ᠤᠮᠠᠷᠠᠲᠤ ᠶᠢᠨ ᠵᠠᠮ ᠬᠠᠷᠢᠯᠴᠠᠭᠠᠨ ᠤ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠢᠦᠢ ᠺᠠᠢ ᠨᠠᠷ ᠮᠠᠨ ᠤ ᠬᠤᠰᠢᠭᠤᠨ ᠳᠤ ᠢᠷᠡᠵᠤ ᠠᠶᠢᠯᠴᠢᠯᠠᠯ᠎ᠠ
ᠨᠡᠶᠢᠲᠡᠯᠡᠭᠰᠡᠨ ᠴᠠᠭ᠄
2025/4/7
   4 ᠰᠠᠷ᠎ᠠ ᠶᠢᠨ 2  ᠤᠨ ᠡᠳᠦᠷ ᠤᠨ ᠦᠳᠡ ᠶᠢᠨ ᠡᠮᠦᠨ᠎ᠡ ᠂ ᠤᠮᠠᠷᠠᠲᠤ ᠶᠢᠨ ᠵᠠᠮ ᠬᠠᠷᠢᠯᠴᠠᠭᠠᠨ ᠤ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠢᠦᠢ ᠺᠠᠢ ᠨᠠᠷ ᠮᠠᠨ ᠤ ᠬᠤᠰᠢᠭᠤᠨ ᠳᠤ ᠢᠷᠡᠵᠤ ᠠᠶᠢᠯᠴᠢᠯᠠᠨ ᠂ ᠠᠭᠤᠷᠬᠠᠢ  ᠳᠤ ᠭᠡᠷᠡᠭᠯᠡᠬᠦ ᠮᠠᠰᠢᠨ ᠮᠧᠬᠠᠨᠢᠭ ᠵᠢᠴᠢ ᠰᠤᠳᠤᠯᠭᠠᠨ ᠤ ᠲᠥᠪ ᠢ ᠪᠠᠶᠢᠭᠤᠯᠬᠤ ᠤᠴᠢᠷ ᠶᠠᠪᠤᠳᠠᠯ ᠤᠨ ᠲᠤᠬᠠᠢ ᠰᠢᠨᠵᠢᠯᠡᠨ ᠪᠠᠶᠢᠴᠠᠭᠠᠵᠤ ᠶᠠᠷᠢᠯᠴᠠᠬᠤ ᠬᠤᠷᠠᠯ ᠬᠢᠵᠦ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠶᠠᠷᠢᠯᠴᠠᠬᠤ ᠬᠤᠷᠠᠯ ᠳᠤ ᠣᠷᠣᠯᠴᠠᠵᠠᠢ ᠃ 
 访谈1(1).png
ᠵᠢᠷᠤᠭ ᠄ 4 ᠰᠠᠷ᠎ᠠ ᠶᠢᠨ 2  ᠤᠨ ᠡᠳᠤᠷ ᠤᠨ ᠦᠳᠡ ᠶᠢᠨ ᠡᠮᠦᠨ᠎ᠡ ᠂ ᠤᠮᠠᠷᠠᠲᠤ ᠶᠢᠨ ᠵᠠᠮ ᠬᠠᠷᠢᠯᠴᠠᠭᠠᠨ ᠤ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠢᠦᠢ ᠺᠠᠢ ᠨᠠᠷ ᠮᠠᠨ ᠤ ᠬᠤᠰᠢᠭᠤᠨ ᠳᠤ ᠢᠷᠡᠵᠤ ᠂ ᠠᠭᠤᠷᠬᠠᠢ  ᠳᠤ ᠭᠡᠷᠡᠭᠯᠡᠬᠦ ᠮᠠᠰᠢᠨ ᠮᠧᠬᠠᠨᠢᠭ ᠵᠢᠴᠢ ᠰᠤᠳᠤᠯᠭᠠᠨ ᠤ ᠲᠥᠪ ᠢ ᠪᠠᠶᠢᠭᠤᠯᠬᠤ ᠲᠤᠬᠠᠢ ᠰᠢᠨᠵᠢᠯᠡᠨ ᠪᠠᠶᠢᠴᠠᠭᠠᠵᠤ ᠶᠠᠷᠢᠯᠴᠠᠬᠤ ᠬᠤᠷᠠᠯ ᠬᠢᠵᠦ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠶᠠᠷᠢᠯᠴᠠᠬᠤ ᠬᠤᠷᠠᠯ ᠳᠤ ᠣᠷᠣᠯᠴᠠᠪᠠ ᠃ ᠶᠤᠸᠠᠢ ᠴᠧᠨ ᠶᠠᠨ ᠰᠡᠭᠦᠳᠡᠷᠯᠡᠪᠡ    ᠶᠠᠷᠢᠯᠴᠠᠬᠤ ᠬᠤᠷᠠᠯ ᠳᠡᠭᠡᠷ᠎ᠡ ᠂ ᠴᠢᠦᠢ ᠺᠠᠢ ᠠᠶᠢᠯᠴᠢᠯᠠᠵᠤ ᠰᠢᠨᠵᠢᠯᠡᠨ ᠪᠠᠶᠢᠴᠠᠭᠠᠬᠤ ᠵᠣᠷᠢᠯᠭ᠎ᠠ ᠪᠠᠨ ᠲᠣᠪᠴᠢ ᠲᠣᠳᠣᠷᠬᠠᠶᠢᠯᠠᠭᠰᠠᠨ ᠤ ᠬᠠᠮᠲᠤ ᠂ ᠠᠵᠤ ᠠᠬᠤᠶᠢᠯᠠᠯ ᠤᠨ ᠲᠣᠶᠢᠮᠣ ᠪᠠᠶᠢᠳᠠᠯ ᠂ ᠬᠥᠭᠵᠢᠯᠲᠡ ᠶᠢᠨ ᠶᠠᠪᠤᠴᠠ ᠵᠢᠴᠢ ᠰᠤᠳᠤᠯᠭᠠᠨ ᠤ ᠦᠷ᠎ᠡ ᠪᠦᠲᠦᠭᠡᠯ ᠂ ᠦᠢᠯᠡᠳᠪᠦᠷᠢᠯᠡᠯ ᠤᠨ ᠴᠢᠳᠠᠪᠤᠷᠢ ᠶᠢᠨ ᠬᠡᠪᠴᠢᠶ᠎ᠡ ᠂ ᠪᠦᠲᠦᠭᠡᠭᠳᠡᠬᠦᠨ ᠤ ᠵᠠᠬ᠎ᠠ ᠳᠡᠯᠭᠡᠭᠦᠷ ᠵᠡᠷᠭᠡ ᠪᠠᠶᠢᠳᠠᠯ ᠢ ᠤᠯᠠᠮ ᠴᠢᠨᠠᠬᠰᠢᠳᠠ ᠲᠠᠨᠢᠯᠴᠠᠭᠤᠯᠤᠭᠰᠠᠨ ᠤ ᠬᠠᠮᠲᠤ ᠂ ᠮᠠᠨ ᠤ ᠬᠤᠰᠢᠭᠤᠨ ᠤ ᠠᠵᠤ ᠦᠢᠯᠡᠰ ᠤᠨ ᠳᠠᠭᠠᠭᠠᠴᠠ ᠶᠢᠨ ᠶᠡᠷᠦᠩᠬᠡᠶᠢᠯᠡᠭᠰᠡᠨ ᠳᠠᠪᠠᠭᠤᠯᠢᠭ ᠢ ᠭᠦᠢᠴᠡᠳ ᠨᠤᠲᠠᠯᠠᠵᠤ ᠂ ᠪᠡᠯᠡ ᠣᠷᠣᠭᠤᠯᠤᠨ ᠬᠥᠭᠵᠢᠭᠦᠯᠬᠦ ᠬᠦᠰᠡᠯ ᠢᠶᠠᠨ ᠢᠯᠡᠳᠬᠡᠵᠡᠢ ᠃ ᠸᠠᠩ ᠭᠦᠸᠧ ᠴᠢᠦᠸᠠᠨ ᠴᠢᠦᠢ ᠺᠠᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠡᠮᠦᠨᠡᠬᠢ ᠬᠤᠭᠤᠴᠠᠭᠠᠨ ᠤ ᠰᠢᠨᠵᠢᠯᠡᠨ ᠪᠠᠶᠢᠴᠠᠭᠠᠯᠳᠠ ᠪᠠᠶᠢᠴᠠᠭᠠᠨ ᠰᠤᠳᠤᠯᠤᠯᠲᠠ ᠶᠢ ᠬᠠᠮᠲᠤᠷᠠᠯᠴᠠᠨ ᠰᠠᠶᠢᠲᠤᠷ ᠥᠷᠨᠢᠭᠦᠯᠬᠦ ᠂ ᠠᠵᠤ ᠦᠢᠯᠡᠰ ᠤᠨ ᠲᠦᠷᠦᠯ ᠵᠦᠢᠯ ᠤᠨ ᠳᠠᠭᠠᠭᠠᠴᠠ ᠶᠢᠨ ᠬᠦᠴᠤᠨ ᠵᠤᠶᠢᠯ ᠤᠨ ᠬᠡᠷᠡᠭᠴᠡᠭᠡ ᠶᠢ ᠰᠠᠶᠢᠲᠤᠷ ᠪᠣᠳᠣᠯᠬᠢᠯᠠᠬᠤ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠥᠯᠦᠪᠵᠢᠭᠦᠯᠭᠡ ᠶᠢ ᠰᠠᠶᠢᠲᠤᠷ ᠲᠣᠭᠲᠠᠭᠠᠬᠤ ᠂ ᠠᠵᠤ ᠠᠬᠤᠶᠢᠯᠠᠯ ᠳᠤ ᠦᠢᠯᠡᠴᠢᠯᠡᠬᠦ ᠶᠢ ᠪᠠᠲᠤᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠵᠡᠷᠭᠡ ᠤᠴᠢᠷ ᠶᠠᠪᠤᠳᠠᠯ ᠤᠨ ᠲᠤᠬᠠᠢ ᠬᠤᠷᠠᠯ ᠳᠤ ᠣᠷᠣᠯᠴᠠᠭᠰᠠᠳ ᠲᠠᠢ ᠭᠦᠨᠵᠡᠭᠡᠢ ᠰᠠᠨᠠᠯ ᠢᠶᠠᠨ ᠰᠣᠯᠢᠯᠴᠠᠪᠠ᠃    ᠬᠤᠷᠠᠯ ᠤᠨ ᠲᠠᠷᠠᠭ᠎ᠠ᠂ ᠴᠢᠦᠢ ᠺᠠᠢ ᠨᠠᠷ ᠪᠠᠰᠠ ᠵᠡᠭᠦᠨᠭᠠᠷ ᠠᠵᠤ ᠠᠬᠤᠢ ᠶᠢᠨ ᠨᠡᠭᠡᠭᠡᠯᠲᠡ ᠵᠢᠨ‌ᠤᠷᠤᠨ ᠳᠤ ᠬᠦᠷᠴᠦ ᠬᠦᠷᠢᠶᠡᠯᠡᠩ ᠲᠣᠭᠤᠷᠢᠭ ᠤᠨ ᠬᠡᠷᠡᠭᠯᠡᠬᠦ ᠭᠠᠵᠠᠷ ᠰᠢᠷᠣᠢ ᠶᠢᠨ ᠲᠠᠷᠬᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ  ᠲᠤᠨᠢ ᠰᠢᠨᠵᠢᠯᠡᠨ ᠪᠠᠶᠢᠴᠠᠭᠠᠪᠠ᠃  ᠰᠢᠶᠠᠨ ᠤ ᠱᠠᠲᠤᠨ ᠤ ᠤᠳᠤᠷᠢᠳᠤᠯᠭ᠎ᠠ ᠴᠢᠶᠣᠤ ᠠᠢ ᠫᠢᠩ ᠂ ᠦ᠋ ᠰᠢᠦᠢ ᠳ᠋ᠦᠩ ᠂ ᠸᠠᠩ ᠮᠢᠨ ᠂ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠂ ᠵᠠᠷᠢᠮ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠳ ᠣᠷᠣᠯᠴᠠᠵᠠᠢ ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ