| ᠣᠷᠳᠣᠰ ᠬᠤᠲᠠ ᠶᠢᠨ ᠬᠢᠨ ᠮᠣᠳᠣ ᠳᠠᠷᠢᠬᠤ ᠮᠠᠰᠢᠨ ᠬᠥᠮᠦᠨ ᠢ ᠰᠢᠨ᠎ᠡ ᠪᠠᠷ ᠡᠭᠦᠳᠦᠨ ᠰᠤᠳᠤᠯᠤᠨ ᠨᠡᠭᠡᠭᠡᠵᠦ ᠂ ︽ ᠤᠮᠠᠷᠠᠲᠤ ᠶᠢᠨ ᠭᠤᠷᠪᠠᠨ ᠣᠷᠣᠨ ︾ ᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠪᠠᠶᠢᠨ᠎ᠠ ᠃ ᠤᠯᠠᠮᠵᠢᠯᠠᠯᠲᠤ ᠠᠷᠭ᠎ᠠ ᠪᠣᠯᠬᠤ ᠬᠥᠮᠦᠨ ᠤ ᠬᠦᠴᠦ ᠪᠠᠷ ᠮᠣᠳᠣ ᠳᠠᠷᠢᠬᠤ ᠨᠢ | ᠦᠷ᠎ᠡ ᠪᠦᠲᠦᠮᠵᠢ ᠪᠠᠷ ᠳᠣᠤᠷ᠎ᠠ ᠂ ᠥᠪᠡᠷ ᠤᠨ ᠥᠷᠲᠡᠭ ᠢᠶᠠᠷ ᠥᠨᠳᠥᠷ ᠪᠠᠶᠢᠳᠠᠭ ᠵᠡᠷᠭᠡ ᠠᠰᠠᠭᠤᠳᠠᠯ ᠤᠳ ᠲᠤ ᠴᠢᠭᠯᠡᠭᠦᠯᠦᠨ ᠂ 2023 ᠣᠨ ᠳᠤ ᠣᠷᠳᠣᠰ | ᠬᠤᠲᠠ ᠨᠢ ᠥᠪᠥᠷ ᠮᠣᠩᠭᠤᠯ ᠤᠨ ᠶᠢᠨ ᠲᠠᠢ ᠮᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠯᠦᠭᠡ ᠬᠤᠯᠪᠣᠭᠠᠯᠠᠨ ᠪᠡᠶ᠎ᠡ ᠪᠠᠨ ᠳᠠᠭᠠᠭᠠᠭᠰᠠᠨ | ᠵᠠᠮᠴᠢᠯᠠᠬᠤ ᠂ ᠰᠦᠯᠵᠢᠶ᠎ᠡ ᠥᠯᠥ ᠬᠡᠷᠡᠭᠯᠡᠨ ᠴᠡᠭ ᠤᠨ ᠪᠠᠶᠢᠷᠢ ᠲᠣᠭᠲᠠᠭᠠᠬᠤ ᠵᠡᠷᠭᠡ ᠲᠡᠷᠢᠭᠦᠨ ᠤ ᠮᠡᠷᠭᠡᠵᠢᠯ ᠢ ᠠᠮᠵᠢᠯᠲᠠ ᠲᠠᠢ ᠰᠤᠳᠤᠯᠤᠨ ᠨᠡᠭᠡᠭᠡᠭᠰᠡᠨ ᠪᠥᠭᠡᠳ | ᠰᠢᠷᠣᠶ ᠪᠦᠷᠬᠦᠬᠦ ᠮᠠᠰᠢᠨ ᠂ ᠬᠠᠳᠬᠤᠨ ᠰᠠᠭᠤᠯᠭᠠᠬᠤ ᠮᠠᠰᠢᠨ ᠵᠡᠷᠭᠡ ᠲᠥᠬᠦᠭᠡᠷᠦᠮᠵᠢ ᠳᠤ ︽ ᠵᠢᠦᠢ ᠮᠠᠩ 301 ︾ ᠮᠣᠳᠣ ᠳᠠᠷᠢᠬᠤ ᠮᠠᠰᠢᠨ ᠬᠥᠮᠦᠨ ᠢ | ᠳᠣᠭᠢᠷᠠᠭᠤᠯᠪᠠ ᠃ ᠡᠨᠡ ᠬᠦ ᠮᠠᠰᠢᠨ ᠬᠥᠮᠦᠨ ᠨᠢ ᠨᠢᠭᠡ ᠯᠡ ᠤᠳᠠᠭ᠎ᠠ ᠳᠤ 1700 ᠰᠠᠭᠤᠷᠢ ᠴᠢᠬᠢ ᠮᠣᠳᠣ ᠪᠠ 3 ᠲᠣᠨ ᠤᠰᠤ ᠶᠢ ᠠᠴᠢᠶᠠᠯᠠᠵᠤ ᠂ ᠬᠦᠷᠦᠰᠦ ᠶᠢ | ᠰᠤᠯᠠᠷᠠᠭᠤᠯᠬᠤ ᠪᠠ ᠴᠢᠬᠢ ᠮᠣᠳᠣ ᠰᠠᠭᠤᠯᠭᠠᠬᠤ ᠵᠡᠷᠭᠡ ᠠᠵᠢᠯ ᠤᠨ ᠶᠠᠪᠤᠴᠠ ᠶᠢ ᠠᠦ᠋ᠲ᠋ᠣᠵᠢᠭᠤᠯᠤᠨ ᠪᠡᠶᠡᠯᠡᠭᠦᠯᠵᠦ ᠳᠡᠶᠢᠯᠦᠨ᠎ᠡ ᠂ ᠠᠵᠢᠯ ᠤᠨ ᠦᠷ᠎ᠡ | ᠪᠦᠲᠦᠮᠵᠢ ᠶᠢ ᠨᠢ ᠬᠥᠮᠦᠨ ᠤ ᠬᠦᠴᠦᠨ ᠯᠦᠭᠡ ᠠᠳᠠᠯᠢᠳᠬᠠᠬᠤ ᠳᠤ ᠬᠡᠳᠦᠨ 10 ᠳᠠᠬᠢᠨ ᠳᠡᠭᠡᠭᠰᠢᠯᠡᠵᠦ ᠂ ᠥᠪᠡᠷ ᠤᠨ ᠥᠷᠲᠡᠭ ᠨᠢ ᠤᠯᠠᠮᠵᠢᠯᠠᠯᠲᠤ ᠠᠷᠭ᠎ᠠ ᠪᠣᠯᠬᠤ | ᠬᠥᠮᠦᠨ ᠤ ᠬᠦᠴᠦ ᠪᠠᠷ ᠲᠠᠷᠢᠬᠤ ᠶᠢᠨ 30% ᠣᠷᠴᠢᠮ ᠯᠡ ᠪᠠᠶᠢᠳᠠᠭ ᠃ ᠶᠢᠨ ᠲᠠᠢ ᠮᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠨᠢ ᠪᠠᠰᠠ | ᠲᠠᠷᠢᠮᠠᠯ ᠤᠨ ᠭᠦᠨᠴᠡ ᠶᠢ ᠥᠪᠡᠰᠦᠪᠡᠨ ᠲᠤᠬᠢᠷᠠᠭᠤᠯᠵᠤ ᠳᠡᠶᠢᠯᠬᠦ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠣᠶᠣᠨᠴᠢ ᠮᠠᠰᠢᠨ ᠬᠥᠮᠦᠨ ᠢ ᠰᠤᠳᠤᠯᠤᠨ ᠨᠡᠭᠡᠭᠡᠭᠡᠳ | ᠴᠢᠬᠢ ᠮᠣᠳᠣ ᠲᠠᠷᠢᠵᠤ ᠰᠠᠭᠤᠯᠭᠠᠬᠤ ᠭᠦᠨᠴᠡ ᠨᠢ 80 ᠰᠡᠨᠲ᠋ᠢᠮᠧᠳ᠋ᠷ ᠪᠠᠶᠢᠭᠰᠠᠨ ᠢ 30 - 40 ᠰᠡᠨᠲ᠋ᠢᠮᠧᠳ᠋ᠷ ᠪᠣᠯᠭᠠᠨ ᠲᠣᠬᠢᠷᠠᠭᠤᠯᠵᠤ ᠂ ᠲᠠᠷᠢᠵᠤ ᠰᠠᠭᠤᠯᠭᠠᠬᠤ | ᠦᠷ᠎ᠡ ᠪᠦᠲᠦᠮᠵᠢ ᠶᠢ ᠨᠢ ᠬᠥᠮᠦᠨ ᠤ ᠬᠦᠴᠦ ᠪᠠᠷ ᠲᠠᠷᠢᠵᠤ ᠰᠠᠭᠤᠯᠭᠠᠬᠤ ᠯᠤᠭ᠎ᠠ 40 ᠰᠢᠬᠠᠮ ᠲᠠᠬᠢᠨ ᠳᠡᠭᠡᠭᠰᠢᠯᠡᠵᠦ ᠂ ᠭᠡᠷᠡᠯᠴᠢ ᠴᠡᠨᠡᠭ ᠤᠨ ᠴᠠᠬᠢᠯᠭᠠᠨ | ᠥᠷᠲᠡᠭᠡᠨ ᠤ ᠭᠠᠵᠠᠷ ᠳᠣᠣᠷ᠎ᠠ ᠪᠤᠯᠠᠭᠰᠠᠨ ᠴᠠᠬᠢᠯᠭᠠᠨ ᠳᠡᠭᠡᠰᠦᠨ ᠤ ᠡᠪᠳᠡᠭᠳᠡᠵᠦ ᠲᠠᠰᠤᠷᠠᠬᠤ ᠶᠢ ᠪᠦᠲᠦᠮᠵᠢᠲᠡᠢ ᠰᠡᠷᠭᠡᠶᠢᠯᠡᠵᠦ ᠳᠡᠶᠢᠯᠬᠦ ᠪᠣᠯᠤᠨ᠎ᠠ ᠃ ᠬᠠᠲᠤᠨ | ᠭᠤᠤᠯ ᠤᠨ ᠲᠣᠮᠣ ᠲᠣᠬᠤᠢ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠥᠷᠨᠢᠭᠦᠯᠦᠭᠰᠡᠨ ᠠᠴᠠ ᠨᠠᠭᠠᠰᠢ ᠂ ᠪᠥᠬᠦ ᠬᠤᠲᠠ ᠶᠢᠨ ᠮᠧᠬᠠᠨᠢᠭᠵᠢᠯᠲᠠ ᠶᠢᠨ ᠨᠣᠷᠮ᠎ᠠ ᠨᠢ | 75% ᠠᠴᠠ ᠳᠡᠭᠡᠭᠰᠢ ᠳᠤ ᠬᠦᠷᠴᠦ ᠂ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠯᠲᠡ ᠳᠤ ᠤᠯᠠᠷᠢᠭᠤᠯᠤᠭᠰᠠᠨ | ᠨᠣᠷᠮ᠎ᠠ ᠨᠢ 60% ᠳᠤ ᠬᠦᠷᠪᠡ ᠃ ︵ ᠤᠷᠳᠤᠰ ᠬᠤᠳᠠ ᠶᠢᠨ ᠵᠠᠰᠠᠭ ᠤᠨ ᠣᠷᠳᠣᠨ ︶ | | |