠂ ᠨᠢᠭᠡ ᠮᠥᠴᠡ ᠶᠢ ᠴᠦ ᠰᠠᠭᠠᠲᠠᠭᠠᠵᠤ ᠪᠣᠯᠬᠤ ᠦᠭᠡᠢ᠃ ᠲᠦᠷᠦᠯ ᠵᠦᠢᠯ ᠤᠨ ᠲᠦᠷᠭᠡᠨ ᠢᠶᠠᠷ ᠠᠬᠢᠵᠤ ᠪᠠᠶᠢᠭ᠎ᠠ | ᠵᠢᠷᠤᠭ ᠤᠨ ᠬᠠᠭᠤᠳᠠᠰᠤ ᠨᠤᠭᠤᠳ ᠠᠯᠭᠤᠷᠬᠠᠨ ᠢᠶᠠᠷ ᠳᠡᠯᠭᠡᠭᠳᠡᠨ᠎ᠡ᠃ ᠵᠦᠨ ᠳ᠋ᠠ ᠶᠢᠨ ᠬᠤᠶᠠᠳᠤᠭᠠᠷ ᠬᠤᠭᠤᠴᠠᠭᠠᠨ ᠤ 2×100 ᠲᠦᠮᠡᠨ ᠺᠢᠯᠣᠸᠠᠲ ᠤᠨ | ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ ᠲᠦᠷᠦᠯ ᠵᠦᠢᠯ ᠂ ᠴᠠᠬᠢᠭᠤᠷ ᠤᠨ ᠢᠷᠡᠯᠲᠡ ᠶᠢᠨ 2 ᠲᠦᠮᠡᠨ ᠲᠣᠨ ᠴᠠᠬᠢᠭᠤᠷ ᠢᠶᠠᠷ ᠰᠠᠭᠤᠷᠢ ᠪᠣᠯᠭᠠᠭᠰᠠᠨ ᠪᠢᠯᠢᠭ | ᠲᠤᠶᠢᠯ ᠤᠨ ᠮᠠᠲ᠋ᠧᠷᠢᠶᠠᠯ ᠂ ᠵᠢᠤ ᠲᠠᠢ ᠶᠢᠨ 1 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠦᠢᠯᠡᠳᠪᠤᠷᠢᠯᠡᠬᠦ ᠁ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠠᠪᠤᠷ ᠤᠨ ᠤᠯᠠᠷᠢᠯ ᠳᠤ ᠂ ᠠᠯᠢ ᠤᠯᠠᠨ ᠴᠢᠬᠤᠯᠠ ᠶᠡᠭᠡ ᠲᠦᠷᠦᠯ ᠵᠦᠢᠯ ᠨᠢ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ | ᠰᠢᠭ ᠢᠶᠠᠷ ᠴᠤᠯᠭᠤᠷᠠᠨ ᠭᠠᠷᠴᠤ ᠂ ᠠᠯᠬᠤᠮ ᠠᠯᠬᠤᠮ ᠢᠶᠠᠷ ᠥᠭᠡᠳᠡᠯᠡᠨ ᠲᠠᠪᠰᠢᠨ᠎ᠠ᠃ | ᠲᠦᠷᠦᠯ ᠵᠦᠢᠯ ᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠶᠢᠨ ᠳᠤᠰᠠᠳᠠ᠂ ᠵᠡᠭᠦᠨᠭᠠᠷ ᠬᠤᠰᠢᠭᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠣᠨ ᠢᠶᠠᠷ ᠠᠵᠠ ᠲᠣᠬᠢᠶᠠᠯ ᠪᠣᠯᠭᠠᠵᠤ ᠂ ︽ᠪᠢᠳᠡ ᠰᠠᠶᠢᠲᠤᠷ ᠦᠢᠯᠡᠴᠢᠯᠡᠵᠦ ᠂ ᠲᠠᠨᠠᠷ ᠰᠠᠶᠢᠲᠤᠷ ᠬᠥᠭᠵᠢᠭᠦᠯᠬᠦ︾ ᠪᠠᠷ | ᠣᠶᠢᠯᠠᠭᠠᠭᠳᠠᠬᠤᠨ ᠪᠣᠯᠭᠠᠵᠤ ᠂ ᠲᠦᠷᠦᠯ ᠵᠦᠢᠯ ᠤᠨ ᠢᠵᠢ ᠪᠦᠷᠢᠳᠦᠭᠰᠡᠨ ᠦᠢᠯᠡᠴᠢᠯᠡᠭᠡ ᠶᠢ ᠲᠦᠷᠭᠡᠳᠬᠡᠨ ᠂ ᠲᠦᠷᠦᠯ ᠵᠦᠢᠯ ᠤᠨ︽ ᠭᠠᠵᠠᠷ ᠰᠢᠷᠤᠢ ᠶᠢ ᠠᠪᠤᠮᠠᠬᠴᠠ | ᠳᠠᠷᠤᠢ ᠠᠵᠢᠯ ᠡᠬᠢᠯᠡᠭᠦᠯᠬᠦ ︾ ᠡᠭᠦᠷᠭᠡ ᠬᠠᠷᠠᠯᠲᠠ ᠶᠢ ᠪᠡᠶᠡᠯᠡᠭᠦᠯᠵᠡᠢ ᠃ 2024 ᠣᠨ ᠤ ᠪᠦᠬᠦ ᠵᠢᠯ ᠳᠤ ᠬᠡᠷᠡᠭᠵᠢᠭᠦᠯᠦᠭᠰᠡᠨ 31 ᠭᠤᠣᠯᠳᠠᠯᠭ᠎ᠠ ᠲᠠᠢ ᠲᠦᠷᠦᠯ | ᠵᠦᠢᠯ ᠨᠢ ᠨᠢᠭᠡᠨᠲᠡ ᠲᠣᠭᠲᠠᠭᠰᠠᠨ ᠪᠡᠯᠡ ᠣᠷᠣᠭᠤᠯᠤᠯᠲᠠ ᠶᠢᠨ ᠲᠥᠯᠥᠪᠯᠡᠭᠡ ᠪᠠᠨ ᠪᠡᠶᠡᠯᠡᠭᠦᠯᠪᠡ᠃ ᠡᠭᠦᠨ ᠳᠤ ᠂ ᠪᠥᠬᠦ ᠬᠤᠲᠠ ᠶᠢᠨ ᠠᠩᠬᠠᠳᠠᠭᠴᠢ ᠰᠢᠨ᠎ᠡ ᠪᠠᠷ | ᠡᠭᠦᠳᠦᠭᠰᠡᠨ ᠯᠢᠲ᠋ᠢ ᠢᠶᠤᠨ ᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠢ ᠨᠢᠭᠡ ᠴᠣᠭᠴᠠᠵᠢᠭᠤᠯᠬᠤ ︵ ᠨᠢᠭᠡᠳᠦᠭᠡᠷ ᠬᠤᠭᠤᠴᠠᠭ᠎ᠠ ︶ ᠵᠡᠷᠭᠡ 8 ᠲᠥᠷᠥᠯ | ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ ᠂ ᠬᠠᠨ ᠰᠢᠶᠠ ᠶᠢᠨ ᠬᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠪᠤᠷᠢᠯᠡᠬᠦ ᠵᠡᠷᠭᠡ 13 | ᠲᠥᠷᠥᠯ ᠵᠦᠢᠯ ᠤᠨ ᠠᠬᠢᠴᠠ ᠤᠷᠤᠭᠰᠢᠲᠠᠢ ᠪᠣᠯᠪᠠ ︔ ᠷᠦᠩ ᠱᠧᠩ ᠪᠣᠬᠢᠷᠲᠤᠯ ᠦᠭᠡᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ ᠂ | ᠪᠥᠭᠡᠭᠡᠨᠡᠷᠡᠯ ᠤᠨ ᠰᠢᠨ᠎ᠡ ᠮᠠᠲ᠋ᠧᠷᠢᠶᠠᠯ ᠢ ᠨᠢᠭᠡ ᠴᠣᠭᠴᠠᠵᠢᠭᠤᠯᠬᠤ ᠵᠡᠷᠭᠡ 10 ᠴᠢᠬᠤᠯᠠ ᠶᠡᠭᠡ ᠳᠦᠷᠤᠯ ᠵᠤᠶᠢᠯ ᠢ ᠡᠮᠬᠢ ᠳᠢᠭᠯᠢᠮ ᠲᠠᠢ ᠪᠠᠷ ᠠᠬᠢᠭᠤᠯᠪᠠ᠃ | ᠴᠢᠨᠠᠷ ᠰᠠᠶᠢᠲᠠᠢ ᠬᠥᠭᠵᠢᠯᠲᠡ ᠶᠢ ᠤᠷᠠᠶᠢᠯᠠᠵᠤ ᠪᠠᠶᠢᠭ᠎ᠠ ︽ ᠤᠷᠢᠬᠠᠨ ᠬᠠᠪᠤᠷ ︾ ᠲᠤ ᠂ ᠵᠡᠭᠦᠨᠭᠠᠷ ᠬᠤᠰᠢᠭᠤ ︽ ᠴᠢᠷᠮᠠᠶᠢᠨ ᠲᠡᠮᠡᠴᠡᠬᠦ ︾ ᠵᠣᠷᠢᠭ ᠰᠠᠨᠠᠭ᠎ᠠ ᠂ ︽ | ᠭᠠᠪᠰᠢᠭᠠᠶᠢᠯᠠᠬᠤ ︾ ᠡᠷᠴᠢ ᠵᠣᠷᠢᠭ ᠂ ︽ ᠪᠣᠳᠠᠲᠠᠢ ︾ ᠰᠤᠷᠲᠠᠯ ᠢ ᠪᠠᠳᠠᠷᠠᠭᠤᠯᠵᠤ ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ ᠂ ᠦᠨᠡᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ | ᠵᠢᠷᠤᠭᠯᠠᠵᠤ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠶᠢ ᠪᠠᠲᠤᠳᠬᠠᠨ ᠲᠠᠪᠴᠠᠩ | ᠪᠠᠶᠢᠭᠤᠯᠵᠤ ᠂ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠨᠡᠮᠡᠷᠢᠯᠡᠨ᠎ᠡ ᠃ | |