| ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 10 ᠤ ᠴᠠᠭᠢᠯᠭᠠᠨ ᠮᠡᠳᠡᠭᠡ ︵ ᠰᠤᠷᠪᠤᠯᠵᠢᠯᠠᠬᠴᠢ ᠬᠠᠨ ᠮᠦᠸᠧ ᠵᠧᠩ ᠺᠠᠢ ᠵᠢᠶᠦ᠋ᠨ ︶ ᠲᠤᠬᠠᠢ ᠶᠢᠨ | ᠭᠠᠵᠠᠷ ᠤᠨ ᠴᠠᠭ ᠢᠶᠠᠷ 5 ᠰᠠᠷ᠎ᠠ ᠶᠢᠨ 10 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠲᠤ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ | ᠪᠠᠶᠠᠷ ᠤᠨ ᠶᠣᠰᠣᠯᠠᠯ ᠳᠤ ᠣᠷᠤᠯᠴᠠᠬᠤ ᠠᠵᠢᠯᠯᠠᠭ᠎ᠠ ᠪᠠᠨ ᠲᠡᠭᠦᠰ ᠠᠮᠵᠢᠯᠲᠠᠲᠠᠢ ᠲᠡᠭᠦᠰᠬᠡᠭᠡᠳ ᠪᠡᠭᠡᠵᠢᠩ ᠵᠦᠭ ᠪᠤᠴᠠᠪᠠ ᠃ | ᠮᠣᠰᠺᠸᠠ ᠠᠴᠠ ᠰᠠᠯᠬᠤ ᠦᠶ᠎ᠡ ᠳᠤ ᠣᠷᠣᠰ ᠤᠨ ᠳᠡᠳ᠋ ᠶᠡᠷᠦᠩᠬᠡᠢ ᠰᠠᠶᠢᠳ ᠴᠧᠷᠨᠧᠱᠧᠨᠺᠧ ᠵᠡᠷᠭᠡ ᠵᠠᠰᠠᠭ ᠤᠨ ᠣᠷᠳᠣᠨ ᠤ ᠳᠡᠭᠡᠳᠦ ᠲᠤᠰᠢᠶᠠᠯᠲᠠᠳ | ᠨᠢᠰᠬᠡᠯ ᠤᠨ ᠪᠠᠭᠤᠳᠠᠯ ᠳᠤ ᠬᠦᠷᠴᠦ ᠦᠳᠡᠨ ᠮᠣᠷᠳᠠᠭᠤᠯᠵᠠᠢ ᠃ | ᠤᠷᠤᠰ ᠤᠨ ᠬᠢᠨ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠦᠳᠡᠬᠦ ᠶᠣᠰᠣᠯᠠᠯ ᠶᠠᠪᠤᠭᠤᠯᠪᠠ ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠷᠤᠰ | ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠪᠡ ᠃ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠨᠢᠰᠦᠭᠰᠡᠨ ᠤ ᠳᠠᠷᠠᠭ᠎ᠠ ᠂ ᠤᠷᠤᠰ ᠤᠨ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠬᠡᠯ ᠠᠭᠠᠷ ᠤᠨ | ᠠᠶᠠᠯᠠᠯ ᠢ ᠬᠠᠮᠠᠭᠠᠯᠠᠪᠠ ᠃ | ᠨᠢᠰᠬᠡᠯ ᠤᠨ ᠪᠠᠭᠤᠳᠠᠯ ᠳᠤ ᠬᠦᠷᠬᠦ ᠵᠠᠮ ᠳᠤ ᠂ ᠲᠤᠬᠠᠢ ᠶᠢᠨ ᠭᠠᠵᠠᠷ ᠤᠨ ᠠᠷᠠᠳ ᠤᠯᠠᠨ ᠵᠢᠴᠢ ᠳᠤᠮᠳᠠᠳᠤ ᠶᠢᠨ ᠪᠡᠯᠡᠳᠤ ᠠᠵᠤ ᠠᠬᠤᠶᠢᠯᠠᠯ ᠪᠣᠯᠣᠨ | ᠭᠠᠳᠠᠭᠠᠳᠤ ᠳᠤ ᠰᠤᠷᠤᠯᠴᠠᠵᠥ ᠪᠠᠶᠢᠭ᠎ᠠ ᠰᠤᠷᠤᠬᠴᠢᠳ ᠤᠨ ᠲᠥᠯᠥᠭᠡᠯᠡᠭᠴᠢ ᠵᠠᠮ ᠤᠨ ᠬᠤᠶᠠᠷ ᠬᠠᠵᠠᠭᠤ ᠪᠠᠷ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ | ᠲᠤᠭ ᠢ ᠬᠤᠷᠦ᠋ᠢᠯᠠᠵᠤ ᠂ ᠰᠢ ᠶᠢᠨ ᠫᠢᠩ ᠤᠨ ᠤᠷᠤᠰ ᠲᠠᠬᠢ ᠠᠶᠢᠯᠴᠢᠯᠠᠯᠲᠠ ᠲᠡᠭᠦᠰ ᠠᠮᠵᠢᠯᠲᠠ ᠣᠯᠣᠭᠰᠠᠨ ᠳᠤ ᠬᠠᠯᠠᠭᠤᠨ ᠪᠠᠶᠠᠷ ᠬᠦᠷᠭᠡᠵᠡᠢ ᠃ | | |