| ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ ︽ ᠵᠤᠵᠢᠭ ᠬᠡᠮ ᠲᠠᠢ ᠬᠡᠦᠬᠡᠳ ᠢ ᠬᠠᠯᠠᠮᠵᠢᠯᠠᠨ | ᠬᠠᠶᠢᠷᠠᠯᠠᠬᠤ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵ 2024 — 2028 ᠣᠨ ︶ ︾ ᠢ ᠨᠡᠶᠢᠲᠡᠯᠡᠪᠡ ᠃ 29 ᠵᠦᠢᠯ ᠤᠨ ᠡᠮᠴᠢᠯᠡᠭᠡ | ᠡᠷᠡᠭᠦᠯᠵᠢᠯ ᠤᠨ ᠵᠦᠢᠯᠡᠰ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠤᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ ᠭᠡᠵᠦ ᠳᠤᠷᠠᠳᠴᠠᠢ ᠃ ᠲᠤᠰ | ᠲᠥᠰᠥᠯ ᠳᠤ ᠮᠠᠨ ᠤ ᠤᠯᠤᠰ 5 ᠵᠢᠯ ᠣᠷᠴᠢᠮ ᠤᠨ ᠴᠠᠭ ᠢ ᠬᠡᠷᠡᠭᠰᠡᠵᠦ ᠪᠠᠶᠢᠭᠠᠳ ᠵᠤᠵᠢᠭ ᠬᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠠᠵᠢᠯ ᠤᠨ ᠲᠣᠭᠲᠠᠴᠠ ᠂ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ ᠂ ᠵᠤᠵᠢᠭ ᠬᠡᠮ ᠲᠠᠢ ᠬᠡᠦᠬᠡᠳ ᠲᠤ ᠦᠢᠯᠡᠴᠢᠯᠡᠬᠦ ᠴᠢᠳᠠᠪᠤᠷᠢ ᠪᠠ | ᠪᠠᠲᠤᠯᠠᠭ᠎ᠠ ᠶᠢᠨ ᠨᠥᠬᠦᠴᠡᠯ ᠢ ᠳᠡᠭᠡᠭᠰᠢᠯᠡᠭᠦᠯᠵᠦ ᠂ ᠵᠤᠵᠢᠭ ᠬᠡᠮ ᠲᠠᠢ ᠬᠡᠦᠬᠡᠳ ᠤᠨ ᠦᠰᠦᠨ ᠪᠤᠶᠢᠵᠢᠬᠤ ᠂ ᠬᠥᠭᠵᠢᠬᠦ ᠣᠷᠴᠢᠨ ᠨᠥᠬᠦᠴᠡᠯ ᠢ ᠪᠦᠲᠦᠮᠵᠢᠲᠡᠶ | ᠰᠠᠶᠢᠵᠢᠷᠠᠭᠤᠯᠤᠨ᠎ᠠ ᠃ 2024 ᠣᠨ ᠠᠴᠠ 2025 ᠣᠨ ᠪᠣᠯᠲᠠᠯ᠎ᠠ ᠡᠯ᠎ᠡ ᠮᠤᠵᠢ ᠣᠷᠣᠨ ᠨᠥᠬᠦᠴᠡᠯ ᠲᠠᠢ ᠬᠤᠲᠠ ᠂ ᠰᠢᠶᠠᠨ ᠢ ᠰᠣᠩᠭᠤᠵᠤ ᠂ ᠵᠤᠵᠢᠭ ᠬᠡᠮ ᠲᠠᠢ | ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠤᠨ ᠲᠣᠭᠲᠠᠴᠠ ᠶᠢ ᠤᠷᠢᠳ ᠢᠶᠠᠷ ᠪᠦᠷᠢᠨᠰᠢᠭᠦᠯᠦᠨ᠎ᠡ ᠃ 2025 ᠣᠨ ᠠᠴᠠ 2028 ᠣᠨ ᠪᠣᠯᠲᠠᠯ᠎ᠠ ᠪᠣᠶ ᠪᠦᠬᠦᠢ | ᠬᠤᠲᠠ ᠂ ᠰᠢᠶᠠᠨ ᠳᠤ ᠵᠤᠵᠢᠭ ᠬᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠤᠨ ᠲᠣᠭᠲᠠᠴᠠ ᠶᠢ ᠨᠡᠶᠢᠳᠡᠮ ᠲᠡᠭᠦᠯᠳᠡᠷᠵᠢᠭᠦᠯᠬᠦ ᠶᠢ ᠠᠬᠢᠭᠤᠯᠵᠤ ᠂ ᠵᠤᠵᠢᠭ | ᠬᠡᠮ ᠲᠠᠢ ᠬᠡᠦᠬᠡᠳ ᠤᠨ ᠬᠥᠭᠵᠢᠯᠲᠡ ᠶᠢᠨ ᠪᠥᠬᠦ ᠶᠠᠪᠤᠴᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠡᠭᠦᠷᠭᠡ ᠪᠠ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠭᠡᠵᠦ ᠳᠤᠷᠠᠳᠴᠠᠢ ᠃ ᠠᠵᠢᠯᠯᠠᠭ᠎ᠠ ᠶᠢᠨ ᠬᠤᠭᠤᠴᠠᠭᠠᠨ ᠳᠤ ᠡᠯ᠎ᠡ ᠭᠠᠵᠠᠷ ᠤᠨ ᠬᠢᠨ ᠵᠤᠵᠢᠭ | ᠬᠡᠮ ᠲᠠᠢ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠪᠠ ᠡᠷᠡᠭᠦᠯᠵᠢᠯ ᠤᠨ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ ᠂ ᠵᠤᠵᠢᠭ ᠬᠡᠮ ᠲᠠᠢ ᠬᠡᠦᠬᠡᠳ ᠤᠨ ᠭᠡᠷ | ᠪᠦᠯᠢ ᠶᠢᠨ ᠡᠮᠴᠢᠯᠡᠭᠡ ᠬᠢᠭᠡᠳ ᠡᠷᠡᠭᠦᠯᠵᠢᠯ ᠤᠨ ᠳᠠᠷᠤᠭᠠᠰᠤ ᠶᠢ ᠬᠥᠩᠭᠡᠷᠡᠭᠦᠯᠵᠦ ᠂ ᠣᠲᠣ ᠦᠶ᠎ᠡ ᠶᠢᠨ ᠡᠷᠡᠭᠦᠯᠵᠢᠯ ᠂ ᠬᠢᠲᠠᠳ ᠡᠮᠨᠡᠯᠭᠡ ᠶᠢᠨ ᠡᠷᠡᠭᠦᠯᠵᠢᠯ ᠵᠡᠷᠭᠡ 29 | ᠵᠦᠢᠯ ᠤᠨ ᠡᠮᠴᠢᠯᠡᠭᠡᠨ ᠤ ᠡᠷᠡᠭᠦᠯᠵᠢᠯ ᠤᠨ ᠲᠥᠷᠥᠯ ᠵᠦᠢᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠨᠥᠬᠦᠴᠡᠯ ᠲᠠᠢ ᠭᠠᠵᠠᠷ ᠣᠷᠣᠨ ᠨᠢ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠲᠠᠢ ᠤᠶᠠᠯᠳᠤᠭᠤᠯᠤᠨ | ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠬᠠᠮᠲᠤ ᠡᠷᠡᠭᠦᠯᠵᠢᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠢᠳᠡᠪᠬᠢᠲᠡᠢ ᠳᠡᠭᠡᠭᠰᠢᠯᠡᠭᠦᠯᠵᠦ ᠂ ᠠᠪᠤᠷᠠᠨ | ᠲᠤᠰᠠᠯᠠᠬᠤ ᠨᠠᠰᠤᠨ ᠤ ᠬᠡᠪᠴᠢᠶ᠎ᠡ ᠶᠢ ᠥᠷᠭᠡᠳᠬᠡᠨ ᠂ ᠨᠥᠬᠦᠴᠡᠯ ᠳᠤ ᠨᠡᠶᠢᠴᠡᠬᠦ ᠵᠤᠵᠢᠭ ᠬᠡᠮ ᠲᠠᠢ ᠬᠡᠦᠬᠡᠳ ᠢ ︽ ᠠᠪᠤᠷᠠᠪᠠᠯ ᠵᠣᠬᠢᠬᠤ ᠶᠢ ᠨᠢ ᠪᠦᠬᠦᠨ ᠢ ᠠᠪᠤᠷᠠᠬᠤ ︾ | ᠶᠢ ᠦᠨᠡᠨᠬᠦ ᠪᠠᠲᠤᠯᠠᠬᠤ ᠬᠡᠷᠡᠭᠲᠡᠢ ᠃ ᠡᠯ᠎ᠡ ᠭᠠᠵᠠᠷ ᠤᠨ ᠬᠢᠨ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠪᠦᠷᠢᠨᠰᠢᠭᠦᠯᠵᠦ ᠂ ᠨᠥᠬᠦᠴᠡᠯ ᠳᠤ ᠨᠡᠶᠢᠴᠡᠬᠦ ᠵᠤᠵᠢᠭ ᠬᠡᠮ ᠲᠠᠢ ᠬᠡᠦᠬᠡᠳ ᠤᠨ ᠭᠡᠷ ᠪᠦᠯᠢ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ | ᠠᠪᠤᠷᠠᠨ ᠲᠤᠰᠠᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ ᠃ ᠭᠡᠨᠡᠳᠲᠡ ᠶᠢᠨ ᠬᠡᠷᠡᠭ ᠂ ᠰᠠᠨᠠᠭᠠᠨ ᠳᠤ ᠦᠭᠡᠢ | ᠭᠡᠮᠲᠦᠯ ᠳᠤ ᠤᠴᠠᠷᠠᠭᠰᠠᠨ ᠵᠡᠷᠭᠡ ᠪᠠᠶᠢᠳᠠᠯ ᠂ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠵᠤᠵᠢᠭ ᠬᠡᠮ ᠲᠠᠢ ᠬᠡᠦᠬᠡᠳ ᠤᠨ ᠭᠡᠷ ᠪᠦᠯᠢ ᠳᠤ ᠡᠯ᠎ᠡ | ᠭᠠᠵᠠᠷ ᠤᠨ ᠬᠢᠨ ᠲᠦᠷ ᠴᠠᠭ ᠤᠨ ᠲᠤᠰᠠᠯᠠᠮᠵᠢ ᠦᠵᠡᠭᠦᠯᠬᠦ ᠬᠡᠷᠡᠭᠲᠡᠢ ᠃ ᠨᠥᠬᠦᠴᠡᠯ ᠲᠠᠢ ᠭᠠᠵᠠᠷ ᠣᠷᠣᠨ ᠨᠢ ᠬᠦᠨᠳᠦ ᠵᠡᠮᠳᠡᠭᠴᠦᠳ ᠢ ᠰᠤᠪᠢᠯᠠᠬᠤ ᠨᠥᠬᠦᠪᠦᠷᠢ ᠶᠢᠨ | ᠬᠦᠷᠢᠶ᠎ᠡ ᠬᠡᠪᠴᠢᠶ᠎ᠡ ᠪᠠᠨ ᠭᠤᠷᠪᠠ ᠂ ᠳᠥᠷᠪᠡᠳᠦᠭᠡᠷ ᠳᠡᠰ ᠤᠨ ᠣᠶᠤᠨ ᠰᠠᠨᠠᠭᠠᠨ ᠤ ᠵᠡᠮᠳᠡᠭᠴᠦᠳ ᠬᠦᠷᠲᠡᠯ᠎ᠡ ᠥᠷᠭᠡᠳᠬᠡᠵᠦ ᠪᠣᠯᠣᠨ᠎ᠠ ᠃ ᠡᠭᠦᠨ ᠠᠴᠠ ᠭᠠᠳᠠᠨ᠎ᠠ | ᠮᠠᠨ ᠤ ᠤᠯᠤᠰ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠤᠵᠢᠭ ᠬᠡᠮ ᠲᠠᠢ ᠰᠤᠷᠤᠭᠴᠢ ᠶᠢᠨ ᠤᠨᠴᠠᠭᠠᠢ ᠰᠤᠷᠭᠠᠨ ᠬᠦᠮᠦᠵᠢᠯ ᠬᠦᠷᠳᠡᠬᠦ ᠬᠥᠮᠥᠨ | ᠳᠤᠮᠳᠠᠴᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠰᠣᠷᠣᠭᠴᠢ ᠨᠢᠭᠡᠪᠦᠷᠢ ᠵᠢᠯ ᠳᠤ 6000 | ᠲᠥᠭᠦᠷᠢᠭ ᠪᠠᠶᠢᠭᠰᠠᠨ ᠠᠴᠠ 7000 ᠲᠥᠭᠦᠷᠢᠭ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ ︔ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠵᠤᠵᠢᠭ | ᠬᠡᠮ ᠲᠠᠢ ᠰᠤᠷᠤᠭᠴᠢᠳ ᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠳᠤ ᠰᠦᠢᠳᠬᠡᠯ ᠬᠤᠷᠢᠶᠠᠬᠤ ᠦᠭᠡᠢ ᠰᠤᠷᠭᠠᠨ ᠬᠥᠮᠦᠵᠢᠯ ᠬᠦᠷᠲᠡᠭᠡᠨ᠎ᠡ ᠃ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠵᠤᠵᠢᠭ ᠬᠡᠮ ᠲᠠᠢ ᠰᠤᠷᠤᠭᠴᠢ ᠶᠢ ᠬᠦᠮᠦᠵᠢᠭᠦᠯᠬᠦ ᠰᠤᠷᠭᠠᠭᠤᠯᠢ ᠂ ᠨᠥᠬᠦᠴᠡᠯ ᠲᠠᠢ ᠣᠨᠴᠠᠭᠠᠢ ᠰᠤᠷᠭᠠᠨ | ᠬᠥᠮᠦᠵᠢᠯ ᠤᠨ ᠰᠤᠷᠭᠠᠭᠤᠯᠢ ᠂ ᠶᠡᠭᠡ ᠳᠡᠭᠡᠳᠦ ᠰᠤᠷᠭᠠᠭᠤᠯᠢ ᠵᠡᠷᠭᠡ ᠳᠤ ᠲᠦᠰᠢᠭᠯᠡᠨ ᠣᠷᠣᠨ ᠪᠦᠰᠡ ᠶᠢᠨ ᠵᠤᠵᠢᠭ ᠬᠡᠮ ᠲᠠᠢ ᠬᠡᠦᠬᠡᠳ ᠤᠨ ᠰᠤᠷᠭᠠᠨ ᠬᠥᠮᠦᠵᠢᠯ ᠤᠨ | ᠵᠢᠯᠤᠭᠤᠳᠬᠤ ᠲᠥᠪ ᠪᠠᠶᠢᠭᠤᠯᠬᠤ ᠶᠢ ᠳᠡᠮᠵᠢᠵᠦ ᠂ ᠰᠤᠷᠭᠠᠭᠤᠯᠢ ᠂ ᠭᠡᠷ ᠪᠦᠯᠢ ᠪᠠ ᠨᠡᠶᠢᠭᠡᠮ ᠲᠣᠭᠤᠷᠢᠭ ᠲᠠᠬᠢ ᠵᠢᠯᠣᠭᠤᠳᠤᠯᠭ᠎ᠠ ᠶᠢ ᠴᠢᠩᠭᠠᠳᠬᠠᠨ ᠂ ᠵᠤᠵᠢᠭ | ᠬᠡᠮ ᠲᠠᠢ ᠬᠡᠦᠬᠡᠳ ᠲᠤ ᠬᠠᠨᠳᠤᠭᠤᠯᠤᠭᠰᠠᠨ ᠣᠨᠴᠠᠭᠠᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ ᠃ | |