ᠰᠦᠨ ᠱᠤᠤ ᠴᠧᠩ ᠵᠡᠭᠦᠨᠭᠠᠷ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠴᠢᠬᠤᠯᠠᠴᠢᠯᠠᠭᠰᠠᠨ ᠨᠢ  ᠡᠯ᠎ᠡ ᠬᠤᠰᠢᠭᠤ ᠰᠢᠶᠠᠨ ᠬᠤᠲᠠ ᠲᠣᠭᠤᠷᠢᠭ ᠬᠠᠷᠢᠭᠤᠴᠠᠯᠭ᠎ᠠ ᠪᠠᠨ ᠴᠢᠩᠭᠠᠳᠬᠠᠵᠤ ᠡᠷᠴᠢᠮ ᠢᠶᠠᠨ ᠴᠢᠩᠭᠠᠷᠠᠭᠤᠯᠤᠨ‌ᠠᠵᠤ ᠠᠬᠤᠢ ᠶᠢᠨ ᠦᠷᠭᠦᠯᠵᠢᠯᠡᠨ ᠰᠡᠷᠬᠦᠨ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/5/12
   5 ᠰᠠᠷ᠎ᠠ ᠶᠢᠨ 10 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠣᠷᠳᠣᠰ ᠬᠤᠲᠠ ᠶᠢᠨ ᠵᠡᠭᠦᠨᠭᠠᠷ ᠬᠤᠰᠢᠭᠤᠨ ᠳᠤ ᠬᠦᠷᠴᠦ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠵᠠᠷᠢᠮ ᠬᠤᠰᠢᠭᠤ ᠰᠢᠶᠠᠨ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃  
今日1(1).png
今日1(2).png
   ᠰᠦᠨ ᠱᠤᠤ ᠴᠧᠩ ᠡᠩ ᠲᠡᠷᠢᠭᠦᠨ ᠳᠤ ᠵᠢᠤ  ᠲᠠᠢ ᠰᠢᠨ᠎ᠡ ᠮᠠᠲ᠋ᠧᠷᠢᠶᠠᠯ ᠤᠨ ᠺᠣᠮᠫᠠᠨᠢ ᠳᠤ ᠬᠦᠷᠴᠦ ᠂ ᠲᠦᠷᠦᠯ ᠵᠦᠢᠯ ᠤᠨ ᠠᠬᠢᠴᠠ ᠪᠣᠯᠣᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠭᠦᠨᠵᠡᠭᠡᠢ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ ᠂ ᠠᠵᠤ ᠠᠬᠤᠶᠢᠯᠠᠯ ᠤᠨ  ᠬᠢᠨ ᠢ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠴᠢᠩᠭ᠎ᠠ ᠠᠳᠬᠤᠵᠤ ᠂ ᠨᠡᠭᠦᠷᠡᠰᠦ ᠶᠢ ᠠᠷᠢᠭᠤᠨ ᠴᠡᠪᠡᠷ ᠪᠦᠭᠡᠳ ᠥᠨᠳᠥᠷ ᠪᠦᠲᠦᠮᠵᠢᠲᠡᠢ ᠠᠰᠢᠭᠯᠠᠬᠤ ᠶᠢ ᠴᠢᠩᠭᠠᠳᠬᠠᠵᠤ ᠂ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠣᠯᠣᠨ ᠨᠡᠮᠡᠯᠲᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠵᠣᠷᠢᠭᠵᠢᠭᠤᠯᠪᠠ ᠃ ᠤᠯᠤᠰ ᠤᠨ ᠡᠨᠧᠷᠬᠢ  ᠶᠢᠨ ᠵᠡᠬᠦᠠᠭᠠᠷ ᠤᠨ ᠡᠨᠧᠷᠬᠢ  ᠶᠢᠨ ᠪᠦᠯᠦᠭᠯᠡᠯ ᠤᠨ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠤᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠵᠢᠯᠤᠭᠤᠳᠬᠤ ᠲᠥᠪ ᠲᠤ ᠂ ᠰᠦᠨ ᠱᠤᠤ ᠴᠧᠩ ᠴᠠᠭ ᠲᠤᠬᠠᠢ ᠳᠤᠨᠢ ᠬᠢᠨᠠᠨ ᠡᠵᠡᠮᠳᠡᠬᠦ ᠵᠢᠷᠤᠭ ᠳᠦᠷᠰᠤ  ᠪᠠᠷ ᠳᠠᠮᠵᠢᠨ ᠵᠢᠯᠣᠭᠤᠴᠢ ᠦᠭᠡᠢ ᠠᠴᠢᠶᠠᠨ ᠤ ᠮᠠᠰᠢᠨ ᠤ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠯᠠᠪᠯᠠᠨ ᠠᠰᠠᠭᠤᠪᠠ ᠃ ᠰᠦᠨ ᠱᠤᠤ ᠴᠧᠩ ᠂ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ ᠂ ᠬᠦᠴᠤᠨ ᠵᠤᠶᠢᠯ ᠤᠨ ᠪᠠᠲᠤᠯᠠᠭ᠎ᠠ ᠪᠣᠯᠣᠨ ᠳᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ ᠂ ᠵᠢᠯᠣᠭᠤᠴᠢ ᠦᠭᠡᠢ ᠠᠴᠢᠶᠠᠨ ᠤ ᠮᠠᠰᠢᠨ ᠵᠡᠷᠭᠡ ᠣᠶᠤᠨᠴᠢ ᠳᠤᠨᠤᠬᠯᠠᠯ ᠢ ᠲᠦᠷᠭᠡᠨ ᠳᠡᠯᠭᠡᠷᠡᠭᠦᠯᠵᠦ ᠂ ᠠᠭᠤᠷᠬᠠᠢ ᠶᠢᠨ ᠠᠵᠢᠯ ᠤᠨ ᠠᠮᠤᠷ ᠲᠦᠪᠰᠢᠨ ᠪᠣᠯᠣᠨ ᠦᠢᠯᠡᠳᠪᠦᠷᠢᠯᠡᠯ ᠤᠨ ᠴᠢᠳᠠᠪᠬᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ 
今日1(3).png
    ᠲᠤᠰ ᠡᠳᠦᠷ ᠤᠨ ᠦᠳᠡ ᠶᠢᠨ ᠬᠤᠶᠢᠨ᠎ᠠ ᠂ ᠰᠦᠨ ᠱᠤᠤ ᠴᠧᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠣᠨ ᠵᠡᠭᠦᠨᠭᠠᠷ ᠬᠤᠰᠢᠭᠤ ᠂ ᠬᠥᠨᠳᠡᠯᠡᠨ ᠲᠣᠭᠤᠷᠢᠭ ᠂ ᠡᠵᠡᠨ ᠬᠤᠷᠤᠭ᠎ᠠ ᠬᠤᠰᠢᠭᠤ ᠂ ᠲᠦᠮᠡᠳ ᠵᠡᠭᠦᠨ ᠬᠤᠰᠢᠭᠤ ᠂ ᠲᠣᠭᠲᠠᠬᠤ ᠰᠢᠶᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠣᠯ ᠬᠠᠷᠢᠭᠤᠴᠠᠯᠭᠠᠲᠠᠨ ᠨᠥᠬᠦᠳ ᠦᠭᠡ ᠭᠡᠯᠡᠪᠡ ᠃ ᠰᠦᠨ ᠱᠤᠤ ᠴᠧᠩ ᠪᠠᠶᠢᠨ ᠪᠠᠶᠢᠨ ᠦᠭᠡ ᠭᠡᠯᠡᠵᠤ ᠂ ᠠᠵᠢᠯ ᠲᠦᠷᠦᠯ ᠤᠨ ᠬᠥᠭᠵᠢᠯᠲᠡ ᠶᠢᠨ ᠣᠷᠴᠢᠨ ᠠᠬᠤᠢ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠠᠵᠤ ᠠᠬᠤᠢ ᠶᠢᠨ ᠬᠥᠭᠵᠢᠯᠲᠡ ᠶᠢᠨ ᠲᠦᠭᠵᠢᠷᠡᠯ᠂ ᠬᠦᠴᠢᠷ ᠢ ᠰᠢᠢᠳᠪᠤᠷᠢᠯᠡᠵᠤ ᠠᠰᠠᠭᠤᠳᠠᠯ ᠢ ᠰᠢᠢᠳᠪᠤᠷᠢᠯᠡᠬᠦ ᠰᠡᠳᠬᠢᠴᠡ ᠵᠡᠷᠭᠡ ᠠᠰᠠᠭᠤᠳᠠᠯ ᠤᠨ ᠲᠤᠬᠠᠢ ᠤᠯᠠᠨ ᠲᠠᠢ ᠰᠠᠨᠠᠯ ᠢᠶᠠᠨ ᠰᠣᠯᠢᠯᠴᠠᠪᠠ ᠃    ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠬᠠᠷᠠᠯᠲᠠ ᠡᠭᠦᠷᠭᠡ ᠬᠤᠪᠢᠷᠠᠭ᠎ᠠ ᠦᠭᠡᠢ ᠂ ᠬᠥᠭᠵᠢᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠴᠦ ᠠᠯᠢ ᠡᠷᠲᠡ ᠲᠣᠳᠣᠷᠬᠠᠢ ᠪᠣᠯᠪᠠ ᠂ ᠬᠤᠰᠢᠭᠤ ᠰᠢᠶᠠᠨ ᠤ ᠱᠠᠲᠤᠨ ᠤ  ᠬᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠡᠭᠦᠷᠭᠡ ᠪᠠᠨ ᠪᠠᠲᠤ ᠰᠠᠬᠢᠵᠤ᠂ ᠠᠵᠤ ᠠᠬᠤᠢ  ᠶᠢ ᠴᠢᠷᠮᠠᠶᠢᠨ ᠬᠦᠭᠵᠢᠬᠦᠯᠬᠦ ᠬᠠᠷᠢᠭᠤᠴᠠᠯᠭᠠᠲᠤ ᠰᠡᠳᠬᠢᠯᠭᠡ ᠂ ᠲᠤᠯᠭᠠᠮ ᠰᠡᠳᠬᠢᠯᠭᠡ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ ᠦᠷᠭᠦᠯᠵᠢᠯᠡᠨ ᠰᠡᠷᠬᠦᠨ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠲᠣᠮᠣ ᠬᠤᠰᠢᠭᠤ ᠲᠣᠮᠣ ᠰᠢᠶᠠᠨ ᠤ  ᠬᠢᠨ ᠭᠤᠣᠯ ᠲᠤᠯᠭᠠᠭᠤᠷᠢ ᠶᠢᠨ ᠬᠠᠷᠢᠭᠤᠴᠠᠯᠭ᠎ᠠ ᠶᠢ ᠡᠭᠦᠷᠭᠡᠯᠡᠨ ᠂ ᠬᠤᠰᠢᠭᠤᠴᠢ ᠪᠣᠯᠵᠤ ᠂ ᠪᠦᠬᠦ ᠣᠷᠣᠨ ᠤ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠃ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠡᠷᠴᠢ ᠵᠤᠷᠢᠭ ᠢᠶᠠᠨ ᠬᠦᠪᠴᠢᠯᠡᠨ ᠪᠤᠳᠠᠳᠠᠢ ᠠᠳᠬᠤᠵᠤ ᠂ ᠠᠵᠤ ᠠᠬᠤᠶᠢᠯᠠᠯ ᠤᠨ ᠡᠷᠬᠢᠯᠳᠡ ᠂ ᠲᠥᠷᠥᠯ ᠵᠦᠢᠯ ᠤᠨ ᠠᠵᠢᠯ ᠡᠬᠢᠯᠡᠭᠦᠯᠬᠦ ᠂ ᠬᠦᠴᠦᠨ ᠵᠦᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠰᠠᠨᠠᠭᠠᠴᠢᠯᠠᠭ᠎ᠠ  ᠠᠴᠠ ᠪᠠᠨ ᠢᠯᠡᠷᠡᠭᠦᠯᠬᠦ ᠶᠢᠨ ᠬᠠᠮᠲᠤ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ ᠂ ᠰᠢᠨ᠎ᠡ ᠨᠡᠮᠡᠭᠳᠡᠯ ᠤᠨ ᠴᠡᠭ ᠢ ᠠᠷᠭ᠎ᠠ ᠰᠦᠪᠡᠭᠴᠢᠯᠡᠨ ᠪᠣᠶᠢᠵᠢᠭᠤᠯᠵᠤ ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠨᠡᠨ ᠪᠣᠳᠠᠲᠠᠢ ᠦᠷ᠎ᠡ ᠪᠦᠲᠦᠭᠡᠯ ᠢᠶᠠᠷ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠦᠭᠰᠡᠨ ᠡᠰᠡᠬᠦ ᠶᠢ ᠰᠢᠯᠭᠠᠨ ᠪᠠᠶᠢᠴᠠᠭᠠᠬᠤ ᠬᠡᠷᠡᠭᠲᠡᠢ ᠃ ᠲᠠᠬᠢᠨ ᠳᠠᠪᠳᠠᠨ ᠨᠠᠶᠢᠳᠠᠪᠤᠷᠢᠵᠢᠭᠤᠯᠵᠤ ᠂ ᠪᠣᠳᠠᠲᠠᠢ ᠲᠠᠢ ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠤᠯᠤᠰ ᠤᠨ ᠰᠢᠨ᠎ᠡ ᠪᠠᠷ ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠬᠤ ᠂ ᠲᠦᠷᠦᠯ ᠵᠦᠢᠯ ᠢ ᠰᠦᠪᠡᠭᠴᠢᠯᠡᠬᠦ ᠂ ᠬᠥᠭᠵᠢᠯᠲᠡ ᠶᠢ ᠠᠬᠢᠭᠤᠯᠬᠤ ᠶᠢ ᠴᠢᠩᠭ᠎ᠠ ᠠᠩᠬᠠᠷᠬᠤ ᠬᠡᠷᠡᠭᠲᠡᠢ᠃ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠂ ᠲᠥᠪ ᠤᠨ ᠲᠣᠭᠤᠷᠢᠨ ᠪᠠᠶᠢᠴᠠᠭᠠᠬᠤ ᠳᠤ ᠬᠠᠮᠵᠢᠯᠴᠠᠬᠤ ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ  ᠢ ᠨᠢᠭᠡᠳᠤᠯᠳᠡᠢ ᠳᠦᠯᠦᠪᠵᠢᠬᠦᠯᠥᠨ ᠰᠠᠶᠢᠳᠤᠷ ᠬᠢᠬᠦ ᠭᠡᠷᠡᠭᠳᠡᠢ ᠃ ᠡᠯ᠎ᠡ ᠲᠢᠩᠬᠢᠮ ᠲᠣᠪᠴᠢᠶ᠎ᠠ  ᠨᠢ ᠬᠤᠰᠢᠭᠤ ᠰᠢᠶᠠᠨ ᠬᠤᠲᠠ ᠲᠣᠭᠤᠷᠢᠭ ᠤᠨ ᠬᠥᠭᠵᠢᠯᠲᠡ ᠶᠢ ᠳᠡᠮᠵᠢᠵᠦ ᠂ ᠳᠠᠯᠪᠢᠬᠤ ᠶᠤᠰᠤᠳᠠᠢ ᠡᠷᠭᠡ ᠶᠢ ᠳᠠᠯᠪᠢᠵᠤ ᠂ ᠬᠠᠪᠰᠤᠷᠬᠤ ᠶᠣᠰᠣᠲᠠᠢ ᠶᠢ  ᠨᠢ ᠪᠣᠳᠠᠲᠠᠶᠢᠵᠢᠭᠤᠯᠤᠨ ᠬᠠᠪᠰᠤᠷᠬᠤ ᠬᠡᠷᠡᠭᠲᠡᠢ ᠃ ᠡᠭᠦᠷᠭᠡ ᠪᠠᠨ ᠪᠡᠶᠡᠯᠡᠭᠦᠯᠬᠦ ᠳᠤ ᠬᠦᠴᠢᠷᠳᠡᠬᠦ ᠳᠤᠳᠤᠮ᠂ ᠺᠠᠳ᠋ᠷᠴᠤᠳ ᠢ ᠰᠢᠯᠭᠠᠬᠤ ᠦᠶ᠎ᠡ ᠬᠦᠷᠴᠤ ᠢᠷᠡᠳᠡᠭ ᠃ ᠡᠯ᠎ᠡ ᠱᠠᠲᠤᠨ ᠤ  ᠬᠢᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠬᠥᠪᠴᠢ ᠪᠠᠨ ᠴᠢᠩᠭᠠᠯᠠᠨ᠂ ᠭᠠᠪᠰᠢᠭᠠᠶᠢᠯᠠᠨ ᠤᠷᠤᠬᠰᠢᠯᠠᠬᠤ ᠡᠷᠴᠢ ᠵᠣᠷᠢᠭ ᠢᠶᠠᠷ ᠂ ᠬᠠᠷᠢᠭᠤᠴᠠᠯᠭ᠎ᠠ  ᠪᠠᠨ ᠴᠢᠩᠭᠠᠳᠬᠠᠵᠤ ᠡᠷᠴᠢᠮ ᠢᠶᠠᠨ ᠴᠢᠩᠭᠠᠷᠠᠭᠤᠯᠤᠨ᠂ ᠡᠳᠦᠷ ᠢᠶᠠᠷ ᠭᠡᠮᠵᠢᠬᠦᠷ ᠪᠣᠯᠭᠠᠵᠤ ᠂ ᠡᠳᠦᠷ ᠪᠣᠯᠭᠠᠨ ᠰᠠᠶᠢᠲᠤᠷ ᠠᠵᠢᠯᠯᠠᠵᠤ ᠂ ᠵᠢᠯ ᠤᠨ ᠳᠤᠮᠳᠠ ᠪᠠ ᠵᠢᠯ ᠤᠨ ᠰᠡᠭᠦᠯᠴᠢ ᠶᠢᠨ ᠬᠤᠭᠤᠴᠠᠭᠠᠨ ᠳᠤ ᠲᠡᠭᠦᠰ ᠠᠮᠵᠢᠯᠲᠠ ᠲᠠᠢ ᠪᠠᠷ ᠳᠠᠩᠰᠠ ᠲᠤᠰᠢᠶᠠᠬᠤ ᠶᠢ ᠪᠠᠲᠤᠯᠠᠬᠤ ᠬᠡᠷᠡᠭᠲᠡᠢ ᠭᠡᠪᠡ ᠃    ᠢᠦᠢ ᠯᠢ ᠰᠢᠨ ᠠᠵᠢᠯᠯᠠᠭ᠎ᠠ ᠳᠤ ᠣᠷᠣᠯᠴᠠᠪᠠ ᠃   
ᠢᠷᠡᠯᠲᠡ᠄ ᠳᠡᠬᠦᠯᠢᠯᠳᠡ ᠬᠠᠮ ᠵᠠᠭᠤᠴᠢᠯᠠᠭᠤᠷ