ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ  ᠨᠢ ᠣᠢ ᠰᠢᠭᠤᠶ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠤᠷᠢᠭᠯᠠᠬᠤ ᠨᠢᠬᠡᠨ ᠤᠳᠠᠭ᠎ᠠ ᠶᠢᠨ ᠶᠡᠷᠦᠩᠬᠡᠶ ᠳᠠᠶᠢᠯᠠᠯᠳᠤᠭᠠᠨ ᠢ ᠬᠢᠬᠦ ᠬᠡᠷᠡᠭᠳᠠᠢ
ᠨᠡᠶᠢᠲᠡᠯᠡᠭᠰᠡᠨ ᠴᠠᠭ᠄
2025/4/8
    3 ᠰᠠᠷ᠎ᠠ ᠶᠢᠨ 25 ᠤ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠬᠦᠷᠴᠦ ᠂ ᠣᠶ ᠰᠢᠭᠤᠶ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠡᠷᠬᠢᠨ ᠬᠤᠷᠢᠭᠯᠠᠬᠤ ᠲᠤᠬᠠᠶ ᠪᠠᠶᠢᠴᠠᠭᠠᠨ ᠰᠤᠳᠤᠯᠵᠠᠢ ᠃
   今日1(1).jpg   
    ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢ ᠬᠡᠮᠵᠢᠨ ᠵᠢᠷᠤᠬᠯᠠᠬᠤ ᠲᠥᠪ ᠲᠤ ᠂ ᠰᠦᠨ ᠱᠤᠤ ᠴᠧᠩ ᠥᠪᠥᠷ ᠮᠣᠩᠭᠤᠯ ᠤᠨ ᠳᠠᠭᠠᠭᠤᠯᠢ ᠣᠳᠣᠨ ᠤ ᠠᠯᠤᠰ ᠰᠡᠷᠡᠯ ᠤᠨ ᠡᠭᠦᠯᠡᠨ ᠦᠢᠯᠡᠴᠢᠯᠡᠭᠡᠨ ᠤ ᠲᠠᠪᠴᠠᠩ ᠤᠨ ᠦᠵᠡᠭᠦᠯᠭᠡ ᠶᠢ ᠦᠵᠡᠵᠦ ᠂ ᠳᠠᠭᠠᠭᠤᠯᠢ ᠣᠳᠣᠨ ᠤ ᠠᠯᠤᠰ ᠰᠡᠷᠡᠯ ᠤᠨ ᠳ᠋ᠠᠶᠢᠲ᠋ᠠ ᠶᠢ ᠠᠰᠢᠭᠯᠠᠨ ᠬᠠᠤᠯᠢ ᠶᠢ ᠵᠥᠷᠢᠴᠡᠨ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ ᠢ ᠬᠢᠨᠠᠨ ᠬᠡᠮᠵᠢᠬᠦ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠭᠦᠨᠵᠡᠭᠡᠶ ᠶᠠᠷᠢᠯᠴᠠᠨ ᠰᠣᠯᠢᠯᠴᠠᠪᠠ ᠃ ᠲᠡᠷᠡ ᠂ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠤᠨ ᠬᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠵᠢᠯᠴᠠᠨ ᠠᠵᠢᠯᠯᠠᠬᠤ ᠪᠠᠨ ᠴᠢᠩᠭᠠᠳᠬᠠᠵᠤ ᠂ ᠳᠠᠭᠠᠭᠤᠯᠢ ᠣᠳᠣᠨ ᠤ ᠠᠯᠤᠰ ᠰᠡᠷᠡᠯ ᠤᠨ ᠳ᠋ᠠᠶᠢᠲ᠋ᠠ ᠶᠢ ᠭᠦᠢᠴᠡᠳ ᠠᠰᠢᠭᠯᠠᠨ ᠂ ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠭᠰᠠᠨ ᠬᠠᠤᠯᠢ ᠪᠤᠰᠤ ᠪᠠᠷ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ ᠡᠯ᠎ᠡ ᠵᠦᠢᠯ ᠤᠨ ᠠᠵᠢᠯᠯᠠᠭ᠎ᠠ ᠶᠢ ᠨᠢᠭᠲᠠ ᠮᠦᠷᠳᠡᠨ ᠬᠢᠨᠠᠨ ᠬᠡᠮᠵᠢᠵᠦ ᠂ ᠠᠰᠠᠭᠤᠳᠠᠯ ᠤᠨ ᠰᠦᠪᠡᠭᠴᠢ ᠶᠢ ᠢᠯᠡᠷᠡᠭᠦᠯᠪᠡᠯ ᠳᠠᠷᠤᠶ ᠲᠦᠷᠭᠡᠨ ᠰᠢᠢᠳᠪᠦᠷᠢᠯᠡᠬᠦ ᠬᠡᠷᠡᠭᠲᠡᠶ ᠭᠡᠪᠡ ᠃    ᠰᠦᠨ ᠱᠤᠤ ᠴᠧᠩ ᠂ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠨᠢ ︽ ᠤᠮᠠᠷᠠᠲᠤ ᠶᠢᠨ ᠭᠤᠷᠪᠠᠨ ᠤᠷᠤᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠶᠢ ᠤᠳᠠᠭᠠᠰᠢᠷᠠᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠨᠥᠯᠥᠭᠡᠯᠡᠵᠦ ᠪᠤᠢ ᠂ ᠡᠷᠬᠡᠪᠰᠢ ᠬᠦᠴᠦᠲᠡᠢ ᠴᠡᠭᠴᠡᠯᠡᠨ ᠵᠠᠰᠠᠵᠤ ᠂ ᠡᠨᠡ ᠬᠦ ᠭᠠᠵᠢᠭᠤ ᠰᠤᠷᠲᠠᠯ ᠢ ᠡᠷᠡᠰ ᠬᠤᠷᠢᠭᠯᠠᠬᠤ ᠬᠡᠷᠡᠭᠲᠡᠢ ᠃ ᠡᠨᠡ ᠵᠢᠯ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠤᠷᠢᠭᠯᠠᠬᠤ ᠨᠢᠬᠡᠨ ᠤᠳᠠᠭ᠎ᠠ ᠶᠢᠨ ᠶᠡᠷᠦᠩᠬᠡᠢ ᠳᠠᠶᠢᠯᠠᠯᠳᠤᠭᠠᠨ ᠢ ᠬᠢᠵᠤ ᠂ ᠬᠢᠯᠪᠠᠷ ᠪᠤᠰᠤ ᠪᠠᠷ ᠢᠷᠡᠭᠰᠡᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠃ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠤ ᠪᠠᠶᠢᠭᠤᠯᠤᠯᠲᠠ ᠶᠢ ᠴᠢᠩᠭᠠᠳᠬᠠᠨ ᠂ ᠭᠠᠴᠠᠭ᠎ᠠ ᠲᠣᠰᠬᠤᠨ ᠤ ︽ ᠬᠤᠶᠠᠷ ᠵᠥᠪᠯᠡᠯ ︾ ᠤᠨ ᠬᠢᠨ ᠤ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠮᠡᠳᠡᠭᠦᠯᠬᠦ ᠶᠢ ᠱᠠᠯᠠᠪᠳᠠᠭᠤᠯᠵᠤ ᠂ ︽ ᠭᠤᠷᠪᠠᠨ ᠨᠢᠳᠦ ︾ ᠪᠠᠷ ᠬᠢᠨᠠᠨ ᠬᠡᠮᠵᠢᠬᠦ ᠂ ︽ ᠭᠤᠷᠪᠠᠨ ᠱᠤᠭᠤᠮ ︾ ᠢᠶᠠᠷ ᠤᠷᠢᠳᠴᠢᠯᠠᠨ ᠰᠡᠷᠡᠮᠵᠢᠯᠡᠭᠦᠯᠬᠦ ︽ ᠪᠤᠯᠳᠠᠵᠦ ᠭᠠᠷᠤᠰᠢ ᠦᠭᠡᠢ ᠪᠦᠰᠡᠯᠡᠯᠳᠡ ︾ ᠶᠢ ᠪᠠᠶᠢᠭᠤᠯᠬᠤ ᠬᠡᠷᠡᠭᠲᠡᠶ ᠃ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠠᠵᠢᠯᠯᠠᠭ᠎ᠠ ᠳᠤ ᠴᠣᠬᠢᠯᠲᠠ ᠥᠭᠬᠦ ᠶᠢ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠪᠤᠶᠢᠮ᠎ᠠ ᠪᠠᠶᠢᠷᠢᠨ ᠳᠤ ᠲᠠᠯᠪᠢᠵᠤ ᠂ ᠡᠯ᠎ᠡ ᠵᠦᠢᠯ ᠤᠨ ᠰᠠᠮᠠᠭᠤᠨ ᠦᠵᠡᠭᠳᠡᠯ ᠳᠤ ᠢᠯᠡᠷᠡᠮᠡᠭᠴᠡ ᠴᠣᠬᠢᠯᠲᠠ ᠥᠭᠴᠦ ᠂ ᠬᠦᠴᠦᠲᠡᠢ ᠰᠦᠷᠳᠡᠭᠦᠯᠦᠯ ᠢ ᠪᠤᠢ ᠪᠣᠯᠭᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠠᠴᠠ ᠦᠨᠳᠦᠰᠦᠨ ᠱᠠᠲᠤᠨ ᠤ ᠡᠮᠦᠨ᠎ᠡ ᠹᠷᠣᠨᠲ ᠬᠦᠷᠲᠡᠯ᠎ᠡ ᠂ ᠰᠠᠬᠢᠯᠭ᠎ᠠ ᠪᠠᠲᠤ ᠪᠠᠶᠢᠴᠠᠭᠠᠬᠤ ᠂ ᠵᠣᠬᠢᠶᠠᠨ ᠪᠠᠶᠢᠭᠤᠯᠬᠤ ᠂ ᠤᠬᠠᠭᠤᠯᠬᠤ ᠂ ᠪᠠᠶᠢᠭᠠᠯᠢ ᠶᠢᠨ ᠡᠬᠢ ᠪᠠᠶᠠᠯᠢᠭ ᠂ ᠣᠶ ᠰᠢᠭᠤᠶ ᠨᠤᠲᠤᠭ ᠪᠡᠯᠴᠢᠭᠡᠷ ᠂ ᠲᠠᠷᠢᠶᠠᠯᠠᠩ ᠮᠠᠯ ᠠᠵᠤ ᠠᠬᠤᠶ ᠵᠡᠷᠭᠡ ᠨᠠᠮ ᠵᠠᠰᠠᠭ ᠤᠨ ᠰᠠᠯᠠᠭ᠎ᠠ ᠮᠥᠴᠢᠷ ᠠᠴᠠ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠡᠷᠭᠡ ᠬᠠᠤᠯᠢ ᠴᠠᠭᠠᠵᠠ ᠶᠢᠨ ᠪᠠᠶᠢᠭᠤᠯᠭ᠎ᠠ ᠬᠦᠷᠲᠡᠯ᠎ᠡ ᠂ ᠡᠯ᠎ᠡ ᠱᠠᠲᠤ ᠡᠯ᠎ᠡ ᠲᠠᠯ᠎ᠠ ᠶᠢᠨ ᠬᠢᠨ ᠴᠥᠮ ᠬᠥᠳᠡᠯᠦᠯᠴᠡᠵᠦ ᠂ ᠡᠭᠦᠷᠭᠡ ᠲᠤᠰᠢᠶᠠᠯ ᠳᠠᠭᠠᠨ ᠰᠠᠭᠤᠷᠢᠯᠠᠨ ᠰᠠᠨᠠᠭᠠᠴᠢᠯᠠᠭ᠎ᠠ ᠠᠴᠠ ᠪᠠᠨ ᠲᠡᠶᠢᠯᠠᠯᠳᠤᠭᠠᠨ ᠳᠤ ᠣᠷᠣᠯᠴᠠᠵᠤ ᠂ ᠣᠷᠣᠨ ᠳᠠᠶᠠᠭᠠᠷ ᠲᠤ ᠣᠶ ᠰᠢᠭᠤᠶ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠤᠷᠢᠭᠯᠠᠬᠤ ᠬᠦᠴᠦᠷᠬᠡᠭ ᠶᠡᠭᠡ ᠰᠦᠷ ᠬᠦᠴᠦᠨ ᠢ ᠪᠣᠶ ᠪᠣᠯᠭᠠᠬᠤ ᠬᠡᠷᠡᠭᠲᠡᠶ ᠭᠡᠪᠡ ᠃    ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ