| ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 11 ᠤ ᠴᠠᠭᠢᠯᠭᠠᠨ ᠮᠡᠳᠡᠭᠡ ︽ ᠳᠡᠯᠡᠬᠡᠢ ᠶᠢᠷᠲᠢᠨᠴᠦ ᠶᠠᠭ ᠰᠠᠶᠢᠬᠠᠨ ᠵᠠᠭᠤᠨ ᠵᠢᠯ ᠳᠤ ᠲᠣᠬᠢᠶᠠᠯᠳᠤᠭ᠎ᠠ | ᠦᠭᠡᠢ ᠶᠡᠭᠡ ᠬᠤᠪᠢᠰᠤᠯᠲᠠ ᠳᠤ ᠲᠤᠯᠭᠠᠷᠠᠵᠤ ᠪᠠᠶᠢᠨ᠎ᠠ ︾ ᠃ | ᠡᠨᠡ ᠪᠣᠯ ᠲᠡᠷᠢᠭᠦᠯᠡᠭᠴᠢ ᠰᠢ ᠶᠢᠨ ᠫᠢᠩ ᠤᠨ ᠠᠯᠢ ᠡᠷᠲᠡ ᠠᠷᠪᠠ ᠭᠠᠷᠤᠢ ᠵᠢᠯ ᠤᠨ ᠡᠮᠦᠨ᠎ᠡ ᠲᠥᠰᠥᠭᠡᠯᠡᠭᠰᠡᠨ ᠭᠦᠨᠵᠡᠭᠡᠢ ᠮᠠᠭᠠᠳᠯᠠᠯᠲᠠ ᠪᠣᠯᠣᠨ᠎ᠠ ᠃ ᠨᠠᠷᠠᠠ | ᠮᠠᠨᠳᠤᠵᠤ ᠰᠠᠷᠨᠨ ᠰᠢᠩᠭᠡᠵᠦ ᠂ ᠬᠠᠪᠤᠷ ᠨᠠᠮᠤᠷ ᠡᠭᠡᠯᠵᠢᠯᠡᠭᠰᠡᠭᠡᠷ ᠃ ᠡᠨᠡ ᠦᠭᠡ ᠨᠢ ᠠᠯᠢ ᠤᠯᠠᠨ ᠲᠣᠮᠣ ᠤᠴᠢᠷ ᠶᠠᠪᠤᠳᠠᠯ ᠤᠳ ᠢᠶᠠᠷ ᠣᠯᠠᠨᠲᠠ ᠭᠡᠷᠡᠴᠢᠯᠡᠭᠳᠡᠭᠰᠡᠭᠡᠷ ᠃ | ᠬᠥᠮᠥᠨ ᠲᠥᠷᠥᠯᠬᠢᠲᠡᠨ ᠲᠡᠦᠬᠡ ᠶᠢᠨ ᠲᠣᠨᠣᠯᠵᠢᠨ ᠵᠠᠮ ᠳᠤ ᠵᠣᠭᠰᠣᠪᠠ ᠃ ᠪᠦᠯᠬᠦᠮᠳᠡᠬᠦ ᠦᠦ ᠡᠰᠡᠬᠦᠯ᠎ᠡ ᠬᠠᠭᠠᠴᠠᠬᠤ ᠦᠦ ᠂ ᠶᠠᠷᠢᠯᠴᠠᠭ᠎ᠠ ᠬᠢᠬᠦ ᠦᠦ ᠡᠰᠡᠬᠦᠯ᠎ᠡ | ᠡᠰᠡᠷᠭᠦᠴᠡᠯᠳᠦᠬᠦ ᠦᠦ ᠂ ᠬᠠᠮᠲᠤ ᠪᠠᠷ ᠠᠰᠢᠭ ᠭᠦᠷᠳᠡᠭᠦ ᠦᠦ ᠡᠰᠡᠬᠦᠯ᠎ᠡ ᠦᠯᠦ ᠡᠪᠰᠡᠨ ᠬᠠᠷᠢᠯᠴᠠᠨ ᠦᠵᠡᠯᠴᠡᠬᠦ ᠦᠦ ᠂ ᠵᠠᠭᠤᠨ ᠵᠢᠯ ᠳᠤ ᠲᠣᠬᠢᠶᠠᠯᠳᠤᠭ᠎ᠠ ᠦᠭᠡᠢ | ᠬᠤᠪᠢᠰᠤᠯᠲᠠ ᠶᠠᠭ ᠲᠦᠷᠭᠡᠰᠦᠨ ᠤᠯᠠᠷᠢᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭ᠎ᠠ ᠳᠤ ᠬᠤᠯᠪᠣᠭᠳᠠᠬᠤ ︽ ᠴᠠᠭ ᠦᠶ᠎ᠡ ᠶᠢᠨ ᠠᠰᠠᠭᠤᠯᠲᠠ ︾ ᠶᠢᠨ | ᠬᠠᠷᠢᠭᠤᠯᠲᠠ ᠶᠢ ᠡᠨᠡ ᠤᠳᠠᠭ᠎ᠠ ᠶᠢᠨ ᠤᠷᠤᠰ ᠲᠠᠬᠢ ᠠᠶᠢᠯᠴᠢᠯᠠᠯᠲᠠ ᠠᠴᠠ ᠣᠯᠵᠤ ᠬᠠᠷᠠᠵᠤ ᠪᠣᠯᠣᠨ᠎ᠠ ᠃ | 5 ᠰᠠᠷ᠎ᠠ ᠶᠢᠨ 7 ᠠᠴᠠ 10 ᠤ ᠡᠳᠦᠷ ᠪᠤᠯᠲᠠᠯ᠎ᠠ ᠂ ᠲᠡᠷᠢᠭᠦᠯᠡᠭᠴᠢ ᠰᠢ ᠶᠢᠨ ᠫᠢᠩ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ | ᠣᠷᠣᠯᠴᠠᠪᠠ ᠃ | ᠴᠠᠭ ᠤᠨ ᠵᠡᠭᠦᠦ ᠠᠷᠪᠠᠨ ᠵᠢᠯ ᠤᠨ ᠡᠮᠦᠨᠡᠬᠢ 70 ᠵᠢᠯ ᠤᠨ ᠣᠶ ᠶᠢᠨ ᠪᠠᠶᠠᠷ ᠤᠨ ᠶᠣᠰᠣᠯᠠᠯ ᠳᠤ ᠣᠷᠤᠯᠴᠠᠬᠤ ᠦᠶ᠎ᠡ ᠳᠤ ᠪᠤᠴᠠᠵᠤ ᠢᠷᠡᠭᠰᠡᠨ ᠰᠢᠭ ᠪᠣᠯᠪᠠ ᠃ | ᠤᠷᠳᠤ ᠤᠳᠠᠭᠠᠨ ᠴᠠᠭ ᠮᠥᠴᠡ ᠶᠢ ᠡᠯᠡᠭᠡᠭᠰᠡᠨ ᠪᠥᠭᠡᠳ ᠢᠷᠠᠭᠤ ᠠᠯᠳᠠᠷ ᠪᠢᠯᠬᠠᠭᠰᠠᠨ ᠮᠣᠰᠺᠸᠠ ᠶᠢᠨ ᠤᠯᠠᠭᠠᠨ ᠲᠠᠯᠠᠪᠠᠶ ᠳᠤ 10 ᠵᠢᠯ ᠤᠨ ᠡᠮᠦᠨᠡᠬᠢ ᠲᠠᠢ | ᠠᠳᠠᠯᠢᠬᠠᠨ ᠬᠠᠩᠭᠢᠨᠠᠭᠰᠠᠨ ᠲᠠᠭᠤᠨ ᠣᠭᠲᠠᠷᠭᠤᠢ ᠶᠢ ᠳᠣᠩᠰᠣᠯᠭᠠᠵᠤ ᠂ ᠢᠳᠡᠷᠡᠭᠦᠨ ᠠᠯᠬᠤᠭ᠎ᠠ ᠮᠥᠨ ᠬᠦ ᠠᠳᠠᠯᠢᠬᠠᠨ ᠢᠳᠡ ᠬᠦᠴᠦᠲᠡᠢ ᠪᠠᠶᠢᠯ᠎ᠠ ᠃ | ᠴᠠᠭ ᠤᠨ ᠬᠦᠷᠳᠦ ᠡᠷᠭᠢᠯᠳᠦᠭᠰᠡᠭᠡᠷ ᠃ ᠡᠳᠦᠷ ᠪᠦᠷᠢ ᠲᠦᠮᠡᠨ ᠪᠣᠳᠠᠰ ᠬᠤᠪᠢᠷᠠᠵᠤ ᠪᠠᠶᠢᠪᠠᠴᠤ ᠂ ᠨᠢᠭᠡᠨ ᠬᠦᠴᠦᠨ ᠬᠠᠳᠠ ᠴᠢᠯᠠᠭᠤ ᠮᠡᠲᠦ ᠪᠠᠲᠤ ᠴᠢᠩᠭ᠎ᠠ | ᠪᠠᠶᠢᠵᠤ ᠂ ᠨᠢᠭᠡᠨ ᠵᠣᠷᠢᠭ ᠰᠠᠨᠠᠭ᠎ᠠ ᠴᠠᠭ ᠦᠶ᠎ᠡ ᠶᠢ ᠬᠥᠲᠥᠯᠥᠨ ᠳᠠᠭᠠᠭᠤᠯᠵᠤ ᠰᠦᠷ ᠳᠠᠯᠠᠶᠢᠴᠠᠲᠠᠢ ᠤᠷᠤᠭᠰᠢᠯᠠᠨ᠎ᠠ ᠃ | ᠲᠡᠷᠡ ᠪᠣᠯ ︽ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ︾ ᠠᠮᠠᠯᠠᠯᠲᠠ ᠂ ︽ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ︾ ᠬᠠᠳᠠᠨ ᠵᠣᠷᠢᠭ ᠮᠥᠨ ᠃ | ᠤᠷᠪᠠᠭᠠᠨ ᠬᠥᠷᠪᠡᠭᠡᠨ ᠲᠠᠢ ᠪᠠᠶᠢᠭᠰᠠᠨ ᠴᠤ ᠡᠩᠬᠡ ᠲᠠᠶᠢᠪᠤᠩ ᠢ ᠬᠠᠮᠠᠭᠠᠯᠠᠬᠤ ᠵᠣᠷᠢᠭ ᠦᠯᠦ ᠰᠤᠯᠠᠷᠠᠨ᠎ᠠ ︔ ᠲᠤᠬᠰᠢᠨ ᠳᠠᠪᠠᠯᠭᠠᠨ ᠳᠠᠪᠠᠯᠭᠠᠯᠠᠵᠤ ᠪᠠᠶᠢᠭᠰᠠᠨ ᠴᠤ | ᠬᠠᠮᠲᠤᠷᠠᠯᠴᠠᠬᠤ ᠳᠠᠷᠪᠠᠭᠤᠯ ᠥᠨᠳᠥᠷ ᠲᠤ ᠮᠠᠨᠳᠤᠭᠰᠠᠭᠠᠷ ᠃ | ᠲᠤᠬᠠᠢ ᠶᠢᠨ ᠭᠠᠵᠠᠷ ᠤᠨ ᠴᠠᠭ ᠢᠶᠠᠷ 7 ᠤ ᠣᠷᠣᠢ ᠂ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠬᠦᠷᠴᠦ ᠣᠴᠢᠪᠠ ᠃ ᠨᠢᠰᠬᠡᠯ ᠤᠨ ᠪᠠᠭᠤᠳᠠᠯ ᠳᠤ | ᠤᠭᠲᠤᠬᠤ ᠪᠠᠷ ᠢᠷᠡᠭᠰᠡᠨ ᠤᠷᠤᠰ ᠤᠨ ᠳᠡᠳ᠋ ᠶᠡᠷᠦᠩᠬᠡᠢ ᠰᠠᠶᠢᠳ ᠭᠧᠯᠢᠺᠸᠧᠨ ᠄ ︽ ᠪᠢᠳᠡ ᠴᠥᠮ ᠮᠠᠰᠢ ᠶᠡᠭᠡ ᠰᠣᠨᠢᠷᠬᠠᠯ ᠲᠠᠢ ᠪᠠᠷ ᠲᠠᠨ ᠤ ︿ ᠤᠷᠤᠰ ᠤᠨ ᠰᠣᠨᠢᠨ ﹀ | ᠳᠡᠭᠡᠷ᠎ᠡ ᠨᠡᠶᠢᠲᠡᠯᠡᠭᠰᠡᠨ ᠨᠡᠷ᠎ᠡ ᠬᠠᠲᠠᠭᠰᠠᠨ ᠵᠣᠬᠢᠶᠠᠯ ᠢ ᠨᠠᠷᠢᠨ ᠬᠢᠨᠠᠮᠠᠭᠠᠢ ᠤᠩᠰᠢᠵᠤ ᠂ ᠮᠠᠰᠢ ᠶᠡᠭᠡ ᠤᠷᠮᠠᠰᠢᠨ ᠵᠣᠷᠢᠭᠵᠢᠵᠤ ᠂ ᠮᠠᠰᠢ ᠶᠡᠭᠡ ᠰᠡᠳᠬᠢᠯ ᠳᠣᠭᠳᠣᠯᠪᠠ ︾ | ᠭᠡᠵᠦ ᠬᠡᠯᠡᠪᠡ ᠃ | ᠲᠡᠷᠢᠭᠦᠯᠡᠭᠴᠢ ᠰᠢ ᠶᠢᠨ ᠫᠢᠩ ᠵᠣᠬᠢᠶᠠᠯ ᠳᠠᠭᠠᠨ ᠄ ︽ ᠨᠢᠭᠡᠨ ᠴᠠᠭ ᠤᠨ ᠤᠴᠢᠷ ᠶᠠᠪᠤᠳᠠᠯ ᠳᠤ ᠲᠥᠭᠡᠷᠢᠭᠳᠡᠬᠦ ᠦᠭᠡᠢ ᠂ ᠰᠢᠷᠦᠭᠦᠨ ᠰᠠᠯᠬᠢ ᠳᠤᠬᠰᠢᠨ | ᠳᠠᠪᠠᠯᠭᠠᠨ ᠳᠤ ᠨᠥᠯᠥᠭᠡᠯᠡᠭᠳᠡᠬᠦ ᠦᠭᠡᠢ ᠪᠠᠶᠢᠵᠤ ᠂ ᠳᠤᠮᠳᠠᠳᠤ ᠤᠷᠤᠰ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠲᠣᠬᠲᠠᠭᠠᠯᠲᠤ ᠴᠢᠨᠠᠷ ᠪᠣᠯᠣᠨ ᠤᠶᠠᠨ | ᠬᠠᠳᠠᠨ ᠴᠢᠨᠠᠷ ᠢᠶᠠᠷ ᠳᠡᠯᠡᠬᠡᠢ ᠶᠢᠨ ᠤᠯᠠᠨ ᠲᠦᠢᠯᠵᠢᠯᠳᠠ ᠶᠢᠨ ᠠᠬᠢᠴᠠ ᠶᠢ ᠬᠠᠮᠲᠤ ᠪᠠᠷ ᠠᠬᠢᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ ︾ ᠭᠡᠵᠦ ᠪᠢᠴᠢᠪᠡ ᠃ | ︵ ᠨᠢᠭᠡ ︶ ᠠᠶᠢᠯᠴᠢᠯᠠᠬᠰᠠᠨ ᠴᠠᠭ ᠄ | ︽ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭ᠎ᠠ ᠨᠡᠩ ᠢᠲᠡᠭᠡᠯ ᠲᠠᠢ ᠂ ᠲᠣᠭᠲᠠᠭᠤᠨ ᠪᠠᠲᠤ ᠪᠠᠬᠢ ᠪᠣᠯᠪᠠ ︾ | ᠲᠦᠷᠦᠭᠦᠬᠡᠨ ᠤᠯᠠᠨ ᠤᠯᠤᠰ ᠤᠨ ᠶᠠᠷᠢᠶ᠎ᠠ ᠬᠡᠯᠡᠯᠴᠡᠭᠡᠨ ᠳᠤ ᠄ ᠲᠣᠮᠣ ᠤᠯᠤᠰ ᠤᠨ ᠬᠠᠷᠢᠯᠴᠠᠭ᠎ᠠ ᠡᠭᠡᠳᠡᠷᠡᠭᠡᠨ ᠪᠤᠳᠤᠯᠢᠶᠠᠨᠲᠠᠢ ᠪᠣᠯᠤᠭᠰᠠᠨ ᠪᠠᠶᠢᠳᠠᠯ ᠳᠣᠣᠷ᠎ᠠ | ᠪᠡᠭᠡᠵᠢᠩ — ᠮᠣᠰᠺᠸᠠ ᠬᠠᠮᠢᠭᠠᠰᠢ ᠪᠤᠯᠬᠤ ᠪᠣᠯ ᠭᠡᠵᠦ ᠲᠠᠭᠠᠮᠠᠭᠯᠠᠵᠤ ᠪᠠᠶᠢᠪᠠ ᠃ | ᠦᠨᠡᠨ ᠳᠡᠭᠡᠨ ᠲᠡᠷᠢᠭᠦᠯᠡᠭᠴᠢ ᠰᠢ ᠶᠢᠨ ᠫᠢᠩ ᠤᠨ ᠲᠤᠰᠬᠠᠢ ᠨᠢᠰᠬᠡᠯ ᠤᠷᠤᠰ ᠤᠨ ᠨᠤᠲᠤᠭ ᠲᠤ ᠪᠠᠭᠤᠭᠰᠠᠨ ᠦᠶ᠎ᠡ ᠳᠤ ᠨᠢᠭᠡᠨᠲᠡ ᠲᠣᠳᠣᠷᠬᠠᠢ ᠬᠠᠷᠢᠭᠤᠯᠲᠠ ᠶᠢ | ᠥᠭᠭᠦᠭᠰᠡᠨ ᠪᠠᠶᠢᠨ᠎ᠠ ᠃ ᠨᠡᠷ᠎ᠡ ᠬᠠᠲᠠᠭᠰᠠᠨ ᠵᠣᠬᠢᠶᠠᠯ ᠳᠠᠬᠢ ︽ ᠰᠢᠷᠦᠭᠦᠨ ᠰᠠᠯᠬᠢ ᠳᠤᠬᠰᠢᠨ ᠳᠠᠪᠠᠯᠭᠠᠨ ᠳᠤ ᠨᠥᠯᠥᠭᠡᠯᠡᠭᠳᠡᠬᠦ ᠦᠭᠡᠢ ︾ ᠭᠡᠰᠡᠨ ᠴᠦ ᠲᠡᠷᠡ ᠂ ᠺᠷᠧᠮᠯᠢ | ᠣᠷᠳᠣᠨ ᠳᠤ ᠰᠤᠷᠪᠤᠯᠵᠢᠯᠠᠬᠴᠢᠳ ᠲᠠᠢ ᠠᠭᠤᠯᠵᠠᠬᠤ ᠳᠠᠭᠠᠨ ᠴᠢᠬᠤᠯᠠᠴᠢᠯᠠᠭᠰᠠᠨ ︽ ᠰᠠᠯᠬᠢ ᠪᠣᠷᠣᠭᠠᠨ ᠢ ᠬᠠᠮᠲᠤ ᠪᠠᠷ ᠥᠩᠭᠡᠷᠡᠭᠦᠯᠵᠦ ᠂ ᠬᠦᠴᠢᠷ ᠪᠡᠷᠬᠡᠰᠢᠶᠡᠯ ᠢ | ᠬᠠᠮᠲᠤ ᠪᠠᠷ ᠲᠤᠭᠤᠯᠤᠨ᠎ᠠ ︾ ᠭᠡᠵᠦ ᠬᠡᠯᠡᠭᠰᠡᠨ ᠴᠦ ᠲᠡᠷᠡ ᠂ ᠳᠤᠮᠳᠠᠳᠤ ᠤᠯᠤᠰ ᠴᠢᠭᠯᠡᠯ ᠢᠶᠠᠨ ᠲᠠᠭᠢᠨ ᠳᠠᠪᠲᠠᠨ ᠲᠣᠳᠣᠷᠬᠠᠶᠢᠯᠠᠭᠰᠠᠭᠠᠷ ᠪᠠᠶᠢᠨ᠎ᠠ ᠃ | ᠶᠡᠷᠦᠩᠬᠡᠶᠢᠯᠡᠭᠴᠢ ᠫᠦᠲ᠋ᠢᠨ ᠴᠤ ᠠᠳᠠᠯᠢᠬᠠᠨ ᠣᠪᠣᠷ ᠢᠶᠠᠷ ᠄ ︽ ᠬᠤᠶᠠᠷ ᠤᠯᠤᠰ ᠤᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠶᠤᠮ ︾ ᠂ ︽ ᠣᠷᠣᠰ | ᠳᠤᠮᠳᠠᠳᠤ ᠶᠢᠨ ᠬᠠᠷᠢᠯᠴᠠᠭ᠎ᠠ ᠨᠢᠭᠡᠨ ᠴᠠᠭ ᠤᠨ ᠤᠴᠢᠷ ᠶᠠᠪᠤᠳᠠᠯ ᠳᠤ ᠲᠥᠭᠡᠷᠢᠭᠳᠡᠬᠦ ᠦᠭᠡᠢ ᠂ ᠶᠠᠮᠠᠷᠪᠠ ᠭᠠᠳᠠᠭᠠᠳᠤ ᠣᠷᠴᠢᠨ ᠤ ᠬᠠᠷᠰᠢᠯᠠᠯ ᠳᠤ ᠴᠤ ᠨᠥᠯᠥᠭᠡᠯᠡᠭᠳᠡᠬᠦ | ᠦᠭᠡᠢ ᠶᠤᠮ ︾ ᠭᠡᠪᠡ ᠃ | ᠤᠯᠤᠰ ᠤᠨ ᠲᠡᠷᠢᠭᠦᠨ ᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠨᠢ ᠭᠦᠨ ᠵᠤᠵᠠᠭᠠᠨ ᠭᠠᠳᠠᠭᠠᠳᠤ ᠬᠠᠷᠢᠯᠴᠠᠭᠠᠨ ᠤ ᠲᠡᠦᠬᠡᠨ ᠬᠠᠭᠤᠳᠠᠰᠤᠨ ᠳᠤ ᠪᠠᠶᠢᠵᠤ ᠂ | ᠬᠠᠮᠤᠭ ᠤᠨ ᠰᠦᠷ ᠬᠦᠴᠦᠨ ᠲᠠᠢ ᠬᠠᠭᠤᠳᠠᠰᠤ ᠪᠣᠯᠣᠨ᠎ᠠ ᠃ | 8 ᠤ ᠥᠷᠯᠥᠭᠡ ᠂ ᠲᠡᠷᠢᠭᠦᠯᠡᠭᠴᠢ ᠰᠢ ᠶᠢᠨ ᠫᠢᠩ ᠤᠨ ᠲᠡᠷᠭᠡᠨ ᠠᠩᠭᠢ ᠥᠷᠯᠥᠭᠡ ᠶᠢᠨ ᠤᠷᠢᠬᠠᠨ ᠰᠠᠯᠬᠢ ᠶᠢ ᠤᠭᠲᠤᠨ ᠺᠷᠧᠮᠯᠢ ᠣᠷᠳᠣᠨ ᠳᠤ ᠬᠦᠷᠴᠦ ᠂ | ᠥᠩᠭᠡ ᠦᠵᠡᠮᠵᠢ ᠲᠡᠷᠡ ᠬᠡᠪ ᠢᠶᠠᠷ ᠢᠶᠠᠨ ᠪᠠᠶᠢᠯ᠎ᠠ ᠃ ᠵᠣᠷᠵ ᠶᠡᠭᠡ ᠲᠢᠩᠬᠢᠮ ᠳᠤ ᠬᠤᠶᠠᠷ ᠤᠯᠤᠰ ᠤᠨ ᠲᠡᠷᠢᠭᠦᠨ ᠥᠭᠡᠳᠡ ᠥᠭᠡᠳᠡ ᠠᠴᠠ ᠪᠠᠨ ᠠᠯᠬᠤᠯᠠᠵᠤ ᠂ ᠭᠠᠷ | ᠠᠳᠬᠤᠯᠴᠠᠪᠠ ᠃ | ᠲᠡᠦᠬᠡ ᠪᠣᠯᠣᠨ ᠪᠣᠳᠠᠲᠤ ᠠᠬᠤᠢ ᠂ ᠤᠯᠤᠰ ᠪᠣᠯᠣᠨ ᠳᠡᠯᠡᠬᠡᠢ ᠶᠢᠷᠲᠢᠨᠴᠦ ᠂ ᠣᠳᠣᠬᠠᠨ ᠤ ᠪᠠ ᠠᠯᠤᠰ ᠭᠡᠳᠦ ᠶᠢᠨ ᠲᠤᠬᠠᠢ ᠵᠦᠢᠯ ᠵᠦᠢᠯ ᠤᠨ ᠵᠠᠳᠠᠯᠤᠯᠲᠠ ᠨᠢ | ᠨᠢᠭᠡᠨ ᠬᠠᠮᠲᠤ ᠶᠢᠨ ᠳ᠋ᠦᠩᠨᠡᠯᠲᠡ ᠶᠢ ᠵᠢᠭᠠᠪᠠ ᠄ ᠲᠣᠬᠲᠠᠭᠠᠯᠲᠤ ᠪᠤᠰᠤ ᠴᠢᠨᠠᠷ ᠢᠶᠠᠷ ᠳᠦᠭᠦᠷᠦᠭᠰᠡᠨ ᠳᠡᠯᠡᠬᠡᠢ ᠶᠢᠷᠲᠢᠨᠴᠦ ᠳᠤ ᠲᠤᠰ ᠤᠳᠠᠭᠠᠨ ᠤ ᠠᠶᠢᠯᠴᠢᠯᠠᠯᠲᠠ ᠨᠢ ︽ | ᠲᠣᠮᠣ ᠤᠯᠤᠰ ᠤᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ ︾ ᠢ ᠢᠯᠡᠷᠡᠭᠦᠯᠵᠡᠢ ᠃ | ᠳᠤᠮᠳᠠᠳᠤ ᠤᠷᠤᠰ ᠬᠤᠶᠠᠷ ᠤᠯᠤᠰ ᠴᠠᠭ ᠬᠤᠭᠤᠴᠠᠭ᠎ᠠ ᠪᠠᠷ ᠨᠥᠬᠦᠷᠯᠡᠯ ᠢᠶᠠᠨ ᠵᠤᠵᠠᠭᠠᠳᠬᠠᠵᠤ ᠂ ᠢᠲᠡᠭᠡᠯᠴᠡᠭᠡ ᠪᠠᠨ ᠬᠤᠷᠠᠮᠳᠤᠭᠤᠯᠪᠠ ᠃ ᠰᠢᠨ᠎ᠡ ᠴᠠᠭ | ᠦᠶ᠎ᠡ ᠳᠤ ᠣᠷᠣᠭᠰᠠᠨ ᠠᠴᠠ ᠨᠠᠭᠠᠰᠢ ᠬᠤᠶᠠᠷ ᠤᠯᠤᠰ ᠤᠨ ᠲᠡᠷᠢᠭᠦᠨ 40 ᠭᠠᠷᠤᠢ ᠤᠳᠠᠭ᠎ᠠ ᠠᠭᠤᠯᠵᠠᠵᠤ ᠂ ᠲᠡᠷᠢᠭᠦᠯᠡᠭᠴᠢ ᠰᠢ ᠶᠢᠨ ᠫᠢᠩ ᠤᠷᠤᠰ ᠲᠤ 11 | ᠤᠳᠠᠭ᠎ᠠ ᠠᠶᠢᠯᠴᠢᠯᠠᠪᠠ ᠃ ᠲᠡᠷᠡ ᠡᠨᠡ ᠤᠳᠠᠭ᠎ᠠ ᠤᠷᠤᠰ ᠲᠤ ᠢᠷᠠᠵᠤ ᠶᠡᠷᠦᠩᠬᠡᠶᠢᠯᠡᠭᠴᠢ ᠫᠦᠲ᠋ᠢᠨ ᠳᠤ ︽ ᠤᠷᠤᠰ ᠪᠣᠯ ᠪᠢ ᠪᠦᠭᠦᠳᠠ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠡᠷᠢᠭᠦᠯᠡᠭᠴᠢ ᠶᠢᠨ ᠬᠤᠪᠢ ᠪᠠᠷ ᠬᠠᠮᠤᠭ ᠤᠨ ᠤᠯᠠᠨ ᠠᠶᠢᠯᠴᠢᠯᠠᠬᠰᠠᠨ ᠤᠯᠤᠰ ᠪᠣᠯᠣᠨ᠎ᠠ ︾ ᠭᠡᠵᠦ ᠬᠡᠯᠡᠪᠡ ᠃ | 8 ᠤ ᠡᠳᠦᠷ ᠂ ᠶᠡᠷᠦᠩᠬᠡᠶᠢᠯᠡᠭᠴᠢ ᠫᠦᠲ᠋ᠢᠨ ᠠᠵᠢᠯᠯᠠᠭ᠎ᠠ ᠶᠢ ᠡᠷᠭᠢᠯᠡᠭᠰᠡᠨ ᠤᠯᠤᠰ ᠪᠣᠯᠤᠭᠰᠠᠨ ᠤ ᠬᠤᠪᠢ ᠪᠠᠷ ᠵᠣᠴᠢᠳ ᠢᠶᠠᠨ ᠤᠭᠲᠤᠵᠤ ᠶᠠᠭᠠᠷᠠᠭᠰᠠᠨ ᠨᠢᠭᠡ | ᠡᠳᠦᠷ ᠪᠠᠶᠢᠵᠤ ᠲᠠᠭᠠᠷᠠᠨ᠎ᠠ ᠂ ᠭᠡᠪᠡᠴᠦ ᠲᠡᠷᠡ ᠶᠡᠬᠡᠩᠬᠢ ᠴᠠᠭ ᠢᠶᠠᠨ ᠳᠤᠮᠳᠠᠳᠤ ᠤᠯᠤᠰ ᠠᠴᠠ ᠢᠷᠡᠭᠰᠡᠨ ᠰᠠᠶᠢᠨ ᠨᠠᠶᠢᠵᠠ ᠳᠠᠭᠠᠨ ᠵᠣᠷᠢᠭᠤᠯᠤᠭᠰᠠᠨ ᠪᠠᠶᠢᠨ᠎ᠠ ᠃ | ᠤᠭᠲᠤᠬᠤ ᠶᠣᠰᠣᠯᠠᠯ ᠂ ᠬᠡᠯᠡᠯᠴᠡᠭᠡ ᠬᠢᠬᠦ ᠂ ᠭᠠᠷ ᠤᠨ ᠦᠰᠦᠭ ᠵᠢᠷᠤᠬᠤ ᠪᠠ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠣᠰᠣᠯᠠᠯ ᠂ ᠬᠠᠮᠲᠤ ᠪᠠᠷ | ᠰᠤᠷᠪᠤᠯᠵᠢᠯᠠᠬᠴᠢᠳ ᠲᠠᠢ ᠠᠭᠤᠯᠵᠠᠬᠤ ᠂ ᠤᠭᠲᠤᠬᠤ ᠳᠠᠶᠢᠯᠠᠯᠭ᠎ᠠ ᠂ ᠵᠤᠷᠰᠢᠯ ᠶᠣᠰᠣᠭᠠᠷ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠠᠴᠠ ᠭᠠᠳᠠᠨ᠎ᠠ | ᠣᠷᠣᠰ ᠤᠨ ᠬᠢᠨ ᠪᠠᠰᠠ ᠣᠨᠴᠠᠭᠠᠶ ᠲᠣᠬᠢᠷᠠᠭᠤᠯᠤᠯᠲᠠ ᠬᠢᠪᠡ ᠄ ᠶᠡᠷᠦᠩᠬᠡᠶᠢᠯᠡᠭᠴᠢ ᠶᠢᠨ ᠠᠯᠪᠠᠨ ᠭᠡᠷ ᠲᠤ ᠴᠠᠢ ᠶᠢᠨ ᠵᠣᠭᠤᠭ ᠳᠡᠯᠭᠡᠵᠡᠢ ᠃ | ᠶᠠᠭ ᠲᠡᠷᠢᠭᠦᠯᠡᠭᠴᠢ ᠰᠢ ᠶᠢᠨ ᠫᠢᠩ ᠤᠨ ᠳᠤᠮᠳᠠᠳᠤ ᠤᠷᠤᠰ ᠤᠨ ᠬᠠᠷᠢᠯᠴᠠᠭ᠎ᠠ ᠶᠢᠨ ᠲᠤᠬᠠᠢ ᠦᠨᠡᠯᠡᠭᠰᠡᠨ ᠰᠢᠭ ᠢᠶᠠᠷ ︽ ᠳᠤᠮᠳᠠᠳᠤ ᠤᠯᠤᠰ ᠪᠣᠯᠣᠨ ᠤᠷᠤᠰ ᠪᠣᠯ | ᠴᠥᠮ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠮᠥᠨ ᠂ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠢ ᠬᠠᠮᠠᠭᠠᠯᠠᠬᠤ ᠂ ᠪᠦᠭᠦ | ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠪᠦᠲᠦᠭᠡᠯᠴᠢ ᠴᠢᠨᠠᠷᠲᠠᠢ ᠬᠦᠴᠦᠨ ᠮᠥᠨ ᠂ ᠢᠯᠡ ᠲᠣᠳᠣ ᠲᠡᠦᠬᠡ ᠶᠢᠨ ᠯᠣᠭᠢᠭ ᠲᠠᠢ ᠂ ᠬᠦᠴᠦᠷᠬᠡᠭ ᠶᠡᠭᠡ | ᠳᠣᠲᠣᠭᠠᠳᠤ ᠬᠥᠳᠡᠯᠭᠡᠬᠦ ᠬᠦᠴᠦᠨ ᠲᠠᠢ ᠂ ᠭᠦᠨ ᠵᠤᠵᠠᠭᠠᠨ ᠪᠣᠯᠪᠠᠰᠤᠨ ᠤ ᠣᠣᠷ ᠲᠤᠨᠳᠠᠰᠤ ᠲᠠᠢ ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠪᠥᠭᠡᠳ | ᠶᠠᠮᠠᠷᠪᠠ ᠭᠤᠷᠪᠠᠳᠤᠭᠠᠷ ᠡᠲᠡᠭᠡᠳ ᠲᠤ ᠬᠢᠵᠠᠭᠠᠷᠯᠠᠭᠳᠠᠬᠤ ᠦᠭᠡᠢ ᠃ ︾ | ᠲᠡᠦᠬᠡ ᠶᠢᠨ ᠯᠣᠭᠢᠭ ᠭᠡᠵᠦ ᠶᠠᠭᠤ ᠪᠤᠢ ︖ | ᠥᠩᠭᠡᠷᠡᠭᠰᠡᠨ ᠢ ᠡᠷᠭᠢᠴᠡᠭᠦᠯᠬᠦᠶ᠎ᠡ ᠳᠤᠮᠳᠠᠳᠤ ᠤᠷᠤᠰ ᠤᠨ ᠬᠠᠷᠢᠯᠴᠠᠭ᠎ᠠ ᠲᠤᠭ᠎ᠠ ᠲᠣᠮᠰᠢ ᠦᠭᠡᠢ ᠲᠡᠦᠬᠡ ᠶᠢᠨ ᠨᠠᠷᠢᠨ ᠵᠦᠢᠯᠡᠰ ᠤᠨ ᠲᠤᠯᠭᠠᠭᠤᠷᠢᠯᠠᠯ ᠲᠠᠢ ᠶᠤᠮ ᠃ | ᠭᠠᠶᠢᠬᠠᠮᠰᠢᠭᠲᠤ ᠴᠠᠭ ᠦᠶ᠎ᠡ ᠠᠴᠠ ᠡᠬᠢᠯᠡᠵᠦ ᠂ ᠬᠦᠴᠢᠷ ᠪᠡᠷᠬᠡᠰᠢᠶᠡᠯ ᠲᠠᠢ ᠭᠡᠷᠡᠯ ᠰᠠᠴᠤᠷᠠᠩᠭᠤᠢ ᠣᠨ ᠰᠠᠷ᠎ᠠ ᠶᠢ ᠥᠩᠭᠡᠷᠡᠭᠦᠯᠪᠡ ᠃ ᠬᠤᠶᠠᠷ ᠤᠯᠤᠰ ᠤᠨ | ᠬᠠᠷᠢᠯᠴᠠᠭ᠎ᠠ ︽ ᠬᠠᠷᠢᠯᠴᠠᠨ ᠨᠥᠭᠦᠷᠰᠡᠭ ᠤᠯᠤᠰ ︾ ᠠᠴᠠ ᠪᠦᠲᠦᠭᠡᠯᠴᠢ ᠴᠢᠨᠠᠷᠲᠠᠢ ᠬᠠᠨᠢᠲᠠᠨ ᠪᠣᠯᠵᠤ ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ | ᠬᠠᠨᠢᠲᠠᠨ ᠠᠴᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠪᠣᠯᠵᠤ ᠂ ᠲᠠᠭᠢᠭᠠᠳ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠪᠣᠯᠵᠤ ᠂ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠶᠢ ᠤᠭᠲᠤᠨ ᠠᠪᠴᠢᠷᠠᠪᠠ ᠃ ︽ ᠬᠥᠷᠰᠢ | ᠵᠡᠷᠭᠡᠯᠡᠳᠡᠭᠡ ᠲᠣᠮᠣ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠠᠮᠵᠢᠯᠲᠠᠲᠠᠢ ᠪᠠᠷ ᠰᠦᠪᠡᠭᠴᠢᠯᠡᠵᠦ ᠣᠯᠪᠠ ︾ ᠂ ᠡᠨᠡ ᠨᠢ ᠮᠥᠨ ᠴᠦ ᠲᠣᠮᠣ ᠤᠯᠤᠰ ᠤᠨ | ᠬᠠᠷᠢᠯᠴᠠᠭᠠᠨ ᠳᠤ ᠳᠠᠪᠠᠯᠭᠠᠨ ᠢ ᠵᠦᠰᠦᠨ ᠤᠷᠤᠭᠰᠢᠯᠠᠬᠤ ᠥᠷᠭᠡᠨ ᠠᠭᠤᠳᠠᠮ ᠠᠶᠠᠯᠠᠯ ᠤᠨ ᠵᠠᠮ ᠢ ᠨᠡᠭᠡᠭᠡᠵᠦ ᠥᠭᠭᠦᠭᠰᠡᠨ ᠪᠠᠶᠢᠨ᠎ᠠ ᠃ | ᠳᠣᠲᠣᠭᠠᠳᠤ ᠬᠥᠳᠡᠯᠭᠡᠬᠦ ᠬᠦᠴᠦᠨ ᠭᠡᠵᠦ ᠶᠠᠭᠤ ᠪᠤᠢ ︖ | ᠳᠡᠯᠡᠬᠡᠶᠢᠵᠢᠯᠲᠡ ᠪᠣᠯᠣᠨ ᠰᠥᠷᠭᠡᠦ ᠳᠡᠯᠡᠬᠡᠶᠢᠵᠢᠯᠲᠡ ᠶᠢᠨ ᠦᠵᠡᠯᠴᠡᠭᠡᠨ ᠤ ᠪᠠᠶᠢᠳᠠᠯ ᠳᠣᠣᠷ᠎ᠠ ᠂ ᠨᠢᠳᠤᠨᠤᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ | ᠰᠠᠯᠬᠢ ᠶᠢ ᠰᠥᠷᠦᠨ ᠰᠢᠨ᠎ᠡ ᠲᠡᠮᠳᠡᠭᠯᠡᠯ ᠢ ᠡᠭᠦᠳᠪᠡ ᠃ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠬᠦᠴᠦᠷᠬᠡᠭ ᠶᠡᠭᠡ ᠤᠶᠠᠨ ᠬᠠᠳᠠᠨ ᠴᠢᠨᠠᠷ ᠨᠢ ᠵᠠᠩᠭᠢᠯᠠᠭ᠎ᠠ ᠪᠣᠯᠵᠤ ᠂ | ᠲᠡᠷᠢᠭᠦᠯᠡᠭᠴᠢ ᠰᠢ ᠶᠢᠨ ᠫᠢᠩ ᠡᠭᠦᠨ ᠢ ︽ ᠡᠳᠦᠷ ᠠᠴᠠ ᠡᠳᠦᠷ ᠥᠭᠡᠳᠡᠯᠡᠨ ᠳᠡᠭᠵᠢᠷᠡᠵᠦ ︾ ᠪᠠᠶᠢᠨ᠎ᠠ ᠭᠡᠵᠦ ᠳᠦᠷᠰᠦᠯᠡᠪᠡ ᠃ ᠨᠥᠭᠡᠴᠡ ᠂ ᠨᠡᠮᠡᠭᠳᠡᠯ ᠂ | ᠬᠤᠪᠢᠰᠤᠯᠲᠠ ᠂ ᠲᠡᠷᠡ ᠬᠠᠮᠲᠤᠷᠠᠯᠴᠠᠭᠠᠨ ᠤ ᠴᠢᠭᠯᠡᠯ ᠠᠷᠭ᠎ᠠ ᠵᠠᠮ ᠢ ᠪᠦᠭᠦ ᠲᠠᠯ᠎ᠠ ᠪᠠᠷ ᠲᠣᠳᠣᠷᠬᠠᠶᠢᠯᠠᠨ ᠥᠭᠦᠯᠡᠵᠦ ᠂ ︽ ᠲᠣᠭᠲᠠᠭᠤᠨ ︾ ᠤ ᠰᠠᠭᠤᠷᠢ ᠶᠢ ᠨᠡᠩ ᠪᠠᠲᠤ | ᠪᠠᠬᠢ ᠪᠤᠯᠭᠠᠬᠤ ᠂ ︽ ᠤᠷᠤᠭᠰᠢᠯᠠᠬᠤ ︾ ᠬᠥᠳᠡᠯᠭᠡᠬᠦ ᠡᠨᠧᠷᠭᠢ ᠶᠢ ᠨᠡᠩ ᠭᠦᠢᠴᠡᠳ ᠪᠤᠯᠭᠠᠬᠤ ᠶᠢ ᠪᠣᠳᠣᠯᠬᠢᠯᠠᠵᠤ ᠪᠠᠶᠢᠨ᠎ᠠ ᠃ ᠶᠡᠷᠦᠩᠬᠡᠶᠢᠯᠡᠭᠴᠢ ᠫᠦᠲ᠋ᠢᠨ ᠄ ︽ ᠤᠷᠤᠰ | ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠬᠦ ᠪᠣᠯ | ᠤᠷᠤᠰ ᠤᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ ︾ ᠭᠡᠵᠦ ᠢᠳᠡᠪᠬᠢᠲᠡᠢ ᠬᠠᠷᠢᠭᠤ ᠥᠭᠴᠡᠢ ᠃ | ᠬᠠᠮᠲᠤᠷᠠᠯᠴᠠᠬᠤ ᠨᠢ ᠠᠷᠠᠳ ᠲᠦᠮᠡᠨ ᠤ ᠠᠵᠠ ᠵᠢᠷᠭᠠᠯ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠲᠥᠯᠥᠭᠡ ᠶᠤᠮ ᠃ ᠠᠶᠢᠯᠴᠢᠯᠠᠯᠲᠠ ᠶᠢᠨ | ᠬᠤᠭᠤᠴᠠᠭᠠᠨ ᠳᠤ ᠂ ᠬᠤᠶᠠᠷ ᠲᠠᠯ᠎ᠠ ᠪᠠᠷ ᠢᠶᠠᠨ 20 ᠭᠠᠷᠤᠢ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠲᠣᠬᠢᠷᠠᠯᠴᠠᠪᠠ ᠃ ᠡᠭᠦᠨ ᠳᠤ ᠂ ᠠᠵᠤ | ᠠᠬᠤᠢ ᠶᠢᠨ ᠬᠦᠷᠢᠶᠡᠨ ᠳᠠᠬᠢ ᠰᠢᠨᠡᠴᠢᠯᠡᠯᠲᠡ ᠂ ᠰᠢᠨ᠎ᠡ ᠬᠡᠪᠯᠡᠯ ᠤᠨ ᠪᠡᠯᠡ ᠣᠷᠣᠭᠤᠯᠤᠯᠲᠠ ᠶᠢ ᠬᠠᠮᠠᠭᠠᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠵᠤ ᠂ | ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠢ ᠬᠦᠴᠦᠲᠡᠢ ᠠᠷᠭᠠᠴᠠᠭᠠᠪᠠ ︔ ᠪᠦᠭᠦ ᠪᠥᠮᠪᠥᠷᠴᠡᠭ ᠤᠨ ᠵᠠᠰᠠᠯᠲᠠ ᠲᠠᠢ ᠳᠠᠬᠢᠨᠲᠠ ᠬᠠᠷᠭᠤᠭᠤᠯᠵᠤ ᠂ ᠬᠤᠶᠠᠷ | ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ᠂ ᠤᠯᠠᠨ ᠤᠯᠤᠰ ᠤᠨ ᠬᠠᠤᠯᠢ ᠶᠢᠨ | ᠡᠷᠬᠡ ᠰᠦᠷ ᠢ ᠬᠠᠮᠠᠭᠠᠯᠠᠬᠤ ᠲᠤᠬᠠᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ᠨᠡᠶᠢᠲᠡᠯᠡᠵᠦ ᠂ ᠳᠡᠯᠡᠬᠡᠢ | ᠨᠡᠶᠢᠭᠡᠮ ᠳᠤ ᠦᠷᠭᠦᠯᠵᠢᠯᠡᠨ ᠬᠠᠩᠭᠢᠨᠠᠨ ᠴᠤᠤᠷᠢᠶᠠᠲᠤᠪᠠ ᠃ | ᠪᠣᠯᠪᠠᠰᠤᠨ ᠤ ᠣᠣᠷ ᠲᠤᠨᠳᠠᠰᠤ ᠭᠡᠵᠦ ᠶᠠᠭᠤ ᠪᠤᠢ ︖ | ᠬᠤᠶᠠᠷ ᠤᠯᠤᠰ ᠤᠨ ᠪᠣᠯᠪᠠᠰᠤᠨ ᠤ ᠰᠣᠯᠢᠯᠴᠠᠭ᠎ᠠ ᠲᠣᠯᠢᠳᠠᠯ ᠨᠢ ᠲᠤᠰ ᠤᠳᠠᠭ᠎ᠠ ᠭᠠᠷ ᠤᠨ ᠦᠰᠦᠭ ᠵᠢᠷᠤᠭᠰᠠᠨ ᠰᠤᠷᠭᠠᠨ ᠬᠥᠮᠦᠵᠢᠯ ᠂ ᠺᠢᠨᠣ᠋ ᠂ ᠵᠠᠭᠤᠴᠢᠯᠠᠭᠤᠷ | ᠵᠡᠷᠭᠡ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠯᠠ ᠲᠡᠳᠦᠢ ᠪᠢᠰᠢ ᠃ ᠪᠠᠭᠲᠠᠭᠠᠮᠵᠢ ᠶᠢᠨ ᠶᠡᠭᠡ ᠂ ᠬᠥᠮᠥᠨ ᠠᠮᠠ ᠶᠢᠨ ᠤᠯᠠᠨ ᠂ ᠲᠡᠦᠬᠡ ᠶᠢᠨ ᠤᠷᠳᠤ ᠤᠳᠠᠭᠠᠨ ᠂ | ᠪᠣᠯᠪᠠᠰᠤᠨ ᠤ ᠭᠦᠨ ᠵᠤᠵᠠᠭᠠᠨ ᠨᠢ ᠥᠩᠭᠡᠷᠡᠭᠰᠡᠨ ᠤ ᠮᠥᠷᠥ ᠵᠡᠷᠭᠡᠴᠡᠨ ᠪᠠᠶᠢᠯᠳᠤᠵᠤ ᠪᠠᠶᠢᠭᠰᠠᠨ ᠠᠴᠠ ᠪᠠᠨ ᠥᠨᠥᠳᠥᠷ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ | ᠢᠵᠢᠯ ᠴᠢᠭᠯᠡᠯ ᠢᠶᠠᠷ ᠤᠷᠤᠭᠰᠢᠯᠠᠬᠤ ᠭᠦᠨ ᠳᠠᠪᠬᠤᠷᠭ᠎ᠠ ᠶᠢᠨ ᠯᠣᠭᠢᠭ ᠪᠣᠯ ᠬᠤᠶᠠᠷ ᠶᠡᠭᠡ ᠪᠣᠯᠪᠠᠰᠤᠨ ᠤ ᠲᠡᠦᠬᠡ ᠶᠢᠨ ᠦᠵᠡᠯᠲᠡ ᠂ ᠡᠩᠬᠡ ᠲᠠᠶᠢᠪᠤᠩ ᠤᠨ ᠦᠵᠡᠯᠲᠡ ᠂ | ᠡᠮᠬᠢ ᠳᠢᠭᠯᠢᠮ ᠤᠨ ᠦᠵᠡᠯᠲᠡ ᠂ ᠬᠥᠭᠵᠢᠯᠲᠡ ᠶᠢᠨ ᠦᠵᠡᠯᠲᠡ ᠶᠢᠨ ᠭᠡᠷᠡᠯ ᠭᠢᠯᠪᠠᠭ᠎ᠠ ᠪᠣᠯᠣᠨ᠎ᠠ ᠃ ᠪᠣᠯᠪᠠᠰᠤᠨ ᠤ ᠬᠠᠷᠠᠭᠠᠰᠤ ᠶᠢᠨ ᠨᠡᠪᠲᠡᠷᠡᠯᠴᠡᠯ ᠨᠢ ᠤᠯᠤᠰ | ᠲᠥᠷᠥ ᠶᠢᠨ ᠢᠲᠡᠭᠡᠯᠴᠡᠭᠡ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠬᠠᠮᠤᠭ ᠤᠨ ᠪᠠᠲᠤ ᠪᠠᠬᠢ ᠰᠠᠭᠤᠷᠢ ᠪᠣᠯᠪᠠ ᠃ | ︽ ᠰᠢᠷᠣᠢ ᠬᠤᠷᠠᠮᠳᠤᠵᠤ ᠠᠭᠤᠯᠠ ᠪᠣᠯᠵᠤ ᠂ ᠤᠰᠤ ᠬᠤᠷᠠᠮᠳᠤᠵᠤ ᠲᠠᠯᠠᠢ ᠪᠣᠯᠣᠨ᠎ᠠ ︾ ᠃ ᠲᠡᠦᠬᠡ ᠭᠡᠵᠦ ᠨᠢᠭᠡᠯᠡ ᠳᠣᠣᠷ᠎ᠠ ᠪᠦᠲᠦᠳᠡᠭ ᠪᠢᠰᠢ ᠂ ᠬᠠᠷᠢᠨ ᠨᠢᠭᠡ | ᠲᠣᠭᠤᠰᠭ᠋᠎ᠠ ᠨᠢᠭᠡ ᠸᠠᠭᠠᠷ ᠢᠶᠠᠷ ᠵᠡᠷᠭᠡᠯᠡᠨ ᠦᠷᠦᠵᠤ ᠪᠠᠶᠢᠭᠠᠳ ᠰᠠᠶ᠋ᠢ ᠥᠨᠥᠳᠥᠷ ᠤᠨ ᠪᠠᠶᠢᠳᠠᠯ ᠪᠣᠯᠵᠤ ᠪᠦᠷᠢᠯᠳᠦᠪᠡ ᠃ | ᠲᠤᠰ ᠤᠳᠠᠭ᠎ᠠ ᠶᠢᠨ ᠠᠶᠢᠯᠴᠢᠯᠠᠯᠲᠠ ᠶᠢᠨ ᠬᠠᠮᠤᠭ ᠤᠨ ᠴᠢᠬᠤᠯᠠ ᠤᠯᠤᠰ ᠲᠦᠷᠦ ᠶᠢᠨ ᠦᠷ᠎ᠡ ᠪᠦᠲᠦᠭᠡᠯ ᠨᠢ ᠺᠷᠧᠮᠯᠢ ᠣᠷᠳᠣᠨ ᠤ ᠲᠣᠭᠤᠰ ᠴᠢᠯᠠᠭᠤᠨ | ᠲᠢᠩᠬᠢᠮ ᠳᠤ ᠮᠡᠨᠳᠦᠯᠡᠵᠡᠢ ᠃ ᠬᠤᠶᠠᠷ ᠤᠯᠤᠰ ᠤᠨ ᠲᠡᠷᠢᠭᠦᠨ ᠬᠠᠮᠲᠤ ᠪᠠᠷ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ ᠳᠤ ᠭᠠᠷ ᠤᠨ | ᠦᠰᠦᠭ ᠵᠢᠷᠤᠪᠠ ᠃ | ᠵᠤᠵᠠᠭᠠᠨ ᠴᠠᠭᠠᠰᠤ ᠤᠷᠳᠤ ᠬᠠᠭᠤᠳᠠᠰᠤᠲᠤ ᠬᠦᠨᠳᠦᠴᠡ ᠲᠠᠢ ᠭᠡᠭᠴᠢ ᠡᠨᠡ ᠪᠢᠴᠢᠭ ᠨᠢ ᠳᠤᠮᠳᠠᠳᠤ ᠤᠷᠤᠰ ᠤᠨ ᠬᠠᠷᠢᠯᠴᠠᠭ᠎ᠠ ᠶᠢᠨ ᠢᠯᠡ ᠲᠣᠳᠣ ᠲᠡᠮᠳᠡᠭ | ᠢᠯᠡᠳᠬᠡᠮᠵᠢ ᠶᠢ ᠬᠠᠷᠠᠭᠤᠯᠵᠤ ᠪᠤᠢ ᠄ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠃ | ︽ ᠵᠦᠪᠭᠡᠨ ᠳᠤᠮᠳᠠᠳᠤ ᠤᠷᠤᠰ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ | ᠪᠠᠷᠢᠮᠲᠠᠯᠠᠪᠠᠯ ᠂ ᠶᠠᠮᠠᠷᠪᠠ ᠬᠦᠴᠦᠨ ᠴᠦ ᠭᠡᠳ ᠬᠤᠶᠠᠷ ᠤᠯᠤᠰ ᠤᠨ ᠲᠤᠰ ᠲᠤᠰ ᠤᠨ ᠬᠥᠭᠵᠢᠯ ᠮᠠᠨᠳᠤᠯ ᠢᠶᠠᠨ ᠪᠡᠶᠡᠯᠡᠭᠦᠯᠬᠦ ᠶᠢ ᠬᠤᠷᠢᠭᠯᠠᠵᠤ ᠳᠡᠶᠢᠯᠭᠦ ᠦᠭᠡᠢ ᠂ | ᠳᠤᠮᠳᠠᠳᠤ ᠤᠷᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠤᠨ ᠰᠡᠳᠬᠢᠯ ᠤᠨ ᠬᠠᠨᠳᠤᠰᠢ ᠶᠢ ᠬᠤᠷᠢᠭᠯᠠᠵᠤ ᠳᠡᠶᠢᠯᠭᠦ ᠦᠭᠡᠢ ᠂ ᠳᠡᠯᠡᠬᠡᠢ ᠶᠢᠨ | ᠤᠯᠠᠨ ᠲᠦᠢᠯᠵᠢᠯᠳᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢᠨ ᠴᠠᠭ ᠦᠶ᠎ᠡ ᠶᠢᠨ ᠤᠷᠤᠰᠬᠠᠯ ᠢ ᠬᠤᠷᠢᠭᠯᠠᠵᠤ ᠳᠡᠶᠢᠯᠭᠦ ᠦᠭᠡᠢ ᠶᠤᠮ ︾ ᠭᠡᠵᠦ ᠬᠡᠯᠡᠬᠦ ᠦᠶ᠎ᠡ ᠳᠤ | ᠲᠡᠷᠢᠭᠦᠯᠡᠭᠴᠢ ᠰᠢ ᠶᠢᠨ ᠫᠢᠩ ᠤᠨ ᠲᠠᠭᠤᠨ ᠡᠷᠡᠰ ᠪᠠᠲᠤ ᠢᠳᠡ ᠬᠦᠴᠦᠲᠡᠢ ᠪᠠᠶᠢᠯ᠎ᠠ ᠃ | ︵ ᠬᠤᠶᠠᠷ ︶ ᠪᠠᠶᠠᠷ ᠤᠨ ᠶᠣᠰᠣᠯᠠᠯ ᠤᠨ ᠴᠠᠭ ᠮᠥᠴᠡ ᠄ | ︽ ᠲᠡᠦᠬᠡ ᠶᠢᠨ ᠬᠠᠮᠤᠭ ᠤᠨ ᠰᠠᠶᠢᠨ ᠵᠠᠯᠭᠠᠮᠵᠢᠯᠠᠯ ᠪᠣᠯ ᠰᠢᠨ᠎ᠡ ᠲᠡᠦᠬᠡ ᠶᠢ ᠡᠭᠦᠳᠦᠨ ᠪᠦᠲᠦᠭᠡᠬᠦ ᠶᠠᠪᠤᠳᠠᠯ ᠮᠥᠨ ︾ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠢ | ᠶᠠᠪᠤᠭᠳᠠᠭᠤᠯᠬᠤ ᠮᠡᠳᠡᠭᠡ ᠶᠢ ᠨᠡᠶᠢᠲᠡᠯᠡᠭᠰᠡᠨ ᠤ ᠲᠠᠷᠠᠭ᠎ᠠ ᠂ ᠶᠡᠷᠦᠩᠬᠡᠶᠢᠯᠡᠭᠴᠢ ᠫᠦᠲ᠋ᠢᠨ ᠠᠯᠢ ᠡᠷᠲᠡ ᠠᠴᠠ ᠭᠠᠳᠠᠭᠠᠳᠤ ᠳᠤ ᠂ ᠲᠡᠷᠢᠭᠦᠯᠡᠭᠴᠢ ᠰᠢ ᠶᠢᠨ ᠫᠢᠩ ︽ | ᠬᠠᠮᠤᠭ ᠤᠨ ᠴᠢᠬᠤᠯᠠ ᠵᠣᠴᠢᠨ ︾ ᠪᠤᠯᠬᠤ ᠪᠣᠯᠣᠨ᠎ᠠ ᠭᠡᠬᠦ ᠲᠠᠭᠤᠨ ᠢ ᠳᠠᠮᠵᠢᠭᠤᠯᠵᠤ ᠪᠢᠯᠡ ᠃ | 9 ᠤ ᠥᠷᠯᠥᠭᠡ ᠂ ᠦᠷ ᠤᠨ ᠲᠤᠶᠠᠭ᠎ᠠ ᠠᠷᠠᠢ ᠮᠠᠨᠳᠤᠬᠤ ᠠᠴᠠ ᠡᠮᠦᠨ᠎ᠡ ᠂ ᠮᠣᠰᠺᠸᠠ ᠶᠢᠨ ᠤᠯᠠᠭᠠᠨ ᠲᠠᠯᠠᠪᠠᠢ ᠳᠡᠭᠡᠷ᠎ᠡ ᠨᠢᠭᠡᠨᠲᠡ ᠬᠥᠮᠥᠨ ᠤ ᠲᠠᠯᠠᠢ ᠪᠣᠯᠪᠠ ᠃ | ᠪᠤᠭᠤᠷᠤᠯ ᠨᠠᠰᠤᠲᠠᠨ ᠂ ᠨᠢᠯᠬ᠎ᠠ ᠬᠡᠦᠬᠡᠳ ᠂ ᠢᠳᠡᠷ ᠵᠠᠯᠠᠭᠤᠴᠤᠳ ᠪᠦᠭᠦᠨ ᠢᠶᠠᠷ ᠢᠶᠠᠨ ᠢᠷᠡᠵᠡᠭᠡᠯ᠎ᠡ ᠂ ᠲᠡᠶᠢᠮᠦ ᠂ ᠢᠯᠠᠯᠲᠠ ᠶᠢᠨ ᠡᠳᠦᠷ ᠮᠥᠨ ᠴᠤ ᠠᠷᠠᠳ ᠲᠦᠮᠡᠨ ᠤ | ᠪᠠᠶᠠᠷ ᠤᠨ ᠡᠳᠦᠷ ᠃ | ᠲᠡᠷᠢᠭᠦᠯᠡᠭᠴᠢ ᠰᠢ ᠶᠢᠨ ᠫᠢᠩ ᠤᠨ ᠮᠠᠰᠢᠨ ᠲᠡᠷᠭᠡᠨ ᠤ ᠠᠩᠭᠢ ᠰᠠᠯᠬᠢᠨ ᠤ ᠠᠶ᠎ᠠ ᠪᠠᠷ ᠨᠠᠮᠢᠷᠠᠭ᠎ᠠ ᠢᠯᠠᠯᠲᠠ ᠶᠢᠨ ᠲᠤᠭ ᠤᠨ ᠬᠠᠵᠠᠭᠤ ᠪᠠᠷ ᠥᠩᠭᠡᠷᠡᠵᠦ ᠂ | ᠭᠠᠷ ᠲᠠᠭᠠᠨ ᠰᠣᠷᠭᠤᠭ ᠴᠡᠴᠡᠭ ᠡᠷᠭᠦᠭᠰᠡᠨ ᠬᠥᠮᠥᠰ ᠤᠨ ᠬᠠᠵᠠᠭᠤ ᠪᠠᠷ ᠥᠩᠭᠡᠷᠡᠪᠡ ᠃ ᠵᠡᠭᠡᠯᠢ ᠳᠡᠭᠡᠷ᠎ᠡ ᠂ ᠬᠥᠮᠥᠰ ᠬᠤᠩ ᠴᠢ ᠲᠡᠷᠭᠡ ᠪᠣᠯᠣᠨ ᠲᠠᠪᠤᠨ ᠣᠳᠣᠲᠤ | ᠤᠯᠠᠭᠠᠨ ᠲᠤᠭ ᠢ ᠣᠯᠵᠤ ᠦᠵᠡᠭᠡᠳ ᠭᠠᠷ ᠳᠠᠯᠠᠯᠤᠨ ᠮᠡᠨᠳᠦᠴᠢᠯᠡᠨ᠎ᠡ ᠃ | ᠨᠡᠷᠡᠨ ᠤ ᠭᠡᠷᠡᠯ ᠤᠯᠠᠭᠠᠨ ᠲᠠᠯᠠᠪᠠᠢ ᠶᠢ ᠥᠪᠴᠢ ᠭᠡᠶᠢᠭᠦᠯᠦᠯ᠎ᠡ ᠃ ᠲᠡᠷᠢᠭᠦᠯᠡᠭᠴᠢ ᠰᠢ ᠶᠢᠨ ᠫᠢᠩ ᠺᠷᠧᠮᠯᠢ ᠣᠷᠳᠣᠨ ᠳᠤ ᠬᠦᠷᠬᠦ ᠦᠶ᠎ᠡ ᠳᠤ ᠂ ᠶᠡᠷᠦᠩᠬᠡᠶᠢᠯᠡᠭᠴᠢ | ᠫᠦᠲ᠋ᠢᠨ ᠬᠠᠯᠠᠭᠤᠨ ᠢᠶᠠᠷ ᠤᠭᠲᠤᠨ ᠠᠪᠤᠪᠠ ᠃ | ᠪᠠᠶᠠᠷ ᠤᠨ ᠶᠣᠰᠣᠯᠠᠯ ᠳᠤ ᠣᠷᠤᠯᠴᠠᠬᠤ ᠪᠠᠷ ᠳᠠᠬᠢᠨᠲᠠ ᠢᠷᠡᠬᠦ ᠳᠤ ᠂ ᠠᠷᠪᠠᠨ ᠵᠢᠯ ᠤᠷᠤᠰᠤᠨ ᠣᠲᠣᠭᠰᠠᠨ ᠪᠤᠯᠪᠠᠴᠤ ᠤᠷᠢᠳᠤ ᠶᠢᠨ ᠶᠠᠪᠤᠳᠠᠯ ᠤᠳ ᠲᠣᠪ | ᠲᠣᠳᠣᠷᠬᠠᠢ ᠴᠡᠭᠡᠵᠢᠯᠡᠭᠳᠡᠭᠰᠡᠭᠡᠷ ᠃ | ᠬᠡᠳᠦᠢ ᠥᠨᠢ ᠤᠳᠠᠭᠠᠨ ᠪᠣᠯᠤᠭᠰᠠᠨ ᠴᠤ ᠂ ᠲᠡᠦᠬᠡ ᠶᠢᠨ ᠳᠤᠷᠠᠰᠤᠮᠵᠢ ᠪᠣᠯᠣᠨ ᠦᠨᠡᠨ ᠪᠠᠶᠢᠳᠠᠯ ᠨᠢ ᠥᠩᠭᠡ ᠬᠤᠪᠢᠷᠠᠰᠢ ᠦᠭᠡᠢ ᠶᠤᠮ ᠂ ︽ ᠪᠢᠳᠡᠨ ᠳᠤ | ᠥᠭᠭᠦᠭᠰᠡᠨ ᠰᠡᠩᠬᠡᠷᠡᠭᠦᠯᠦᠯ ᠨᠢ ᠥᠨᠢ ᠡᠭᠦᠷᠢᠳᠡ ᠪᠣᠳᠠᠲᠤ ᠠᠬᠤᠢ ᠶᠢ ᠲᠤᠰᠬᠠᠵᠤ ᠂ ᠢᠷᠡᠭᠡᠳᠦᠢ ᠶᠢ ᠬᠠᠷᠠᠭᠤᠯᠤᠨ᠎ᠠ ︾ ᠃ | ᠬᠡᠳᠦᠢ ᠥᠨᠢ ᠤᠳᠠᠭᠠᠨ ᠪᠣᠯᠤᠭᠰᠠᠨ ᠴᠤ ᠂ ᠳᠡᠯᠡᠬᠡᠢ ᠶᠢᠨ ᠪᠠᠶᠢᠳᠠᠯ ᠤᠨ ᠶᠡᠭᠡ ᠣᠷᠤᠭ᠎ᠠ ᠪᠤᠰᠬᠠᠭ᠎ᠠ ᠶᠡᠭᠡ ᠬᠤᠪᠢᠰᠤᠯᠲᠠ ᠳᠤᠮᠳᠠ ᠤᠷᠤᠰᠬᠠᠯ ᠤᠨ ᠡᠮᠦᠨ᠎ᠡ | ᠵᠣᠭᠰᠣᠵᠤ ᠰᠦᠨᠳᠡᠷᠯᠡᠬᠦ ᠪᠠᠷ᠎ᠠ ᠢᠯᠡᠷᠡᠬᠦ ᠦᠭᠡᠢ ᠪᠠᠶᠢᠵᠤ ᠪᠣᠯᠣᠰᠢ ᠦᠭᠡᠢ ᠶᠤᠮ ᠃ ᠬᠡᠳᠦ᠋ᠢᠪᠡᠷ ᠭᠠᠭᠴᠠ ᠲᠠᠯᠠᠲᠤ ᠦᠵᠡᠯ ᠂ ᠡᠵᠡᠷᠬᠡᠬᠦ ᠦᠵᠡᠯ ᠬᠠᠷᠭᠢᠰ ᠬᠡᠷᠴᠡᠭᠡᠢ | ᠠᠵᠢᠯᠯᠠᠭ᠎ᠠ ᠶᠢᠨ ᠬᠤᠣᠷ ᠬᠥᠨᠥᠭᠡᠯ ᠨᠢ ᠬᠦᠨᠳᠦ ᠨᠣᠴᠢᠲᠠᠢ ᠪᠠᠶᠢᠭᠰᠠᠨ ᠴᠤ ᠡᠩᠬᠡ ᠲᠠᠶᠢᠪᠤᠩ ᠪᠠ ᠰᠢᠳᠤᠷᠭᠤ ᠶᠣᠰᠣ ᠶᠢ ᠬᠠᠮᠠᠭᠠᠯᠠᠬᠤ ᠬᠦᠴᠦᠨ ᠡᠭᠦᠷᠢᠳᠡ | ᠪᠠᠶᠢᠭᠰᠠᠭᠠᠷ ᠪᠤᠢ ᠃ ᠳᠤᠮᠳᠠᠳᠤ ᠤᠯᠤᠰ ᠪᠣᠯᠣᠨ ᠤᠷᠤᠰ ᠲᠡᠦᠬᠡ ᠠᠴᠠ ᠨᠡᠩ ᠤᠯᠠᠨ ᠤᠶᠤᠨ ᠤᠬᠠᠭᠠᠨ ᠢ ᠰᠢᠩᠭᠡᠬᠡᠨ ᠠᠪᠴᠤ ᠂ ᠨᠡᠩ ᠶᠡᠭᠡ ᠬᠠᠷᠢᠭᠤᠴᠠᠯᠭ᠎ᠠ ᠶᠢ | ᠡᠭᠦᠷᠭᠡᠯᠡᠨ᠎ᠡ ᠃ | ᠲᠡᠷᠢᠭᠦᠯᠡᠭᠴᠢ ᠰᠢ ᠶᠢᠨ ᠫᠢᠩ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠭᠤᠣᠯ ᠶᠣᠰᠣᠯᠠᠯ ᠤᠨ ᠲᠠᠶᠢᠰᠠᠨ ᠳᠤ ᠠᠯᠬᠤᠨ ᠭᠦᠷᠪᠡ ᠃ ᠬᠠᠮᠲᠤ ᠰᠠᠭᠤᠯᠴᠠᠭᠰᠠᠨ | ᠬᠤᠶᠠᠷ ᠤᠯᠤᠰ ᠤᠨ ᠲᠡᠷᠢᠭᠦᠨ ᠳᠣᠲᠣᠨᠣ ᠪᠠᠷ ᠶᠠᠷᠢᠯᠴᠠᠪᠠ ᠃ ᠠᠭᠤᠯᠠ ᠤᠰᠤ ᠲᠠᠯᠬᠢᠭᠳᠠᠭᠰᠠᠨ ᠦᠶ᠎ᠡ ᠳᠤ ᠂ ᠡᠰᠡᠷᠭᠦᠴᠡᠨ ᠲᠡᠮᠡᠴᠡᠵᠦ ᠬᠦᠴᠢᠷ ᠪᠡᠷᠬᠡ ᠶᠢ | ᠬᠠᠮᠲᠤ ᠪᠠᠷ ᠲᠤᠭᠤᠯᠪᠠ ᠂ ᠲᠡᠦᠬᠡ ᠶᠢ ᠡᠷᠭᠢᠴᠡᠭᠦᠯᠬᠦᠶ᠎ᠡ ᠂ ᠥᠨᠥᠳᠥᠷ ᠬᠡᠴᠢᠨᠡᠭᠡᠨ ᠭᠢᠯᠪᠠᠷ ᠪᠤᠰᠤ ᠪᠠᠷ ᠢᠷᠡᠭᠰᠡᠨ ᠭᠡᠳᠡᠭ ᠢ ᠨᠡᠩ ᠴᠤ ᠰᠡᠳᠬᠢᠯ ᠳᠣᠭᠳᠣᠯᠤᠨ | ᠣᠶᠢᠯᠠᠭᠠᠨ᠎ᠠ ᠃ | ᠶᠡᠷᠦᠩᠬᠡᠶᠢᠯᠡᠭᠴᠢ ᠫᠦᠲ᠋ᠢᠨ ᠤ ᠪᠠᠶᠠᠷ ᠤᠨ ᠦᠭᠡ ᠬᠡᠯᠡᠬᠦ ᠦᠶ᠎ᠡ ᠶᠢᠨ ᠬᠠᠩᠭᠢᠨᠠᠮ᠎ᠠ ᠲᠠᠭᠤ ᠣᠭᠲᠠᠷᠭᠤᠢ ᠳᠤ ᠴᠤᠤᠷᠢᠶᠠᠲᠤᠨ᠎ᠠ ᠄ ︽ ᠢᠯᠠᠯᠲᠠ ᠪᠣᠯ ᠠᠷᠢᠭᠤᠨ | ᠲᠠᠷᠬᠠᠨ ᠶᠤᠮ ᠂ ᠲᠡᠦᠬᠡ ᠶᠢ ᠥᠭᠡᠷᠡᠲᠦᠭᠦᠯᠵᠦ ᠪᠤᠯᠬᠤ ᠦᠭᠡᠢ ᠂ ᠢᠯᠠᠭᠴᠢ ᠶᠢ ᠭᠤᠲᠤᠭᠠᠵᠤ ᠪᠤᠯᠬᠤ ᠦᠭᠡᠢ ︾ ᠂ ︽ ᠳᠤᠮᠳᠠᠳᠤ ᠤᠯᠤᠰ ᠤᠨ ᠠᠷᠠᠳ ᠲᠦᠮᠡᠨ | ᠡᠷᠡᠯᠬᠡᠭ ᠪᠠᠭᠠᠲᠤᠷᠯᠢᠭ ᠢᠶᠠᠷ ᠪᠠᠶᠢᠯᠳᠤᠪᠠ ᠂ ᠪᠢᠳᠡ ᠳᠤᠮᠳᠠᠳᠤ ᠤᠯᠤᠰ ᠤᠨ ᠠᠷᠠᠳ ᠲᠦᠮᠡᠨ ᠤ ᠬᠥᠮᠥᠨ ᠲᠥᠷᠥᠯᠬᠢᠲᠡᠨ ᠤ ᠬᠠᠮᠲᠤ ᠶᠢᠨ ᠢᠷᠡᠭᠡᠳᠦᠢ ᠶᠢ ᠨᠡᠭᠡᠭᠡᠬᠦ ᠳᠤ | ᠦᠵᠡᠭᠦᠯᠦᠭᠰᠡᠨ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ ︾ ᠃ | ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠨᠢ ᠴᠠᠭ ᠬᠤᠭᠤᠴᠠᠭ᠎ᠠ ᠪᠠᠷ ᠲᠡᠩᠭᠡᠯᠢᠭ ᠪᠣᠯᠭᠠᠪᠠ ᠃ ᠶᠡᠷᠦᠩᠬᠡᠶᠢᠯᠡᠭᠴᠢ ᠫᠦᠲ᠋ᠢᠨ ᠪᠠᠶᠢᠨ ᠪᠠᠶᠢᠨ ᠪᠡᠶ᠎ᠡ | ᠡᠷᠭᠢᠵᠦ ᠂ ᠲᠡᠷᠢᠭᠦᠯᠡᠭᠴᠢ ᠰᠢ ᠶᠢᠨ ᠫᠢᠩ ᠳᠤ ᠲᠤᠭ ᠳᠠᠯᠪᠠᠭ᠎ᠠ ᠂ ᠵᠢᠭᠰᠠᠭᠠᠯ ᠂ ᠵᠡᠪᠰᠡᠭ ᠲᠣᠨᠣᠭᠯᠠᠯ ᠤᠨ ᠲᠤᠬᠠᠢ ᠲᠠᠨᠢᠯᠴᠠᠭᠤᠯᠤᠨ᠎ᠠ ᠃ ᠵᠠᠯᠠᠭᠤ ᠪᠠᠶᠢᠯᠳᠤᠭᠴᠢᠳ | ᠴᠡᠭᠡᠵᠢ ᠲᠡᠨᠢᠢᠨ ︽ ᠦᠷ᠎ᠠ ︾ ᠭᠡᠵᠦ ᠬᠠᠰᠬᠢᠷᠬᠤ ᠳᠠᠭᠤᠨ ᠨᠢ ᠡᠭᠦᠯᠡ ᠶᠢ ᠨᠡᠪᠲᠡᠯᠦᠨ ᠥᠨᠳᠥᠷ ᠣᠭᠲᠠᠷᠭᠤᠢ ᠳᠤ ᠴᠤᠤᠷᠢᠶᠠᠲᠤᠨ᠎ᠠ ᠃ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠭᠤᠷᠪᠠᠨ ᠵᠠᠮ ᠤᠨ ᠴᠡᠷᠢᠭ ᠤᠨ ᠶᠣᠰᠣᠯᠠᠯ ᠤᠨ ᠵᠢᠭᠰᠠᠭᠠᠯ ᠤᠨ ᠠᠩᠭᠢ ᠬᠦᠷᠴᠦ ᠢᠷᠡᠪ᠊ ︕ | ᠠᠯᠬᠤᠭ᠎ᠠ ᠢᠳᠡᠷᠡᠭᠦᠨ ᠂ ᠴᠤᠭ ᠵᠢᠪᠬᠤᠭ᠎ᠠ ᠪᠠᠳᠠᠷᠠᠩᠭᠤᠢ ᠃ ᠲᠡᠷᠢᠭᠦᠯᠡᠭᠴᠢ ᠰᠢ ᠶᠢᠨ ᠫᠢᠩ ᠪᠣᠰᠴᠤ ᠵᠣᠭᠰᠣᠨ ᠮᠡᠨᠳᠦᠴᠢᠯᠡᠯ ᠬᠦᠷᠭᠡᠵᠦ ᠂ ᠲᠡᠭᠦᠨ ᠤ ᠬᠠᠷᠠᠴᠠ | ᠤᠷᠤᠭᠰᠢᠯᠠᠯᠲᠠ ᠶᠢᠨ ᠡᠩᠨᠡᠭᠡ ᠶᠢ ᠳᠠᠭᠠᠵᠤ ᠂ ᠲᠡᠷᠲᠡᠭᠡ ᠲᠡᠦᠬᠡ ᠶᠢᠨ ᠥᠩᠭᠡᠷᠡᠭᠰᠡᠨ ᠢ ᠡᠷᠭᠢᠴᠡᠭᠦᠯᠦᠨ ᠬᠠᠷᠠᠬᠤ ᠭᠡᠮᠡᠷ ᠃ | ᠠᠽᠢᠶ᠎ᠠ ᠲᠢᠪ ᠤᠨ ᠭᠤᠣᠯ ᠳᠠᠶᠢᠨ ᠤ ᠲᠠᠯᠠᠪᠤᠷ ᠤᠨ ᠬᠦᠨᠳᠦ ᠴᠢᠬᠤᠯᠠ ᠶᠢ ᠬᠠᠷᠠᠬᠤᠢ ᠃ ᠢᠮᠠᠬᠤ ᠪᠦᠷᠢ ᠠᠭᠤᠯᠠ ᠤᠰᠤᠨ ᠳᠤ ᠬᠠᠯᠠᠭᠤᠨ ᠴᠢᠰᠤ ᠰᠢᠩᠭᠡᠵᠦ ᠂ | ᠤᠳᠠᠭ᠎ᠠ ᠪᠦᠷᠢ ᠶᠢᠨ ᠪᠠᠶᠢᠯᠳᠤᠭᠠᠨ ᠳᠤ ᠨᠢᠷᠤᠭᠤ ᠭᠡᠳᠡᠶᠢᠨ ᠪᠠᠶᠢᠯᠳᠤᠨ᠎ᠠ ᠃ ᠲᠠᠪᠤᠨ ᠮᠢᠩᠭᠠᠨ ᠵᠢᠯ ᠤᠨ ᠪᠣᠯᠪᠠᠰᠤᠨ ᠨᠢ ᠲᠦᠨᠡᠷ ᠬᠠᠷᠠᠩᠭᠤᠢ ᠴᠠᠭ ᠦᠶ᠎ᠡ ᠳᠤ | ᠬᠦᠴᠦᠷᠬᠡᠭ ᠶᠡᠭᠡ ᠬᠦᠴᠦᠨ ᠴᠢᠳᠠᠯ ᠢ ᠪᠠᠳᠠᠷᠠᠭᠤᠯᠵᠤ ᠂ ᠪᠦᠭᠦ ᠳᠤᠮᠳᠠᠳᠤ ᠶᠢᠨ ᠬᠥᠪᠡᠭᠦᠳ ᠥᠬᠢᠳ ᠲᠡᠭᠷᠢ ᠭᠠᠵᠠᠷ ᠢ ᠳᠣᠩᠰᠣᠯᠭᠠᠭᠰᠠᠨ ᠂ ᠴᠢᠳᠬᠦᠷ | ᠰᠠᠬᠢᠭᠤᠯᠰᠤᠨ ᠢ ᠤᠶᠠᠷᠠᠭᠤᠯᠤᠭᠰᠠᠨ ᠰᠦᠷ ᠵᠢᠪᠬᠤᠯᠠᠩᠲᠤ ᠲᠤᠤᠯᠢᠰ ᠢ ᠬᠠᠮᠲᠤ ᠪᠠᠷ ᠪᠢᠴᠢᠭᠯᠡᠭᠰᠡᠨ ᠶᠤᠮ ᠃ | ᠳᠠᠶᠢᠨ ᠤ ᠭᠠᠯ ᠳᠤᠮᠳᠠ ᠭᠠᠷ ᠬᠤᠯᠪᠣᠨ ᠮᠥᠷᠥ ᠵᠡᠷᠭᠡᠴᠡᠨ ᠪᠠᠶᠢᠯᠳᠤᠭᠰᠠᠨ ᠴᠠᠭ ᠮᠥᠴᠡ ᠶᠢ ᠬᠠᠷᠠᠬᠤᠢ ᠃ ᠲᠦᠨᠡᠷ ᠬᠠᠷᠠᠩᠭᠤᠢ ᠳᠡᠯᠡᠬᠡᠢ ᠶᠢᠷᠲᠢᠨᠴᠦ ᠶᠢ | ᠪᠦᠷᠬᠦᠵᠦ ᠂ ᠳᠤᠮᠳᠠᠳᠤ ᠤᠯᠤᠰ ᠤᠨ ᠠᠷᠠᠳ ᠲᠦᠮᠡᠨ ᠡᠩᠬᠡ ᠲᠠᠶᠢᠪᠤᠩ ᠢ ᠡᠷᠭᠢᠮᠯᠡᠳᠡᠭ ᠳᠡᠯᠡᠬᠡᠢ ᠶᠢᠨ ᠠᠷᠠᠳ ᠲᠦᠮᠡᠨ ᠲᠠᠢ ᠬᠠᠮᠲᠤ ᠪᠠᠷ ᠠᠮᠢ ᠨᠠᠰᠤ ᠪᠠᠷ ᠢᠶᠠᠨ ᠠᠮᠢ | ᠨᠠᠰᠤ ᠶᠢ ᠬᠠᠮᠠᠭᠠᠯᠠᠵᠤ ᠂ ᠢᠲᠡᠭᠡᠯ ᠵᠣᠷᠢᠭ ᠢᠶᠠᠷ ᠢᠲᠡᠭᠡᠯ ᠵᠣᠷᠢᠭ ᠢ ᠬᠥᠪᠴᠢᠯᠡᠪᠡ ᠃ ᠭᠠᠰᠠᠯᠠᠩ ᠵᠣᠪᠠᠯᠠᠩ ᠪᠠ ᠦᠷᠡᠭᠳᠡᠯ ᠤᠨ ᠳᠠᠪᠲᠠᠯᠲᠠ ᠨᠢ ᠢᠯᠠᠯᠲᠠ ᠪᠤᠯᠬᠤ ᠪᠠᠷ | ᠪᠠᠷᠠᠬᠤ ᠦᠭᠡᠢ ᠂ ᠪᠠᠰᠠ ᠴᠤ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠭᠦᠨ ᠵᠤᠵᠠᠭᠠᠨ ᠨᠥᠬᠦᠷᠯᠡᠯ ᠮᠥᠨ ᠃ | ᠲᠡᠷᠢᠭᠦᠯᠡᠭᠴᠢ ᠰᠢ ᠶᠢᠨ ᠫᠢᠩ ᠤᠨ ᠨᠦᠭᠦᠭᠡ ᠲᠠᠯ᠎ᠠ ᠳᠤ ᠰᠠᠭᠤᠭᠰᠠᠨ ᠨᠢ ᠡᠩᠭᠡᠷ ᠳᠦᠭᠦᠷᠡᠩ ᠭᠠᠪᠢᠶᠠᠨ ᠲᠡᠮᠳᠡᠭ ᠵᠡᠭᠦᠭᠰᠡᠨ ᠵᠠᠭᠤᠨ ᠨᠠᠰᠤᠲᠠᠢ ᠠᠬᠠᠮᠠᠳ | ᠪᠠᠶᠢᠯᠳᠤᠭᠴᠢ ᠢᠸᠦᠭᠧᠨᠢ • ᠽᠧᠨᠡᠮᠢᠨᠰᠺᠢ ᠪᠣᠯᠣᠨ᠎ᠠ ᠃ | ᠨᠠᠰᠤ ᠠᠬᠠᠰᠢᠷᠠᠵᠤ ᠦᠰᠦ ᠨᠢ ᠪᠤᠭᠤᠷᠤᠯᠲᠤᠭᠰᠠᠨ ᠴᠤ ᠴᠡᠷᠢᠭ ᠬᠥᠮᠥᠨ ᠤ ᠴᠤᠭ ᠰᠦᠯᠳᠡ ᠨᠢ ᠬᠠᠷᠢᠨ ᠲᠡᠷᠡ ᠬᠡᠪ ᠢᠶᠠᠷ ᠢᠶᠠᠨ ᠃ ᠲᠡᠷᠡ ᠰᠡᠳᠬᠢᠯ ᠬᠥᠳᠡᠯᠦᠨ | ᠲᠡᠷᠢᠭᠦᠯᠡᠭᠴᠢ ᠰᠢ ᠶᠢᠨ ᠫᠢᠩ ᠤᠨ ᠭᠠᠷ ᠢ ᠠᠳᠬᠤᠵᠤ ᠄ ︽ ᠳᠡᠯᠡᠬᠡᠢ ᠳᠡᠭᠡᠷ᠎ᠡ ᠶᠠᠮᠠᠷ ᠴᠤ ᠬᠦᠴᠦᠨ ᠭᠡᠳ ᠪᠢᠳᠡᠨ ᠢ ᠳᠠᠷᠤᠵᠤ ᠳᠡᠶᠢᠯᠭᠦ ᠦᠭᠡᠢ ᠶᠤᠮ ︾ ᠭᠡᠪᠡ ᠃ | ᠡᠨᠡ ᠪᠣᠯ ᠠᠷᠢᠭᠤᠨ ᠴᠢᠰᠤ ᠪᠠ ᠠᠮᠢ ᠨᠠᠰᠤ ᠪᠠᠷ ᠪᠠᠷᠢᠯᠳᠤᠭᠰᠠᠨ ᠰᠡᠩᠬᠡᠷᠡᠭᠦᠯᠦᠯ ᠪᠣᠯᠣᠨ᠎ᠠ ᠃ | ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ | ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ ᠃ ᠲᠡᠷᠢᠭᠦᠯᠡᠭᠴᠢ ᠰᠢ ᠶᠢᠨ ᠫᠢᠩ ᠂ ︽ ᠲᠡᠦᠬᠡ ᠶᠢᠨ ᠬᠠᠮᠤᠭ ᠤᠨ ᠰᠠᠶᠢᠨ ᠵᠠᠯᠭᠠᠮᠵᠢᠯᠠᠯ ᠪᠣᠯ ᠳᠠᠷᠤᠢ ᠰᠢᠨ᠎ᠡ | ᠲᠡᠦᠬᠡ ᠶᠢ ᠡᠭᠦᠳᠦᠨ ᠪᠦᠲᠦᠭᠡᠬᠦ ᠶᠠᠪᠤᠳᠠᠯ ᠪᠣᠯᠣᠨ᠎ᠠ ︾ ᠭᠡᠵᠦ ᠬᠡᠯᠡᠵᠦ ᠥᠩᠭᠡᠷᠡᠪᠡ ᠃ ᠲᠡᠷᠡ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠭᠠᠷ ᠤᠨ ᠦᠰᠦᠭ | ᠵᠢᠷᠤᠭᠰᠠᠨ ᠲᠡᠷᠡ ᠬᠦ ᠬᠠᠮᠲᠤᠷᠠᠭᠰᠠᠨ ᠢᠯᠡᠷᠬᠡᠶᠢᠯᠡᠯᠲᠡ ᠳᠤ ᠂ ᠲᠡᠦᠬᠡ ᠶᠢᠨ ᠤᠯᠠᠷᠢᠯ ᠬᠤᠪᠢᠰᠤᠯ ᠢ ᠥᠭᠦᠯᠡᠵᠦ ᠢᠷᠡᠭᠡᠳᠦᠢ ᠶᠢᠨ ᠲᠤᠬᠠᠢ ᠢᠲᠡᠭᠡᠯ ᠪᠠᠲᠤ ᠢᠩᠭᠢᠵᠦ | ᠪᠢᠴᠢᠭᠯᠡᠪᠡ ᠄ | ︽ ᠳᠡᠯᠡᠬᠡᠢ ᠶᠢᠨ ᠬᠤᠶᠠᠳᠤᠭᠠᠷ ᠲᠠᠶᠢᠨ ᠤ ᠲᠡᠦᠬᠡ ᠶᠢ ᠥᠭᠡᠷᠡᠲᠦᠭᠦᠯᠬᠦ ᠂ ᠳᠤᠮᠳᠠᠳᠤ ᠤᠷᠤᠰ ᠤᠨ ᠳᠡᠯᠡᠬᠡᠢ ᠶᠢᠨ ᠬᠤᠶᠠᠳᠤᠭᠠᠷ ᠲᠠᠶᠢᠨ ᠤ ᠲᠡᠦᠬᠡᠨ ᠭᠠᠪᠢᠶ᠎ᠠ | ᠵᠢᠳᠬᠦᠯ ᠢ ᠮᠠᠭᠤᠰᠢᠶᠠᠬᠤ ᠪᠠ ᠪᠠᠯᠠᠯᠬᠤ ᠂ ᠴᠢᠯᠦᠭᠡᠯᠡᠭᠴᠢ ᠶᠢᠨ ᠳᠦᠷᠢ ᠲᠥᠷᠬᠦ ᠶᠢ ᠭᠤᠲᠤᠭᠠᠬᠤ ᠶᠠᠮᠠᠷᠪᠠ ᠠᠵᠢᠯᠯᠠᠭ᠎ᠠ ᠶᠢ ᠡᠷᠡᠰ ᠪᠤᠳᠠ ᠨᠢᠷᠭᠡᠨ᠎ᠡ ︾ ︔ | ︽ ᠬᠥᠮᠥᠨ ᠲᠥᠷᠥᠯᠬᠢᠲᠡᠨ ᠳᠡᠯᠡᠬᠡᠢ ᠶᠢᠨ ᠬᠤᠶᠠᠳᠤᠭᠠᠷ ᠲᠠᠶᠢᠨ ᠤ ᠭᠤᠨᠢᠭᠲᠤ ᠵᠦᠴᠦᠭᠡ ᠵᠢᠴᠢ ᠲᠡᠭᠦᠨ ᠤ ᠰᠢᠯᠲᠠᠭᠠᠨ ᠪᠠ ᠰᠤᠷᠭᠠᠮᠵᠢ ᠶᠢ ᠡᠭᠦᠷᠢᠳᠡ | ᠴᠡᠭᠡᠵᠢᠯᠡᠵᠦ ᠂ ᠡᠶᠢᠮᠦᠷᠬᠦᠦ ᠭᠤᠨᠢᠭᠲᠤ ᠵᠦᠴᠦᠭᠡ ᠶᠢᠨ ᠳᠠᠭᠢᠨ ᠡᠭᠦᠰᠬᠦ ᠶᠢ ᠴᠢᠷᠮᠠᠶᠢᠨ ᠬᠤᠷᠢᠭᠯᠠᠬᠤ ᠬᠡᠷᠡᠭᠲᠡᠢ ︾ ︔ | ᠁ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠴᠢᠬᠤᠯᠠ ᠣᠨ ᠵᠢᠯ ᠂ ᠰᠠᠯᠬᠢ ᠳᠡᠭᠳᠡᠨ ᠡᠭᠦᠯᠡ ᠬᠤᠶᠢᠯᠠᠷᠠᠭᠰᠠᠨ ᠣᠷᠤᠭ᠎ᠠ ᠪᠤᠰᠬᠠᠭ᠎ᠠ ᠳᠡᠯᠡᠬᠡᠢ ᠶᠢᠨ | ᠪᠠᠶᠢᠳᠠᠯ ᠤᠨ ᠡᠮᠦᠨ᠎ᠡ ᠂ ᠳᠤᠮᠳᠠᠳᠤ ᠤᠷᠤᠰ ᠬᠤᠶᠠᠷ ᠤᠯᠤᠰ ᠨᠢᠭᠲᠠᠷᠠᠨ ᠪᠦᠯᠬᠦᠮᠳᠡᠵᠦ ᠂ ︽ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ | ᠪᠦᠲᠦᠭᠡᠯ ᠢ ᠭᠠᠷ ᠬᠤᠯᠪᠣᠨ ᠬᠠᠮᠠᠭᠠᠯᠠᠵᠤ ᠂ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ ᠂ ᠵᠢᠩᠬᠢᠨᠢ ᠤᠯᠠᠨ ᠲᠠᠯᠠᠲᠤ | ᠦᠵᠡᠯ ᠢ ᠦᠢᠯᠡᠳᠦᠯᠭᠡᠵᠢᠭᠦᠯᠵᠦ ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ ︾ ᠃ | | ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠲᠡᠭᠦᠰᠬᠦ ᠳᠤ ᠂ ᠲᠡᠷᠢᠭᠦᠯᠡᠭᠴᠢ ᠰᠢ ᠶᠢᠨ ᠫᠢᠩ ᠪᠠᠶᠠᠷ ᠤᠨ ᠶᠣᠰᠣᠯᠠᠯ ᠳᠤ ᠣᠷᠣᠯᠴᠠᠬᠰᠠᠨ ᠪᠤᠰᠤᠳ | ᠤᠳᠤᠷᠢᠳᠬᠤ ᠬᠥᠮᠥᠰ ᠲᠠᠢ ᠬᠠᠮᠲᠤ ᠪᠠᠷ ᠤᠯᠠᠭᠠᠨ ᠲᠠᠯᠠᠪᠠᠢ ᠠᠴᠠ ᠠᠯᠤᠺᠰᠠᠨᠳ᠋ᠷ ᠴᠡᠴᠡᠷᠯᠢᠭ ᠲᠤ ᠠᠯᠬᠤᠨ ᠭᠦᠷᠪᠡ ᠃ ᠨᠡᠷ᠎ᠡ ᠦᠭᠡᠢ ᠦᠷᠡᠭᠳᠡᠭᠰᠡᠨ | ᠪᠠᠭᠠᠲᠤᠷᠴᠤᠳ ᠤᠨ ᠪᠤᠩᠬᠤᠨ ᠤ ᠡᠮᠦᠨ᠎ᠡ ᠂ ᠲᠡᠳᠡ ᠲᠥᠪ ᠵᠣᠭᠰᠣᠨ ᠨᠠᠮᠠᠨᠴᠢᠯᠠᠪᠠ ᠃ | ᠨᠢᠭᠡ ᠭᠠᠩ ᠲᠤᠭᠤᠯᠭ᠎ᠠ ᠂ ᠨᠢᠭᠡ ᠤᠯᠠᠭᠠᠨ ᠲᠤᠭ ᠂ ᠨᠢᠭᠡ ᠪᠠᠭᠴᠠ ᠤᠨᠲᠠᠷᠠᠰᠢ ᠦᠭᠡᠢ ᠭᠠᠯ ᠃ | 9 ᠤ ᠦᠳᠡ ᠳᠤ ᠂ ᠲᠡᠷᠢᠭᠦᠯᠡᠭᠴᠢ ᠰᠢ ᠶᠢᠨ ᠫᠢᠩ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ 80 ᠵᠢᠯ ᠤᠨ | ᠤᠢ ᠶᠢ ᠪᠡᠯᠭᠡᠯᠡᠬᠦ ᠳᠠᠶᠢᠯᠠᠯᠭ᠎ᠠ ᠳᠤ ᠣᠷᠣᠯᠴᠠᠪᠠ ᠃ | ︽ ᠢᠯᠠᠯᠲᠠ ᠶᠢᠨ ᠡᠳᠦᠷ ︾ ᠂ ︽ ᠪᠠᠶᠢᠯᠳᠤᠭᠴᠢ ᠶᠢᠨ ᠳᠠᠭᠤᠤ ︾ ᠂ ︽ ᠡᠬᠡ ᠤᠯᠤᠰ ᠬᠠᠮᠢᠭ᠎ᠠ ᠠᠴᠠ ᠡᠬᠢᠯᠡᠭᠰᠡᠨ ᠪᠤᠢ ︾ ᠁ ᠵᠢᠷᠤᠭ ᠳᠦᠷᠰᠦ | ᠰᠢᠩᠭᠡᠭᠡᠯᠲᠡ ᠨᠢ ᠬᠥᠭᠵᠢᠮ ᠠᠶᠠᠰ ᠢ ᠳᠠᠭᠠᠯᠳᠤᠨ ᠰᠣᠯᠢᠭᠳᠠᠵᠤ ᠂ ᠳᠠᠶᠢᠨ ᠤ ᠤᠨᠢᠶᠠᠷ ᠤᠳᠤᠭ᠎ᠠ ᠂ ᠡᠩᠬᠡ ᠲᠠᠶᠢᠪᠤᠩ ᠤᠨ ᠨᠡᠷᠡᠨ ᠤ ᠭᠡᠷᠡᠯ ᠨᠠᠭᠠᠰᠢᠯᠠᠨ ᠬᠠᠷᠠᠭᠳᠠᠨ᠎ᠠ ᠃ | ᠬᠥᠮᠥᠰ ᠲᠡᠭᠦᠨ ᠤ ᠳᠣᠲᠣᠷ᠎ᠠ ᠰᠣᠭᠲᠣᠭᠤᠷᠠᠵᠤ ᠂ ᠤᠬᠠᠵᠤ ᠂ ᠪᠣᠳᠣᠯᠬᠢᠯᠠᠵᠤ ᠰᠡᠳᠬᠢᠨ᠎ᠡ ᠃ | ᠡᠶᠢᠮᠦ ᠨᠢᠭᠡᠨ ᠨᠠᠷᠢᠨ ᠵᠦᠢᠯᠡᠰ ᠪᠤᠢ ᠃ ᠳᠠᠶᠢᠯᠠᠯᠭ᠎ᠠ ᠳᠠᠭᠤᠰᠤᠭᠰᠠᠨ ᠤ ᠳᠠᠷᠠᠭ᠎ᠠ ᠂ ᠲᠡᠷᠢᠭᠦᠯᠡᠭᠴᠢ ᠰᠢ ᠶᠢᠨ ᠫᠢᠩ ᠤᠳᠠᠯ ᠦᠭᠡᠢ ᠰᠠᠭᠤᠳᠠᠯ ᠠᠴᠠ ᠪᠠᠨ ᠰᠠᠯᠬᠤ | ᠭᠡᠵᠦ ᠪᠠᠶᠢᠭᠰᠠᠨ ᠦᠶ᠎ᠡ ᠳᠤ ᠂ ︽ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ ︾ ᠭᠡᠬᠦ ᠳᠠᠭᠤᠤ ᠬᠠᠩᠭᠢᠨᠠᠪᠠ ᠃ | ᠡᠨᠡ ᠪᠣᠯ ᠬᠥᠭᠵᠢᠮ ᠤᠨ ᠠᠩᠭᠢ ᠲᠤᠰᠬᠠᠶᠢᠯᠠᠨ ᠳᠤᠮᠳᠠᠳᠤ ᠤᠯᠤᠰ ᠤᠨ ᠬᠦᠨᠳᠦᠲᠦ ᠵᠣᠴᠢᠨ ᠳᠤ ᠬᠥᠭᠵᠢᠮᠳᠡᠨ ᠡᠷᠭᠦᠭᠰᠡᠨ ᠪᠢᠯᠡ ᠃ | ᠲᠡᠷᠢᠭᠦᠯᠡᠭᠴᠢ ᠰᠢ ᠶᠢᠨ ᠫᠢᠩ ᠤᠷᠤᠭᠰᠢ ᠠᠯᠬᠤᠵᠤ ᠣᠴᠢᠨ ᠂ ᠭᠠᠷ ᠠᠳᠬᠤᠵᠤ ᠂ ᠬᠠᠮᠲᠤ ᠶᠢᠨ ᠰᠡᠭᠦᠳᠡᠷ ᠲᠠᠲᠠᠭᠤᠯᠪᠠ ᠃ ᠬᠠᠮᠲᠤ ᠶᠢᠨ ᠭᠠᠰᠠᠯᠠᠩ ᠵᠣᠪᠠᠯᠠᠩᠲᠤ | ᠲᠡᠦᠬᠡ ᠂ ᠡᠰᠡᠷᠭᠦᠴᠡᠨ ᠲᠡᠮᠡᠴᠡᠭᠰᠡᠨ ᠲᠡᠦᠬᠡ ᠶᠢ ᠥᠩᠭᠡᠷᠡᠭᠦᠯᠪᠡ ᠂ ᠪᠡᠭᠡᠵᠢᠩ — ᠮᠣᠰᠺᠸᠠ ᠶᠢᠨ ᠰᠡᠳᠬᠢᠯ ᠤᠨ ᠵᠠᠢ ᠡᠶᠢᠮᠦ ᠣᠶᠢᠷᠠᠬᠠᠨ ᠠᠵᠢ ︕ | 1945 ᠣᠨ ᠤ 9 ᠰᠠᠷ᠎ᠠ ᠶᠢᠨ 3 ᠤ ᠡᠳᠦᠷ ᠂ 1945 ᠣᠨ ᠤ 5 ᠰᠠᠷ᠎ᠠ ᠶᠢᠨ 9 ᠤ ᠡᠳᠦᠷ ᠂ ᠲᠡᠦᠬᠡᠨ ᠳᠤ ᠲᠡᠮᠳᠡᠭᠯᠡᠭᠳᠡᠭᠰᠡᠨ ᠂ ᠬᠥᠮᠥᠰ ᠤᠨ ᠰᠡᠳᠬᠢᠯ ᠢ | ᠳᠣᠬᠳᠣᠯᠤᠭᠤᠯᠤᠬᠰᠠᠨ ᠡᠨᠡ ᠬᠤᠶᠠᠷ ᠴᠠᠭ ᠬᠤᠭᠤᠴᠠᠭ᠎ᠠ ᠂ ᠳᠤᠮᠳᠠᠳᠤ ᠤᠯᠤᠰ ᠂ ᠵᠥᠪᠯᠡᠯᠲᠦ ᠂ ᠦᠬᠦᠯ ᠤᠨ ᠳᠠᠪᠠᠭ᠎ᠠ ᠶᠢ ᠲᠤᠭᠤᠯᠵᠤ ᠂ ᠨᠤᠭᠤᠷᠠᠯ ᠪᠦᠳᠦᠷᠢᠯ ᠤᠨ | ᠳᠤᠮᠳᠠ ᠡᠷᠡᠯᠬᠡᠭ ᠪᠠᠭᠠᠲᠤᠷᠯᠢᠭ ᠢᠶᠠᠷ ᠲᠡᠮᠡᠴᠡᠵᠦ ᠂ ᠢᠯᠠᠯᠲᠠ ᠶᠢᠨ ᠪᠦᠷᠢᠶ᠎ᠡ ᠶᠢᠨ ᠲᠠᠭᠤᠨ ᠤᠳᠠᠲᠠᠯ᠎ᠠ ᠴᠤᠤᠷᠢᠶᠠᠲᠤᠨ᠎ᠠ ᠃ 3500 ᠭᠠᠷᠤᠢ ᠲᠦᠮᠡ ᠂ 2700 | ᠭᠠᠷᠤᠢ ᠲᠦᠮᠡ ᠂ ᠬᠡᠪᠴᠢᠶ᠎ᠡ ᠪᠠᠷ ᠮᠤᠨᠳᠠᠭ ᠶᠡᠭᠡ ᠂ ᠵᠢᠷᠦᠬᠡ ᠰᠢᠮᠰᠢᠷᠡᠭᠦᠯᠦᠮ᠎ᠡ ᠡᠨᠡ ᠬᠤᠶᠠᠷ ᠲᠤᠭ᠎ᠠ ᠨᠢ ᠳᠡᠯᠡᠬᠡᠢ ᠶᠢᠨ ᠬᠤᠶᠠᠳᠤᠭᠠᠷ ᠲᠡᠶᠢᠨ ᠤ ᠳᠤᠮᠳᠠᠳᠤ ᠤᠯᠤᠰ | ᠪᠣᠯᠣᠨ ᠵᠥᠪᠯᠡᠯᠲᠦ ᠶᠢᠨ ᠠᠽᠢᠶ᠎ᠠ ᠲᠢᠪ ᠪᠣᠯᠣᠨ ᠡᠸᠦ᠋ᠷᠦᠫᠡ ᠲᠢᠪ ᠤᠨ ᠭᠤᠣᠯ ᠲᠡᠶᠢᠨ ᠤ ᠲᠠᠯᠠᠪᠤᠷ ᠲᠠᠬᠢ ᠦᠬᠦᠵᠦ ᠰᠢᠷᠬᠠᠲᠤᠭᠰᠠᠨ ᠬᠥᠮᠥᠨ ᠤ ᠲᠤᠭ᠎ᠠ ᠪᠣᠯᠣᠨ᠎ᠠ ᠃ | ᠳᠤᠷᠠᠰᠬᠠᠵᠤ ᠪᠠᠶᠢᠭ᠎ᠠ ᠶᠢᠨ ᠤᠴᠢᠷ ᠭᠡᠪᠡᠯ ᠬᠤᠶᠠᠷ ᠪᠠᠭᠠᠲᠤᠷᠯᠢᠭ ᠤᠯᠤᠰ ᠂ ᠪᠠᠭᠠᠲᠤᠷᠴᠤᠳ ᠤᠨ ᠵᠣᠷᠢᠭ ᠰᠠᠨᠠᠭ᠎ᠠ ᠪᠠᠷ ᠦᠨᠳᠦᠰᠦᠲᠡᠨ ᠤ ᠠᠮᠢᠨ ᠰᠤᠳᠠᠰᠤ ᠪᠠᠨ | ᠴᠣᠬᠴᠠᠯᠠᠨ᠎ᠠ ︔ ᠤᠴᠢᠷ ᠨᠢ ᠡᠩᠬᠡ ᠲᠠᠶᠢᠪᠤᠩ ᠪᠠ ᠰᠢᠳᠤᠷᠭᠤ ᠶᠣᠰᠣ ᠭᠢᠯᠪᠠᠷ ᠪᠤᠰᠤ ᠪᠠᠷ ᠢᠷᠡᠭᠰᠡᠨ ᠶᠤᠮ ᠂ ᠭᠠᠷ ᠬᠤᠯᠪᠣᠨ ᠬᠠᠮᠠᠭᠠᠯᠠᠬᠤ ᠬᠡᠷᠡᠭᠲᠡᠢ ᠃ | ︽ ᠲᠡᠦᠬᠡ ᠪᠠᠨ ᠪᠠᠲᠤ ᠴᠡᠭᠡᠵᠢᠯᠡᠬᠦ ᠨᠢ ᠥᠰᠢᠶ᠎ᠡ ᠬᠤᠷᠣᠰᠤᠯ ᠢᠶᠠᠨ ᠦᠷᠭᠦᠯᠵᠢᠯᠡᠭᠦᠯᠬᠦ ᠶᠢᠨ ᠲᠥᠯᠥᠭᠡ ᠪᠢᠰᠢ ᠂ ᠬᠠᠷᠢᠨ ᠢᠷᠡᠭᠡᠳᠦᠢ ᠶᠢ ᠨᠡᠩ ᠰᠠᠶᠢᠲᠤᠷ | ᠨᠡᠭᠡᠭᠡᠬᠦ ᠶᠢᠨ ᠲᠥᠯᠥᠭᠡ ᠶᠤᠮ ︾ ᠲᠡᠷᠢᠭᠦᠯᠡᠭᠴᠢ ᠰᠢ ᠶᠢᠨ ᠫᠢᠩ ᠲᠡᠦᠬᠡ ᠶᠢᠨ ᠵᠣᠭᠰᠣᠴᠠ ᠠᠴᠠ ᠢᠷᠡᠭᠡᠳᠦᠢ ᠶᠢ ᠪᠠᠷᠠᠯᠠᠨ᠎ᠠ ᠃ | ᠬᠤᠶᠠᠷ ᠤᠯᠤᠰ ᠤᠨ ᠲᠡᠷᠢᠭᠦᠨ ᠡᠨᠡ ᠵᠢᠯ ᠤᠨ ᠨᠠᠮᠤᠷ ᠲᠠᠭᠢᠨ ᠪᠣᠯᠵᠣᠪᠠ ᠃ ᠲᠡᠷᠡ ᠬᠦ ᠠᠭᠤᠤ ᠶᠡᠭᠡ ᠲᠡᠦᠬᠡ ᠶᠢᠨ ᠡᠷᠭᠢᠯᠲᠡ ᠶᠢᠨ ᠴᠡᠭ ᠤᠨ ᠳᠤᠷᠠᠰᠬᠠᠯ ᠤᠨ | ᠡᠳᠦᠷ ᠂ ᠳᠤᠮᠳᠠᠳᠤ ᠤᠯᠤᠰ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠦᠪᠡᠳᠡᠭᠰᠢ | ᠶᠡᠭᠡ ᠪᠠᠷ ᠳᠤᠷᠠᠰᠬᠠᠬᠤ ᠪᠣᠯᠣᠨ᠎ᠠ ᠃ | ︵ ᠭᠤᠷᠪᠠ ︶ ᠭᠠᠷ ᠠᠳᠬᠤᠯᠴᠠᠭᠰᠠᠨ ᠴᠠᠭ ᠮᠥᠴᠡ | ︽ ᠬᠠᠮᠤᠭ ᠤᠨ ᠬᠦᠴᠦᠷᠬᠡᠭ ᠬᠦᠴᠦᠨ ᠪᠣᠯ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠠᠪᠤᠳᠠᠯ ᠪᠣᠯᠣᠨ᠎ᠠ ᠂ ᠬᠠᠮᠤᠭ ᠤᠨ ᠪᠦᠲᠦᠮᠵᠢᠲᠡᠢ ᠠᠷᠭ᠎ᠠ ᠪᠣᠯ | ᠦᠨᠡᠨ ᠰᠡᠳᠬᠢᠯ ᠠᠴᠠ ᠪᠠᠨ ᠳᠡᠮᠵᠢᠯᠴᠡᠨ ᠲᠤᠰᠠᠯᠠᠯᠴᠠᠬᠤ ᠶᠠᠪᠤᠳᠠᠯ ᠪᠣᠯᠣᠨ᠎ᠠ ︾ | ᠪᠠᠶᠠᠷ ᠤᠨ ᠶᠣᠰᠣᠯᠠᠯ ᠳᠤ ᠣᠷᠤᠯᠴᠠᠬᠤ ᠶᠢᠨ ᠵᠠᠪᠰᠠᠷ ᠢᠶᠠᠷ ᠂ ᠭᠠᠳᠠᠭᠠᠳᠤ ᠶᠢᠨ ᠤᠯᠤᠰ ᠲᠦᠷᠦ ᠶᠢᠨ ᠴᠢᠬᠤᠯᠠ ᠬᠥᠮᠥᠰ ᠬᠤᠶᠢᠨ᠎ᠠ ᠬᠤᠶᠢᠨ᠎ᠠ ᠠᠴᠠ ᠪᠠᠨ | ᠬᠦᠷᠦᠯᠴᠡᠨ ᠢᠷᠡᠵᠦ ᠂ ᠲᠡᠷᠢᠭᠦᠯᠡᠭᠴᠢ ᠰᠢ ᠶᠢᠨ ᠫᠢᠩ ᠲᠠᠢ ᠭᠠᠷ ᠠᠳᠬᠤᠨ ᠮᠡᠨᠳᠦᠴᠢᠯᠡᠪᠡ ᠃ ᠣᠯᠠᠩᠬᠢ ᠨᠢ ᠬᠠᠭᠤᠴᠢᠨ ᠨᠠᠶᠢᠵᠠ ᠂ ᠵᠠᠷᠢᠮ ᠨᠢ ᠡᠮᠦᠨᠡᠬᠡᠨ ᠰᠠᠶ᠋ᠢ | ᠠᠭᠤᠯᠵᠠᠵᠤ ᠥᠩᠭᠡᠷᠡᠭᠰᠡᠨ ᠂ ᠵᠠᠷᠢᠮ ᠨᠢ ᠤᠳᠠᠯ ᠦᠭᠡᠢ ᠪᠠᠰᠠ ᠠᠭᠤᠯᠵᠠᠬᠤ ᠪᠣᠯᠣᠨ᠎ᠠ ᠃ | ᠪᠠᠶᠠᠷ ᠤᠨ ᠶᠣᠰᠣᠯᠠᠯ ᠲᠡᠭᠦᠰᠦᠭᠰᠡᠨ ᠲᠡᠷᠡ ᠦᠳᠡ ᠶᠢᠨ ᠬᠤᠶᠢᠨ᠎ᠠ ᠠᠴᠠ ᠡᠬᠢᠯᠡᠨ ᠂ ᠰᠧᠷᠪᠢᠶ᠎ᠠ ᠂ ᠪᠢᠷᠮᠠ ᠂ ᠺᠦᠪᠡ ᠂ ᠸᠧᠨᠧᠽᠦ᠋ᠧᠯᠠ ᠂ ᠰᠯᠦᠸᠠᠺᠢᠶᠠ ᠶᠢᠨ | ᠤᠳᠤᠷᠢᠳᠬᠤ ᠬᠥᠮᠥᠨ ᠤᠷᠢᠳ ᠬᠤᠵᠢᠳ ᠲᠡᠷᠢᠭᠦᠯᠡᠭᠴᠢ ᠰᠢ ᠶᠢᠨ ᠫᠢᠩ ᠤᠨ ᠪᠠᠭᠤᠭᠰᠠᠨ ᠵᠣᠴᠢᠳ ᠤᠨ ᠪᠠᠭᠤᠳᠠᠯ ᠳᠤ ᠬᠦᠷᠴᠦ ᠢᠷᠡᠨ ᠠᠭᠤᠯᠵᠠᠪᠠ ᠃ | ᠤᠯᠤᠰ ᠤᠨ ᠲᠤᠭ ᠡᠮᠬᠢ ᠵᠢᠷᠤᠮ ᠲᠠᠢ ᠰᠣᠯᠢᠭᠳᠠᠵᠤ ᠂ ᠠᠭᠤᠯᠵᠠᠯᠲᠠ ᠶᠢᠨ ᠲᠢᠩᠬᠢᠮ ᠤᠨ ᠡᠭᠦᠳᠡ ᠨᠡᠭᠡᠭᠡᠭᠳᠡᠨ ᠬᠠᠭᠠᠭᠳᠠᠨ᠎ᠠ ᠃ ᠮᠣᠰᠺᠸᠠ ᠳᠠᠬᠢ ᠭᠠᠷ | ᠠᠳᠬᠤᠯᠴᠠᠭᠰᠠᠨ ᠴᠠᠭ ᠮᠥᠴᠡ ᠳᠤ ᠂ ᠰᠢᠯᠵᠢᠰᠢ ᠦᠭᠡᠢ ᠬᠥᠷᠰᠢ ᠵᠡᠷᠭᠡᠯᠡᠳᠡᠭᠡ ᠤᠯᠤᠰ ᠪᠠᠶᠢᠬᠤ ᠪᠥᠭᠡᠳ ᠪᠠᠰᠠ ︽ ᠲᠡᠭᠷᠢ ᠶᠢᠨ ᠬᠢᠵᠠᠭᠠᠷ ᠲᠤ ᠪᠠᠶᠢᠭᠰᠠᠨ ᠴᠦ | ᠬᠥᠷᠰᠢ ᠵᠡᠷᠭᠡᠯᠡᠳᠡᠭᠡ ᠤᠯᠤᠰ ᠮᠡᠲᠦ ︾ ᠠᠯᠤᠰ ᠬᠤᠯᠠ ᠶᠢᠨ ᠤᠯᠤᠰ ᠴᠤ ᠪᠤᠢ ᠃ | ᠬᠤᠶᠠᠷ ᠲᠠᠯ᠎ᠠ ᠶᠢᠨ ᠬᠠᠷᠢᠯᠴᠠᠭᠠᠨ ᠤ ᠠᠯᠬᠤᠮ ᠪᠦᠷᠢ ᠶᠢᠨ ᠰᠣᠩᠭᠤᠯᠲᠠ ᠨᠢ ᠴᠥᠮ ᠰᠦᠷ ᠳᠠᠯᠠᠶᠢᠴᠠᠲᠠᠢ ᠴᠠᠭ ᠦᠶ᠎ᠡ ᠶᠢᠨ ᠶᠡᠭᠡ ᠤᠷᠤᠰᠬᠠᠯ ᠳᠤᠮᠳᠠ ᠂ | ᠳᠡᠯᠡᠬᠡᠢ ᠶᠢᠨ ᠪᠠᠶᠢᠷᠢᠰᠢᠯ ᠤᠨ ᠶᠡᠭᠡ ᠪᠣᠷᠣ ᠲᠥᠯᠥᠪ ᠤᠨ ᠳᠣᠣᠷ᠎ᠠ ᠶᠠᠪᠤᠭᠳᠠᠵᠤ ᠪᠠᠶᠢᠨ᠎ᠠ ᠃ ᠬᠥᠮᠥᠰ ᠤᠨ ᠡᠮᠦᠨ᠎ᠡ ᠲᠠᠯᠪᠢᠭᠳᠠᠵᠤ ᠪᠠᠶᠢᠭ᠎ᠠ ᠨᠢ ᠵᠠᠪᠠᠯ ᠬᠠᠷᠢᠭᠤᠯᠬᠤ | ᠬᠤᠶᠠᠷ ᠰᠡᠳᠦᠪ ᠪᠣᠯᠣᠨ᠎ᠠ ᠃ | ᠨᠢᠭᠡ ᠰᠡᠳᠦᠪ ᠄ ᠭᠠᠯᠵᠠᠭᠤᠷᠠᠭᠰᠠᠨ ᠮᠡᠲᠦ ᠬᠠᠮᠠᠭᠠᠯᠠᠬᠤ ᠦᠵᠡᠯ ᠤᠨ ᠡᠮᠦᠨ᠎ᠡ ᠂ ᠠᠵᠤ ᠠᠬᠤᠢ ᠶᠢᠨ ᠳᠡᠯᠡᠬᠡᠶᠢᠵᠢᠯᠲᠡ ᠶᠢ ᠦᠷᠭᠦᠯᠵᠢᠯᠡᠨ ᠰᠣᠩᠭᠤᠬᠤ ᠶᠢ | ᠪᠠᠷᠢᠮᠲᠠᠯᠠᠬᠤ ᠦᠦ ︖ | ᠡᠨᠡ ᠪᠣᠯ ᠠᠭᠤᠯᠵᠠᠯᠲᠠ ᠶᠢᠨ ᠳᠤᠮᠳᠠ ᠲᠣᠭᠤᠷᠢᠵᠤ ᠭᠠᠷᠴᠤ ᠴᠢᠳᠠᠬᠤ ᠦᠭᠡᠢ ᠶᠠᠷᠢᠶᠠᠨ ᠤ ᠰᠡᠳᠦᠪ ᠮᠥᠨ ᠂ ᠡᠭᠦᠨ ᠳᠤ ᠴᠥᠭᠡᠨ ᠪᠤᠰᠤ ᠤᠯᠤᠰ ᠲᠦᠷᠦ ᠶᠢᠨ | ᠴᠢᠬᠤᠯᠠ ᠬᠥᠮᠥᠰ ᠥᠪᠡᠷ ᠤᠨ ᠦᠵᠡᠯᠲᠡ ᠪᠠᠨ ᠳᠡᠯᠭᠡᠪᠡ ᠃ ᠨᠢᠭᠡ ᠡᠳᠦᠷ ᠤᠨ ᠡᠮᠦᠨ᠎ᠡ ᠂ ᠶᠡᠷᠦᠩᠬᠡᠶᠢᠯᠡᠭᠴᠢ ᠫᠦᠲ᠋ᠢᠨ ᠄ ︽ ᠥᠨᠳᠥᠷ ᠪᠣᠭᠤᠮᠲᠠ ᠶᠢᠨ ᠭᠠᠶᠢᠯᠢ ᠨᠡᠮᠡᠵᠦ | ᠲᠠᠲᠠᠪᠤᠷᠢᠯᠠᠬᠤ ᠨᠢ ᠬᠡᠪ ᠤᠨ ᠶᠣᠰᠣ ᠠᠴᠠ ᠵᠥᠷᠢᠴᠡᠬᠦ ᠪᠥᠭᠡᠳ ᠬᠠᠤᠯᠢ ᠳᠤ ᠨᠡᠶᠢᠴᠡᠬᠦ ᠦᠭᠡᠢ ᠂ ᠵᠥᠪᠭᠡᠨ ᠥᠪᠡᠷ ᠢ ᠪᠠᠨ ᠵᠠᠯᠭᠢᠬᠤ ᠶᠠᠪᠤᠳᠠᠯ ᠪᠣᠯᠣᠨ᠎ᠠ ︾ ᠭᠡᠵᠦ | ᠰᠢᠭᠤᠳ ᠬᠡᠯᠡᠪᠡ ᠃ | ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠂ ᠪᠦᠭᠦ ᠪᠥᠮᠪᠥᠷᠴᠡᠭ ᠤᠨ ᠴᠢᠯᠦᠭᠡᠲᠦ ᠠᠷᠠᠯᠵᠢᠶᠠᠨ ᠤ ᠪᠠᠶᠢᠭᠤᠯᠤᠮᠵᠢ ᠪᠣᠯᠣᠨ ᠤᠯᠠᠨ ᠤᠯᠤᠰ ᠤᠨ ᠠᠵᠤ ᠠᠬᠤᠢ | ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ ᠃ ᠰᠯᠤᠸᠠᠺᠢᠶᠠ ᠶᠢᠨ ᠶᠡᠷᠦᠩᠬᠡᠢ ᠰᠠᠶᠢᠳ ᠹᠤᠶᠢᠽᠦ᠋ᠸᠧ ᠂ ︽ ᠳᠤᠷᠠᠲᠠᠶ᠎ᠠ | ᠳᠤᠮᠳᠠᠳᠤ ᠤᠯᠤᠰ ᠲᠠᠢ ᠬᠠᠮᠲᠤ ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠴᠢᠯᠦᠭᠡᠲᠦ ᠠᠷᠠᠯᠵᠢᠶᠠᠨ ᠤ ᠳᠦᠷᠢᠮ ᠢ ᠬᠠᠮᠠᠭᠠᠯᠠᠵᠤ ᠂ ᠳᠡᠯᠡᠬᠡᠢ ᠶᠢᠨ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠨ᠎ᠠ ︾ ᠭᠡᠵᠦ ᠡᠷᠡᠰ ᠴᠢᠩᠭ᠎ᠠ ᠢᠯᠡᠳᠬᠡᠪᠡ ᠃ ᠰᠧᠷᠪᠢᠶ᠎ᠠ ᠶᠢᠨ ᠶᠡᠷᠦᠩᠬᠡᠶᠢᠯᠡᠭᠴᠢ | ᠥᠴᠢᠴᠢ ᠮᠣᠰᠺᠸᠠ ᠳᠤ ᠬᠦᠷᠴᠦ ᠂ ᠲᠡᠷᠢᠭᠦᠯᠡᠭᠴᠢ ᠰᠢ ᠶᠢᠨ ᠫᠢᠩ ᠲᠠᠢ ᠳᠠᠬᠢᠨᠲᠠ ᠠᠭᠤᠯᠵᠠᠭᠰᠠᠨ ᠪᠥᠭᠡᠳ ︽ ᠰᠧᠷᠪᠢᠶ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ | ᠲᠠᠯ᠎ᠠ ᠲᠠᠢ ᠪᠦᠯᠬᠦᠮᠳᠡᠵᠦ ᠪᠠᠶᠢᠭᠠᠳ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠤᠨ ᠠᠪᠴᠢᠷᠠᠭᠰᠠᠨ ᠥᠷᠢᠰᠦᠯᠳᠦᠭᠡᠨ ᠢ ᠠᠷᠭᠠᠴᠠᠭᠠᠨ᠎ᠠ ︾ ᠭᠡᠵᠦ ᠳᠠᠬᠢᠨᠲᠠ | ᠴᠢᠬᠤᠯᠠᠴᠢᠯᠠᠪᠠ ᠃ | ︽ ᠬᠦᠴᠢᠷ ᠪᠡᠷᠬᠡᠰᠢᠶᠡᠯ ᠢ ᠲᠤᠭᠤᠯᠤᠨ ᠭᠡᠭᠡᠨ ᠰᠠᠷᠠᠭᠤᠯ ᠲᠡᠶᠢᠰᠢ ᠤᠷᠤᠭᠰᠢᠯᠠᠬᠤ ᠶᠢᠨ ᠬᠠᠮᠤᠭ ᠤᠨ ᠬᠦᠴᠦᠷᠬᠡᠭ ᠬᠦᠴᠦᠨ ᠪᠣᠯ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠬᠤ ᠶᠠᠪᠤᠳᠠᠯ ᠪᠣᠯᠣᠨ᠎ᠠ ᠂ ᠬᠠᠮᠤᠭ ᠤᠨ ᠪᠦᠲᠦᠮᠵᠢᠲᠡᠢ ᠠᠷᠭ᠎ᠠ ᠪᠣᠯ ᠦᠨᠡᠨ ᠰᠡᠳᠬᠢᠯ ᠠᠴᠠ ᠪᠠᠨ ᠳᠡᠮᠵᠢᠯᠴᠡᠨ ᠲᠤᠰᠠᠯᠠᠯᠴᠠᠬᠤ ᠶᠠᠪᠤᠳᠠᠯ | ᠪᠣᠯᠣᠨ᠎ᠠ ︾ ᠭᠡᠵᠦ ᠲᠡᠷᠢᠭᠦᠯᠡᠭᠴᠢ ᠰᠢ ᠶᠢᠨ ᠫᠢᠩ ᠬᠡᠯᠡᠪᠡ ᠃ | ᠲᠡᠦᠬᠡ ᠶᠢ ᠡᠷᠡᠯᠬᠡᠭ ᠵᠣᠷᠢᠬᠲᠠᠳ ᠡᠭᠦᠳᠦᠨ ᠪᠦᠲᠦᠭᠡᠭᠰᠡᠨ ᠶᠤᠮ ᠃ ᠳᠤᠮᠳᠠᠳᠤ ᠤᠯᠤᠰ ᠤᠨ ᠢᠮᠠᠭᠲᠠ ᠪᠠᠷᠢᠮᠲᠠᠯᠠᠭᠰᠠᠭᠠᠷ ᠢᠷᠡᠭᠰᠡᠨ ︽ ᠨᠡᠭᠡᠭᠡᠯᠲᠡ ᠬᠢᠵᠦ | ᠬᠠᠮᠲᠤᠷᠠᠯᠴᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ︾ ᠵᠣᠭᠰᠣᠯᠲᠠ ᠨᠢ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠮᠠᠰᠢ ᠬᠤᠪᠣᠷ ᠨᠠᠨᠳᠢᠨ | ᠵᠦᠢᠯ ᠶᠤᠮ ᠃ ᠲᠡᠷᠢᠭᠦᠯᠡᠭᠴᠢ ᠰᠢ ᠶᠢᠨ ᠫᠢᠩ ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ︽ ᠠᠵᠤ ᠠᠬᠤᠢ ᠶᠢᠨ | ᠳᠡᠯᠡᠬᠡᠶᠢᠵᠢᠯᠲᠡ ᠶᠢᠨ ᠦᠷ᠎ᠡ ᠪᠦᠲᠦᠭᠡᠯ ᠢ ᠬᠠᠮᠠᠭᠠᠯᠠᠨ᠎ᠠ ︾ ᠭᠡᠵᠦ ᠲᠣᠳᠣᠷᠬᠠᠢ ᠢᠯᠡᠳᠬᠡᠪᠡ ᠃ | ᠠᠭᠤᠯᠵᠠᠯᠲᠠ ᠬᠢᠬᠦ ᠦᠶᠡᠰ ᠂ ᠭᠠᠳᠠᠭᠠᠳᠤ ᠶᠢᠨ ᠤᠯᠤᠰ ᠲᠦᠷᠦ ᠶᠢᠨ ᠴᠢᠬᠤᠯᠠ ᠬᠥᠮᠥᠰ ︽ ᠨᠢᠭᠡ ᠪᠦᠰᠡ ᠨᠢᠭᠡ ᠵᠠᠮ ︾ ᠂ ᠭᠤᠷᠪᠠᠨ ᠶᠡᠭᠡ ᠪᠦᠭᠦ | ᠪᠥᠮᠪᠥᠷᠴᠡᠭ ᠤᠨ ᠰᠠᠨᠠᠭᠠᠴᠢᠯᠠᠭ᠎ᠠ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠵᠡᠷᠭᠡ ᠤᠬᠠᠭᠳᠠᠬᠤᠨ ᠢ ᠶᠠᠷᠢᠪᠠ ᠃ ᠠᠷᠠᠯᠵᠢᠶᠠᠨ ᠤ ᠪᠠᠬᠢᠯᠡᠯᠲᠡ ᠳᠤ | ᠥᠨᠥᠴᠢᠨ ᠠᠷᠠᠯ ᠪᠠᠶᠢᠭᠤᠯᠬᠤ ᠂ ᠮᠡᠷᠭᠡᠵᠢᠯ ᠤᠨ ᠡᠵᠡᠷᠬᠡᠭᠯᠡᠯ ᠢᠶᠠᠷ ᠥᠨᠳᠥᠷ ᠬᠡᠷᠡᠮ ᠪᠣᠰᠬᠠᠵᠤ ᠪᠠᠶᠢᠭ᠎ᠠ ᠤᠳᠤ ᠦᠶ᠎ᠡ ᠳᠤ ᠂ ᠳᠤᠮᠳᠠᠳᠤ ᠤᠯᠤᠰ ᠤᠨ ᠠᠵᠠ ᠲᠣᠭᠢᠶᠠᠯ ᠂ | ᠳᠤᠮᠳᠠᠳᠤ ᠤᠯᠤᠰ ᠤᠨ ᠬᠠᠷᠢᠭᠤᠴᠠᠯᠭ᠎ᠠ ᠂ ᠠᠰᠢᠭ ᠬᠦᠷᠲᠡᠭᠡᠯ ᠨᠢ ᠵᠥᠪᠭᠡᠨ ᠬᠤᠶᠠᠷ ᠲᠠᠯ᠎ᠠ ᠶᠢᠨ ᠬᠢ ᠪᠢᠰᠢ ᠂ ᠪᠠᠰᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ | ᠠᠵᠤ ᠠᠬᠤᠢ ᠶᠢᠨ ᠳᠡᠯᠡᠬᠡᠶᠢᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ ᠂ ᠳᠡᠯᠡᠬᠡᠢ ᠶᠢᠨ ᠠᠵᠤ ᠠᠬᠤᠢ ᠶᠢᠨ ᠰᠥᠷᠭᠡᠦ ᠤᠷᠤᠰᠬᠠᠯ ᠠᠴᠠ ᠭᠠᠷᠬᠤ ᠶᠢ | ᠬᠦᠴᠦᠯᠡᠨ ᠠᠬᠢᠭᠤᠯᠵᠤ ᠪᠠᠶᠢᠨ᠎ᠠ ᠃ | ᠨᠥᠭᠦᠭᠡ ᠨᠢᠭᠡ ᠰᠡᠳᠦᠪ ᠄ ᠲᠠᠰᠤᠷᠠᠯᠲᠠ ᠦᠭᠡᠢ ᠲᠣᠯᠣᠭᠠᠢ ᠥᠨᠳᠡᠶᠢᠵᠦ ᠪᠠᠶᠢᠭ᠎ᠠ ᠬᠦᠴᠦᠷᠬᠡᠭᠯᠡᠯ ᠤᠨ ᠤᠯᠤᠰ ᠲᠥᠷᠥ ᠶᠢᠨ ᠡᠮᠦᠨ᠎ᠡ ᠂ ᠳᠡᠯᠡᠬᠡᠢ ᠶᠢᠨ | ᠬᠤᠶᠠᠳᠤᠭᠠᠷ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠳᠤ ᠬᠡᠷᠬᠢᠨ ᠵᠥᠪ ᠬᠠᠨᠳᠤᠬᠤ ᠪᠤᠶ ︖ | ᠥᠨᠥᠳᠥᠷ ᠤᠨ ᠳᠡᠯᠡᠬᠡᠢ ᠶᠢᠷᠲᠢᠨᠴᠦ ᠶᠢᠨ ᠬᠠᠮᠤᠭ ᠤᠨ ᠦᠨᠳᠦᠰᠦᠨ ᠥᠷᠢᠰᠦᠯᠳᠦᠭᠡᠨ ᠪᠣᠯ ᠡᠮᠬᠢ ᠳᠢᠭᠯᠢᠮ ᠤᠨ ᠥᠷᠢᠰᠦᠯᠳᠦᠭᠡᠨ ᠪᠣᠯᠣᠨ᠎ᠠ ᠃ ᠳᠡᠯᠡᠬᠡᠢ ᠶᠢᠨ | ᠬᠤᠶᠠᠳᠤᠭᠠᠷ ᠶᠡᠭᠡ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠤᠨ ᠲᠥᠪᠯᠡᠷᠡᠩᠭᠦᠢ ᠢᠯᠡᠷᠡᠯ ᠪᠣᠯᠤᠭᠰᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ | ᠪᠤᠯᠭᠠᠬᠰᠠᠨ ᠣᠯᠠᠨ ᠤᠯᠤᠰ ᠤᠨ ᠰᠢᠰᠲ᠋ᠧᠮ ᠤᠷᠢᠳ ᠡᠮᠦᠨ᠎ᠡ ᠪᠠᠶᠢᠭ᠎ᠠ ᠦᠭᠡᠢ ᠳᠠᠭᠠᠷᠢᠯᠲᠠ ᠳᠤ ᠤᠴᠠᠷᠠᠪᠠ ᠃ | ᠠᠶᠢᠯᠴᠢᠯᠠᠯᠲᠠ ᠬᠢᠬᠦ ᠲᠠᠰᠢᠷᠠᠮ ᠢᠶᠠᠷ ᠂ ᠲᠡᠷᠢᠭᠦᠯᠡᠭᠴᠢ ᠰᠢ ᠶᠢᠨ ᠫᠢᠩ ᠄ ︽ ᠳᠡᠯᠡᠬᠡᠢ ᠶᠢᠨ ᠪᠠᠶᠢᠳᠠᠯ ᠬᠡᠳᠦᠢ ᠡᠭᠡᠳᠡᠷᠡᠭᠡᠨ ᠪᠤᠳᠤᠯᠢᠶᠠᠨᠲᠠᠢ ᠪᠤᠯᠬᠤ ᠲᠤᠳᠤᠮ ᠂ | ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ ᠲᠡᠳᠦᠢ ᠪᠠᠷᠢᠮᠲᠠᠯᠠᠨ ᠬᠠᠮᠠᠭᠠᠯᠠᠬᠤ ᠬᠡᠷᠡᠭᠲᠡᠢ ︾ ᠭᠡᠵᠦ ᠭᠦᠨᠵᠡᠭᠡᠢ ᠵᠢᠭᠠᠵᠤ ᠭᠠᠷᠭᠠᠪᠠ ᠃ | ᠳᠡᠯᠡᠬᠡᠢ ᠶᠢᠷᠲᠢᠨᠴᠦ ᠲᠥᠪ ᠭᠤᠣᠯᠴᠢ ᠪᠠᠶᠢᠬᠤ ᠬᠡᠷᠡᠭᠲᠡᠢ ᠂ ᠬᠠᠷᠭᠢᠰ ᠬᠡᠷᠴᠡᠭᠡᠢ ᠪᠠᠶᠢᠵᠤ ᠪᠤᠯᠬᠤ ᠦᠭᠡᠢ ᠂ ᠲᠡᠦᠬᠡ ︽ ᠬᠦᠴᠦᠷᠬᠡᠭᠯᠡᠯ ᠪᠣᠯ ᠨᠡᠶᠢᠲᠡ ᠶᠢᠨ ᠶᠣᠰᠣ ︾ | ᠭᠡᠬᠦ ᠪᠠᠯᠠᠷ ᠬᠠᠷᠠᠩᠭᠤᠢ ᠴᠠᠭ ᠦᠶ᠎ᠡ ᠳᠤ ᠪᠤᠴᠠᠵᠤ ᠪᠤᠯᠬᠤ ᠦᠭᠡᠢ ᠃ ᠬᠠᠮᠲᠤ ᠶᠢᠨ ᠬᠦᠰᠡᠯ ᠱᠠᠭᠠᠷᠳᠠᠯᠭ᠎ᠠ ᠪᠣᠯ ᠪᠠᠰᠠ ᠴᠤ ᠬᠥᠭᠵᠢᠯᠲᠡ ᠶᠢᠨ ᠶᠡᠭᠡ ᠬᠠᠨᠳᠤᠰᠢ ᠶᠢ | ᠳᠠᠭᠠᠬᠰᠠᠨ ᠶᠡᠭᠡ ᠶᠣᠰᠣ ᠮᠥᠨ ᠃ | ᠲᠡᠦᠬᠡ ᠠᠴᠠ ᠣᠶᠤᠨ ᠤᠬᠠᠭᠠᠨ ᠭᠦᠷᠳᠡᠨ᠎ᠡ ᠃ ᠪᠢᠷᠮᠠ ᠶᠢᠨ ᠤᠳᠤᠷᠢᠳᠬᠤ ᠬᠥᠮᠥᠨ ᠮᠢᠨ ᠠᠩ ᠯᠠᠢ ᠲᠠᠢ ᠠᠭᠤᠯᠵᠠᠬᠤ ᠳᠠᠭᠠᠨ ᠂ ᠲᠡᠷᠢᠭᠦᠯᠡᠭᠴᠢ ᠰᠢ ᠶᠢᠨ ᠫᠢᠩ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠦᠨ᠎ᠡ ᠦᠷᠳᠡᠭ ᠢ ᠴᠢᠬᠤᠯᠠᠴᠢᠯᠠᠵᠤ ᠂ | ᠬᠤᠶᠠᠷ ᠲᠠᠯ᠎ᠠ ᠪᠠᠷ ᠢᠶᠠᠨ ᠬᠥᠭᠵᠢᠵᠦ ᠪᠠᠶᠢᠭ᠎ᠠ ᠤᠯᠤᠰ ᠤᠳ ᠤᠨ ᠵᠦᠢ ᠶᠣᠰᠣᠨ ᠤ ᠡᠷᠬᠡ ᠠᠰᠢᠭ ᠢ ᠬᠠᠮᠲᠤ ᠪᠠᠷ ᠬᠠᠮᠠᠭᠠᠯᠠᠬᠤ ᠶᠢ ᠰᠠᠨᠠᠭᠠᠴᠢᠯᠠᠪᠠ ᠃ | ᠪᠣᠳᠠᠲᠤ ᠠᠬᠤᠢ ᠶᠢᠨ ᠳᠤᠮᠳᠠ ᠰᠥᠰᠥ ᠵᠣᠷᠢᠭ ᠢᠶᠠᠨ ᠳᠠᠪᠲᠠᠨ ᠪᠣᠯᠪᠠᠰᠤᠷᠠᠭᠤᠯᠤᠨ᠎ᠠ ᠃ ᠯᠠᠲ᠋ᠢᠨ ᠠᠮᠧᠷᠢᠺᠠ ᠪᠠ ᠺᠠᠷᠢᠪᠧ ᠶᠢᠨ ᠤᠯᠤᠰ ᠤᠳ ᠣᠶᠢᠷ᠎ᠠ ᠶᠢᠨ | ᠵᠢᠯ ᠤᠳ ᠲᠤ ᠭᠠᠭᠴᠠ ᠲᠠᠯ᠎ᠠ ᠶᠢᠨ ᠵᠠᠯᠬᠠᠭᠠᠯ ᠂ ᠡᠵᠡᠷᠬᠡᠬᠦ ᠡᠷᠬᠡ ᠶᠢᠨ ᠳᠠᠷᠤᠯᠠᠯ ᠳᠣᠷᠣᠮᠵᠢᠯᠠᠯ ᠢ ᠬᠠᠰᠢᠷᠠᠲᠠᠯ᠎ᠠ ᠠᠮᠰᠠᠵᠠᠢ ᠃ ᠺᠦᠪᠡ ᠶᠢᠨ ᠤᠯᠤᠰ ᠤᠨ ᠲᠡᠷᠢᠭᠦᠯᠡᠭᠴᠢ | ᠳ᠋ᠢᠶᠠᠰ — ᠺᠠᠨᠦ᠋ᠢᠷ ᠂ ᠸᠧᠨᠧᠽᠦ᠋ᠧᠯᠠ ᠶᠢᠨ ᠶᠡᠷᠦᠩᠬᠡᠶᠢᠯᠡᠭᠴᠢ ᠮᠠᠳᠦ᠋ᠯᠦ᠋ᠸᠧ ᠲᠠᠢ ᠲᠤᠰ ᠲᠤᠰ ᠠᠭᠤᠯᠵᠠᠬᠤ ᠳᠠᠭᠠᠨ ᠂ ᠲᠡᠷᠢᠭᠦᠯᠡᠭᠴᠢ ᠰᠢ ᠶᠢᠨ ᠫᠢᠩ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ ᠡᠷᠬᠡ ᠮᠡᠳᠡᠯ ᠲᠠᠢ ᠲᠤᠰᠠᠭᠠᠷ ᠲᠣᠭᠲᠠᠨᠢᠭᠰᠠᠨ ᠤᠯᠤᠰ ᠮᠥᠨ ᠂ ᠠᠯᠢ ᠨᠢᠭᠡᠨ ᠤᠯᠤᠰ ᠲᠤ | ᠬᠠᠷᠢᠶᠠᠯᠠᠭᠳᠠᠬᠤ ᠦᠭᠡᠢ ᠃ ᠲᠡᠷᠡ ᠳᠤᠮᠳᠠᠳᠤ ᠶᠢᠨ ᠲᠠᠯ᠎ᠠ ᠶᠢᠨ ᠬᠢᠨ ᠺᠦᠪᠡ ᠂ ᠸᠧᠨᠧᠽᠦ᠋ᠧᠯᠠ ᠶᠢᠨ ᠤᠯᠤᠰ ᠤᠨ ᠡᠷᠬᠡ ᠮᠡᠳᠡᠯ ᠪᠣᠯᠣᠨ ᠦᠨᠳᠦᠰᠦᠲᠡᠨ ᠤ ᠨᠡᠷ᠎ᠡ | ᠬᠦᠨᠳᠦ ᠪᠠᠨ ᠬᠠᠮᠠᠭᠠᠯᠠᠬᠤ ᠶᠢ ᠡᠷᠡᠰ ᠳᠡᠮᠵᠢᠵᠦ ᠂ ᠬᠤᠶᠠᠷ ᠤᠯᠤᠰ ᠤᠨ ᠠᠷᠠᠳ ᠲᠦᠮᠡᠨ ᠤ ᠭᠠᠳᠠᠭᠠᠳᠤ ᠶᠢᠨ ᠭᠠᠷ ᠳᠦᠷᠦᠯᠲᠡ ᠶᠢ ᠡᠰᠡᠷᠭᠦᠴᠡᠬᠦ ᠶᠢ ᠡᠷᠡᠰ ᠳᠡᠮᠵᠢᠨ᠎ᠠ | ᠭᠡᠵᠦ ᠳᠠᠪᠲᠠᠨ ᠢᠯᠡᠷᠬᠡᠶᠢᠯᠡᠪᠡ ᠃ | ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠤᠳᠤᠮ ᠤᠯᠠᠮᠵᠢᠯᠠᠯ ᠢ ᠲᠠᠰᠤᠯᠵᠤ ᠳᠡᠶᠢᠯᠭᠦ ᠦᠭᠡᠢ ᠃ ᠲᠠᠶᠢᠸᠠᠨ ᠳᠤᠮᠳᠠᠳᠤ ᠤᠯᠤᠰ ᠲᠤ ᠪᠤᠴᠠᠵᠤ ᠢᠷᠡᠭᠰᠡᠨ | ᠶᠠᠪᠤᠳᠠᠯ ᠪᠣᠯ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠪᠠ ᠲᠠᠶᠢᠨ ᠤ ᠳᠠᠷᠠᠭᠠᠬᠢ ᠤᠯᠠᠨ ᠤᠯᠤᠰ ᠤᠨ ᠡᠮᠬᠢ ᠳᠢᠭᠯᠢᠮ ᠤᠨ ᠴᠢᠬᠤᠯᠠ | ᠪᠦᠷᠢᠯᠳᠦᠭᠦᠨ ᠬᠡᠰᠡᠭ ᠮᠥᠨ ᠂ ᠲᠡᠦᠬᠡ ᠶᠢᠨ ᠠᠯᠢ ᠡᠷᠲᠡ ᠲᠣᠳᠣᠷᠬᠠᠢ ᠪᠢᠴᠢᠭᠳᠡᠭᠰᠡᠨ ᠠᠭᠤᠯᠠ ᠤᠰᠤᠨ ᠤ ᠬᠠᠷᠢᠶᠠᠯᠠᠯ ᠮᠥᠨ ᠃ ᠨᠢᠭᠡ ᠯᠡ ᠳᠤᠮᠳᠠᠳᠤ ᠤᠯᠤᠰ | ᠪᠠᠶᠢᠬᠤ ᠵᠠᠷᠴᠢᠮ ᠢ ᠪᠠᠷᠢᠮᠲᠠᠯᠠᠬᠤ ᠪᠣᠯ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠶᠢᠨ ᠪᠠᠶᠢᠪᠠᠰᠤ ᠵᠣᠬᠢᠬᠤ ᠠᠭᠤᠯᠭ᠎ᠠ ᠮᠥᠨ ᠃ ᠲᠡᠷᠢᠭᠦᠯᠡᠭᠴᠢ ᠰᠢ ᠶᠢᠨ | ᠫᠢᠩ ᠤᠨ ᠴᠢᠬᠤᠯᠠ ᠥᠭᠦᠯᠡᠯᠲᠡ ᠶᠢᠨ ᠦᠭᠡ ᠬᠡᠯᠡᠯᠭᠡ ᠢᠳᠡ ᠬᠦᠴᠦᠨ ᠲᠠᠢ ᠄ | ︽ ᠲᠠᠶᠢᠸᠠᠨ ᠠᠷᠠᠯ ᠤᠨ ᠳᠣᠲᠣᠭᠠᠳᠤ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ ᠂ ᠭᠠᠳᠠᠭᠠᠳᠤ ᠶᠢᠨ ᠬᠦᠴᠦᠨ ᠶᠠᠭᠠᠬᠢᠵᠤ ᠲᠦᠢᠪᠡᠭᠡᠭᠰᠡᠨ ᠴᠦ ᠂ | ᠳᠤᠮᠳᠠᠳᠤ ᠤᠯᠤᠰ ᠡᠴᠦᠰ ᠲᠡᠭᠡᠨ ᠨᠢᠭᠡᠳᠬᠦ ᠪᠥᠭᠡᠳ ᠯᠠᠪᠲᠠᠢ ᠨᠢᠭᠡᠳᠬᠦ ᠲᠡᠦᠬᠡ ᠶᠢᠨ ᠶᠡᠭᠡ ᠬᠠᠨᠳᠤᠰᠢ ᠬᠤᠷᠢᠭᠯᠠᠭᠳᠠᠰᠢ ᠦᠭᠡᠢ ᠶᠤᠮ ︾ ᠃ | ᠰᠢᠳᠤᠷᠭᠤ ᠶᠣᠰᠣᠨ ᠳᠠᠪᠠᠯᠭᠠᠨ ᠲᠦᠯᠬᠢᠯᠡᠬᠦ ᠮᠡᠲᠦ ᠬᠦᠴᠦᠲᠡᠢ ᠃ ︽ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠬᠡᠷᠡᠭᠵᠢᠭᠦᠯᠵᠦ ᠂ ᠲᠠᠶᠢᠸᠠᠨ ᠤ | ᠠᠰᠠᠭᠤᠳᠠᠯ ᠳᠡᠭᠡᠷ᠎ᠡ ᠢᠮᠠᠭᠲᠠ ᠳᠤᠮᠳᠠᠳᠤ ᠶᠢᠨ ᠲᠠᠯ᠎ᠠ ᠶᠢᠨ ᠵᠣᠭᠰᠣᠯᠲᠠ ᠶᠢ ᠳᠡᠮᠵᠢᠨ᠎ᠡ ︾ ᠂ ︽ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ | ᠰᠠᠯᠵᠤ ᠪᠣᠯᠣᠰᠢ ᠦᠭᠡᠢ ᠨᠢᠭᠡ ᠬᠡᠰᠡᠭ ᠮᠥᠨ ︾ ᠁ ᠡᠯ᠎ᠡ ᠲᠠᠯ᠎ᠠ ᠶᠢᠨ ᠬᠢᠨ ᠮᠣᠰᠺᠸᠠ ᠳᠤ ᠢᠮᠠᠭᠲᠠ ᠶᠢᠨ ᠵᠣᠭᠰᠣᠯᠲᠠ ᠪᠠᠨ ᠳᠠᠬᠢᠨᠲᠠ ᠢᠯᠡᠷᠬᠡᠶᠢᠯᠡᠪᠡ ᠃ ᠡᠨᠡ | ᠪᠣᠯ ᠲᠥᠪ ᠭᠤᠣᠯᠴᠢ ᠰᠢᠳᠤᠷᠭᠤ ᠶᠣᠰᠣᠨ ᠤ ᠡᠷᠡᠰ ᠪᠠᠲᠤ ᠬᠠᠮᠠᠭᠠᠯᠠᠯᠲᠠ ᠮᠥᠨ ᠃ | ᠡᠩᠬᠡ ᠲᠠᠶᠢᠪᠤᠩ ᠤᠨ ᠤᠯᠠᠭᠠᠨ ᠲᠤᠭ᠎ᠠ ᠂ ᠬᠥᠭᠵᠢᠯᠲᠡ ᠶᠢᠨ ᠤᠯᠠᠭᠠᠨ ᠲᠤᠭ᠎ᠠ ᠂ ᠠᠮᠤᠷ ᠲᠦᠪᠰᠢᠨ ᠤ ᠤᠯᠠᠭᠠᠨ ᠲᠤᠭ᠎ᠠ ᠂ ᠵᠠᠰᠠᠯᠲᠠ ᠶᠢᠨ ᠤᠯᠠᠭᠠᠨ ᠲᠤᠭ᠎ᠠ ᠂ | ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ ᠠᠮᠵᠢᠭ᠎ᠠ ᠦᠭᠡᠢ ᠪᠠᠶᠢᠬᠤ ᠳᠤ ᠰᠢᠨ᠎ᠡ ᠠᠰᠠᠭᠤᠳᠠᠯ ᠢᠯᠡᠷᠡᠵᠦ ᠪᠠᠶᠢᠬᠤ ᠶᠢᠷᠲᠢᠨᠴᠦ ᠳᠤ ᠂ ᠭᠠᠯ ᠢ | ᠳᠦᠷᠡᠯᠵᠡᠭᠦᠯᠬᠦ ᠶᠤᠮ ᠦᠦ ᠡᠰᠡᠬᠦᠯ᠎ᠡ ᠡᠪᠰᠡᠬᠦ ᠶᠢ ᠢᠳᠬᠠᠬᠤ ᠶᠤᠮ ᠦᠦ ᠂ ᠠᠶᠤᠯᠭᠠᠨ ᠰᠦᠷᠳᠡᠭᠦᠯᠬᠦ ᠶᠤᠮ ᠦᠦ ᠡᠰᠡᠬᠦᠯ᠎ᠡ ᠡᠰᠡᠷᠭᠦᠴᠡᠯᠳᠦᠯ ᠢ ᠲᠠᠶᠠᠭᠳᠠᠬᠤ ᠶᠤᠮ ᠦᠦ ︖ | ᠳᠤᠮᠳᠠᠳᠤ ᠤᠯᠤᠰ ᠭᠤᠣᠯᠴᠢ ᠦᠭᠡ ᠬᠡᠯᠡᠵᠦ ᠂ ᠭᠤᠣᠯᠴᠢ ᠶᠠᠪᠤᠳᠠᠯ ᠬᠢᠵᠦ ᠂ ᠯᠠᠪᠳᠠᠭᠤᠨ ᠢᠶᠠᠷ ᠤᠷᠤᠭᠰᠢᠯᠠᠵᠤ ᠂ ᠲᠥᠪ ᠭᠤᠣᠯᠴᠢ ᠪᠠᠷ ᠬᠠᠨᠳᠤᠵᠤ ᠪᠤᠢ ᠃ | ᠦᠺᠷᠠᠶᠢᠨ ᠤ ᠬᠢᠮᠤᠷᠠᠯ ᠦᠷᠭᠦᠯᠵᠢᠯᠡᠵᠦ ᠳᠡᠯᠡᠬᠡᠢ ᠳ᠋ᠠᠬᠢᠨ ᠢ ᠰᠠᠨᠠᠭᠠᠰᠢᠷᠠᠭᠤᠯᠵᠤ ᠪᠠᠶᠢᠨ᠎ᠠ ᠃ ᠡᠩᠬᠡ ᠲᠠᠶᠢᠪᠤᠩ ᠳᠤ ᠠᠰᠢᠭᠲᠠᠢ ᠴᠢᠷᠮᠠᠶᠢᠯᠭ᠎ᠠ ᠪᠦᠭᠦᠨ ᠢ ᠳᠤᠮᠳᠠᠳᠤ | ᠤᠯᠤᠰ ᠴᠥᠮ ᠪᠠᠶᠠᠷᠯᠠᠨ ᠤᠭᠲᠤᠵᠤ ᠪᠠᠶᠢᠨ᠎ᠠ ᠃ ︽ ᠳᠤᠮᠳᠠᠳᠤ ᠤᠯᠤᠰ ᠬᠠᠮᠲᠤ ᠶᠢᠨ ᠂ ᠶᠡᠷᠦᠩᠬᠡᠶᠢᠯᠡᠭᠰᠡᠨ ᠂ ᠬᠠᠮᠲᠤᠷᠠᠯᠴᠠᠭᠰᠠᠨ ᠂ ᠦᠷᠭᠦᠯᠵᠢᠯᠡᠬᠦ ᠪᠦᠭᠦ | ᠪᠥᠮᠪᠥᠷᠴᠡᠭ ᠤᠨ ᠠᠮᠤᠷ ᠲᠦᠪᠰᠢᠨ ᠤ ᠦᠵᠡᠯᠲᠡ ᠶᠢ ᠰᠠᠨᠠᠭᠠᠴᠢᠯᠠᠵᠤ ᠂ ᠡᠯ᠎ᠡ ᠤᠯᠤᠰ ᠤᠨ ᠵᠦᠢ ᠵᠣᠬᠢᠰᠲᠠᠢ ᠠᠮᠤᠷ ᠲᠦᠪᠰᠢᠨ ᠢ ᠠᠩᠬᠠᠷᠤᠨ ᠬᠠᠯᠠᠮᠵᠢᠯᠠᠬᠤ ᠶᠢ | ᠴᠢᠬᠤᠯᠠᠴᠢᠯᠠᠵᠤ ᠂ ᠬᠢᠮᠤᠷᠠᠯ ᠡᠭᠦᠰᠬᠦ ᠦᠨᠳᠦᠰᠦ ᠰᠤᠷᠪᠤᠯᠵᠢ ᠶᠢ ᠠᠷᠢᠯᠭᠠᠬᠤ ᠬᠡᠷᠡᠭᠲᠡᠢ ᠭᠡᠵᠦ ᠦᠵᠡᠵᠦ ᠪᠠᠶᠢᠨ᠎ᠠ ︾ ᠃ ᠲᠡᠷᠢᠭᠦᠯᠡᠭᠴᠢ ᠰᠢ ᠶᠢᠨ ᠫᠢᠩ | ᠠᠰᠠᠭᠤᠳᠠᠯ ᠤᠨ ᠦᠨᠳᠦᠰᠦ ᠰᠤᠷᠪᠤᠯᠵᠢ ᠪᠠ ᠮᠥᠨ ᠴᠢᠨᠠᠷ ᠢ ᠠᠩᠬᠠᠷᠴᠤ ᠪᠠᠶᠢᠭ᠎ᠠ ᠶᠤᠮ ᠃ | ᠳᠤᠮᠳᠠᠳᠤ ᠶᠢᠨ ᠲᠠᠯ᠎ᠠ ᠶᠢᠨ ᠪᠤᠰᠤᠳᠴᠢ ᠲᠥᠪ ᠭᠤᠣᠯᠴᠢ ᠵᠣᠭᠰᠣᠯᠲᠠ ᠶᠢ ᠶᠡᠷᠦᠩᠬᠡᠶᠢᠯᠡᠭᠴᠢ ᠫᠦᠲ᠋ᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠂ | ᠶᠠᠮᠠᠷᠴᠤ ᠤᠷᠢᠲᠠᠯ ᠦᠭᠡᠢ ᠪᠠᠷ ᠨᠠᠶᠢᠷᠠᠮᠳᠠᠯ ᠤᠨ ᠬᠡᠯᠡᠯᠴᠡᠭᠡ ᠶᠢ ᠡᠬᠢᠯᠡᠭᠦᠯᠬᠦ ᠳᠤᠷᠠᠲᠠᠢ ᠂ ᠲᠥᠪ ᠭᠤᠣᠯᠴᠢ ᠂ ᠥᠨᠢ ᠤᠳᠠᠭᠠᠨ ᠤ ᠨᠠᠶᠢᠷᠠᠮᠳᠠᠯ ᠤᠨ ᠬᠡᠯᠡᠯᠴᠡᠭᠡᠷ | ᠲᠣᠬᠢᠷᠠᠯᠴᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠤᠷᠪᠠᠭᠠᠨ ᠬᠥᠷᠪᠡᠭᠡᠨ ᠲᠠᠢ ᠪᠠᠶᠢᠳᠠᠯ ᠤᠨ ᠳᠤᠮᠳᠠ ᠶᠣᠰᠣ ᠵᠢᠷᠤᠮ ᠢ ᠡᠷᠬᠢᠮᠯᠡᠵᠦ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠪᠡᠯ ᠳᠡᠮᠵᠢᠯᠭᠡ ᠂ ᠢᠲᠡᠭᠡᠯ ᠢ | ᠣᠯᠳᠠᠭ ᠂ ︽ ᠶᠣᠰᠣ ᠶᠢ ᠣᠯᠣᠭᠰᠠᠳ ᠲᠤ ᠲᠤᠰᠠᠯᠠᠮᠵᠢ ᠦᠯᠡᠮᠵᠢ ᠂ ᠶᠣᠰᠣ ᠶᠢ ᠠᠯᠳᠠᠭᠰᠠᠳ ᠲᠤ ᠲᠤᠰᠠᠯᠠᠮᠵᠢ ᠮᠡᠬᠦᠰ ︾ ᠃ ︽ ᠳᠡᠯᠡᠬᠡᠢ ᠶᠢᠨ ᠡᠯ᠎ᠡ ᠤᠯᠤᠰ ᠤᠨ | ᠠᠷᠠᠳ ᠲᠦᠮᠡᠨ ᠪᠦᠷ ᠲᠡᠦᠬᠡ ᠶᠢᠨ ᠵᠥᠪ ᠲᠠᠯ᠎ᠠ ᠳᠤ ᠵᠣᠭᠰᠣᠵᠤ ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠭᠰᠣᠨ᠎ᠠ ᠭᠡᠳᠡᠭ ᠢ ᠪᠢᠳᠡ ᠪᠠᠲᠤ | ᠢᠲᠡᠭᠡᠵᠦ ᠪᠠᠶᠢᠨ᠎ᠠ ︾ ᠃ | ︵ ᠳᠥᠷᠪᠡ ︶ ᠲᠡᠷᠢᠭᠦᠯᠡᠭᠴᠢ ᠰᠢ ᠶᠢᠨ ᠫᠢᠩ ᠤᠨ ᠮᠣᠰᠺᠸᠠ ᠳᠠᠬᠢ ᠴᠠᠭ ᠄ | ︽ ᠲᠣᠮᠣ ᠤᠯᠤᠰ ᠨᠢ ᠲᠣᠮᠣ ᠤᠯᠤᠰ ᠤᠨ ᠳᠦᠷᠢ ᠲᠠᠢ ᠪᠠᠶᠢᠵᠤ ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ ︾ | ᠪᠠᠰᠠ ᠨᠢᠭᠡᠨ ᠵᠢᠯ ᠤᠨ ᠴᠠᠭᠠᠨ ᠬᠤᠰᠤ ᠨᠣᠭᠤᠭᠠᠷᠠᠵᠤ ᠂ ᠭᠤᠣᠯᠲᠤ ᠪᠣᠷᠣ ᠳᠡᠯᠭᠡᠷᠡᠵᠦ ᠂ ︽ ᠠᠯᠢᠮ᠎ᠠ ᠶᠢᠨ ᠴᠡᠴᠡᠭ ᠭᠠᠵᠠᠷ ᠰᠠᠢ ᠦᠭᠡᠢ ᠳᠡᠯᠭᠡᠷᠡᠭᠰᠡᠨ ᠪᠠᠶᠢᠨ᠎ᠠ ︾ | ᠃ | ᠤᠷᠤᠰ ᠲᠠᠬᠢ ᠠᠶᠠᠯᠠᠯ ᠤᠨ ᠬᠤᠶᠠᠷ ᠶᠠᠪᠤᠳᠠᠯ ᠨᠢ ᠳᠡᠯᠡᠬᠡᠢ ᠳ᠋ᠠᠬᠢᠨ ᠳᠤ ᠭᠦᠨ ᠰᠠᠭᠤᠭᠳᠠᠯ ᠦᠯᠡᠳᠡᠭᠡᠵᠡᠢ ᠄ | ᠨᠢᠭᠡ ᠨᠢ ᠲᠡᠷᠢᠭᠦᠯᠡᠭᠴᠢ ᠰᠢ ᠶᠢᠨ ᠫᠢᠩ ᠪᠣᠯᠣᠨ ᠶᠡᠷᠦᠩᠬᠡᠶᠢᠯᠡᠭᠴᠢ ᠫᠦᠲ᠋ᠢᠨ 10 ᠴᠠᠭ ᠰᠢᠬᠠᠮ ᠰᠣᠯᠢᠯᠴᠠᠭ᠎ᠠ ᠬᠢᠭᠰᠡᠨ ᠶᠠᠪᠤᠳᠠᠯ ᠪᠣᠯᠣᠨ᠎ᠠ ᠃ | ᠨᠦᠭᠦᠭᠡ ᠨᠢ ᠲᠡᠷᠢᠭᠦᠯᠡᠭᠴᠢ ᠰᠢ ᠶᠢᠨ ᠫᠢᠩ ᠮᠣᠰᠺᠸᠠ ᠳᠤ 3 ᠰᠥᠨᠢ ᠰᠠᠭᠠᠲᠠᠭᠰᠠᠨ ᠶᠠᠪᠤᠳᠠᠯ ᠪᠣᠯᠣᠨ᠎ᠠ ᠃ ᠣᠷᠴᠢᠮ ᠤᠨ ᠵᠢᠯ ᠤᠨ ᠳᠤᠮᠳᠠᠳᠤ ᠤᠯᠤᠰ ᠤᠨ | ᠭᠠᠳᠠᠭᠠᠳᠤ ᠬᠠᠷᠢᠯᠴᠠᠭ᠎ᠠ ᠳᠤ ᠠᠷᠪᠢᠨ ᠬᠠᠷᠠᠭᠳᠠᠬᠤ ᠦᠭᠡᠢ ᠃ | ᠡᠨᠡ ᠬᠤᠶᠠᠷ ᠶᠠᠪᠤᠳᠠᠯ ᠨᠢ ᠶᠠᠭᠤ ᠶᠢ ᠬᠠᠷᠠᠭᠤᠯᠵᠤ ᠪᠠᠶᠢᠬᠤ ᠪᠤᠢ ︖ | ᠭᠠᠭᠴᠠ ᠲᠠᠯ᠎ᠠ ᠶᠢᠨ ᠪᠠ ᠤᠯᠠᠨ ᠲᠠᠯ᠎ᠠ ᠶᠢᠨ ᠬᠤᠷᠴᠠ ᠰᠢᠷᠦᠭᠦᠨ ᠦᠵᠡᠯᠴᠡᠭᠡᠨ ᠂ ᠡᠵᠡᠷᠬᠡᠬᠦ ᠦᠵᠡᠯ ᠢ ᠬᠠᠮᠠᠭᠠᠯᠠᠬᠤ ᠪᠠ ᠡᠵᠡᠷᠬᠡᠬᠦ ᠦᠵᠡᠯ ᠢ ᠡᠰᠡᠷᠭᠦᠴᠡᠬᠦ | ᠭᠦᠨᠵᠡᠭᠡᠢ ᠦᠵᠡᠯᠴᠡᠭᠡᠨ ᠪᠦᠬᠦᠢ ᠤᠯᠠᠨ ᠤᠯᠤᠰ ᠤᠨ ᠪᠠᠶᠢᠳᠠᠯ ᠠᠴᠠ ᠠᠪᠴᠤ ᠦᠵᠡᠪᠡᠯ ᠂ ᠳᠤᠮᠳᠠᠳᠤ ᠤᠷᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠶᠢᠨ ᠪᠦᠭᠦ ᠪᠥᠮᠪᠥᠷᠴᠡᠭ ᠤᠨ ᠠᠴᠢ ᠬᠤᠯᠪᠣᠭᠳᠠᠯ ᠂ ᠲᠡᠦᠬᠡᠲᠦ ᠠᠴᠢ ᠬᠤᠯᠪᠣᠭᠳᠠᠯ ᠲᠣᠳᠣᠷᠠᠵᠤ ᠪᠠᠶᠢᠨ᠎ᠠ ᠃ | ᠳᠡᠯᠡᠬᠡᠢ ᠶᠢᠨ ᠤᠯᠠᠨ ᠲᠦᠢᠯᠰᠢᠷᠠᠯᠲᠠ ᠂ ᠠᠵᠤ ᠠᠬᠤᠢ ᠶᠢᠨ ᠳᠡᠯᠡᠬᠡᠶᠢᠵᠢᠯᠲᠡ ᠂ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯᠲᠠ ᠶᠢ ᠠᠬᠢᠭᠤᠯᠬᠤ ᠶᠢ | ᠰᠠᠨᠠᠯ ᠨᠢᠭᠡᠲᠡᠢ ᠵᠥᠪᠰᠢᠶᠡᠷᠡᠪᠡ ︔ | ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ ᠬᠥᠭᠵᠢᠵᠦ ᠪᠠᠶᠢᠭ᠎ᠠ ᠤᠯᠤᠰ ᠤᠳ ᠤᠨ ᠪᠦᠭᠦ | ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠳᠠᠬᠢ ᠦᠭᠡ ᠬᠡᠯᠡᠬᠦ ᠡᠷᠬᠡ ᠶᠢ ᠳᠡᠭᠡᠭᠰᠢᠯᠡᠭᠦᠯᠭᠦ ᠪᠠᠷ ᠰᠠᠨᠠᠯ ᠨᠢᠭᠡᠲᠡᠢ ᠵᠥᠪᠰᠢᠶᠡᠷᠡᠪᠡ ︔ | ᠡᠯ᠎ᠡ ᠲᠥᠷᠥᠯ ᠤᠨ ᠬᠠᠯᠠᠮᠰᠢᠯ ᠠᠰᠠᠭᠤᠳᠠᠯ ᠢ ᠤᠯᠤᠰ ᠲᠥᠷᠥ ᠪᠠᠷ ᠰᠢᠢᠳᠪᠦᠷᠢᠯᠡᠬᠦ ᠶᠢ ᠠᠬᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ ︔ | ᠁ | ᠳᠤᠮᠳᠠᠳᠤ ᠤᠷᠤᠰ ᠬᠤᠶᠠᠷ ᠤᠯᠤᠰ ᠤᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯ ᠣᠷᠤᠭ᠎ᠠ ᠪᠤᠰᠬᠠᠭ᠎ᠠ ᠪᠠᠶᠢᠳᠠᠯ ᠳᠣᠣᠷᠠᠬᠢ ᠪᠠᠶᠢᠯᠳᠤᠬᠤ ᠪᠣᠳᠣᠯᠭ᠎ᠠ ᠶᠢᠨ | ᠪᠠᠷᠢᠮᠵᠢᠶ᠎ᠠ ᠮᠥᠨ ᠂ ᠨᠡᠩ ᠴᠤ ᠬᠤᠶᠠᠷ ᠲᠣᠮᠣ ᠤᠯᠤᠰ ᠤᠨ ᠳᠡᠯᠡᠬᠡᠢ ᠳ᠋ᠠᠬᠢᠨ ᠳᠠᠬᠢ ︽ ᠣᠨᠴᠠᠭᠠᠢ ᠬᠠᠷᠢᠭᠤᠴᠠᠯᠭ᠎ᠠ ︾ ᠂ ︽ ᠣᠮᠤᠭ ᠲᠡᠭᠦᠯᠳᠡᠷ ᠡᠭᠦᠷᠭᠡᠯᠡᠯ ︾ ᠮᠥᠨ ᠃ | | ︽ ᠲᠣᠮᠣ ᠤᠯᠤᠰ ᠨᠢ ᠲᠣᠮᠣ ᠤᠯᠤᠰ ᠤᠨ ᠳᠦᠷᠢ ᠲᠠᠢ ᠪᠠᠶᠢᠵᠤ ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ ︾ ᠃ ᠲᠡᠷᠢᠭᠦᠯᠡᠭᠴᠢ | ᠰᠢ ᠶᠢᠨ ᠫᠢᠩ ᠤᠨ ᠮᠣᠰᠺᠸᠠ ᠳᠠᠬᠢ ᠴᠠᠭ ᠲᠤ ᠂ ᠳᠤᠮᠳᠠᠳᠤ ᠤᠯᠤᠰ ᠤᠨ ᠲᠣᠮᠣ ᠤᠯᠤᠰ ᠤᠨ ᠳᠦᠷᠢ ᠪᠣᠯ ᠨᠢᠭᠡᠨ ᠭᠤᠣᠯ ᠱᠤᠭᠤᠮ ᠪᠣᠯᠣᠨ᠎ᠠ ᠃ | ᠥᠷᠭᠡᠨ ᠠᠭᠤᠳᠠᠮ ᠳᠤᠮᠳᠠᠳᠤ ᠶᠢᠨ ᠲᠡᠦᠬᠡ ᠶᠠᠭᠠᠬᠢᠭᠰᠠᠨ ᠥᠨᠢ ᠤᠳᠠᠭᠠᠨ ᠪᠤᠢ ᠂ ᠪᠣᠯᠪᠠᠰᠤᠨ ᠨᠢ ᠶᠠᠭᠠᠬᠢᠭᠰᠠᠨ ᠥᠷᠭᠡᠨ ᠳᠡᠯᠭᠡᠷ ᠭᠦᠨ ᠭᠦᠨᠵᠡᠭᠡᠢ ᠪᠢᠯᠡ ᠃ | ᠲᠡᠦᠬᠡ ᠶᠢᠨ ᠮᠤᠷᠤᠢ ᠰᠠᠷᠤᠢ ᠬᠥᠭᠵᠢᠯᠲᠡ ᠶᠢᠨ ᠳᠤᠮᠳᠠ ᠂ ᠪᠠᠰᠠ ᠦᠨᠳᠦᠰᠦᠲᠡᠨ ᠤ ᠭᠤᠲᠤᠮᠰᠢᠭ ᠂ ᠠᠷᠠᠳ ᠲᠦᠮᠡᠨ ᠤ ᠭᠠᠰᠠᠯᠠᠩ ᠵᠣᠪᠠᠯᠠᠩ ᠂ ᠪᠣᠯᠪᠠᠰᠤᠨ ᠤ | ᠲᠣᠭᠤᠰᠣᠨ ᠳᠤ ᠳᠠᠷᠤᠭᠳᠠᠭᠰᠠᠨ ᠪᠤᠳᠤᠩᠭᠤᠢ ᠴᠠᠭ ᠮᠥᠴᠡ ᠪᠠᠶᠢᠭᠰᠠᠨ ᠶᠤᠮ ᠃ ᠭᠡᠲᠡᠯ᠎ᠡ ᠵᠠᠭᠤᠨ ᠵᠢᠯ ᠥᠩᠭᠡᠷᠡᠵᠦ ᠤᠯᠠᠷᠢᠨ ᠬᠤᠪᠢᠰᠪᠠ ᠃ ᠬᠥᠮᠥᠨ | ᠲᠥᠷᠥᠯᠬᠢᠲᠡᠨ ᠤ ᠲᠠᠪᠰᠢᠯᠳᠠ ᠶᠢᠨ ᠲᠥᠯᠥᠭᠡ ᠂ ᠳᠡᠯᠡᠬᠡᠢ ᠳ᠋ᠠᠬᠢᠨ ᠤ ᠡᠪ ᠨᠢᠭᠡᠳᠦᠯ ᠤᠨ ᠲᠥᠯᠥᠭᠡ ᠲᠡᠮᠡᠴᠡᠬᠦ ᠨᠢ ᠡᠨᠡ ᠬᠦ ᠠᠭᠤᠤ ᠶᠡᠭᠡ ᠤᠯᠤᠰ ᠤᠨ ᠰᠢᠨ᠎ᠡ ᠴᠠᠭ | ᠦᠶ᠎ᠡ ᠶᠢᠨ ᠬᠢᠴᠢᠶᠡᠩᠭᠦ᠋ᠢᠯᠡᠨ ᠰᠠᠬᠢᠬᠤ ᠵᠣᠷᠢᠯᠲᠠ ᠂ ᠪᠠᠲᠤᠲᠠᠢ ᠠᠵᠢᠯᠯᠠᠭ᠎ᠠ ᠪᠣᠯᠤᠭᠰᠠᠨ ᠪᠠᠶᠢᠨ᠎ᠠ ᠃ | 5 ᠰᠠᠷ᠎ᠠ ᠶᠢᠨ 9 ᠤ ᠡᠳᠦᠷ ᠠᠴᠠ 9 ᠰᠠᠷ᠎ᠠ ᠶᠢᠨ 3 ᠤ ᠡᠳᠦᠷ ᠢ ᠪᠠᠷᠠᠯᠠᠪᠠᠯ ᠂ ᠲᠡᠷᠡ ᠡᠳᠦᠷ ᠂ ᠨᠢᠭᠡᠨ ᠡᠷᠲᠡᠨ ᠤ ᠦᠨᠳᠦᠰᠦᠲᠡᠨ ᠤ ᠭᠠᠰᠠᠯᠠᠩ ᠵᠣᠪᠠᠯᠠᠩ | ᠪᠣᠯᠣᠨ ᠭᠡᠷᠡᠯ ᠰᠠᠴᠤᠷᠠᠩᠭᠤᠢ ᠠᠮᠵᠢᠯᠲᠠ ᠶᠢ ᠠᠭᠰᠢᠭᠠᠵᠤ ᠂ ︽ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠤ ᠠᠭᠤᠤ ᠶᠡᠭᠡ | ᠢᠯᠠᠯᠲᠠ ᠨᠢ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠲᠣᠮᠣ ᠤᠯᠤᠰ ᠤᠨ ᠪᠠᠶᠢᠷᠢ ᠰᠠᠭᠤᠷᠢ ᠶᠢ ᠳᠠᠭᠢᠨ ᠰᠢᠨ᠎ᠡ ᠪᠠᠷ ᠲᠣᠭᠲᠠᠭᠠᠭᠰᠠᠨ ᠪᠠᠶᠢᠨ᠎ᠠ ︾ ᠃ | 80 ᠵᠢᠯ ᠤᠨ ᠡᠮᠦᠨ᠎ᠡ ᠂ ᠲᠡᠦᠬᠡ ᠶᠢᠨ ᠰᠢᠨ᠎ᠡ ᠬᠠᠭᠤᠳᠠᠰᠤ ᠶᠢ ᠰᠡᠬᠦᠪᠡ ᠃ ᠶᠡᠭᠡ ᠤᠯᠤᠰ ᠤᠨ ᠳᠠᠭᠢᠨ ᠡᠰᠡᠨᠢᠯ ᠳᠤ ᠡᠬᠢᠯᠡᠩᠭᠦᠲᠡ ᠪᠠᠨ ᠡᠩᠬᠡ ᠲᠠᠶᠢᠪᠤᠩ ᠪᠠ | ᠰᠢᠳᠤᠷᠭᠤ ᠶᠣᠰᠣ ᠶᠢ ᠰᠡᠶᠢᠯᠪᠡ ᠃ ᠲᠤᠬᠠᠢ ᠶᠢᠨ ᠵᠢᠯ ᠳᠤ ᠡᠩ ᠲᠡᠷᠢᠭᠦᠨ ᠳᠤ ︽ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ︾ | ᠳᠡᠭᠡᠷ᠎ᠡ ᠭᠠᠷ ᠤᠨ ᠦᠰᠦᠭ ᠵᠢᠷᠤᠭᠰᠠᠨ ᠠᠴᠠ ᠰᠢᠨ᠎ᠡ ᠴᠠᠭ ᠦᠶ᠎ᠡ ᠳᠤ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠭᠦᠷᠲᠡᠯ᠎ᠡ ᠂ ᠡᠨᠡ ᠬᠦ ᠶᠡᠭᠡ ᠠᠯᠬᠤᠮ ᠢᠶᠠᠷ ᠡᠷᠡᠮᠡᠬᠡᠶᠢᠯᠡᠨ ᠤᠷᠤᠭᠰᠢᠯᠠᠵᠤ ᠪᠠᠶᠢᠭ᠎ᠠ ᠲᠣᠮᠣ ᠤᠯᠤᠰ ᠢᠮᠠᠭᠲᠠ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ | ᠪᠠᠭᠲᠠᠭᠠᠵᠤ ᠂ ᠠᠷᠠᠳ ᠲᠦᠮᠡᠨ ᠤ ᠲᠥᠯᠥᠭᠡ ᠬᠤᠪᠢ ᠨᠡᠮᠡᠷᠢ ᠦᠵᠡᠭᠦᠯᠪᠡ ᠃ | ᠡᠷᠲᠡᠨ ᠤ ᠬᠢ ᠶᠢ ᠲᠣᠯᠢᠯᠠᠵᠤ ᠡᠳᠦᠭᠡ ᠶᠢ ᠮᠡᠳᠡᠨ᠎ᠠ ᠃ ᠲᠣᠮᠣ ᠤᠯᠤᠰ ᠤᠨ ᠳᠦᠷᠢ ᠨᠢ ᠨᠢᠭᠡᠨ ᠴᠠᠭ ᠤᠨ ᠤᠴᠢᠷ ᠶᠠᠪᠤᠳᠠᠯ ᠢᠶᠠᠷ ᠲᠣᠭᠲᠠᠭᠠᠭᠳᠠᠳᠠᠭ ᠪᠢᠰᠢ ᠂ | ᠬᠠᠷᠢᠨ ᠤᠳᠠᠭ᠎ᠠ ᠪᠦᠷᠢ ᠶᠢᠨ ᠰᠣᠩᠭᠤᠯᠲᠠ ᠪᠣᠯᠣᠨ ᠠᠵᠢᠯᠯᠠᠭ᠎ᠠ ᠶᠢᠨ ᠳᠤᠮᠳᠠ ᠲᠣᠳᠣᠷᠬᠠᠶᠢᠯᠠᠭᠳᠠᠳᠠᠭ ᠃ ᠲᠣᠮᠣ ᠤᠯᠤᠰ ᠤᠨ ᠪᠠᠶᠢᠷᠢ ᠰᠠᠭᠤᠷᠢ ᠨᠢ ᠳᠠᠩ ᠭᠠᠭᠴᠠ | ᠪᠣᠳᠠᠲᠤ ᠬᠦᠴᠦᠨ ᠤ ᠬᠠᠷᠢᠴᠠᠯ ᠳᠤ ᠲᠣᠮᠢᠶᠠᠯᠠᠭᠳᠠᠬᠤ ᠪᠢᠰᠢ ᠂ ᠬᠠᠷᠢᠨ ᠡᠴᠦᠰ ᠰᠡᠭᠦᠯ ᠳᠡᠭᠡᠨ ᠳᠡᠯᠡᠬᠡᠢ ᠨᠡᠶᠢᠲᠡ ᠶᠢᠨ ᠬᠥᠮᠥᠰ ᠤᠨ ᠰᠡᠳᠬᠢᠯ ᠤᠨ ᠬᠠᠨᠳᠤᠰᠢ ᠠᠴᠠ | ᠲᠣᠭᠲᠠᠭᠠᠭᠳᠠᠬᠤ ᠶᠤᠮ ᠃ | ᠬᠠᠨᠠᠭᠠᠷ ᠲᠠᠯᠠᠢ ᠬᠠᠯᠭᠢᠯᠠᠨ ᠴᠠᠯᠭᠢᠯᠠᠵᠤ ᠪᠠᠭᠠᠲᠤᠷ ᠤᠨ ᠣᠣᠷ ᠴᠢᠨᠠᠷ ᠢ ᠨᠡᠩ ᠢᠯᠡᠷᠡᠭᠦᠯᠦᠨ᠎ᠡ ᠃ ᠲᠡᠦᠬᠡ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠦᠶ᠎ᠡ ᠳᠤ ᠂ | ᠨᠡᠩ ᠤᠯᠠᠨ ᠤᠯᠤᠰ ᠳᠤᠮᠳᠠᠳᠤ ᠤᠯᠤᠰ ᠢ ᠬᠠᠷᠠᠬᠤ ᠪᠣᠯᠣᠨ᠎ᠠ ᠃ ᠶᠠᠭ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠶᠢᠨ ᠬᠡᠯᠡᠭᠰᠡᠨᠴᠢᠯᠡᠨ ᠄ ︽ ᠳᠤᠮᠳᠠᠳᠤ ᠶᠢᠨ | ᠲᠠᠯ᠎ᠠ ᠶᠢᠨ ᠣᠶᠢᠯᠠᠭᠠᠭᠳᠠᠬᠤᠨ ᠪᠠ ᠠᠵᠢᠯᠯᠠᠭ᠎ᠠ ᠨᠢ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠪᠠᠨ ᠬᠠᠮᠠᠭᠠᠯᠠᠬᠤ ᠰᠥᠰᠥ ᠵᠣᠷᠢᠭ ᠪᠠ ᠢᠲᠡᠭᠡᠯ ᠢ | ᠨᠡᠮᠡᠭᠳᠡᠭᠦᠯᠪᠡ ︾ ᠃ | ︽ ᠳᠤᠮᠳᠠᠳᠤ ᠤᠯᠤᠰ ᠲᠤ ᠂ ᠢᠷᠡᠭᠡᠳᠦᠢ ᠪᠠ ᠢᠲᠡᠭᠡᠯ ᠵᠣᠷᠢᠭ ᠢ ᠣᠯᠵᠤ ᠬᠠᠷᠠᠪᠠ ︾ ᠪᠣᠯ ᠳᠡᠯᠡᠬᠡᠢ ᠨᠡᠶᠢᠲᠡ ᠶᠢᠨ ᠥᠷᠭᠡᠨ ᠳᠡᠯᠭᠡᠷ ᠬᠠᠮᠲᠤ ᠶᠢᠨ ᠲᠠᠨᠢᠯᠲᠠ | ᠪᠣᠯᠣᠨ᠎ᠠ ᠂ ᠥᠨᠥᠳᠥᠷ ᠤᠨ ᠳᠤᠮᠳᠠᠳᠤ ᠤᠯᠤᠰ ᠤᠨ ᠳᠡᠯᠡᠬᠡᠢ ᠶᠢᠨ ᠰᠠᠭᠤᠭᠳᠠᠯ ᠢ ᠪᠣᠯ ᠯᠠᠪᠳᠠᠭᠤᠨ ᠪᠠᠲᠤᠲᠠᠢ ᠲᠡᠮᠡᠴᠡᠯ ᠢᠶᠠᠷ ᠣᠯᠣᠭᠰᠠᠨ ᠶᠤᠮ ᠃ | ᠢᠲᠡᠭᠡᠯ ᠪᠣᠯ ᠳᠤᠮᠳᠠᠳᠤ ᠤᠯᠤᠰ ᠤᠨ ᠬᠥᠭᠵᠢᠯᠲᠡ ᠶᠢᠨ ᠬᠦᠴᠦᠨ ᠠᠴᠠ ᠢᠷᠡᠯᠲᠡ ᠲᠠᠢ ᠶᠤᠮ ᠃ | ᠠᠶᠢᠯᠴᠢᠯᠠᠯᠲᠠ ᠬᠢᠬᠦ ᠠᠴᠠ ᠡᠮᠦᠨᠡᠬᠡᠨ ᠂ ᠤᠷᠤᠰ ᠤᠨ ᠵᠠᠭᠤᠴᠢᠯᠠᠭᠤᠷ ᠤᠨ ᠬᠢᠨ ᠨᠢᠭᠡᠨ ᠪᠠᠷᠢᠮᠲᠠᠲᠤ ᠹᠢᠯᠢᠮ ᠢ ᠨᠠᠪᠲᠠᠷᠡᠭᠦᠯᠵᠦ ᠂ ᠶᠡᠷᠦᠩᠬᠡᠶᠢᠯᠡᠭᠴᠢ ᠫᠦᠲ᠋ᠢᠨ | ᠰᠣᠷᠪᠤᠯᠵᠢᠯᠠᠭ᠎ᠠ ᠬᠦᠯᠢᠶᠡᠬᠦ ᠳᠡᠭᠡᠨ ᠄ 25 ᠵᠢᠯ ᠤᠨ ᠡᠮᠦᠨ᠎ᠡ ᠂ ᠲᠡᠷᠡ ᠳᠠᠷᠤᠢ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯᠳᠠᠯᠭ᠎ᠠ ᠶᠠᠭ ᠠᠽᠢᠶ᠎ᠠ ᠲᠢᠪ | ᠨᠣᠮᠣᠬᠠᠨ ᠲᠠᠯᠠᠢ ᠶᠢᠨ ᠣᠷᠣᠨ ᠲᠡᠶᠢᠰᠢ ᠰᠢᠯᠵᠢᠵᠦ ᠪᠠᠶᠢᠬᠤ ᠶᠢ ᠠᠩᠬᠠᠷᠴᠤ ᠤᠯᠪᠠ ︔ ᠤᠷᠤᠰ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠢᠳᠡᠪᠬᠢᠲᠡᠢ | ᠬᠥᠭᠵᠢᠭᠦᠯᠵᠦ ᠂ ᠳᠡᠯᠡᠬᠡᠢ ᠶᠢᠨ ᠲᠣᠭᠲᠠᠭᠤᠨ ᠳᠤ ᠪᠠᠲᠤ ᠪᠠᠬᠢ ᠰᠠᠭᠤᠷᠢ ᠲᠠᠯᠪᠢᠵᠤ ᠥᠭᠪᠡ ᠭᠡᠵᠦ ᠬᠡᠯᠡᠪᠡ ᠃ | ᠵᠢᠩᠬᠢᠨᠢ ᠲᠡᠦᠬᠡ ᠶᠢᠨ ᠤᠬᠠᠮᠰᠠᠷ ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠨᠢ ᠲᠦᠷ ᠴᠠᠭ ᠤᠨ ᠲᠦᠯᠬᠢᠭᠡᠨ ᠤ ᠴᠢᠭᠯᠡᠯ ᠢ ᠤᠷᠢᠳᠴᠢᠯᠠᠨ ᠮᠠᠭᠠᠳᠯᠠᠬᠤ ᠳᠤ | ᠪᠠᠶᠢᠬᠤ ᠪᠠᠷ ᠪᠠᠷᠠᠬᠤ ᠦᠭᠡᠢ ᠨᠡᠩ ᠴᠤ ᠲᠡᠦᠬᠡ ᠶᠢᠨ ᠶᠡᠭᠡ ᠬᠠᠨᠳᠤᠰᠢ ᠶᠢ ᠰᠠᠨᠠᠭᠠᠴᠢᠯᠠᠭ᠎ᠠ ᠠᠴᠠ ᠪᠠᠨ ᠲᠠᠭᠠᠵᠤ ᠂ ᠲᠡᠦᠬᠡ ᠶᠢᠨ ᠠᠵᠠ ᠲᠣᠭᠢᠶᠠᠯ ᠢ ᠠᠮᠵᠢᠵᠤ ᠂ | ᠲᠡᠦᠬᠡ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠪᠠᠶᠢᠨ᠎ᠠ ᠃ ᠠᠶᠢᠯᠴᠢᠯᠠᠯᠲᠠ ᠳᠤᠮᠳᠠ ᠂ ᠲᠡᠷᠢᠭᠦᠯᠡᠭᠴᠢ ᠰᠢ ᠶᠢᠨ ᠫᠢᠩ ᠦᠭᠡ ᠦᠨᠡᠨᠴᠢ ᠰᠡᠳᠬᠢᠯᠭᠡ | ᠭᠦᠨ ᠢᠶᠠᠷ ᠄ ︽ ᠪᠢᠳᠡ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠯᠠᠨ ᠳᠠᠪᠠᠭ᠋ᠤ ᠢᠲᠡᠭᠡᠯ ᠵᠣᠷᠢᠭ ᠲᠠᠢ ᠶᠤᠮ ᠃ ᠭᠠᠳᠠᠭᠠᠳᠤ ᠣᠷᠴᠢᠨ ᠨᠥᠬᠦᠴᠡᠯ | ᠶᠠᠭᠠᠬᠢᠵᠤ ᠬᠤᠪᠢᠷᠠᠭᠰᠠᠨ ᠴᠤ ᠂ ᠳᠤᠮᠳᠠᠳᠤ ᠤᠯᠤᠰ ᠴᠥᠮ ᠥᠪᠡᠷ ᠤᠨ ᠶᠠᠪᠤᠳᠠᠯ ᠢᠶᠠᠨ ᠡᠷᠡᠰ ᠪᠠᠲᠤ ᠰᠠᠶᠢᠲᠤᠷ ᠬᠢᠨ᠎ᠡ ︾ ᠭᠡᠵᠦ ᠬᠡᠯᠡᠪᠡ ᠃ | ︽ ᠥᠪᠡᠷ ᠤᠨ ᠶᠠᠪᠤᠳᠠᠯ ᠢᠶᠠᠨ ᠡᠷᠡᠰ ᠪᠠᠲᠤ ᠰᠠᠶᠢᠲᠤᠷ ᠬᠢᠬᠦ ᠬᠡᠷᠡᠭᠲᠡᠢ ︾ ᠂ ᠡᠨᠡ ᠪᠣᠯ ᠥᠨᠥᠳᠥᠷ ᠤᠨ ᠪᠢᠳᠡᠨ ᠤ ᠠᠯᠢᠪᠠ ᠬᠦᠴᠢᠷ ᠪᠡᠷᠬᠡᠰᠢᠶᠡᠯ ᠬᠠᠷᠰᠢ | ᠰᠠᠭᠠᠳ ᠢ ᠠᠷᠭᠠᠴᠠᠭᠠᠬᠤ ᠢᠲᠡᠭᠡᠯ ᠵᠣᠷᠢᠭ ᠮᠥᠨ ᠂ ᠪᠢᠳᠡᠨ ᠤ ᠳᠡᠯᠡᠬᠡᠢ ᠨᠡᠶᠢᠭᠡᠮ ᠢ ᠬᠥᠲᠥᠯᠥᠨ ᠳᠠᠭᠠᠭᠤᠯᠵᠤ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ | ᠪᠣᠭᠤᠮᠲᠠ ᠶᠢ ᠬᠠᠮᠲᠤ ᠪᠠᠷ ᠲᠤᠭᠤᠯᠬᠤ ᠢᠲᠡᠭᠡᠯ ᠵᠣᠷᠢᠭ ᠤᠨ ᠡᠬᠢ ᠰᠤᠷᠪᠤᠯᠵᠢ ᠮᠥᠨ ᠃ | ᠠᠶᠢᠯᠴᠢᠯᠠᠯᠲᠠ ᠬᠢᠬᠦ ᠠᠴᠠ ᠡᠮᠦᠨᠡᠬᠡᠨ ᠂ ᠤᠯᠠᠨ ᠤᠯᠤᠰ ᠤᠨ ᠵᠠᠭᠤᠴᠢᠯᠠᠭᠤᠷ ᠤᠨ ᠬᠢᠨ ᠳᠤᠮᠳᠠᠳᠤ ᠤᠯᠤᠰ ᠤᠨ ᠲᠤᠬᠠᠢ ᠬᠤᠶᠠᠷ ᠳᠠᠪᠬᠤᠷ ᠠᠵᠢᠭᠯᠠᠯᠲᠠ ᠶᠢ | ᠬᠠᠮᠲᠤ ᠲᠠᠯᠪᠢᠵᠤ ᠦᠵᠡᠪᠡᠯ ᠳᠤᠮᠳᠠᠳᠤ ᠤᠯᠤᠰ ᠪᠣᠯᠣᠨ ᠳᠡᠯᠡᠬᠡᠢ ᠶᠢᠨ ᠬᠠᠷᠢᠯᠴᠠᠭᠠᠨ ᠤ ᠲᠡᠦᠬᠡᠨ ᠬᠤᠪᠢᠷᠠᠯᠲᠠ ᠶᠢ ᠨᠡᠩ ᠲᠣᠳᠣᠷᠬᠠᠢ ᠣᠶᠢᠯᠠᠭᠠᠵᠤ ᠪᠣᠯᠣᠨ᠎ᠠ ᠃ | ᠨᠢᠭᠡᠳᠦᠭᠡᠷ ᠳᠠᠪᠬᠤᠷ ᠠᠵᠢᠭᠯᠠᠯᠲᠠ ᠳᠤ ᠳᠤᠮᠳᠠᠳᠤ ᠤᠯᠤᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠳ᠋ᠦᠩᠨᠡᠯᠲᠡ ᠨᠢ ᠪᠣᠯ ︽ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠤᠳᠠᠭᠠᠨ ᠪᠠᠶᠢᠬᠤ ︾ ᠴᠠᠭ ᠦᠶ᠎ᠡ ᠨᠢᠭᠡᠨᠲᠡ ᠥᠩᠭᠡᠷᠡᠵᠦ ᠂ ᠴᠢᠨᠠᠷ ᠰᠠᠶᠢᠲᠠᠢ ᠬᠥᠭᠵᠢᠯᠲᠡ | ᠪᠦᠬᠦᠢ ᠳᠤᠮᠳᠠᠳᠤ ᠤᠯᠤᠰ ᠡᠳᠦᠷ ᠢᠷᠡᠬᠦᠶ᠎ᠡ ︽ ᠬᠥᠲᠥᠯᠥᠨ ᠳᠠᠭᠠᠭᠤᠯᠬᠤ ᠬᠦᠴᠦᠨ ︾ ᠪᠣᠯᠪᠠ ᠃ | ᠨᠦᠭᠦᠭᠡ ᠨᠢᠭᠡ ᠳᠠᠪᠬᠤᠷ ᠠᠵᠢᠭᠯᠠᠯᠲᠠ ᠳᠤ ᠳᠤᠮᠳᠠᠳᠤ ᠤᠯᠤᠰ ᠤᠨ ᠤᠯᠠᠨ ᠤᠯᠤᠰ ᠲᠠᠬᠢ ᠨᠥᠯᠥᠭᠡᠯᠡᠯ ᠳᠤ ᠠᠩᠬᠠᠷᠤᠯ ᠢᠶᠠᠨ ᠲᠥᠪᠯᠡᠷᠡᠭᠦᠯᠵᠦ ᠂ | ᠳ᠋ᠦᠩᠨᠡᠯᠲᠡ ᠨᠢ ᠪᠣᠯ ᠣᠳᠣᠬᠠᠨ ᠤ ᠳᠤᠮᠳᠠᠳᠤ ᠤᠯᠤᠰ ᠤᠨ ᠳᠡᠯᠡᠬᠡᠢ ᠳ᠋ᠠᠬᠢᠨ ᠳᠤ ᠠᠪᠴᠢᠷᠠᠭᠰᠠᠨ ᠬᠤᠪᠢᠷᠠᠯᠲᠠ ᠨᠢ ᠵᠥᠪᠭᠡᠨ ︽ ᠬᠡᠷᠡᠭ ᠶᠠᠪᠤᠳᠠᠯ ᠤᠨ ᠲᠡᠦᠬᠡ ︾ | ᠲᠡᠳᠦᠢ ᠪᠢᠰᠢ ᠂ ᠪᠠᠰᠠ ᠨᠡᠩ ᠭᠦᠨᠵᠡᠭᠡᠢ ᠬᠤᠪᠢᠰᠤᠯᠲᠠ ᠶᠢᠨ ᠪᠡᠯᠭᠡ ᠲᠡᠮᠳᠡᠭ ᠪᠣᠯᠣᠨ᠎ᠠ ᠃ | ᠢᠲᠡᠭᠡᠯ ᠂ ᠳᠤᠮᠳᠠᠳᠤ ᠤᠯᠤᠰ ᠤᠨ ᠬᠠᠮᠲᠤᠷᠠᠯᠴᠠᠭᠠᠨ ᠤ ᠬᠦᠴᠦᠨ ᠠᠴᠠ ᠢᠷᠡᠯᠲᠡ ᠲᠠᠢ ᠶᠤᠮ ᠃ | 2013 ᠣᠨ ᠳᠤ ᠂ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭᠠᠬᠢ ᠠᠩᠬᠠᠳᠠᠭᠴᠢ ᠠᠶᠢᠯᠴᠢᠯᠠᠯᠲᠠ ᠳᠤ ᠂ ᠲᠡᠷᠢᠭᠦᠯᠡᠭᠴᠢ ᠰᠢ ᠶᠢᠨ | ᠫᠢᠩ ᠤᠷᠤᠰ ᠲᠤ ᠢᠷᠡᠪᠡ ᠃ ︽ ᠪᠡᠶ᠎ᠡ ᠮᠠᠬᠠᠪᠤᠳ ᠨᠢ ᠨᠢᠭᠡᠨᠲᠡ 21 ᠳ᠋ᠦ᠋ᠭᠡᠷ ᠵᠠᠭᠤᠨ ᠳᠤ ᠣᠷᠣᠭᠰᠠᠨ ᠪᠠᠶᠢᠬᠤ ᠳᠤ ᠲᠠᠷᠢᠬᠢ ᠲᠣᠯᠣᠭᠠᠢ ᠨᠢ ᠪᠠᠰᠠ | ᠥᠩᠭᠡᠷᠡᠭᠰᠡᠨ ᠳᠡᠭᠡᠨ ᠵᠣᠭᠰᠣᠩᠭᠢᠷᠠᠵᠤ ᠪᠤᠯᠬᠤ ᠦᠭᠡᠢ ︾ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠣᠶᠢᠯᠠᠭᠠᠭᠳᠠᠬᠤᠨ ᠠᠶᠠᠨᠳᠠᠭᠠᠨ ᠪᠤᠢ ᠪᠣᠯᠪᠠ ᠃ | ᠴᠠᠭ ᠬᠤᠭᠤᠴᠠᠭᠠᠨ ᠤ ᠦᠷᠭᠦᠯᠵᠢᠯᠡᠬᠦ ᠶᠢ ᠳᠠᠭᠠᠯᠳᠤᠨ ᠂ ᠡᠨᠡ ᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠬᠠᠮᠲᠤᠷᠠᠯᠴᠠᠭᠠᠨ ᠤ ᠪᠣᠷᠣ ᠲᠥᠯᠥᠪ ᠡᠳᠦᠷ | ᠢᠷᠡᠬᠦᠶ᠎ᠡ ᠲᠡᠭᠦᠯᠳᠡᠷᠵᠢᠪᠡ ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠴᠤ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠰᠢᠢᠳᠪᠦᠷᠢ ᠳᠤ ᠪᠢᠴᠢᠵᠦ ᠣᠷᠣᠭᠤᠯᠤᠨ ᠂ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠳᠤ ᠨᠡᠩ ᠤᠯᠠᠨ ᠬᠠᠮᠲᠤ ᠶᠢᠨ | ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠪᠠ ᠃ | ᠥᠨᠥᠳᠥᠷ ᠂ ᠳᠠᠬᠢᠨᠲᠠ ᠮᠣᠰᠺᠸᠠ ᠳᠤ ᠬᠦᠷᠬᠦ ᠳᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠭᠡᠷᠡᠯ | ᠭᠢᠯᠪᠠᠭ᠎ᠠ ᠂ ᠳᠡᠯᠡᠬᠡᠢ ᠳ᠋ᠠᠬᠢᠨ ᠳᠠᠬᠢ ᠤᠷᠢᠶᠠᠯᠠᠬᠤ ᠬᠦᠴᠦᠨ ᠨᠥᠯᠥᠭᠡᠯᠡᠬᠦ ᠬᠦᠴᠦᠨ ᠨᠢ ᠨᠢᠭᠡᠨᠲᠡ ᠬᠥᠮᠥᠰ ᠢ ᠭᠠᠶᠢᠬᠠᠰᠢ ᠠᠯᠳᠠᠭᠤᠯᠪᠠ ᠃ 2021 ᠣᠨ ᠤ ᠨᠠᠮᠤᠷ ᠂ | 2022 ᠣᠨ ᠤ ᠬᠠᠪᠤᠷ ᠂ 2023 ᠣᠨ ᠤ ᠬᠠᠪᠤᠷ ᠂ ᠲᠡᠷᠢᠭᠦᠯᠡᠭᠴᠢ ᠰᠢ ᠶᠢᠨ ᠫᠢᠩ ᠤᠷᠢᠳ ᠬᠤᠵᠢᠳ ᠭᠤᠷᠪᠠᠨ ᠶᠡᠭᠡ ᠪᠦᠭᠦ ᠪᠥᠮᠪᠥᠷᠴᠡᠭ ᠤᠨ | ᠰᠠᠨᠠᠭᠠᠴᠢᠯᠠᠭ᠎ᠠ ᠶᠢ ᠳᠤᠷᠠᠳᠴᠠᠢ ᠄ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠤᠯᠠᠮ ᠨᠢᠭᠡ | ᠠᠯᠬᠤᠮ ᠪᠠᠶᠠᠯᠢᠭᠵᠢᠭᠤᠯᠤᠨ ᠥᠷᠭᠡᠳᠬᠡᠭᠰᠡᠨ ᠪᠥᠭᠡᠳ ᠬᠥᠮᠥᠨ ᠲᠥᠷᠥᠯᠬᠢᠲᠡᠨ ᠤ ᠪᠣᠯᠪᠠᠰᠤᠨ ᠤ ᠠᠶᠠᠨ ᠵᠠᠮ ᠢ ᠭᠡᠷᠡᠯᠲᠦᠭᠦᠯᠦᠭᠰᠡᠨ ᠪᠠᠶᠢᠨ᠎ᠠ ᠃ | ︽ ︿ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠨᠠᠶᠢᠵᠠ ᠶᠢᠨ ᠳᠤᠭᠤᠶᠢᠯᠠᠩ ﹀ ᠤᠨ ᠠᠵᠢᠯ ᠳᠤ ᠦᠷᠭᠦᠯᠵᠢᠯᠡᠨ ᠣᠷᠣᠯᠴᠠᠨ᠎ᠠ ︾ ᠂ ︽ | ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠲᠤᠬᠠᠢ ᠬᠠᠮᠲᠤᠷᠠᠯᠴᠠᠭ᠎ᠠ ᠥᠷᠨᠢᠭᠦᠯᠦᠨ᠎ᠡ ︾ ᠂ ︽ ᠤᠷᠤᠰ ᠤᠨ ᠬᠢᠨ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ︾ ᠁ ᠳᠤᠮᠳᠠᠳᠤ ᠤᠯᠤᠰ ᠣᠷᠤᠭ᠎ᠠ ᠪᠤᠰᠬᠠᠭ᠎ᠠ | ᠴᠠᠭ ᠦᠶ᠎ᠡ ᠳᠤ ᠡᠷᠡᠰ ᠭᠤᠶᠢᠪᠢᠰᠢ ᠦᠭᠡᠢ ᠪᠠᠷ ︽ ᠲᠡᠦᠬᠡ ᠶᠢᠨ ᠵᠥᠪ ᠲᠠᠯ᠎ᠠ ᠳᠤ ᠵᠣᠭᠰᠣᠨ᠎ᠠ ︾ ᠃ | ᠮᠣᠰᠺᠸᠠ ᠳᠤ ᠬᠦᠷᠬᠦ ᠠᠴᠠ ᠡᠮᠦᠨᠡᠬᠡᠨ ᠂ ᠲᠡᠷᠢᠭᠦᠯᠡᠭᠴᠢ ᠰᠢ ᠶᠢᠨ ᠫᠢᠩ ᠡᠸᠦ᠋ᠷᠦᠫᠡ ᠲᠢᠪ ᠤᠨ ᠤᠳᠤᠷᠢᠳᠬᠤ ᠬᠥᠮᠥᠰ ᠲᠠᠢ ᠬᠠᠷᠢᠯᠴᠠᠨ ᠪᠠᠶᠠᠷ ᠤᠨ ᠴᠠᠭᠢᠯᠭᠠᠨ | ᠴᠢᠮᠡᠭᠡ ᠶᠠᠪᠤᠭᠤᠯᠵᠤ ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠵᠦ ᠂ ᠴᠠᠭ ᠦᠶ᠎ᠡ ᠶᠢᠨ ᠥᠷᠢᠰᠦᠯᠳᠦᠭᠡᠨ ᠢ | ᠬᠠᠮᠲᠤᠷᠠᠯᠴᠠᠨ ᠠᠷᠭᠠᠴᠠᠭᠠᠬᠤ ᠪᠠᠷ ᠬᠤᠶᠠᠷ ᠲᠠᠯ᠎ᠠ ᠶᠢᠨ ᠲᠣᠳᠣᠷᠬᠠᠢ ᠬᠠᠮᠲᠤ ᠶᠢᠨ ᠲᠠᠨᠢᠯᠲᠠ ᠲᠠᠢ ᠪᠤᠯᠪᠠ ︔ | ᠲᠡᠭᠦᠨ ᠠᠴᠠ ᠡᠮᠦᠨᠡᠬᠡᠨ ᠂ ᠵᠡᠭᠦᠨ ᠡᠮᠦᠨᠡᠲᠦ ᠠᠽᠢᠶ᠎ᠠ ᠳᠠᠬᠢ ᠠᠶᠠᠯᠠᠯ ᠨᠢ ᠡᠷᠭᠢᠨ ᠲᠣᠭᠤᠷᠢᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ ︔ | ᠳᠠᠷᠠᠭᠠᠴᠢ ᠶᠢᠨ ᠴᠠᠭ ᠢ ᠪᠠᠷᠠᠯᠠᠬᠤᠶ᠎ᠠ ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠠ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠳᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ | ᠣᠷᠤᠯᠴᠠᠬᠤ ᠪᠥᠭᠡᠳ ᠴᠢᠬᠤᠯᠠ ᠶᠠᠷᠢᠶ᠎ᠠ ᠲᠠᠯᠪᠢᠬᠤ ᠴᠢᠮᠡᠭᠡ ᠤᠯᠤᠰ ᠤᠨ ᠳᠣᠲᠣᠭᠠᠳᠤ ᠭᠠᠳᠠᠭᠠᠳᠤ ᠳᠤ ᠤᠯᠠᠮᠵᠢᠯᠠᠭᠳᠠᠪᠠ ᠃ | ᠴᠠᠭ ᠦᠶ᠎ᠡ ᠶᠢᠨ ᠰᠠᠯᠬᠢᠨ ᠳᠠᠪᠠᠯᠭᠠᠨ ᠳᠣᠯᠭᠢᠶᠠᠯᠠᠨ ᠳᠠᠪᠠᠯᠭᠠᠯᠠᠬᠤᠶᠠ ᠂ ᠢᠮᠠᠭᠲᠠ ᠲᠥᠪ ᠭᠤᠣᠯᠴᠢ ᠶᠢ ᠡᠷᠢᠯᠬᠢᠯᠡᠵᠦ ᠂ ᠬᠠᠮᠲᠤᠷᠠᠯᠴᠠᠭ᠎ᠠ ᠬᠢᠬᠦ ᠶᠢ ᠡᠷᠬᠢᠮᠯᠡᠵᠦ ᠂ | ᠬᠠᠮᠲᠤ ᠪᠠᠷ ᠠᠰᠢᠭ ᠭᠦᠷᠳᠡᠭᠦ ᠪᠠᠷ ᠴᠢᠷᠮᠠᠶᠢᠵᠤ ᠪᠠᠶᠢᠭ᠎ᠠ ᠳᠤᠮᠳᠠᠳᠤ ᠤᠯᠤᠰ ᠤᠨ ᠨᠠᠶᠢᠵᠠ ᠨᠥᠬᠦᠳ ᠳᠠᠶᠠᠩ ᠳᠡᠯᠡᠬᠡᠢ ᠳᠤ ᠲᠦᠭᠡᠵᠦ ᠪᠠᠶᠢᠨ᠎ᠠ ᠃ | ︽ ᠬᠠᠷᠢᠴᠠᠯᠠᠰᠢ ᠦᠭᠡᠢ ᠲᠡᠭᠰᠢ ᠵᠠᠮ ᠭᠡᠵᠦ ᠪᠠᠶᠢᠳᠠᠭ ᠦᠭᠡᠢ ᠂ ᠪᠤᠴᠠᠰᠢ ᠦᠭᠡᠢ ᠶᠠᠪᠤᠳᠠᠯ ᠭᠡᠵᠦ ᠪᠠᠶᠢᠳᠠᠭ ᠦᠭᠡᠢ ︾ ᠃ ᠲᠡᠦᠬᠡ ᠶᠡᠷᠦᠨᠢ ᠨᠤᠭᠤᠷᠠᠯ | ᠪᠦᠳᠦᠷᠢᠯ ᠤᠨ ᠳᠤᠮᠳᠠ ᠬᠥᠭᠵᠢᠨ ᠤᠷᠤᠭᠰᠢᠯᠠᠳᠠᠭ ᠶᠤᠮ ᠃ ᠬᠦᠴᠢᠷ ᠪᠡᠷᠬᠡᠰᠢᠶᠡᠯ ᠪᠠ ᠳᠠᠪᠲᠠᠯᠲᠠ ᠶᠢᠨ ᠳᠤᠮᠳᠠ ᠡᠷᠡᠰ ᠭᠤᠶᠢᠪᠢᠰᠢ ᠦᠭᠡᠢ ᠯᠠᠪᠳᠠᠭᠤᠨ | ᠲᠣᠭᠲᠠᠭᠤᠨ ᠢᠶᠠᠷ ᠠᠯᠤᠰ ᠢ ᠵᠣᠷᠢᠨ ᠤᠷᠤᠭᠰᠢᠯᠠᠨ᠎ᠠ ᠃ ᠶᠡᠭᠡ ᠬᠠᠨᠳᠤᠰᠢ ᠶᠢ ᠲᠥᠯᠥᠪᠵᠢᠭᠦᠯᠬᠦ ᠂ ᠶᠡᠭᠡ ᠵᠢᠷᠤᠮ ᠢ ᠡᠭᠦᠷᠭᠡᠯᠡᠬᠦ ᠂ ᠶᠡᠭᠡ ᠵᠠᠮ ᠢᠶᠠᠷ ᠵᠠᠮᠨᠠᠬᠤ | ᠬᠠᠷᠢᠭᠤᠴᠠᠯᠭ᠎ᠠ ᠲᠠᠢ ᠶᠡᠭᠡ ᠤᠯᠤᠰ ᠤᠨ ᠢᠷᠡᠭᠡᠳᠦᠢ ᠯᠠᠪ ᠬᠢᠵᠠᠭᠠᠯᠠᠰᠢ ᠦᠭᠡᠢ ᠰᠦᠷᠯᠢᠭ ᠰᠠᠶᠢᠬᠠᠨ ᠶᠤᠮ ᠃ | | |