ᠰᠢ ᠶᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠨ᠎ᠠ
ᠨᠡᠶᠢᠲᠡᠯᠡᠭᠰᠡᠨ ᠴᠠᠭ᠄
2025/5/13
     ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ 5 ᠰᠠᠷ᠎ᠠ ᠶᠢᠨ 11 ᠤ ᠡᠳᠦᠷ ᠄ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠥᠪᠳᠡᠯᠴᠡᠨ ᠲᠣᠭᠲᠠᠭᠰᠠᠨ ᠢᠶᠠᠷ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ 5 ᠰᠠᠷ᠎ᠠ ᠶᠢᠨ 13 ᠤ ᠡᠳᠦᠷ ᠪᠡᠭᠡᠵᠢᠩ ᠳᠤ ᠶᠠᠪᠤᠭᠳᠠᠨ᠎ᠠ ᠃ ᠤᠯᠤᠰ ᠤᠨ ᠲᠡᠷᠢᠭᠦᠯᠡᠭᠴᠢ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠨ᠎ᠠ ᠭᠡᠵᠦ ᠨᠡᠶᠢᠲᠡᠯᠡᠪᠡ ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠬᠤᠷᠠᠯ ᠢ ᠡᠷᠭᠢᠯᠡᠨ᠎ᠡ ᠃ ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠪᠤᠶᠤ ᠲᠥᠯᠥᠭᠡᠯᠡᠭᠴᠢ ᠂ ᠬᠤᠯᠪᠣᠭᠳᠠᠯ ᠪᠦᠬᠦᠢ ᠣᠷᠣᠨ ᠪᠦᠰᠡ ᠶᠢᠨ ᠴᠢᠨᠠᠷᠲᠠᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠨ᠎ᠠ ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ