| ᠣᠶᠢᠷ᠎ᠠ ᠳᠤ ᠂ ᠵᠡᠭᠦᠨᠭᠠᠷ ᠵᠣᠣ ᠪᠠᠯᠭᠠᠰᠤ ᠪᠣᠯᠣᠨ ᠰᠢ ᠮᠧᠩ ᠶᠤᠸᠠᠢ ᠳ᠋ᠠ ᠪᠦᠯᠦᠭᠯᠡᠯ ᠤᠨ ᠬᠠᠮᠲᠤᠷᠠᠨ ᠠᠵᠢᠯᠯᠠᠭᠤᠯᠤᠬᠰᠠᠨ ︽ ᠬᠡᠷᠡᠯ ᠴᠡᠨᠡᠭ + ᠲᠡᠵᠢᠭᠡᠨ | ᠦᠷᠡᠵᠢᠭᠦᠯᠬᠦ ︾ ᠲᠥᠷᠥᠯ ᠵᠦᠢᠯ ᠨᠢ ︽ ᠵᠢᠷᠤᠭ ᠲᠥᠰᠥᠪ ︾ ᠪᠠᠶᠢᠭᠰᠠᠨ ᠠᠴᠠ ᠪᠠᠨ ᠡᠴᠦᠰ ᠲᠡᠭᠡᠨ ᠪᠣᠳᠠᠲᠤ ᠠᠬᠤᠢ ᠪᠣᠯᠵᠤ ᠬᠤᠪᠢᠷᠠᠯ᠎ᠠ ︕ ᠲᠥᠷᠥᠯ ᠵᠦᠢᠯ ᠤᠨ | ᠶᠡᠷᠦᠩᠬᠡᠢ ᠪᠡᠯᠡ ᠣᠷᠣᠭᠤᠯᠤᠯᠲᠠ ᠨᠢ 1.5 ᠳ᠋ᠦᠩᠰᠢᠭᠤᠷ ᠲᠥᠭᠦᠷᠢᠭ ᠲᠤ ᠬᠦᠷᠴᠦ ᠂ ᠡᠬᠦᠳᠤᠨ ᠪᠠᠶᠢᠭᠤᠯᠤᠭᠰᠠᠨ ︽ ᠮᠠᠯ ᠠᠵᠤ ᠠᠬᠤᠢ ᠪᠠ ᠬᠡᠷᠡᠯ ᠴᠡᠨᠡᠭ | ᠬᠠᠷᠢᠯᠴᠠᠨ ᠨᠥᠬᠦᠪᠦᠷᠢᠯᠡᠬᠦ ︾ ᠵᠢᠴᠢ ᠲᠦᠮᠡᠨ ᠦᠬᠡᠷ ᠲᠡᠵᠢᠭᠡᠨ ᠦᠷᠡᠵᠢᠭᠦᠯᠬᠦ ᠂ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠢᠶᠠᠷ ᠴᠠᠬᠢᠯᠭᠠᠨ | ᠭᠠᠷᠭᠠᠬᠤ ᠲᠥᠷᠥᠯ ᠵᠦᠢᠯ ᠨᠢ ᠠᠩᠬᠠᠨ ᠤ ᠪᠦᠯᠦᠭᠬᠠᠢ ᠹᠦ᠋ ᠲᠧ ᠶᠢᠨ ᠳᠤᠮᠳᠠ ᠳᠡᠭᠡᠳᠦ ᠲᠠᠰ ᠤᠨ ᠦᠬᠡᠷ ᠤᠨ ᠡᠭᠦᠯᠳᠡᠷ ᠤᠨ300 ᠰᠠᠭᠤᠷᠢ ᠡᠬᠡ ᠮᠠᠯ ᠢ | ᠵᠢᠩᠬᠢᠨᠢ ᠪᠠᠷ ᠤᠷᠤᠭᠤᠯᠤᠨ ᠠᠪᠴᠢᠷᠠᠪᠠ ᠃ | ᠣᠳᠣᠬᠠᠨ ᠳᠤ ᠲᠣᠰ ᠲᠥᠷᠥᠯ ᠵᠤᠶᠢᠯ ᠤᠨ ᠬᠡᠷᠡᠯ ᠴᠡᠨᠡᠭ ᠤᠨ ᠬᠠᠪᠳᠠᠰᠤ ᠶᠢ ᠪᠦᠬᠦᠨ ᠢ ᠪᠠᠶᠢᠭᠤᠯᠵᠤ ᠳᠠᠭᠤᠰᠬᠠᠭᠠᠳ ᠴᠠᠬᠢᠯᠭᠠᠨ ᠭᠠᠷᠭᠠᠵᠤ ᠂ ᠵᠢᠯ ᠤᠨ | ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ ᠵᠢᠱᠢᠯᠲᠡ ᠪᠠᠷ 700 ᠲᠦᠮᠡᠨ KWh ᠲᠤ ᠬᠦᠷᠴᠦ ᠂ ᠴᠠᠬᠢᠯᠭᠠᠨ ᠭᠠᠷᠭᠠᠬᠤ ᠬᠡᠮᠵᠢᠶ᠎ᠡ ᠨᠢ ᠠᠵᠤ ᠠᠬᠤᠶᠢᠯᠠᠯ ᠤᠨ | ᠵᠢᠯ ᠤᠨ ᠬᠡᠷᠡᠭᠯᠡᠬᠦ ᠴᠠᠬᠢᠯᠭᠠᠨ ᠤ 50% ᠰᠢᠬᠠᠮ ᠢ ᠬᠠᠩᠭᠠᠵᠤ ᠂ ᠪᠥᠬᠦ ᠵᠢᠯ ᠳᠤ ᠵᠢᠱᠢᠯᠲᠡ ᠪᠠᠷ ᠥᠪᠡᠷ ᠤᠨ ᠥᠷᠲᠡᠭ ᠢ 700 ᠲᠦᠮᠡᠨ ᠲᠥᠭᠦᠷᠢᠭ ᠠᠴᠠ ᠳᠡᠭᠡᠭᠰᠢ | ᠠᠷᠪᠢᠯᠠᠵᠤ ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 2073 ᠲᠣᠨ ᠠᠷᠪᠢᠯᠠᠵᠤ ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ | 4121 ᠲᠣᠨ ᠪᠠᠭᠠᠰᠬᠠᠵᠤ ᠂ ᠬᠤᠣᠷᠳᠤ ᠬᠡᠢ ᠪᠡᠶᠡᠲᠦ ᠶᠢᠨ ᠬᠦᠬᠦᠷ ᠤᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 199 ᠲᠣᠨ ᠪᠠᠭᠠᠰᠬᠠᠬᠤ ᠪᠣᠯᠣᠨ᠎ᠠ ᠃ | ᠲᠣᠰ ᠲᠥᠷᠥᠯ ᠵᠦᠢᠯ ᠨᠢ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ᠮᠠᠯ ᠠᠵᠤ ᠠᠬᠤᠢ ᠲᠠᠢ ᠤᠶᠠᠯᠳᠤᠭᠤᠯᠵᠤ ᠂ ᠠᠮᠢ ᠠᠬᠤᠢ ᠶᠢᠨ ᠲᠡᠵᠢᠭᠡᠨ ᠦᠷᠡᠵᠢᠭᠦᠯᠬᠦ ᠪᠠ | ᠴᠡᠪᠡᠷ ᠡᠨᠧᠷᠭᠢ ᠪᠠᠷ ᠴᠠᠬᠢᠯᠭᠠᠨ ᠭᠠᠷᠭᠠᠬᠤ ᠶᠢᠨ ᠬᠤᠣᠰ ᠠᠮᠵᠢᠯᠲᠠ ᠶᠢ ᠪᠡᠶᠡᠯᠡᠭᠦᠯᠦᠭᠰᠡᠨ ᠪᠥᠭᠡᠳ ᠳᠠᠬᠢᠨ ᠬᠠᠭᠠᠯᠪᠤᠷᠢᠯᠠᠬᠰᠠᠨ ᠣᠷᠣᠨ ᠤ ᠠᠮᠢ ᠠᠬᠤᠢ ᠶᠢ ᠰᠡᠷᠭᠦᠭᠡᠨ | ᠵᠠᠰᠠᠭᠰᠠᠨ ᠤ ᠳᠠᠷᠠᠭᠠᠬᠢ ᠠᠵᠤ ᠠᠬᠤᠢ ᠶᠢᠨ ᠬᠥᠭᠵᠢᠯᠲᠡ ᠳᠤ ᠰᠢᠨ᠎ᠡ ︽ ᠨᠤᠮᠢᠨ ᠨᠣᠭᠤᠭᠠᠨ ︾ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ ᠃ | | | | ᠲᠥᠪᠯᠡᠷᠡᠨ ᠵᠠᠯᠭᠠᠯᠳᠤᠭᠰᠠᠨ ᠤᠷᠤᠨ ︱ ᠠᠭᠤᠷᠬᠠᠢ ᠶᠢᠨ ᠣᠷᠣᠨ ᠤ | ᠠᠮᠢ ᠠᠬᠤᠢ ᠶᠢ ᠰᠡᠷᠭᠦᠭᠡᠨ ᠵᠠᠰᠠᠬᠤ ᠰᠢᠨ᠎ᠡ ᠠᠷᠭ᠎ᠠ ᠵᠠᠮ | | ᠣᠶᠢᠷ᠎ᠠ ᠶᠢᠨ ᠵᠢᠯ ᠤᠳ ᠲᠤ ᠂ ᠵᠡᠭᠦᠨᠭᠠᠷ ᠵᠣᠣ ᠪᠠᠯᠭᠠᠰᠤ ︽ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ︾ ᠭᠡᠬᠦ | ᠬᠥᠭᠵᠢᠯᠲᠡ ᠶᠢᠨ ᠤᠶᠢᠯᠠᠭᠠᠬᠳᠠᠬᠤᠨ ᠢ ᠪᠠᠲᠤ ᠪᠠᠬᠢ ᠪᠣᠶ ᠪᠣᠯᠭᠠᠵᠤ ᠂ ᠬᠤᠰᠢᠭᠤᠨ ᠤ ᠨᠠᠮ ᠤᠨ ᠬᠤᠷᠢᠶ᠎ᠠ ᠶᠢᠨ ︽ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠠᠮᠢ ᠠᠬᠤᠢ ᠶᠢ ᠰᠡᠷᠭᠦᠭᠡᠨ ᠵᠠᠰᠠᠬᠤ ︵ ᠳᠡᠭᠡᠭᠰᠢᠯᠡᠭᠦᠯᠬᠦ ︶ ᠬᠤᠷᠢᠨ ᠵᠤᠷᠪᠤᠰ ᠠᠷᠭ᠎ᠠ ᠬᠡᠮᠵᠢᠶ᠎ᠡ ︾ ᠶᠢᠨ ᠬᠠᠷᠠᠯᠲᠠ ᠱᠠᠭᠠᠷᠳᠠᠯᠭ᠎ᠠ ᠶᠣᠰᠣᠭᠠᠷ ᠂ ︽ | ᠠᠭᠤᠷᠬᠠᠢ ᠶᠢᠨ ᠬᠤᠳᠳᠤᠭ + ᠵᠠᠳᠠᠭᠠᠢ ᠨᠡᠬᠦᠷᠡᠰᠤᠨ ᠠᠭᠤᠷᠬᠠᠢ ︾ ᠪᠦᠬᠦ᠋ᠢᠯᠡ ᠠᠭᠤᠯᠠ ᠭᠤᠤ ᠰᠤᠪᠠᠭ ᠢ ᠵᠠᠰᠠᠬᠤ ᠵᠠᠭᠪᠤᠷ ᠢ ᠬᠦᠴᠦᠯᠡᠨ ᠪᠣᠶ ᠪᠣᠯᠭᠠᠪᠠ ᠃ | | | | ᠵᠡᠭᠦᠨᠭᠠᠷ ᠵᠤᠤ ᠪᠠᠯᠭᠠᠰᠤ ᠪᠣᠯᠣᠨ ᠰᠢ ᠮᠧᠩ ᠶᠤᠸᠠᠢ ᠳ᠋ᠠ ᠪᠦᠯᠦᠭᠯᠡᠯ ᠤᠨ ᠬᠠᠮᠲᠤᠷᠠᠨ ᠪᠠᠶᠢᠭᠤᠯᠤᠭᠰᠠᠨ︽ᠮᠠᠯ ᠠᠵᠤ ᠠᠬᠤᠢ ᠪᠠᠭᠡᠷᠡᠯ ᠴᠡᠨᠡᠭ ᠬᠠᠷᠢᠯᠴᠠᠨ | ᠨᠥᠬᠦᠪᠦᠷᠢᠯᠡᠬᠦ︾ ᠵᠢᠴᠢ ᠲᠦᠮᠡᠨ ᠦᠬᠡᠷ ᠲᠡᠵᠢᠭᠡᠨ ᠦᠷᠡᠵᠢᠭᠦᠯᠬᠦ ᠂ ᠭᠡᠷ ᠤᠨ ᠣᠷᠣᠢ ᠶᠢᠨ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ | ᠲᠦᠷᠦᠯ ᠵᠦᠢᠯ ᠪᠣᠯ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠨ ᠵᠠᠰᠠᠬᠤ ︽ᠨᠣᠭᠤᠭᠠᠷᠠᠭᠤᠯᠤᠯᠳᠠ︾ ᠠᠴᠠ ︽ᠠᠯᠳᠠ︾ ᠳᠡᠶᠢᠰᠢ ᠤᠷᠤᠭᠰᠢᠯᠠᠬᠤ | ᠶᠠᠪᠤᠴᠠ ᠳᠠᠬᠢ ᠬᠤᠷᠢᠶᠠᠩᠭᠤᠢ ᠳᠦᠷᠰᠦ ᠪᠣᠯᠣᠨ᠎ᠠ᠃ | ᠬᠠᠷᠢᠯᠴᠠᠨ ᠬᠡᠷᠡᠭᠯᠡᠵᠦ ᠨᠦᠬᠡ ᠶᠢ ᠪᠥᠭᠯᠡᠬᠦ ᠂ ᠭᠠᠵᠠᠷ ᠢ ᠲᠡᠭᠰᠢᠯᠡᠨ ᠨᠣᠭᠤᠭᠠᠷᠠᠭᠤᠯᠬᠤ ᠂ ᠬᠠᠵᠠᠭᠤ ᠶᠢᠨ ᠪᠠᠯ ᠢ ᠱᠤᠸᠠᠵᠠᠳᠠᠨ ᠮᠣᠳᠣ ᠳᠠᠷᠢᠬᠤ ᠶᠢᠨ ᠬᠠᠮᠲᠤ ᠂ ︽ | ᠵᠢᠵᠢᠭ ᠰᠠᠪᠠ ᠭᠠᠵᠠᠷ + ︾ ᠭᠤᠸ ᠬᠥᠲᠥᠯ ᠂ ᠲᠠᠪᠴᠠᠩ ᠂ ᠨᠠᠯᠠᠤ ᠶᠢᠨ ᠭᠠᠳᠠᠷᠭᠤ ᠶᠢᠨ ᠪᠣᠰᠤᠭ᠎ᠠ ᠴᠣᠭᠴᠠᠲᠤ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ | ᠵᠠᠰᠠᠬᠤ ᠰᠢᠨ᠎ᠡ ᠠᠷᠭ᠎ᠠ ᠪᠠᠷ ᠰᠠᠭᠤᠷᠢ ᠬᠠᠯᠬᠠᠪᠴᠢ ᠬᠡᠷᠡᠮ ᠪᠤᠰᠬᠠᠬᠤ ᠂ ᠤᠰᠤ ᠠᠷᠪᠢᠯᠠᠬᠤ ᠂ ᠤᠰᠤ ᠬᠠᠳᠠᠭᠠᠯᠠᠬᠤ ᠴᠥᠭᠦᠷᠥᠮ ᠮᠠᠯᠳᠠᠬᠤ ᠂ ᠰᠦᠷᠴᠢᠨ ᠤᠰᠤᠯᠠᠬᠤ | ᠰᠢᠰᠲ᠋ᠧᠮ ᠭᠡᠷᠡᠭᠯᠡᠬᠦ ᠵᠡᠷᠭᠡ ᠢᠨᠵᠧᠨᠧᠷᠢᠩ ᠤᠨ ᠮᠡᠷᠭᠡᠵᠢᠯ ᠪᠠ ᠠᠮᠢᠳᠤ ᠪᠣᠳᠠᠰ ᠤᠨ ᠨᠣᠭᠤᠭᠠᠷᠠᠭᠤᠯᠤᠯᠲᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠂ ᠪᠦᠷᠢᠨ | ᠬᠡᠷᠡᠭᠯᠡᠬᠦ ᠶᠢ ᠠᠬᠢᠭᠤᠯᠵᠠᠢ ᠃ ᠬᠠᠵᠠᠭᠤ ᠬᠥᠲᠥᠯᠢᠶ᠋ᠠᠷ ᠳᠥᠷᠪᠡᠨ ᠤᠯᠠᠷᠢᠯ ᠳᠤ ᠮᠥᠩᠬᠡ ᠨᠣᠭᠤᠭᠠᠷᠠᠬᠤ ᠮᠤᠳᠤ ᠳᠠᠷᠢᠨ ᠂ ᠣᠶ ᠰᠢᠭᠤᠢ ᠨᠤᠳᠤᠭ ᠪᠡᠯᠴᠢᠭᠡᠷ ᠤᠨ | ᠪᠠᠶᠢᠷᠢᠰᠢᠯ ᠢ ᠰᠢᠯᠢᠳᠡᠭᠵᠢᠭᠦᠯᠵᠤ ᠂ ᠲᠠᠪᠴᠠᠩ ᠤᠨ ᠠᠵᠤ ᠦᠢᠯᠡᠰ ᠢ ᠭᠦᠨᠵᠡᠭᠡᠢ ᠬᠦᠭᠵᠢᠬᠦᠯᠤᠨ ᠂ ᠬᠥᠷᠰᠢ ᠵᠡᠷᠭᠡᠯᠡᠳᠡᠭᠡ ᠠᠭᠤᠷᠬᠠᠢ ᠶᠢᠨ ᠭᠠᠵᠠᠷ ᠰᠢᠷᠣᠢ ᠶᠢᠨ | ᠬᠡᠪᠴᠢᠶ᠎ᠡ ᠶᠢ ᠡᠮᠬᠢᠯᠡᠨ ᠨᠡᠶᠢᠯᠡᠭᠦᠯᠵᠦ ᠂ ᠠᠵᠤ ᠦᠢᠯᠡᠰ ᠢ ᠨᠢᠭᠡᠳᠦᠯᠲᠡᠢ ᠲᠥᠯᠥᠪᠵᠢᠬᠦᠯᠤᠨ ᠪᠠᠶᠢᠷᠢᠰᠢᠭᠤᠯᠵᠤ ᠂ ᠦᠷ᠎ᠡ ᠠᠰᠢᠭ ᠨᠢ ᠣᠯᠠᠨ ᠡᠰᠢᠵᠢᠵᠦ ᠬᠠᠮᠲᠤ ᠪᠠᠷ | ᠠᠰᠢᠭ ᠭᠥᠷᠳᠡᠪᠠ ᠃ ᠪᠥᠬᠦ ᠣᠷᠣᠨ ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠬᠤᠯᠪᠤᠭᠠᠯᠠᠨ ᠬᠥᠳᠡᠯᠦᠯᠴᠡᠬᠦ ᠶᠡᠭᠡ ᠪᠠᠶᠢᠷᠢᠰᠢᠯ ᠢ ᠪᠣᠶ | ᠪᠣᠯᠭᠠᠵᠤ ᠂ ᠴᠥᠮᠥᠷᠡᠭᠰᠡᠨ ᠣᠷᠣᠨ ᠤ ᠲᠠᠩ ᠪᠡᠶᠡᠲᠦ ᠣᠷᠣᠨ ᠪᠦᠰᠡ ᠶᠢ ᠵᠠᠰᠠᠬᠤ ᠪᠠ ᠣᠯᠠᠨ ᠨᠡᠶᠢᠲᠡ ᠶᠢᠨ ᠣᠷᠣᠨ ᠪᠦᠰᠡ ᠶᠢ ᠵᠠᠰᠠᠬᠤ ᠶᠢ ᠪᠣᠶ ᠪᠣᠯᠭᠠᠵᠤ ᠂ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠪᠦᠬᠦᠨ ᠢ ᠬᠠᠮᠤᠷᠬᠤ ᠶᠢ ᠪᠡᠶᠡᠯᠡᠭᠦᠯᠵᠠᠢ ᠃ ᠠᠮᠢ ᠠᠬᠤᠢ ᠶᠢᠨ ᠰᠠᠭᠤᠷᠢ ᠥᠩᠭᠡ ᠂ ᠨᠤᠮᠢᠨ | ᠨᠤᠭᠤᠭᠠᠨ ᠥᠩᠭᠡ ᠵᠢᠰᠦ ᠬᠢᠭᠡᠳ ᠲᠠᠪᠴᠠᠩ ᠤᠨ ᠠᠵᠤ ᠦᠢᠯᠡᠰ ᠬᠠᠷᠢᠯᠴᠠᠨ ᠨᠥᠬᠦᠴᠡᠯᠳᠦᠵᠦ ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠬᠤᠯᠪᠤᠭᠠᠯᠠᠨ ᠬᠥᠳᠡᠯᠦᠯᠴᠡᠬᠦ ᠦᠷ᠎ᠡ ᠠᠰᠢᠭ ᠶᠠᠭ ᠢᠯᠡᠷᠡᠨ ᠭᠠᠷᠴᠤ ᠪᠠᠶᠢᠨ᠎ᠠ ᠃ | ︽ ᠨᠣᠭᠤᠭᠠᠷᠠᠭᠤᠯᠤᠯᠳᠠ ︾ ᠶᠢ ︽ ᠠᠯᠲᠠ ︾ ᠪᠣᠯᠭᠠᠪᠠ | ︱ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ | ᠬᠠᠪᠲᠠᠰᠤᠨ ᠳᠡᠭᠡᠷᠡᠬᠢ ᠬᠡᠷᠡᠯ ᠴᠡᠨᠡᠭ ᠢᠶᠠᠷ ᠪᠣᠬᠢᠷᠲᠤᠯ ᠦᠭᠡᠢ ᠬᠥᠳᠡᠯᠭᠡᠭᠴᠢ ᠡᠨᠧᠷᠭᠢ ᠭᠠᠷᠭᠠᠵᠤ ᠂ ᠬᠠᠪᠲᠠᠰᠤᠨ ᠳᠣᠣᠷᠠᠬᠢ ᠲᠡᠵᠢᠭᠡᠨ ᠦᠷᠡᠵᠢᠭᠦᠯᠬᠦ ᠠᠵᠤ | ᠦᠢᠯᠡᠰ ᠨᠢ ᠵᠡᠷᠭᠡᠪᠡᠷ ᠦᠷ᠎ᠡ ᠠᠰᠢᠭ ᠣᠯᠣᠨ᠎ᠠ ᠃ | | ︽ ᠮᠠᠯ ᠠᠵᠤ ᠠᠬᠤᠢ ᠪᠠᠭᠡᠷᠡᠯ ᠴᠡᠨᠡᠭ ᠬᠠᠷᠢᠯᠴᠠᠨ ᠨᠥᠬᠦᠪᠦᠷᠢᠯᠡᠬᠦ ︾ ᠵᠢᠴᠢ ᠲᠦᠮᠡᠨ ᠦᠬᠡᠷ ᠲᠡᠵᠢᠭᠡᠨ ᠦᠷᠡᠵᠢᠭᠦᠯᠬᠦ ᠂ ᠭᠡᠷ ᠤᠨ ᠣᠷᠣᠢ ᠶᠢᠨ ᠲᠠᠷᠬᠠᠯᠲᠠ ᠶᠢᠨ | ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠲᠥᠯᠥᠪᠵᠢᠭᠦᠯᠦᠭᠰᠡᠨ ᠦᠬᠡᠷ ᠲᠡᠵᠢᠭᠡᠬᠦ ᠬᠡᠪᠴᠢᠶ᠎ᠡ ᠲᠦᠮᠡᠨ ᠲᠣᠯᠣᠭᠠᠢ ᠳᠤ ᠬᠦᠷᠴᠦ ᠂ | ᠲᠠᠷᠢᠶᠠᠯᠠᠩ ᠪᠠ ᠠᠵᠤ ᠠᠬᠤᠶᠢᠯᠠᠯ ᠤᠨ ᠬᠤᠭᠤᠷᠣᠨᠳᠣᠬᠢ ︽ ᠡᠷᠦᠬᠡ ᠳᠤ ᠦᠷᠡᠵᠢᠭᠦᠯᠦᠨ ᠲᠠᠯᠠᠪᠠᠶ ᠳᠤ ᠪᠣᠶᠢᠵᠢᠭᠤᠯᠬᠤ ᠂ ᠨᠠᠶᠢᠳᠠᠨ ᠬᠠᠮᠢᠶᠠᠷᠤᠭᠤᠯᠵᠤ ᠣᠷᠣᠯᠠᠨ | ᠲᠡᠵᠢᠭᠡᠬᠦ ᠂ ᠬᠦᠷᠢᠶᠡᠯᠡᠩ ᠳᠤ ᠣᠷᠣᠭᠤᠯᠤᠨ ᠲᠡᠵᠢᠭᠡᠨ ᠦᠷᠡᠵᠢᠭᠦᠯᠬᠦ ᠂ ᠪᠡᠯᠡ ᠨᠡᠶᠢᠯᠡᠭᠦᠯᠦᠨ ᠲᠠᠯᠠᠪᠠᠶ ᠪᠠᠶᠢᠭᠤᠯᠬᠤ ︾ ᠵᠡᠷᠭᠡ ᠠᠰᠢᠭ ᠲᠤᠰᠠ ᠶᠢᠨ ᠬᠤᠯᠪᠤᠭᠠᠳᠤ | ᠵᠠᠭᠪᠤᠷ ᠢᠶᠠᠷ ᠳᠠᠮᠵᠢᠭᠤᠯᠤᠨ ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ ᠂ ᠪᠠᠭ᠎ᠠ ᠬᠠᠮᠳᠤ ᠂ ᠶᠡᠭᠡ ᠬᠡᠪᠴᠢᠶ᠎ᠡ ᠂ ᠭᠠᠵᠠᠷ ᠪᠣᠯᠭᠠᠨ ᠳᠤ ᠬᠠᠭᠤᠯᠪᠤᠷᠢᠯᠠᠵᠤ | ᠪᠣᠯᠬᠤ ᠪᠠᠶᠢᠷᠢᠰᠢᠯ ᠢ ᠪᠣᠶ ᠪᠣᠯᠭᠠᠬᠤ ᠶᠢᠨ ᠬᠠᠮᠲᠤ ᠂ ᠳᠠᠬᠢᠨ ᠬᠠᠭᠠᠯᠪᠤᠷᠢᠯᠠᠬᠤ ᠣᠷᠣᠨ ᠤ ︽ ᠰᠤᠯᠠ ᠪᠠᠶᠢᠭ᠎ᠠ ︾ ᠭᠠᠵᠠᠷ ᠰᠢᠷᠣᠢ ᠶᠢᠨ ᠡᠬᠢ ᠪᠠᠶᠠᠯᠢᠭ ᠢ ᠥᠨᠳᠥᠷ | ᠦᠷ᠎ᠡ ᠠᠰᠢᠭ ᠲᠠᠢ ᠪᠠᠷ ᠠᠮᠢᠳᠤᠯᠢᠭ ᠢᠶᠠᠷ ᠠᠰᠢᠭᠯᠠᠵᠤ ᠂ ᠲᠠᠷᠠᠭᠠᠴᠢ ᠶᠢᠨ ᠠᠵᠤ ᠦᠢᠯᠡᠰ ᠤᠨ ᠪᠠᠶᠢᠷᠢᠰᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ ᠃ | ᠵᠡᠭᠦᠨᠭᠠᠷ ᠵᠤᠤ ᠪᠠᠯᠭᠠᠰᠤ ᠪᠠᠰᠠ 3 ᠶᠡᠭᠡ ᠲᠥᠪᠯᠡᠷᠡᠨ ᠵᠠᠯᠭᠠᠯᠳᠤᠭᠰᠠᠨ ᠳᠠᠬᠢᠨ ᠬᠠᠭᠠᠯᠪᠤᠷᠢᠯᠠᠬᠤ ᠣᠷᠣᠨ ᠢ ᠪᠠᠶᠢᠭᠤᠯᠬᠤ ᠪᠠᠷ ᠰᠠᠭᠤᠷᠢ ᠪᠣᠯᠭᠠᠵᠤ ᠂ ︽3+N︾ | ᠠᠮᠢ ᠠᠬᠤᠢ ᠶᠢ ᠵᠠᠰᠠᠨ ᠰᠡᠷᠭᠦᠭᠡᠬᠦ ᠣᠷᠣᠨ ᠪᠠᠶᠢᠭᠤᠯᠬᠤ ᠶᠢ ᠠᠬᠢᠭᠤᠯᠵᠤ ᠂ ᠳᠠᠬᠢᠨ ᠬᠠᠭᠠᠯᠪᠤᠷᠢᠯᠠᠬᠰᠠᠨ ᠭᠠᠵᠠᠷ ᠰᠢᠷᠣᠢ ᠶᠢ ᠬᠠᠮᠢᠶᠠᠷᠤᠨ ᠬᠠᠮᠠᠭᠠᠯᠠᠬᠤ ᠳᠤ ᠠᠮᠠᠷᠬᠠᠨ᠂ | ᠳᠠᠬᠢᠨ ᠤᠨᠠᠯᠲᠠ ᠲᠠᠢ ᠪᠣᠯᠭᠠᠬᠤ ᠳᠤ ᠲᠦᠭᠦᠮ ᠪᠣᠯᠭᠠᠪᠠ᠃ | ᠡᠭᠦᠨ ᠤ ᠬᠠᠮᠳᠤ ᠂ ᠵᠡᠭᠦᠨᠭᠠᠷ ᠵᠣᠣ ᠪᠠᠯᠭᠠᠰᠤ ᠨᠢ ᠠᠵᠤ ᠠᠬᠤᠶᠢᠯᠠᠯ ᠣᠷᠣᠨ ᠨᠤᠲᠤᠭ ᠠᠷᠠᠳ ᠤᠯᠠᠨ ᠤ ᠠᠰᠢᠭ ᠲᠤᠰᠠ ᠶᠢᠨ ᠬᠤᠯᠪᠤᠭᠠᠳᠤ ᠵᠠᠭᠪᠤᠷ ᠢ ᠤᠯᠠᠮ | ᠨᠢᠭᠡ ᠠᠯᠬᠤᠮ ᠰᠢᠨᠡᠴᠢᠯᠡᠵᠦ ᠂ ᠠᠰᠢᠭ ᠲᠤᠰᠠ ᠶᠢ ᠬᠤᠯᠪᠣᠯᠳᠤᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ ᠂ ᠣᠯᠠᠨ ᠲᠦᠮᠡᠨ ᠠᠭᠤᠷᠬᠠᠢ ᠶᠢᠨ ᠣᠷᠣᠨ ᠤ ᠠᠮᠢ | ᠠᠬᠤᠢ ᠶᠢ ᠰᠡᠷᠭᠦᠭᠡᠨ ᠵᠠᠰᠠᠬᠤ ᠳᠤᠮᠳᠠ ᠪᠥᠬᠦ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠳᠤ ᠣᠷᠣᠯᠴᠠᠬᠤ ᠪᠠᠷ ᠳᠠᠮᠵᠢᠭᠤᠯᠤᠨ ᠂ ︽ | ᠬᠤᠪᠢ ᠣᠷᠣᠭᠤᠯᠤᠭᠰᠠᠨ ᠮᠥᠩᠭᠦ ᠂ ᠴᠠᠯᠢᠩ ᠮᠥᠩᠭᠦ ᠂ ᠲᠦᠷᠢᠶᠡᠰᠦᠨ ᠮᠥᠩᠭᠦ ︾ ᠶᠢᠨ ᠠᠷᠭ᠎ᠠ ᠮᠠᠶ᠋ᠢᠭ ᠢᠶᠠᠷ ᠣᠷᠳᠣ ᠬᠤᠭᠤᠴᠠᠭᠠᠨ ᠤ ᠦᠷ᠎ᠡ ᠠᠰᠢᠭ ᠣᠯᠵᠤ ᠂ | ᠨᠡᠭᠦᠷᠡᠰᠦᠨ ᠠᠭᠤᠷᠬᠠᠢ ᠶᠢᠨ ᠳᠠᠬᠢᠨ ᠬᠠᠭᠠᠯᠪᠤᠷᠢᠯᠠᠬᠤ ᠣᠷᠣᠨ ᠤ ᠪᠣᠬᠢᠷᠲᠤᠯ ᠦᠭᠡᠢ ᠠᠵᠤ ᠠᠬᠤᠢ ᠶᠢᠨ ᠬᠥᠭᠵᠢᠯᠲᠡ ᠶᠢᠨ ︽ ᠦᠷ᠎ᠠ ᠠᠰᠢᠭ ︾ ᠢ ᠬᠥᠭᠵᠢᠭᠡᠵᠦ | ᠪᠣᠯᠣᠨ᠎ᠠ ᠃ | | | | ᠳᠠᠷᠠᠭᠠᠴᠢ ᠶᠢᠨ ᠠᠯᠬᠤᠮ ᠳᠤ ᠂ ᠵᠡᠭᠦᠨᠭᠠᠷ ᠵᠤᠤ ᠪᠠᠯᠭᠠᠰᠤ ︽ᠤᠳᠤ ᠦᠶ᠎ᠡ ᠶᠢᠨ ᠡᠨᠧᠷᠭᠢ ᠶᠢᠨ ᠠᠵᠤ ᠠᠬᠤᠢ + ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ + ᠬᠥᠳᠡᠭᠡ ᠲᠣᠰᠬᠤᠨ ᠢ ᠬᠥᠭᠵᠢᠭᠦᠯᠬᠦ︾ ᠶᠡᠷᠦᠩᠬᠡᠶᠢᠯᠡᠭᠰᠡᠨ ᠬᠥᠭᠵᠢᠯᠲᠡ ᠶᠢᠨ ᠵᠠᠭᠪᠤᠷ ᠢ ᠲᠦᠷᠭᠡᠨ ᠪᠠᠶᠢᠭᠤᠯᠵᠤ ᠂ ᠪᠣᠬᠢᠷᠲᠤᠯ ᠦᠭᠡᠢ | ᠠᠭᠤᠷᠬᠠᠢ ᠶᠢᠨ︽ᠠᠵᠤ ᠦᠢᠯᠡᠳᠪᠦᠷᠢ ᠪᠠᠵᠤᠭᠠᠴᠠᠯ︾ ᠤᠨ ᠡᠬᠢ ᠪᠠᠶᠠᠯᠢᠭ ᠪᠣᠯᠣᠨ ᠵᠡᠭᠦᠨᠭᠠᠷ ᠵᠤᠤ ᠵᠤᠭᠠᠴᠠᠯ ᠤᠨ ᠣᠷᠣᠨ ᠤ︽ᠰᠣᠶᠣᠯ ᠵᠤᠭᠠᠴᠠᠯ︾ ᠤᠨ ᠡᠬᠢ | ᠪᠠᠶᠠᠯᠢᠭ ᠲᠠᠢ ᠬᠤᠯᠪᠣᠭᠠᠯᠠᠵᠤ ᠂ ᠪᠣᠬᠢᠷᠲᠤᠯ ᠦᠭᠡᠢ ᠠᠭᠤᠷᠬᠠᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠰᠠᠭᠤᠷᠢᠨ ᠭᠠᠵᠠᠷ ᠤᠨ ᠬᠤᠶᠠᠳᠤᠭᠠᠷ | ᠬᠤᠭᠤᠴᠠᠭᠠᠨ ᠤ ᠲᠦᠷᠦᠯ ᠵᠦᠢᠯ ᠢ ᠬᠡᠷᠡᠭᠵᠢᠭᠦᠯᠵᠦ ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠤᠬᠠᠭᠠᠨ + ᠬᠥᠳᠡᠭᠡ ᠲᠣᠰᠬᠤᠨ ᠤ ᠣᠷᠣᠨ | ᠰᠠᠭᠤᠴᠠ ᠶᠢ ᠪᠡᠶᠡᠴᠢᠯᠡᠨ ᠣᠶᠢᠯᠠᠭᠠᠬᠤ︾ ᠣᠨᠴᠠᠯᠢᠭᠲᠤ ᠬᠢᠴᠢᠶᠡᠯ ᠢ ᠭᠠᠷᠭᠠᠵᠤ ᠂ ᠳ᠋ᠦᠩᠱᠧᠩ ᠬᠢᠶ᠎ᠠ ᠪᠠᠭᠰᠢ ᠡᠵᠡᠨ ᠬᠤᠷᠤᠭ᠎ᠠ ᠶᠢᠨ︽ᠭᠠᠷᠠᠭ ᠤᠨ ᠰᠡᠭᠦᠯᠴᠢ ᠶᠢᠨ | ᠠᠵᠤ ᠠᠬᠤᠢ︾ ᠶᠢᠨ ᠬᠦᠭᠵᠢᠶᠡᠨᠳᠤ ᠭᠠᠵᠠᠷ ᠢ ᠪᠦᠷᠢᠯᠳᠦᠭᠦᠯᠦᠨ᠎ᠡ᠃ ᠡᠭᠦᠨ ᠤ ᠬᠠᠮᠲᠤ ᠠᠭᠤᠷᠬᠠᠢ ᠶᠢᠨ ᠣᠷᠣᠨ ᠤ ᠳᠠᠬᠢᠨ ᠬᠠᠭᠠᠯᠪᠤᠷᠢᠯᠠᠭᠰᠠᠨ ᠭᠠᠵᠠᠷ ᠰᠢᠷᠣᠢ ᠶᠢ | ᠭᠦᠢᠴᠡᠳ ᠠᠰᠢᠭᠯᠠᠨ ᠳᠠᠷᠢᠵᠤ ᠲᠡᠵᠢᠭᠡᠬᠦ ᠦᠢᠯᠡᠰ ᠪᠠ ᠬᠡᠷᠡᠯ ᠴᠡᠨᠡᠭ ᠤᠨ ᠠᠵᠤ ᠦᠢᠯᠡᠰ ᠢ ᠬᠠᠷᠢᠯᠴᠠᠨ ᠤᠶᠠᠯᠳᠤᠭᠤᠯᠤᠭᠰᠠᠨ ᠲᠠᠷᠢᠶᠠᠯᠠᠩ ᠪᠠ ᠬᠡᠷᠡᠯ ᠴᠡᠨᠡᠭ | ᠬᠠᠷᠢᠯᠴᠠᠨ ᠨᠥᠬᠦᠪᠦᠷᠢᠯᠡᠬᠦ ᠠᠵᠤ ᠦᠢᠯᠡᠰ ᠢ ᠬᠥᠭᠵᠢᠭᠦᠯᠵᠦ ᠂ ᠠᠵᠤ ᠠᠬᠤᠢ ᠶᠢᠨ ᠦᠷ᠎ᠡ ᠠᠰᠢᠭ ᠂ ᠨᠡᠶᠢᠭᠡᠮ ᠤᠨ ᠦᠷ᠎ᠡ ᠠᠰᠢᠭ ᠂ ᠠᠮᠢ ᠠᠬᠤᠢ ᠶᠢᠨ ᠦᠷ᠎ᠡ | ᠠᠰᠢᠭ ᠤᠨ ᠣᠷᠭᠠᠨᠢᠭ ᠨᠢᠭᠡᠳᠦᠯ ᠢ ᠬᠦᠴᠦᠯᠡᠨ ᠪᠡᠶᠡᠯᠡᠭᠦᠯᠵᠦ ᠂ ᠠᠭᠤᠷᠬᠠᠢ ᠶᠢᠨ ᠣᠷᠣᠨ ᠤ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ | ᠳᠡᠭᠲᠡᠷ ᠲᠤ ᠭᠠᠷᠬᠤ ᠶᠢ ᠠᠬᠢᠭᠤᠯᠤᠨ᠎ᠠ ᠃ | | | |