| 5 ᠰᠠᠷ᠎ᠠ ᠶᠢᠨ 11 ᠤ ᠡᠳᠦᠷ ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠬᠤᠲᠠ ᠶᠢᠨ ᠳᠠᠷᠤᠭ᠎ᠠ ᠢᠦᠢ ᠬᠠᠢ ᠢᠦᠢ ᠪᠥᠬᠦ ᠬᠤᠲᠠ ᠶᠢᠨ ᠵᠠᠯᠠᠭᠤ | ᠠᠵᠤ ᠠᠬᠤᠶᠢᠯᠠᠯᠲᠠᠳ ᠤᠨ ᠦᠢᠯᠡᠰ ᠪᠣᠰᠬᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠵᠠᠯᠠᠭᠤ ᠠᠵᠤ ᠠᠬᠤᠶᠢᠯᠠᠯᠲᠠᠨ ᠪᠣᠯᠣᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠲᠥᠯᠥᠭᠡᠯᠡᠭᠴᠢ ᠶᠢ ᠤᠷᠢᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠪᠠ ᠵᠠᠯᠠᠭᠤ ᠠᠵᠤ ᠠᠬᠤᠶᠢᠯᠠᠯᠲᠠᠳ ᠤᠨ ᠡᠷᠡᠭᠦᠯ ᠢᠶᠠᠷ ᠦᠰᠦᠨ ᠪᠤᠶᠢᠵᠢᠬᠤ ᠰᠡᠳᠬᠢᠴᠡ ᠠᠷᠭ᠎ᠠ ᠬᠡᠮᠵᠢᠶ᠎ᠡ ᠶᠢ ᠬᠠᠮᠲᠤ ᠪᠠᠷ ᠵᠥᠪᠳᠡᠯᠴᠡᠪᠡ ᠃ ᠬᠤᠷᠠᠯ ᠳᠤ ᠂ ᠺᠠ ᠡᠯ | ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠧᠢ ᠵᠢᠶᠦ᠋ᠨ ᠴᠢᠩ ᠂ ᠶᠠᠨ ᠴᠢᠩ ᠣᠷᠴᠢᠨ | ᠲᠣᠭᠤᠷᠢᠨ ᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ CEO ᠰᠠᠢ ᠱᠢ ᠵᠢᠶᠧ ᠂ ᠣᠷᠳᠣᠰ ᠤᠨ ᠲᠤᠷᠰᠢᠯᠲᠠ ᠶᠢᠨ ᠲᠠᠰᠤᠭ ᠤᠨ ᠮᠡᠷᠭᠡᠵᠢᠯ ᠤᠨ ᠳᠡᠳ᠋ ᠡᠷᠬᠢᠯᠡᠭᠴᠢ | ᠵᠠᠩ ᠴᠧᠨ ᠰᠢ ᠵᠡᠷᠭᠡ 22 ᠵᠠᠯᠠᠭᠤ ᠠᠵᠤ ᠠᠬᠤᠶᠢᠯᠠᠯᠲᠠᠨ ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠲᠤᠰ ᠲᠤᠰ ᠶᠠᠷᠢᠶ᠎ᠠ ᠲᠠᠯᠪᠢᠵᠤ ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠂ ᠠᠵᠤ ᠠᠬᠤᠶᠢᠯᠠᠯ ᠤᠨ ᠬᠥᠭᠵᠢᠯᠲᠡ ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠵᠠᠯᠠᠭᠤ ᠠᠵᠤ ᠠᠬᠤᠶᠢᠯᠠᠯᠲᠠᠨ ᠢ ᠬᠥᠮᠥᠵᠢᠭᠦᠯᠬᠦ ᠵᠡᠷᠭᠡ ᠶᠢ ᠳᠡᠮᠵᠢᠬᠦ ᠲᠤᠬᠠᠢ ᠰᠠᠨᠠᠭᠤᠯᠭ᠎ᠠ ᠳᠤᠷᠠᠳᠪᠠ ᠃ ᠢᠦᠢ ᠬᠠᠢ ᠢᠦᠢ | ᠤᠯᠠᠨ ᠤ ᠶᠠᠷᠢᠶ᠎ᠠ ᠶᠢ ᠭᠦᠢᠴᠡᠳ ᠨᠤᠲᠠᠯᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠰᠤᠳᠤᠯᠤᠨ ᠰᠢᠢᠳᠪᠦᠷᠢᠯᠡᠵᠦ ᠂ ᠰᠠᠨᠠᠯ ᠰᠠᠨᠠᠭᠤᠯᠭ᠎ᠠ ᠶᠢ ᠬᠦᠯᠢᠶᠡᠨ ᠠᠪᠬᠤ ᠬᠡᠷᠡᠭᠲᠡᠢ ᠭᠡᠵᠦ ᠱᠠᠭᠠᠷᠳᠠᠪᠠ ᠃ ᠢᠦᠢ ᠬᠠᠢ ᠢᠦᠢ ᠂ ᠵᠠᠯᠠᠭᠤ ᠠᠵᠤ | ᠠᠬᠤᠶᠢᠯᠠᠯᠲᠠᠨ ᠪᠣᠯ ᠣᠷᠳᠣᠰ ᠬᠤᠳᠠ ᠶᠢᠨ ᠬᠤᠪᠣᠷ ᠨᠠᠨᠳᠢᠨ ᠬᠥᠭᠵᠢᠯᠲᠡ ᠶᠢᠨ ᠡᠬᠢ ᠪᠠᠶᠠᠯᠢᠭ ᠮᠥᠨ ᠂ ᠵᠠᠯᠠᠭᠤ ᠠᠵᠤ ᠠᠬᠤᠶᠢᠯᠠᠯᠲᠠᠨ ᠢ ᠴᠢᠬᠤᠯᠠᠴᠢᠯᠠᠵᠤ | ᠪᠠᠶᠢᠭ᠎ᠠ ᠨᠢ ᠳᠠᠷᠤᠢ ᠣᠷᠳᠣᠰ ᠬᠤᠳᠠ ᠶᠢᠨ ᠢᠷᠡᠭᠡᠳᠦᠢ ᠶᠢ ᠴᠢᠬᠤᠯᠠᠴᠢᠯᠠᠵᠤ ᠪᠠᠶᠢᠭ᠎ᠠ ᠶᠠᠪᠤᠳᠠᠯ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠪᠣᠯᠣᠨ ᠵᠠᠯᠠᠭᠤ ᠴᠢᠳᠠᠪᠤᠷᠢᠲᠠᠨ ᠂ ᠵᠠᠯᠠᠭᠤ ᠠᠵᠤ ᠠᠬᠤᠶᠢᠯᠠᠯᠲᠠᠨ ᠤ ᠦᠰᠦᠨ ᠪᠤᠶᠢᠵᠢᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠬᠦᠨᠳᠦ ᠨᠠᠶᠢᠲᠠᠯᠭ᠎ᠠ ᠲᠠᠯᠪᠢᠵᠤ ᠪᠠᠶᠢᠨ᠎ᠠ ᠂ ᠵᠠᠯᠠᠭᠤ ᠠᠵᠤ ᠠᠬᠤᠶᠢᠯᠠᠯᠲᠠᠳ ᠤᠭ ᠰᠠᠨᠠᠭ᠎ᠠ ᠪᠠᠨ ᠥᠯᠥ ᠤᠮᠠᠷᠳᠠᠨ ᠂ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ ᠂ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠂ ᠰᠢᠨ᠎ᠡ ᠵᠢᠳᠬᠦᠯ | ᠴᠢᠷᠮᠠᠶᠢᠯᠭ᠎ᠠ ᠪᠠᠨ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ ᠃ ᠢᠲᠡᠭᠡᠯ ᠵᠣᠷᠢᠭ ᠢᠶᠠᠨ ᠪᠠᠲᠤᠳᠬᠠᠵᠤ ᠂ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠮᠠᠨ ᠤ | ᠬᠤᠳᠠ ᠶᠢᠨ ᠬᠥᠭᠵᠢᠯᠲᠡ ᠶᠢᠨ ᠳᠠᠪᠠᠭᠤᠯᠢᠭ ᠢ ᠵᠥᠪ ᠲᠠᠨᠢᠵᠤ ᠂ ᠠᠵᠠ ᠲᠣᠬᠢᠶᠠᠯ ᠢ ᠠᠮᠵᠢᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠬᠠᠲᠠᠭᠤ ᠵᠣᠷᠢᠭ ᠢ ᠪᠠᠷᠢᠮᠲᠠᠯᠠᠵᠤ ᠂ ᠪᠦᠬᠦ ᠬᠤᠳᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ | ᠪᠠᠶᠢᠷᠢᠰᠢᠭᠤᠯᠤᠯᠲᠠ ᠳᠤ ᠢᠳᠡᠪᠬᠢᠲᠡᠢ ᠠᠭᠤᠰᠤᠯᠴᠠᠵᠤ ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ ᠃ ᠠᠤᠭ᠎ᠠ | ᠵᠣᠷᠢᠭ ᠢ ᠪᠤᠢ ᠪᠣᠯᠭᠠᠵᠤ ᠂ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠴᠦ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠳᠠᠭᠠᠭᠤᠯᠤᠭᠴᠢ | ᠪᠣᠯᠬᠤ ᠪᠠᠷ ᠴᠢᠷᠮᠠᠶᠢᠬᠤ ᠬᠡᠷᠡᠭᠲᠡᠢ ᠃ ᠬᠠᠶᠢᠷ᠎ᠠ ᠰᠡᠳᠬᠢᠯᠭᠡ ᠪᠠᠨ ᠡᠷᠭᠦᠵᠦ ᠂ ᠤᠬᠠᠮᠰᠠᠷ ᠠᠴᠠ ᠪᠠᠨ ᠬᠠᠤᠯᠢ ᠶᠣᠰᠣᠭᠠᠷ ᠭᠠᠶᠢᠯᠢ ᠲᠤᠰᠢᠶᠠᠵᠤ ᠂ ᠦᠨᠡᠨᠴᠢ | ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠶᠢ ᠪᠠᠷᠢᠮᠲᠠᠯᠠᠵᠤ ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠣᠯᠣᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠨᠡᠶᠢᠭᠡᠮ ᠨᠡᠶᠢᠲᠡ ᠳᠤ ᠬᠠᠷᠠᠭᠤ ᠲᠠᠯᠠᠷᠬᠠᠬᠤ | ᠳᠠᠭᠤᠷᠢᠶᠠᠯ ᠦᠵᠡᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠪᠡ ᠃ ᠢᠦᠢ ᠬᠠᠢ ᠢᠦᠢ ᠂ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠨ ᠳᠤ ᠰᠠᠶᠢᠲᠤᠷ | ᠦᠢᠯᠡᠴᠢᠯᠡᠵᠦ ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠡᠭᠦᠳᠬᠦ ᠪᠣᠯ ᠡᠯ᠎ᠡ ᠱᠠᠲᠤᠨ ᠤ ᠵᠠᠰᠠᠭ ᠤᠨ ᠣᠷᠳᠣᠨ ᠤ ᠵᠠᠶᠢᠯᠠᠭᠤᠯᠵᠤ ᠪᠣᠯᠣᠰᠢ ᠦᠭᠡᠢ | ᠬᠠᠷᠢᠭᠤᠴᠠᠯᠭ᠎ᠠ ᠪᠣᠯᠣᠨ᠎ᠠ ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠵᠠᠯᠠᠭᠤ ᠠᠵᠤ ᠠᠬᠤᠶᠢᠯᠠᠯᠲᠠᠨ ᠢ | ᠬᠥᠮᠥᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠵᠤ ᠠᠬᠤᠶᠢᠯᠠᠯ ᠤᠨ ᠬᠥᠭᠵᠢᠯᠲᠡ ᠪᠣᠯᠣᠨ ᠵᠠᠯᠠᠭᠤ ᠠᠵᠤ ᠠᠬᠤᠶᠢᠯᠠᠯᠲᠠᠨ ᠤ ᠦᠰᠦᠨ ᠪᠤᠶᠢᠵᠢᠯᠲᠠ ᠳᠤ | ᠠᠰᠢᠭᠲᠠᠢ ᠰᠠᠶᠢᠨ ᠰᠠᠶᠢᠬᠠᠨ ᠦᠢᠯᠡᠴᠢᠯᠡᠭᠡᠨ ᠤ ᠣᠷᠴᠢᠨ ᠲᠣᠭᠤᠷᠢᠨ ᠂ ᠠᠮᠢᠳᠤᠷᠠᠯ ᠤᠨ ᠣᠷᠴᠢᠨ ᠲᠣᠭᠤᠷᠢᠨ ᠂ ᠬᠠᠤᠯᠢᠵᠢᠯ ᠤᠨ ᠣᠷᠴᠢᠨ ᠲᠣᠭᠤᠷᠢᠨ ᠢ ᠪᠤᠢ | ᠪᠣᠯᠭᠠᠬᠤ ᠬᠡᠷᠡᠭᠲᠡᠢ ᠭᠡᠪᠡ ᠃ ᠬᠤᠲᠠ ᠶᠢᠨ ᠤᠳᠤᠷᠢᠳᠤᠯᠭ᠎ᠠ ᠯᠢᠦ ᠹᠧᠩ ᠶᠦᠨ ᠂ ᠮᠢᠶᠣᠣ ᠴᠧᠩ ᠢᠦᠢ ᠣᠷᠤᠯᠴᠠᠪᠠ ᠃ | | |