| ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ | ᠡᠮᠦᠨ᠎ᠡ ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ | ᠬᠡᠯᠡᠯᠴᠡᠭᠡ ᠬᠢᠪᠡ ᠃ ᠬᠤᠶᠠᠷ ᠤᠯᠤᠰ ᠤᠨ ᠲᠡᠷᠢᠭᠦᠨ ᠳᠤᠮᠳᠠᠳᠤ ᠤᠷᠤᠰ ᠤᠨ ᠬᠠᠷᠢᠯᠴᠠᠭ᠎ᠠ ᠪᠣᠯᠣᠨ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ | ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ ᠂ | ᠳᠤᠮᠳᠠᠳᠤ ᠤᠷᠤᠰ ᠤᠨ ᠬᠠᠷᠢᠯᠴᠠᠭ᠎ᠠ ᠶᠢᠨ ᠲᠣᠭᠲᠠᠭᠤᠨ ᠂ ᠡᠷᠡᠭᠦᠯ ᠂ ᠥᠨᠳᠥᠷ ᠲᠦᠪᠰᠢᠨ ᠪᠦᠬᠦᠢ ᠬᠥᠭᠵᠢᠯᠲᠡ ᠶᠢ ᠠᠭᠢᠭᠤᠯᠤᠨ᠎ᠠ ︔ ᠳᠡᠯᠡᠬᠡᠢ ᠶᠢᠨ ᠬᠤᠶᠠᠳᠤᠭᠠᠷ | ᠶᠡᠭᠡ ᠲᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠬᠠᠮᠲᠤ ᠪᠠᠷ ᠪᠠᠳᠠᠷᠠᠭᠤᠯᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ | ᠪᠠᠶᠢᠷᠢ ᠰᠠᠭᠤᠷᠢ ᠶᠢ ᠬᠠᠮᠠᠭᠠᠯᠠᠨ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ ᠃ | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ ᠂ ᠣᠷᠣᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ ᠤᠯᠤᠰ ᠤᠨ | ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠪᠡ ᠃ ᠵᠢᠷᠤᠭ ᠪᠣᠯ ᠫᠦᠲ᠋ᠢᠨ ᠵᠤᠷᠵ ᠶᠡᠭᠡ ᠲᠢᠩᠬᠢᠮ ᠳᠤ ᠰᠢ ᠶᠢᠨ ᠫᠢᠩ ᠢ | ᠤᠭᠲᠤᠬᠤ ᠦᠪᠡᠳᠡᠭᠰᠢ ᠶᠣᠰᠣᠯᠠᠯ ᠶᠠᠪᠤᠭᠤᠯᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | 5 ᠰᠠᠷ᠎ᠠ ᠶᠢᠨ ᠮᠣᠰᠺᠸᠠ ᠶᠢᠨ ᠲᠡᠭᠷᠢ ᠨᠢ ᠴᠡᠯᠮᠡᠭ ᠠᠭᠠᠷ ᠨᠢ ᠲᠤᠩᠭᠠᠯᠠᠭ ᠃ ᠰᠢ ᠶᠢᠨ ᠫᠢᠩ ᠲᠡᠷᠭᠡ ᠪᠠᠷ ᠬᠦᠷᠬᠦ ᠦᠶ᠎ᠡ ᠳᠤ ᠺᠷᠧᠮᠯᠢ ᠣᠷᠳᠣᠨ ᠤ ᠺᠣᠮᠠᠨᠳ᠋ᠯᠠᠭᠴᠢ | ᠲᠡᠷᠭᠡᠨ ᠠᠴᠠ ᠪᠠᠭᠤᠬᠤ ᠭᠠᠵᠠᠷ ᠲᠤ ᠤᠭᠲᠤᠨ ᠠᠪᠤᠪᠠ ᠃ | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ ᠂ ᠣᠷᠣᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ ᠤᠯᠤᠰ ᠤᠨ | ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠪᠡ ᠃ ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ | ᠲᠡᠷᠢᠭᠦᠨ ︽ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠤᠭ᠎ᠠ ᠶᠢᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ | ᠡᠰᠡᠷᠭᠦᠴᠡᠬᠦ ᠲᠠᠶᠢᠨ ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ | ᠪᠠᠶᠢᠭᠤᠯᠤᠭᠳᠠᠭᠰᠠᠨ 80 ᠵᠢᠯ ᠤᠨ ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠳᠤ ᠭᠠᠷ ᠤᠨ ᠦᠰᠦᠭ | ᠵᠢᠷᠤᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠫᠦᠲ᠋ᠢᠨ ᠵᠤᠷᠵ ᠶᠡᠭᠡ ᠲᠢᠩᠬᠢᠮ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ ᠃ ᠲᠥᠪ ᠶᠡᠬᠡᠮᠰᠦᠭ ᠵᠣᠴᠢᠨ ᠤᠭᠲᠤᠬᠤ ᠬᠥᠭᠵᠢᠮ ᠤᠨ | ᠠᠶᠠᠰ ᠳᠤᠮᠳᠠ ᠰᠢ ᠶᠢᠨ ᠫᠢᠩ ᠪᠣᠯᠣᠨ ᠫᠦᠲ᠋ᠢᠨ ᠲᠣᠰ ᠲᠤᠰ ᠵᠤᠷᠵ ᠶᠡᠭᠡ ᠲᠢᠩᠬᠢᠮ ᠤᠨ ᠬᠤᠶᠠᠷ ᠲᠠᠯ᠎ᠠ ᠪᠠᠷ ᠤᠯᠠᠭᠠᠨ ᠬᠡᠪᠢᠰ ᠤᠨ ᠳᠡᠭᠡᠭᠦᠷ ᠢᠳᠡᠷᠡᠭᠦᠨ | ᠠᠯᠬᠤᠭ᠎ᠠ ᠪᠠᠷ ᠠᠯᠬᠤᠯᠠᠨ ᠶᠡᠭᠡ ᠲᠢᠩᠬᠢᠮ ᠤᠨ ᠭᠤᠣᠯ ᠳᠤ ᠬᠦᠷᠴᠦ ᠂ ᠳᠣᠲᠣᠨᠣ ᠪᠠᠷ ᠭᠠᠷ ᠠᠳᠬᠤᠨ ᠬᠠᠮᠲᠤ ᠭᠡᠷᠡᠯ ᠵᠢᠷᠤᠭ ᠲᠠᠲᠠᠭᠤᠯᠪᠠ ᠃ ᠴᠡᠷᠢᠭ ᠤᠨ | ᠬᠥᠭᠵᠢᠮ ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ ᠂ ᠣᠷᠣᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ ᠤᠯᠤᠰ ᠤᠨ | ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠪᠡ ᠃ ᠵᠢᠷᠤᠭ ᠪᠣᠯ ᠬᠤᠶᠠᠷ ᠤᠯᠤᠰ ᠤᠨ ᠲᠡᠷᠢᠭᠦᠨ ᠪᠠᠭ᠎ᠠ ᠬᠡᠪᠴᠢᠶᠡᠨ ᠤ | ᠬᠡᠯᠡᠯᠴᠡᠭᠡ ᠬᠢᠵᠦ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠬᠤᠶᠠᠷ ᠤᠯᠤᠰ ᠤᠨ ᠲᠡᠷᠢᠭᠦᠨ ᠤᠷᠢᠳ ᠬᠤᠵᠢᠳ ᠪᠠᠭ᠎ᠠ ᠬᠡᠪᠴᠢᠶᠡᠨ ᠤ ᠬᠡᠯᠡᠯᠴᠡᠭᠡ ᠂ ᠶᠡᠭᠡ ᠬᠡᠪᠴᠢᠶᠡᠨ ᠤ ᠬᠡᠯᠡᠯᠴᠡᠭᠡ ᠬᠢᠪᠡ ᠃ | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠳᠤ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ | ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠭᠰᠡᠨ ᠤ ᠳᠠᠷᠠᠭ᠎ᠠ ᠬᠠᠮᠲᠤ ᠪᠠᠷ ᠰᠣᠷᠪᠤᠯᠵᠢᠯᠠᠬᠴᠢᠳ ᠲᠠᠢ ᠠᠭᠤᠯᠵᠠᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | ᠰᠢ ᠶᠢᠨ ᠫᠢᠩ ᠂ ᠣᠶᠢᠷ᠎ᠠ ᠶᠢᠨ ᠵᠢᠯ ᠠᠴᠠ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠤᠮᠳᠠᠳᠤ ᠤᠷᠤᠰ ᠤᠨ ᠬᠠᠷᠢᠯᠴᠠᠭ᠎ᠠ ᠲᠣᠭᠲᠠᠭᠤᠨ ᠂ ᠡᠷᠡᠭᠦᠯ ᠂ | ᠥᠨᠳᠥᠷ ᠲᠦᠪᠰᠢᠨ ᠪᠦᠬᠦᠢ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ ᠂ ᠤᠷᠳᠤ ᠬᠤᠭᠤᠴᠠᠭ᠎ᠠ ᠪᠠᠷ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢ | ᠪᠠᠲᠤᠯᠠᠬᠤ ᠂ ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠨᠢ ᠬᠤᠶᠠᠷ ᠤᠯᠤᠰ ᠤᠨ ᠬᠠᠷᠢᠯᠴᠠᠭ᠎ᠠ ᠶᠢᠨ ᠢᠯᠡ ᠲᠣᠳᠣ ᠣᠨᠴᠠᠯᠢᠭ | ᠪᠣᠯᠵᠠᠢ ᠃ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠶᠢᠨ ᠰᠠᠭᠤᠷᠢ ᠶᠠᠪᠤᠬᠤ ᠲᠤᠲᠤᠮ ᠭᠦᠨᠵᠡᠭᠡᠶᠢᠷᠡᠵᠦ ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢᠨ ᠬᠤᠯᠪᠣᠭᠠᠰᠤ ᠶᠠᠪᠤᠬᠤ ᠲᠤᠲᠤᠮ ᠪᠠᠬᠢᠵᠢᠵᠦ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠣᠨ ᠣᠷᠣᠨ ᠨᠤᠲᠤᠭ ᠤᠨ ᠶᠠᠪᠤᠯᠴᠠᠭ᠎ᠠ ᠶᠠᠪᠤᠬᠤ | ᠲᠤᠲᠤᠮ ᠰᠠᠶᠢᠵᠢᠷᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠣᠷᠣᠰ ᠤᠨ ᠬᠠᠷᠢᠯᠴᠠᠭ᠎ᠠ ᠨᠠᠩ ᠢᠲᠡᠭᠡᠯ ᠲᠠᠢ ᠪᠥᠭᠡᠳ ᠯᠠᠪᠳᠠᠭᠤᠨ ᠲᠣᠭᠲᠠᠭᠤᠨ ᠪᠠᠲᠤ ᠪᠠᠬᠢ ᠪᠣᠯᠪᠠ ᠃ | ᠦᠷᠭᠦᠯᠵᠢᠯᠡᠨ ᠳᠤᠮᠳᠠᠳᠤ ᠤᠷᠤᠰ ᠤᠨ ᠬᠠᠷᠢᠯᠴᠠᠭ᠎ᠠ ᠶᠢ ᠬᠥᠭᠵᠢᠭᠦᠯᠬᠦ ᠪᠠ ᠭᠦᠨᠵᠡᠭᠡᠶᠢᠷᠡᠭᠦᠯᠬᠦ ᠪᠣᠯ ᠬᠤᠶᠠᠷ ᠤᠯᠤᠰ ᠤᠨ ᠠᠷᠠᠳ ᠲᠦᠮᠡᠨ ᠤ ᠦᠶ᠎ᠡ ᠶᠢᠨ | ᠦᠶ᠎ᠡ ᠳᠡᠭᠡᠨ ᠨᠥᠭᠦᠷᠰᠡᠭ ᠪᠠᠶᠢᠬᠤ ᠶᠢ ᠵᠠᠯᠭᠠᠮᠵᠢᠯᠠᠬᠤ ᠳᠤ ᠪᠠᠶᠢᠪᠠᠰᠤ ᠵᠣᠬᠢᠬᠤ ᠤᠳᠬ᠎ᠠ ᠠᠭᠤᠯᠭ᠎ᠠ ᠮᠥᠨ ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠮᠵᠢᠯᠲᠠ | ᠣᠯᠬᠤ ᠶᠢ ᠠᠬᠢᠭᠤᠯᠬᠤ ᠂ ᠲᠤᠰ ᠲᠤᠰ ᠤᠨ ᠬᠥᠭᠵᠢᠯ ᠮᠠᠨᠳᠤᠯ ᠢᠶᠠᠨ ᠠᠬᠢᠭᠤᠯᠬᠤ ᠵᠠᠶᠢᠯᠠᠰᠢ ᠦᠭᠡᠢ ᠰᠣᠩᠭᠤᠯᠲᠠ ᠮᠥᠨ ᠂ ᠪᠠᠰᠠ ᠴᠤ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠬᠤ ᠴᠠᠭ ᠦᠶ᠎ᠡ ᠶᠢᠨ | ᠤᠷᠢᠶᠠᠯᠠᠭ᠎ᠠ ᠮᠥᠨ ᠭᠡᠳᠡᠭ ᠢ ᠲᠡᠦᠬᠡ ᠪᠠ ᠪᠣᠳᠠᠲᠤ ᠠᠬᠤᠢ ᠭᠦᠢᠴᠡᠳ ᠭᠡᠷᠡᠴᠢᠯᠡᠪᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ | ᠬᠠᠮᠠᠭᠠᠯᠠᠬᠤ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠣᠯᠣᠨ᠎ᠠ ᠃ 80 ᠵᠢᠯ ᠤᠨ ᠡᠮᠦᠨ᠎ᠡ ᠂ ᠳᠤᠮᠳᠠᠳᠤ | ᠤᠷᠤᠰ ᠬᠤᠶᠠᠷ ᠤᠯᠤᠰ ᠤᠨ ᠠᠷᠠᠳ ᠲᠦᠮᠡᠨ ᠯᠤᠲᠤ ᠶᠡᠭᠡ ᠦᠷᠡᠭᠳᠡᠯ ᠭᠠᠷᠭᠠᠵᠤ ᠂ ᠠᠭᠤᠤ ᠶᠡᠭᠡ ᠢᠯᠠᠯᠲᠠ ᠶᠢ ᠲᠡᠮᠡᠴᠡᠨ ᠣᠯᠵᠤ ᠂ ᠳᠡᠯᠡᠬᠡᠢ ᠶᠢᠨ ᠡᠩᠬᠡ ᠲᠠᠶᠢᠪᠤᠩ | ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠢ ᠬᠠᠮᠠᠭᠠᠯᠠᠬᠤ ᠳᠤ ᠲᠡᠦᠬᠡᠨ ᠬᠠᠭᠤᠳᠠᠰᠤᠨ ᠳᠤ ᠲᠡᠮᠳᠡᠭᠯᠡᠭᠳᠡᠬᠦ ᠲᠡᠦᠬᠡᠲᠦ ᠬᠤᠪᠢ ᠨᠡᠮᠡᠷᠢ ᠦᠵᠡᠭᠦᠯᠪᠡ ᠃ | ᠣᠳᠣᠬᠠᠨ ᠤ ᠳᠡᠯᠡᠬᠡᠢ ᠳᠡᠭᠡᠷᠡᠬᠢ ᠭᠠᠭᠴᠠ ᠲᠠᠯᠠᠲᠤ ᠦᠵᠡᠯ ᠤᠨ ᠰᠥᠷᠭᠡᠦ ᠤᠷᠤᠰᠬᠠᠯ ᠪᠣᠯᠣᠨ ᠬᠦᠴᠦᠷᠬᠡᠭᠯᠡᠯ ᠡᠵᠡᠷᠬᠡᠭ ᠠᠵᠢᠯᠯᠠᠭ᠎ᠠ ᠶᠢᠨ ᠡᠮᠦᠨ᠎ᠡ ᠳᠤᠮᠳᠠᠳᠤ | ᠤᠯᠤᠰ ᠤᠷᠤᠰ ᠤᠨ ᠬᠢᠨ ᠯᠤᠭ᠎ᠠ ᠬᠠᠮᠲᠤ ᠪᠠᠷ ᠳᠡᠯᠡᠬᠡᠢ ᠶᠢᠨ ᠲᠣᠮᠣ ᠤᠯᠤᠰ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ | ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠤᠯᠬᠤ ᠣᠨᠴᠠᠭᠠᠢ ᠬᠠᠷᠢᠭᠤᠴᠠᠯᠭ᠎ᠠ ᠶᠢ ᠡᠭᠦᠷᠭᠡᠯᠡᠵᠦ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ | ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠬᠠᠮᠲᠤ ᠪᠠᠷ ᠪᠠᠳᠠᠷᠠᠭᠤᠯᠵᠤ ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠡ ᠰᠦᠷ ᠪᠣᠯᠣᠨ ᠪᠠᠶᠢᠷᠢ ᠰᠠᠭᠤᠷᠢ ᠶᠢ ᠬᠠᠮᠠᠭᠠᠯᠠᠵᠤ ᠂ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠡᠷᠡᠰ | ᠬᠠᠮᠠᠭᠠᠯᠠᠵᠤ ᠂ ᠳᠤᠮᠳᠠᠳᠤ ᠤᠷᠤᠰ ᠬᠤᠶᠠᠷ ᠤᠯᠤᠰ ᠵᠢᠴᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠡᠷᠬᠡ ᠠᠰᠢᠭ ᠢ ᠡᠷᠡᠰ ᠬᠠᠮᠠᠭᠠᠯᠠᠵᠤ ᠂ ᠡᠷᠬᠡ ᠲᠡᠭᠰᠢ | ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠭᠠᠷ ᠬᠤᠯᠪᠣᠨ | ᠠᠬᠢᠭᠤᠯᠤᠨ᠎ᠠ ᠭᠡᠵᠦ ᠴᠢᠬᠤᠯᠠᠴᠢᠯᠠᠪᠠ ᠃ | ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠡᠯ᠎ᠡ ᠬᠦᠷᠢᠶᠡᠨ ᠳᠠᠬᠢ | ᠬᠠᠮᠲᠤᠷᠠᠯᠴᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ ᠃ | ᠰᠢ ᠶᠢᠨ ᠫᠢᠩ ᠂ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠶᠡᠭᠡ ᠴᠢᠭᠯᠡᠯ ᠢ ᠪᠠᠷᠢᠮᠲᠠᠯᠠᠵᠤ ᠂ ᠭᠠᠳᠠᠭᠠᠳᠤ ᠣᠷᠴᠢᠨ ᠤ ᠬᠠᠷᠰᠢᠯᠠᠯ ᠢ | ᠠᠷᠢᠯᠭᠠᠵᠤ ᠂ ᠬᠠᠮᠲᠤᠷᠠᠯᠴᠠᠭᠠᠨ ᠤ ︽ ᠲᠣᠭᠲᠠᠭᠤᠨ ︾ ᠤ ᠰᠠᠭᠤᠷᠢ ᠶᠢ ᠨᠡᠩ ᠪᠠᠬᠢᠵᠢᠭᠦᠯᠵᠦ ᠂ ︽ ᠤᠷᠤᠭᠰᠢᠯᠠᠬᠤ ︾ ᠬᠥᠳᠡᠯᠭᠡᠬᠦ ᠡᠨᠧᠷᠭᠢ ᠶᠢ ᠨᠡᠩ ᠭᠦᠢᠴᠡᠳ | ᠪᠣᠯᠭᠠᠶ᠎ᠠ ᠃ ᠬᠤᠶᠠᠷ ᠤᠯᠤᠰ ᠤᠨ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ ᠰᠢᠰᠲ᠋ᠧᠮ ᠤᠨ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ | ᠪᠠᠳᠠᠷᠠᠭᠤᠯᠵᠤ ᠂ ᠠᠵᠤ ᠠᠬᠤᠢ ᠠᠷᠠᠯᠵᠢᠶ᠎ᠠ ᠂ ᠡᠨᠧᠷᠭᠢ ᠂ ᠬᠥᠳᠡᠭᠡ ᠠᠵᠤ ᠠᠬᠤᠢ ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠂ ᠵᠣᠬᠢᠶᠠᠮᠠᠯ ᠤᠶᠤᠨ ᠴᠢᠳᠠᠪᠤᠷᠢ | ᠵᠡᠷᠭᠡ ᠬᠦᠷᠢᠶᠡᠨ ᠳᠠᠬᠢ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠭᠡᠶ᠎ᠡ ︔ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ | ᠪᠠᠶᠢᠭᠤᠯᠬᠤ ᠪᠠ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢ ᠵᠣᠯᠭᠠᠭᠤᠯᠬᠤ ᠪᠠᠷ ᠲᠠᠪᠴᠠᠩ ᠪᠤᠯᠭᠠᠵᠤ ᠂ ᠥᠨᠳᠥᠷ ᠪᠠᠷᠢᠮᠵᠢᠶᠠᠲᠤ ᠬᠤᠯᠪᠣᠯᠳᠤᠨ | ᠨᠡᠪᠲᠡᠷᠡᠯᠴᠡᠬᠦ ᠪᠠᠶᠢᠷᠢᠰᠢᠯ ᠢ ᠪᠠᠶᠢᠭᠤᠯᠤᠶ᠎ᠠ ︔ ︽ ᠳᠤᠮᠳᠠᠳᠤ ᠣᠷᠣᠰ ᠤᠨ ᠰᠣᠶᠣᠯ ᠤᠨ ᠣᠨ ︾ ᠤ ᠳᠠᠯᠳᠠ ᠴᠢᠳᠠᠪᠤᠷᠢ ᠶᠢ ᠭᠦᠢᠴᠡᠳ ᠪᠠᠳᠠᠷᠠᠭᠤᠯᠵᠤ ᠂ ᠰᠤᠷᠭᠠᠨ | ᠬᠥᠮᠦᠵᠢᠯ ᠂ ᠺᠢᠨᠣ᠋ ᠂ ᠵᠢᠭᠤᠯᠴᠢᠯᠠᠯ ᠂ ᠪᠡᠶ᠎ᠡ ᠶᠢᠨ ᠲᠠᠮᠢᠷ ᠂ ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ ᠂ ᠭᠦᠨ ᠳᠠᠪᠬᠤᠷᠭ᠎ᠠ ᠶᠢᠨ ᠠᠷᠠᠳ ᠤᠨ | ᠰᠡᠳᠬᠢᠯ ᠤᠨ ᠨᠡᠪᠲᠡᠷᠡᠯᠴᠡᠭᠡ ᠶᠢ ᠠᠭᠢᠭᠤᠯᠤᠶ᠎ᠠ ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠂ | ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠠᠪᠴᠠᠩ ᠳᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠨᠢᠭᠲᠠᠷᠠᠭᠤᠯᠵᠤ ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠯᠤᠭ᠎ᠠ ᠪᠦᠯᠬᠦᠮᠳᠡᠵᠦ ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ | ᠬᠤᠪᠢᠰᠤᠯᠲᠠ ᠶᠢ ᠵᠥᠪ ᠴᠢᠭᠯᠡᠯ ᠢᠶᠠᠷ ᠬᠥᠲᠥᠯᠥᠨ ᠳᠠᠭᠠᠭᠤᠯᠤᠶ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ ᠃ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠦᠯᠳᠦᠭᠡᠨ ᠢ ᠢᠯᠠᠨ ᠳᠠᠪᠠᠭ᠋ᠤ ᠢᠲᠡᠭᠡᠯ ᠵᠣᠷᠢᠭ ᠪᠢᠳᠡᠨ ᠳᠤ ᠪᠤᠢ ᠃ ᠭᠠᠳᠠᠭᠠᠳᠤ ᠣᠷᠴᠢᠨ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ ᠴᠥᠮ | ᠥᠪᠡᠷ ᠤᠨ ᠶᠠᠪᠤᠳᠠᠯ ᠢᠶᠠᠨ ᠡᠷᠡᠰ ᠪᠠᠲᠤ ᠰᠠᠶᠢᠲᠤᠷ ᠬᠢᠨ᠎ᠡ ᠃ ᠳᠤᠮᠳᠠᠳᠤ ᠤᠯᠤᠰ ᠳᠤᠷᠠᠲᠠᠶ᠎ᠠ ᠣᠷᠣᠰ ᠤᠨ ᠬᠢᠨ ᠲᠠᠢ ᠬᠠᠮᠲᠤ ᠪᠠᠷ ᠴᠠᠭ ᠦᠶ᠎ᠡ ᠠᠴᠠ ᠣᠯᠭᠤᠭᠰᠠᠨ | ᠣᠨᠴᠠᠭᠠᠶ ᠬᠠᠷᠢᠭᠤᠴᠠᠯᠭ᠎ᠠ ᠶᠢ ᠡᠭᠦᠷᠭᠡᠯᠡᠵᠦ ᠂ ᠪᠦᠭᠦ ᠪᠥᠮᠪᠥᠷᠴᠡᠭ ᠤᠨ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ ᠂ ᠬᠤᠶᠠᠷ ᠤᠯᠤᠰ ᠤᠨ ᠬᠥᠭᠵᠢᠯ ᠮᠠᠨᠳᠤᠯ ᠢ ᠠᠬᠢᠭᠤᠯᠬᠤ ᠂ | ᠳᠡᠯᠡᠬᠡᠢ ᠶᠢᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ ᠃ | ᠫᠦᠲ᠋ᠢᠨ ᠂ ᠲᠡᠷᠢᠭᠦᠯᠡᠭᠴᠢ ᠰᠢ ᠶᠢᠨ ᠫᠢᠩ ᠤᠨ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠠᠭᠤᠤ ᠶᠡᠭᠡ ᠤᠯᠤᠰ ᠢᠶᠠᠨ | ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠃ ᠡᠨᠡ | ᠤᠳᠠᠭ᠎ᠠ ᠶᠢᠨ ᠠᠶᠢᠯᠴᠢᠯᠠᠯᠲᠠ ᠴᠢᠬᠤᠯᠠ ᠶᠡᠭᠡ ᠠᠴᠢ ᠬᠤᠯᠪᠣᠭᠳᠠᠯ ᠲᠠᠢ ᠂ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠷᠠᠬᠤ ᠦᠭᠡᠢ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠬᠤ ᠪᠣᠯᠣᠨ᠎ᠠ | ᠭᠡᠵᠦ ᠢᠯᠡᠳᠬᠡᠪᠡ ᠃ | ᠫᠦᠲ᠋ᠢᠨ ᠂ ᠤᠷᠤᠰ ᠳᠤᠮᠳᠠᠳᠤ ᠶᠢᠨ ᠬᠠᠷᠢᠯᠴᠠᠭ᠎ᠠ ᠬᠠᠷᠢᠯᠴᠠᠨ ᠡᠷᠬᠡ ᠲᠡᠭᠰᠢ ᠂ ᠬᠠᠷᠢᠯᠴᠠᠨ ᠬᠦᠨᠳᠦᠳᠬᠡᠬᠦ ᠰᠠᠭᠤᠷᠢᠨ ᠳᠡᠭᠡᠷ᠎ᠡ ᠪᠠᠶᠢᠭᠤᠯᠤᠭᠳᠠᠵᠤ ᠂ | ᠭᠤᠷᠪᠠᠳᠠᠭᠴᠢ ᠡᠲᠡᠭᠡᠳ ᠲᠤ ᠴᠢᠭᠯᠡᠭᠦᠯᠬᠦ ᠦᠭᠡᠢ ᠂ ᠨᠢᠭᠡᠨ ᠴᠠᠭ ᠨᠢᠭᠡᠨ ᠬᠡᠷᠡᠭ ᠶᠠᠪᠤᠳᠠᠯ ᠳᠤ ᠨᠥᠯᠥᠭᠡᠯᠡᠭᠳᠡᠬᠦ ᠦᠭᠡᠢ ᠃ ᠤᠷᠤᠰ ᠳᠤᠮᠳᠠᠳᠤ ᠶᠢᠨ ᠬᠠᠷᠢᠯᠴᠠᠭ᠎ᠠ ᠶᠢᠨ | ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠬᠦ ᠪᠣᠯ ᠤᠷᠤᠰ ᠤᠨ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠰᠣᠩᠭᠤᠯᠲᠠ ᠪᠣᠯᠣᠨ᠎ᠠ ᠃ ᠤᠷᠤᠰ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ ᠂ ᠲᠠᠶᠢᠸᠠᠨ ᠤ ᠠᠰᠠᠭᠤᠳᠠᠯ ᠳᠡᠭᠡᠷ᠎ᠡ | ᠢᠮᠠᠭᠲᠠ ᠳᠤᠮᠳᠠᠳᠤ ᠶᠢᠨ ᠲᠠᠯ᠎ᠠ ᠶᠢᠨ ᠵᠣᠭᠰᠣᠯᠲᠠ ᠶᠢ ᠳᠡᠮᠵᠢᠨ᠎ᠠ ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠨᠢᠭᠲᠠ | ᠶᠠᠪᠤᠯᠴᠠᠭ᠎ᠠ ᠪᠠᠨ ᠪᠠᠲᠤᠯᠠᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠡᠨᠧᠷᠭᠢ ᠂ ᠬᠥᠳᠡᠭᠡ ᠠᠵᠤ ᠠᠬᠤᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ | ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠰᠤᠷᠭᠠᠨ ᠬᠥᠮᠦᠵᠢᠯ ᠂ ᠰᠣᠶᠣᠯ ᠂ ᠵᠠᠯᠠᠭᠤᠴᠤᠳ ᠂ ᠵᠢᠭᠤᠯᠴᠢᠯᠠᠯ ᠵᠡᠷᠭᠡ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ ᠂ ᠠᠯᠤᠰ ᠳᠣᠷᠣᠨᠠᠲᠤ ᠶᠢᠨ ᠭᠠᠵᠠᠷ ᠣᠷᠣᠨ ᠤ ᠬᠠᠮᠲᠤᠷᠠᠯᠴᠠᠭᠠᠨ ᠤ ᠠᠭᠤᠯᠬᠤᠨ ᠢ ᠥᠷᠭᠡᠳᠬᠡᠨ᠎ᠡ ᠃ ᠥᠨᠳᠥᠷ | ᠪᠣᠭᠤᠮᠲᠠ ᠶᠢᠨ ᠭᠠᠶᠢᠯᠢ ᠶᠢ ᠨᠡᠮᠡᠵᠦ ᠲᠠᠲᠠᠪᠤᠷᠢᠯᠠᠬᠤ ᠨᠢ ᠬᠡᠪ ᠤᠨ ᠵᠦᠢ ᠶᠣᠰᠣ ᠠᠴᠠ ᠵᠥᠷᠢᠴᠡᠭᠰᠡᠨ ᠪᠥᠭᠡᠳ ᠬᠠᠤᠯᠢ ᠳᠤ ᠨᠡᠶᠢᠴᠡᠬᠦ ᠦᠭᠡᠢ ᠂ ᠭᠡᠳᠡᠷᠭᠦ ᠳᠡᠭᠡᠨ | ᠥᠪᠡᠷ ᠢ ᠪᠠᠨ ᠬᠤᠬᠢᠷᠠᠭᠤᠯᠬᠤ ᠶᠠᠪᠤᠳᠠᠯ ᠪᠣᠯᠣᠨ᠎ᠠ ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ | ᠴᠢᠩᠭᠠᠳᠬᠠᠵᠤ ᠂ ᠳᠡᠯᠡᠬᠡᠢ ᠶᠢᠨ ᠤᠯᠠᠨ ᠲᠦᠢᠯᠵᠢᠯᠲᠠ ᠶᠢᠨ ᠠᠬᠢᠴᠠ ᠶᠢ ᠳᠡᠮᠵᠢᠵᠦ ᠂ ᠭᠠᠭᠴᠠ ᠲᠠᠯᠠᠲᠤ ᠦᠵᠡᠯ ᠢ ᠬᠠᠮᠲᠤ ᠪᠠᠷ ᠡᠰᠡᠷᠭᠦᠴᠡᠵᠦ ᠂ ᠳᠤᠷ᠎ᠠ ᠪᠠᠷ ᠢᠶᠠᠨ | ᠵᠠᠯᠬᠠᠭᠠᠯ ᠶᠠᠪᠤᠭᠤᠯᠬᠤ ᠶᠢ ᠡᠰᠡᠷᠭᠦᠴᠡᠵᠦ ᠂ ᠪᠦᠯᠦᠭᠯᠡᠯ ᠤᠨ ᠡᠰᠡᠷᠭᠦᠴᠡᠯᠳᠦᠯ ᠢ ᠡᠰᠡᠷᠭᠦᠴᠡᠵᠦ ᠂ ᠳᠡᠯᠡᠬᠡᠢ ᠨᠡᠶᠢᠲᠡ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ | ᠭᠡᠵᠦ ᠢᠯᠡᠳᠬᠡᠪᠡ ᠃ | ᠫᠦᠲ᠋ᠢᠨ ᠂ ᠤᠷᠤᠰ ᠳᠤᠮᠳᠠᠳᠤ ᠬᠤᠶᠠᠷ ᠤᠯᠤᠰ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠳᠤᠮᠳᠠ ᠴᠥᠮ ᠯᠤᠲᠤ ᠶᠡᠭᠡ ᠦᠷᠡᠭᠳᠡᠯ ᠭᠠᠷᠭᠠᠵᠠᠢ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠢᠶᠠᠷ | ᠪᠠᠶᠢᠯᠳᠤᠵᠤ ᠂ ᠶᠠᠫᠤᠨ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠶᠢ ᠣᠯᠵᠤ ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢ ᠣᠯᠬᠤ ᠳᠤ ᠴᠢᠬᠤᠯᠠ | ᠶᠡᠭᠡ ᠬᠤᠪᠢ ᠨᠡᠮᠡᠷᠢ ᠦᠵᠡᠭᠦᠯᠪᠡ ᠃ ᠤᠷᠤᠰ ᠳᠤᠮᠳᠠᠳᠤ ᠬᠤᠶᠠᠷ ᠤᠯᠤᠰ ᠳᠠᠶᠢᠨ ᠤ ᠭᠠᠯ ᠳᠦᠷᠡᠯᠵᠡᠭᠰᠡᠨ ᠪᠡᠷᠬᠡ ᠬᠠᠲᠠᠭᠤᠵᠢᠯᠲᠠᠢ ᠣᠨ ᠰᠠᠷ᠎ᠠ ᠳᠤ ᠬᠠᠷᠢᠯᠴᠠᠨ | ᠳᠡᠮᠵᠢᠵᠦ ᠂ ᠭᠦᠨ ᠵᠤᠵᠠᠭᠠᠨ ᠨᠥᠬᠦᠷᠯᠡᠯ ᠢ ᠪᠠᠶᠢᠭᠤᠯᠵᠤ ᠂ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ ᠃ | ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠣᠯᠣᠨ ᠤᠯᠠᠨ ᠤᠯᠤᠰ ᠤᠨ ᠬᠠᠤᠯᠢ ᠶᠢᠨ ᠡᠷᠬᠡ ᠰᠦᠷ ᠢ ᠬᠠᠮᠠᠭᠠᠯᠠᠵᠤ ᠂ ᠳᠡᠯᠡᠬᠡᠢ ᠶᠢᠨ | ᠬᠤᠶᠠᠳᠤᠭᠠᠷ ᠲᠠᠶᠢᠨ ᠤ ᠲᠤᠬᠠᠢ ᠵᠥᠪ ᠲᠡᠦᠬᠡ ᠶᠢᠨ ᠲᠣᠭᠠᠴᠢᠯᠲᠠ ᠶᠢ ᠬᠠᠮᠠᠭᠠᠯᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠬᠤᠶᠠᠷ | ᠤᠯᠤᠰ ᠪᠣᠯᠣᠨ ᠳᠡᠯᠡᠬᠡᠢ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ᠭᠡᠵᠦ ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ︽ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ | ᠬᠤᠯᠪᠣᠭᠠᠨ ᠤ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ | ᠢᠯᠠᠯᠲᠠ ᠣᠯᠣᠭᠰᠠᠨ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ | ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ | ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠳᠤ ᠭᠠᠷ ᠤᠨ ᠦᠰᠦᠭ ᠵᠢᠷᠤᠪᠠ ᠃ | ᠬᠤᠶᠠᠷ ᠤᠯᠤᠰ ᠤᠨ ᠲᠡᠷᠢᠭᠦᠨ ᠳᠤᠮᠳᠠᠳᠤ ᠤᠷᠤᠰ ᠬᠤᠶᠠᠷ ᠲᠠᠯ᠎ᠠ ᠶᠢᠨ 20 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ | ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ ᠂ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠂ ᠤᠯᠠᠨ ᠤᠯᠤᠰ ᠤᠨ ᠬᠠᠤᠯᠢ ᠶᠢᠨ ᠡᠷᠬᠡ ᠰᠦᠷ ᠢ | ᠬᠠᠮᠠᠭᠠᠯᠠᠬᠤ ᠂ ᠠᠮᠢᠳᠤ ᠪᠣᠳᠠᠰ ᠤᠨ ᠠᠮᠤᠷ ᠲᠦᠪᠰᠢᠨ ᠂ ᠪᠡᠯᠡ ᠣᠷᠣᠭᠤᠯᠤᠯᠲᠠ ᠶᠢᠨ ᠬᠠᠮᠠᠭᠠᠯᠠᠯᠲᠠ ᠂ ᠲᠣᠭᠠᠴᠢᠯᠠᠭᠰᠠᠨ ᠠᠵᠤ ᠠᠬᠤᠢ ᠂ ᠬᠢᠵᠢᠭ ᠢ ᠰᠢᠯᠭᠠᠨ | ᠪᠠᠶᠢᠴᠠᠭᠠᠬᠤ ᠂ ᠺᠢᠨᠣ᠋ ᠶᠢᠨ ᠦᠢᠯᠡᠰ ᠤᠨ ᠬᠠᠮᠲᠤᠷᠠᠯᠴᠠᠭ᠎ᠠ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ ᠃ | ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠬᠤᠶᠠᠷ ᠲᠠᠯ᠎ᠠ ᠪᠠᠷ ᠢᠶᠠᠨ ᠲᠣᠬᠢᠷᠠᠯᠴᠠᠭᠰᠠᠨ | ᠬᠠᠮᠲᠤ ᠶᠢᠨ ᠲᠠᠨᠢᠯᠲᠠ ᠶᠣᠰᠣᠭᠠᠷ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ ᠂ ᠨᠡᠩ ᠤᠯᠠᠨ | ᠪᠣᠳᠠᠲᠤ ᠦᠷ᠎ᠡ ᠪᠦᠲᠦᠮᠵᠢ ᠣᠯᠬᠤ ᠶᠢ ᠳᠠᠭᠠᠭᠠᠯᠭᠠᠪᠠ ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ ᠃ | ᠲᠤᠰ ᠡᠳᠦᠷ ᠤᠨ ᠦᠳᠡ ᠳᠤ ᠫᠦᠲ᠋ᠢᠨ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ ᠃ | ᠼᠠᠢ ᠴᠢ ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ | | | |