| | ︽ ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠳᠠᠶᠢᠴᠢᠯᠠᠯᠳᠠ ᠪᠠᠷ ᠂ ᠵᠡᠭᠦᠨᠭᠠᠷ ᠬᠤᠰᠢᠭᠤ ︽ ᠡᠬᠢ ᠪᠠᠶᠠᠯᠢᠭ ᠢ ᠬᠦᠢᠴᠡᠳ ᠠᠰᠢᠬᠯᠠᠬᠤ︾ | ᠡᠷᠭᠢᠯᠲᠡᠲᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ ᠪᠤᠢ᠃ ᠥᠩᠭᠡᠷᠡᠭᠰᠡᠨ ᠳᠤ ︽ᠠᠵᠤ ᠦᠢᠯᠡᠳᠪᠦᠷᠢ ᠶᠢᠨ ᠬᠤᠭ ᠨᠣᠪᠰᠢ︾ ᠬᠡᠮᠡᠭᠳᠡᠵᠦ ᠪᠠᠶᠢᠭᠰᠠᠨ ᠨᠡᠭᠦᠷᠡᠰᠦᠨ | ᠴᠢᠯᠠᠭᠤ ᠶᠢ ᠠᠳᠡ ᠥᠨᠳᠥᠷ ᠳᠤᠯᠠᠭᠠᠨ ᠳᠤ ᠡᠳ᠋ᠰᠢᠬᠦᠯᠵᠤ ᠪᠣᠯᠪᠠᠰᠤᠷᠠᠭᠤᠯᠬᠤ ᠪᠠᠷ ᠳᠠᠮᠵᠢᠭᠤᠯᠤᠨ ᠲᠣᠨ ᠪᠦᠷᠢ ᠳᠡᠭᠡᠨ 2800 ᠲᠥᠭᠦᠷᠢᠭ ᠤᠨ ᠳᠡᠭᠡᠳᠦ ᠲᠡᠰ ᠤᠨ | ᠮᠠᠲ᠋ᠧᠷᠢᠶᠠᠯ ᠪᠣᠯᠭᠠᠨ ᠬᠤᠪᠢᠷᠠᠭᠤᠯᠵᠤ ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠯᠲᠠ ᠶᠢᠨ ᠠᠮᠢᠳᠤᠯᠢᠭ | ᠬᠠᠭᠤᠳᠠᠰᠤ ᠶᠢ ᠪᠢᠴᠢᠭᠯᠡᠨ᠎ᠠ᠃ | ᠥᠪᠥᠷ ᠮᠣᠩᠭᠤᠯ ᠤᠨ ᠢ ᠳ᠋ᠦᠩ ᠳ᠋ᠦᠩ ᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠬᠦᠷᠬᠦ ᠳᠤ ᠂ | ᠪᠦᠷᠢᠨ ᠠᠦ᠋ᠲ᠋ᠤᠴᠢᠯᠠᠬᠰᠠᠨ ᠦᠢᠯᠡᠳᠪᠦᠷᠢᠯᠡᠯ ᠤᠨ ᠱᠤᠭᠤᠮ ᠲᠦᠷᠭᠡᠨ ᠬᠤᠷᠳᠤᠴᠠ ᠪᠠᠷ ᠠᠵᠢᠯᠯᠠᠵᠤ ᠂ ᠨᠦᠬᠡᠨ ᠵᠤᠤᠬᠠᠨ ᠳᠤ ᠭᠠᠯ ᠳᠦᠷᠡᠯᠵᠡᠨ ᠨᠣᠴᠣᠨ᠎ᠠ᠃ | ᠬᠡᠮᠬᠡᠯᠡᠬᠦ ᠂ ᠬᠡᠯᠪᠡᠷᠢᠵᠢᠬᠦᠯᠬᠦ ᠂ ᠥᠨᠳᠥᠷ ᠳᠤᠯᠠᠭᠠᠨ ᠳᠤ ᠰᠢᠳᠠᠭᠠᠬᠤ ᠵᠡᠷᠭᠡ ᠠᠵᠢᠯ ᠤᠨ ᠳᠠᠷᠠᠭᠠᠯᠠᠯ ᠢ ᠥᠩᠭᠡᠷᠡᠭᠡᠭᠡᠳ᠂ ᠴᠣᠬᠤᠢ ᠲᠠᠢ ᠪᠠᠶᠢᠭᠰᠠᠨ ᠨᠡᠭᠦᠷᠡᠰᠦᠨ ᠴᠢᠯᠠᠭᠤ | ᠨᠢ ᠠᠭᠠᠵᠢᠮ ᠠᠭᠠᠵᠢᠮ ᠢᠶᠠᠷ ᠴᠠᠰᠤ ᠰᠢᠭ᠋ ᠴᠠᠪ ᠴᠠᠭᠠᠨ ᠥᠨᠳᠥᠷ ᠲᠡᠰ ᠤᠨ ᠭᠠᠯ ᠳᠤ ᠳᠠᠭᠠᠭᠠᠴᠠᠳᠠᠢ ᠮᠠᠲ᠋ᠧᠷᠢᠶᠠᠯ ᠮᠦᠸᠧ ᠯᠠᠢ ᠱᠢ ᠴᠢᠯᠠᠭᠤ ᠪᠣᠯᠵᠤ ᠬᠤᠪᠢᠷᠠᠨ᠎ᠠ᠃ | ︽ ᠡᠨᠡᠬᠦ ᠨᠦᠬᠡᠨ ᠵᠠᠮ ᠤᠨ ᠤᠭᠤᠷᠬᠠᠶ ᠪᠣᠯ ᠤᠤᠯ ᠨᠢ ᠪᠦᠯᠦᠭᠯᠡᠯ ᠤᠨ ᠺᠣᠮᠫᠠᠨᠢ ᠶᠢᠨ ᠠᠷᠪᠠᠨ ᠵᠢᠯ ᠰᠢᠬᠠᠮ ᠰᠤᠯᠠ ᠲᠠᠯᠪᠢᠭᠰᠠᠨ ᠬᠠᠭᠤᠴᠢᠨ ᠲᠥᠬᠦᠭᠡᠷᠦᠮᠵᠢ | ᠪᠠᠶᠢᠭᠰᠠᠨ ᠶᠤᠮ ᠂ ᠣᠶᠤᠨᠴᠢᠯᠠᠭᠰᠠᠨ ᠥᠭᠡᠷᠡᠴᠢᠯᠡᠯᠲᠡ ᠪᠠᠷ ᠳᠠᠮᠵᠢᠭᠠᠳ 2024 ᠣᠨ ᠤ 12 ᠰᠠᠷ᠎ᠠ ᠳᠤ ᠲᠤᠷᠰᠢᠨ ᠦᠢᠯᠡᠳᠪᠦᠷᠢᠯᠡᠵᠦ ᠠᠮᠵᠢᠯᠲᠠ ᠤᠯᠵᠠᠢ ᠂ | 2025 ᠣᠨ ᠤ 3 ᠰᠠᠷ᠎ᠠ ᠳᠤ ᠲᠦᠷᠦᠭᠦᠦ ᠪᠦᠯᠦᠭ ᠤᠨ 60 ᠲᠣᠨ ᠮᠦᠸᠧ ᠯᠠᠢ ᠱᠢ ᠴᠢᠯᠠᠭᠤ ᠶᠢᠨ ᠵᠠᠬᠢᠶᠠᠯᠠᠭ᠎ᠠ ᠶᠢᠨ ᠬᠠᠭᠤᠳᠠᠰᠤ ᠶᠢ ᠹᠦᠵᠢᠶᠠᠨ ᠮᠤᠵᠢ ᠶᠢᠨ | ᠮᠢᠨ ᠴᠢᠩ ᠤᠷᠤᠭᠤ ᠶᠠᠪᠤᠭᠤᠯᠵᠤ ᠡᠬᠢᠯᠡᠵᠡᠢ ︾ ᠭᠡᠵᠦ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠠᠯᠠᠭᠴᠢ ᠶᠠᠩ ᠯᠢ ᠶᠧ ᠲᠠᠨᠢᠯᠴᠠᠭᠤᠯᠤᠨ᠎ᠠ᠃ | | ᠵᠢᠷᠤᠭ ᠄ ᠬᠠᠶᠠᠭᠳᠠᠭᠠᠳ ᠣᠯᠠᠨ ᠵᠢᠯ ᠪᠣᠯᠤᠭᠰᠠᠨ ᠵᠠᠭᠤᠨ ᠮᠧᠲᠷ ᠤᠨ ᠬᠦᠨ ᠨᠦᠬᠡᠨ ᠵᠠᠮ ᠤᠨ ᠤᠭᠤᠷᠬᠠᠢ ᠶᠢ ᠳᠠᠬᠢᠨ ᠡᠬᠢᠯᠡᠨ ᠬᠡᠷᠡᠭᠯᠡᠵᠦ ᠂ ᠳᠤᠮᠤ | ᠬᠤᠪᠢᠷᠠᠯᠲᠠ ᠶᠢ ᠪᠡᠶᠡᠯᠡᠭᠦᠯᠪᠡ ᠃ ᠸᠠᠩ ᠯᠢ ᠮᠠᠨ ᠰᠡᠭᠦᠳᠡᠷᠯᠡᠪᠡ | | ᠪᠦᠬᠦ ᠤᠯᠤᠰ ᠤᠨ ᠴᠢᠬᠤᠯᠠ ᠨᠡᠭᠦᠷᠡᠰᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ ᠂ ᠵᠡᠭᠦᠨᠭᠠᠷ ᠬᠤᠰᠢᠭᠤ ᠵᠢᠯ ᠳᠤ ᠮᠢᠩᠭ᠎ᠠ | ᠭᠠᠷᠤᠢ ᠲᠦᠮᠡᠨ ᠲᠣᠨ ᠨᠡᠬᠦᠷᠡᠰᠤᠨ ᠴᠢᠯᠠᠭᠤ ᠤᠶᠢᠯᠡᠳᠪᠤᠷᠢᠯᠡᠵᠤ ᠪᠤᠢ᠃ ᠥᠩᠭᠡᠷᠡᠭᠰᠡᠨ ᠳᠤ ᠡᠳᠡᠭᠡᠷ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠲᠣᠨ ᠪᠦᠷᠢ ᠳᠤ | ᠵᠠᠭᠤᠨ ᠲᠥᠭᠦᠷᠢᠭ ᠤᠨ ᠥᠪᠡᠷ ᠤᠨ ᠦᠷᠳᠡᠭ ᠢᠶᠠᠷ ᠪᠤᠯᠠᠵᠤ ᠰᠢᠢᠳᠪᠦᠷᠢᠯᠡᠭᠡᠳ᠂ ᠭᠠᠵᠠᠷ ᠰᠢᠷᠣᠢ ᠶᠢ ᠡᠵᠡᠯᠡᠬᠦ ᠮᠥᠷᠲᠡᠭᠡᠨ ᠣᠷᠴᠢᠨ ᠳᠤᠭᠤᠷᠢᠨ ᠢ ᠴᠤ | ᠪᠣᠬᠢᠷᠲᠤᠭᠤᠯᠳᠠᠭ ᠪᠠᠶᠢᠵᠠᠢ᠃ ᠢ ᠳ᠋ᠦᠩ ᠳ᠋ᠦᠩ ᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠤᠶᠢᠯᠡᠳᠪᠤᠷᠢᠯᠡᠯ ᠵᠢᠭᠠᠨ ᠰᠤᠷᠭᠠᠯᠳᠠ | ᠰᠤᠳᠤᠯᠭᠠᠨ ᠤ ᠬᠠᠮᠲᠤᠷᠠᠭᠰᠠᠨ ᠪᠣᠭᠤᠮᠲᠠ ᠰᠢᠪᠲᠤᠯᠤᠯᠳᠠ ᠪᠠᠷ ᠳᠠᠮᠵᠢᠭᠤᠯᠤᠨ᠂ ᠨᠡᠭᠦᠷᠡᠰᠦᠨ ᠴᠢᠯᠠᠭᠤ ᠪᠠᠷ ᠮᠦᠸᠧ ᠯᠠᠢ ᠱᠢ ᠴᠢᠯᠠᠭᠤ ᠦᠢᠯᠡᠳᠪᠤᠷᠢᠯᠡᠬᠦ ᠭᠤᠣᠯᠯᠠᠭᠴᠢ | ᠮᠡᠷᠭᠡᠵᠢᠯ ᠢ ᠠᠮᠵᠢᠯᠲᠠ ᠲᠠᠢ ᠪᠠᠷ ᠰᠤᠳᠤᠯᠤᠨ ᠭᠠᠷᠭᠠᠪᠠ᠃ ᠲᠣᠰ ᠲᠥᠷᠥᠯ ᠵᠦᠢᠯ ᠤᠨ ᠰᠢᠨ᠎ᠡ ᠶᠢ ᠡᠭᠦᠳᠬᠦ ᠳᠤ ᠬᠦᠷᠢᠶᠡᠯᠡᠩ ᠲᠣᠭᠤᠷᠢᠭ ᠤᠨ ᠳᠣᠲᠣᠷᠠᠬᠢ ᠬᠢᠮᠢ ᠶᠢᠨ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠤ ᠪᠣᠶ ᠪᠣᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠬᠡᠢ ᠪᠠᠷ ᠤᠯᠠᠮᠵᠢᠯᠠᠯᠲᠤ | ᠲᠦᠯᠡᠰᠢ ᠶᠢ ᠣᠷᠣᠯᠠᠭᠤᠯᠵᠤ ᠂ ᠴᠠᠭ ᠪᠦᠷᠢ 500 ᠪᠣᠰᠤᠭ᠎ᠠ ᠳᠥᠷᠪᠡᠯᠵᠢᠨ ᠮᠧᠲᠷ ᠤᠨ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠶᠢ ᠰᠢᠩᠭᠡᠭᠡᠵᠦ ᠂ ᠲᠣᠨ | ᠪᠦᠷᠢ ᠶᠢᠨ ᠦᠢᠯᠡᠳᠬᠦᠨ ᠤ ᠡᠨᠧᠷᠭᠢ ᠶᠢᠨ ᠬᠤᠷᠣᠭᠳᠠᠯ ᠤᠨ ᠥᠪᠡᠷ ᠤᠨ ᠥᠷᠲᠡᠭ ᠢ 65% ᠪᠠᠷ ᠪᠠᠭᠤᠷᠠᠭᠤᠯᠵᠠᠢ ᠃ ᠡᠨᠡ ᠨᠢ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ︽ᠦᠯᠦ ᠪᠤᠯᠠᠬᠤ︾ ᠶᠢ ᠪᠡᠶᠡᠯᠡᠭᠦᠯᠦᠭᠰᠡᠨ ᠢᠶᠠᠷ ᠦᠯᠤ ᠪᠠᠷᠠᠨ ᠂ ᠨᠡᠩ ᠴᠤ ᠢᠯᠡᠳᠲᠡ ᠠᠵᠤ ᠠᠬᠤᠢ ᠶᠢᠨ ᠦᠷ᠎ᠡ ᠠᠰᠢᠭ ᠢ ᠡᠭᠦᠳᠴᠡᠢ᠃ ︽ | ᠥᠩᠭᠡᠷᠡᠭᠰᠡᠨ ᠳᠤ ᠨᠡᠭᠦᠷᠡᠰᠦᠨ ᠴᠢᠯᠠᠭᠤ ᠶᠢ ᠰᠢᠢᠳᠪᠦᠷᠢᠯᠡᠬᠦ ᠳᠤ ᠲᠣᠨ ᠪᠦᠷᠢ ᠳᠤ ᠬᠡᠳᠦᠨ ᠵᠠᠭᠤᠨ ᠲᠥᠭᠦᠷᠢᠭ ᠬᠡᠷᠡᠭᠯᠡᠵᠦ ᠪᠠᠶᠢᠭᠰᠠᠨ ᠪᠣᠯ ᠣᠳᠣ ᠬᠠᠷᠢᠨ 2000 | ᠭᠠᠷᠤᠢ ᠲᠥᠭᠦᠷᠢᠭ ᠤᠨ ᠦᠢᠯᠡᠳᠬᠦᠨ ᠤ ᠥᠷᠲᠡᠭ ᠢ ᠪᠦᠲᠦᠭᠡᠵᠦ ᠴᠢᠳᠠᠬᠤ ᠪᠣᠯᠵᠠᠢ ︾ ᠃ ᠶᠠᠩ ᠯᠢ ᠶᠧ ᠠᠮᠢ ᠠᠬᠤᠢ ᠶᠢᠨ ᠠᠵᠤ ᠠᠬᠤᠢ ᠶᠢᠨ ᠲᠠᠩᠰᠠ ᠶᠢ | ᠪᠤᠳᠤᠵᠤ ᠂ ᠵᠢᠯ ᠳᠤ ᠲᠦᠮᠡᠨ ᠲᠣᠨ ᠮᠦᠸᠧ ᠯᠢ ᠱᠢ ᠴᠢᠯᠠᠭᠤ ᠤᠶᠢᠯᠡᠳᠪᠤᠷᠢᠯᠡᠪᠡᠯ 1.3 ᠲᠦᠮᠡᠨ ᠲᠣᠨ ᠬᠠᠲᠠᠭᠤ ᠬᠠᠶᠠᠭᠳᠠᠮᠠᠯ ᠪᠣᠳᠠᠰ ᠢ ᠰᠢᠩᠭᠡᠭᠡᠵᠤ ᠂ ᠡᠨᠡ ᠨᠢ | 5 ᠲᠦᠮᠡᠨ ᠲᠡᠭᠰᠢ ᠳᠥᠷᠪᠡᠯᠵᠢᠨ ᠮᠧᠲᠷ ᠤᠨ ᠣᠪᠣᠭᠠᠯᠠᠨ ᠪᠤᠯᠠᠬᠤ ᠭᠠᠵᠠᠷ ᠢ ᠪᠠᠭᠠᠰᠬᠠᠭᠰᠠᠨ ᠲᠠᠢ ᠲᠡᠩᠴᠡᠨ᠎ᠡ ᠭᠡᠪᠡ ᠃ | | | ᠵᠢᠷᠤᠭ ᠄ ᠥᠨᠳᠥᠷ ᠳᠤᠯᠠᠭᠠᠨ ᠳᠤ ᠡᠳ᠋ᠰᠢᠬᠦᠯᠵᠤ ᠪᠣᠯᠪᠠᠰᠤᠷᠠᠭᠤᠯᠬᠤ ᠪᠠᠷ ᠳᠠᠮᠵᠢᠭᠠᠳ᠂︽ᠠᠵᠤ ᠦᠢᠯᠡᠳᠪᠦᠷᠢ ᠶᠢᠨ ᠬᠤᠭ ᠨᠣᠪᠰᠢ︾ ᠭᠡᠮᠡᠭᠳᠡᠭᠰᠡᠨᠨᠡᠭᠦᠷᠡᠰᠦᠨ | ᠴᠢᠯᠠᠭᠤ ᠨᠢ ᠲᠣᠨ ᠪᠦᠷᠢ ᠳᠡᠭᠡᠨ 2800 ᠲᠥᠭᠦᠷᠢᠭ ᠤᠨ ᠭᠠᠯ ᠳᠤ ᠳᠠᠭᠠᠭᠠᠴᠠᠳᠠᠢ ᠮᠠᠲ᠋ᠧᠷᠢᠶᠠᠯ ᠪᠤᠯᠬᠤ ᠨᠡᠭᠦᠷᠡᠰᠦᠨ ᠴᠢᠯᠠᠭᠤ ᠪᠣᠯᠣᠨ ᠬᠤᠪᠢᠷᠠᠵᠤ ᠪᠠᠶᠢᠭ᠎ᠠ ᠨᠢ ᠃ | ᠸᠠᠩ ᠯᠢ ᠮᠠᠨ ᠰᠡᠭᠦᠳᠡᠷᠯᠡᠪᠡ | | ᠪᠥᠬᠦ ᠤᠯᠤᠰ ᠤᠨ ᠠᠩᠬᠠᠳᠠᠭᠴᠢ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠪᠣᠯᠤᠭᠰᠠᠨ ᠤ ᠬᠤᠪᠢ ᠳᠤ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠠᠴᠠ ᠳᠡᠭᠡᠳᠦ ᠲᠠᠰ ᠤᠨ ᠮᠠᠲ᠋ᠧᠷᠢᠶᠠᠯ ᠦᠢᠯᠡᠳᠪᠤᠷᠢᠯᠡᠬᠦ ᠬᠦᠷᠲᠡᠯᠡᠬᠢ ᠪᠦᠷᠢᠨ ᠪᠦᠲᠦᠨ ᠬᠡᠯᠬᠢᠶ᠎ᠡ ᠶᠢ ᠪᠦᠷᠢᠯᠳᠦᠭᠦᠯᠦᠭᠰᠡᠨ ᠪᠠᠶᠢᠨ᠎ᠠ ᠃ 24 | ᠰᠢᠨ᠎ᠡ ᠮᠠᠲ᠋ᠧᠷᠢᠶᠠᠯ ᠤᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠮᠦᠸᠧ ᠯᠠᠢ ᠱᠢ ᠴᠢᠯᠠᠭᠤ ᠂ ᠨᠡᠮᠡᠯᠲᠡ ᠮᠠᠲ᠋ᠧᠷᠢᠶᠠᠯ ᠤᠨ ᠪᠥᠮᠪᠦᠭᠡ ᠵᠡᠷᠭᠡ 12 | ᠲᠦᠷᠦᠯ ᠤᠨ ᠥᠨᠳᠥᠷ ᠨᠡᠮᠡᠯᠲᠡ ᠦᠷᠳᠡᠭ ᠲᠠᠢ ᠦᠢᠯᠡᠳᠬᠦᠨ ᠪᠦᠬᠦ ᠤᠯᠤᠰ ᠲᠤ ᠪᠣᠷᠤᠯᠠᠭᠤᠯᠭ᠎ᠠ ᠰᠠᠶᠢᠲᠠᠢ ᠪᠠᠶᠢᠨ᠎ᠠ᠃ ︽ ᠦᠢᠯᠡᠳᠪᠦᠷᠢᠯᠡᠬᠦ ︱ ᠵᠢᠭᠠᠨ ᠰᠤᠷᠭᠠᠬᠤ | ︱ ᠰᠤᠳᠤᠯᠬᠤ ︾ ᠶᠢ ᠬᠠᠮᠵᠢᠯᠴᠠᠭᠤᠯᠬᠤ ᠪᠠᠷ ᠰᠢᠪᠲᠤᠯᠤᠯᠲᠠ ᠶᠢᠨ ᠴᠡᠭ ᠪᠣᠯᠭᠠᠵᠤ ᠂ ᠥᠪᠥᠷ ᠮᠣᠩᠭᠤᠯ ᠤᠨ ᠲᠡᠷᠢᠭᠦᠨ ᠤ ᠱᠠᠭᠠᠵᠠᠩ ᠤᠨ ᠵᠢᠷᠤᠭ ᠲᠥᠯᠥᠪᠯᠡᠭᠡᠨ ᠤ | ᠬᠦᠷᠢᠶᠡᠯᠡᠩ ᠢ ᠪᠠᠶᠢᠭᠤᠯᠵᠤ ᠂ ᠱᠠᠭᠠᠵᠠᠩ ᠤᠨ ᠢᠳᠡᠪᠬᠢ ᠴᠢᠨᠠᠷ ᠢ ᠪᠠᠭᠲᠠᠭᠠᠭᠰᠠᠨ ᠬᠤᠪᠢᠶᠠᠷᠢ ᠪᠡᠶᠡᠲᠦ ᠮᠠᠲ᠋ᠧᠷᠢᠶᠠᠯ ᠂ ᠬᠥᠭᠡᠰᠦᠷᠬᠡᠭ ᠱᠠᠭᠠᠵᠠᠩ ᠂ ᠬᠥᠩᠭᠡᠨᠴᠠᠭᠠᠨ ᠤ | ᠢᠰᠦᠯ ᠤᠨ ᠱᠠᠭᠠᠵᠠᠩ ᠤᠨ ᠦᠢᠯᠡᠳᠬᠦᠨ ᠵᠡᠷᠭᠡ ᠣᠯᠠᠨ ᠵᠦᠢᠯ ᠤᠨ ᠦᠢᠯᠡᠳᠬᠦᠨ ᠢ ᠰᠤᠳᠤᠯᠤᠨ ᠨᠡᠭᠡᠭᠡᠵᠦ ᠂ ᠡᠭᠦᠨ ᠳᠤ ᠣᠯᠠᠨ ᠵᠦᠢᠯ ᠤᠨ ᠦᠷ᠎ᠡ ᠪᠦᠲᠦᠭᠡᠯ ᠢ | ᠲᠤᠷᠰᠢᠯᠲᠠ ᠶᠢᠨ ᠱᠠᠲᠤᠨ ᠳᠤ ᠣᠷᠣᠭᠤᠯᠪᠠ ᠃ ᠡᠭᠦᠨ ᠠᠴᠠ ᠭᠠᠳᠠᠨ᠎ᠠ ᠥᠪᠥᠷ ᠮᠣᠩᠭᠤᠯ ᠤᠨ ᠬᠤᠢ ᠨᠧᠩ ᠴᠠᠬᠢᠭᠤᠷ ᠬᠥᠩᠭᠡᠨᠴᠠᠭᠠᠨ ᠤ ᠰᠢᠨ᠎ᠡ ᠮᠠᠲ᠋ᠧᠷᠢᠶᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠨᠡᠭᠦᠷᠡᠰᠦᠨ ᠴᠢᠯᠠᠭᠤ ᠨᠤᠨᠳᠠᠭ ᠨᠡᠭᠦᠷᠡᠰᠦᠨ ᠤ ᠦᠨᠡᠰᠦ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠵᠡᠷᠭᠡ ᠣᠯᠠᠨ ᠠᠵᠤ ᠦᠢᠯᠡᠰ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠩᠭᠡᠭᠡᠬᠦ ᠴᠢᠳᠠᠪᠤᠷᠢ ᠵᠢᠯ ᠳᠠᠷᠠᠭᠠᠯᠠᠨ ᠳᠡᠭᠡᠭᠰᠢᠯᠡᠵᠦ | ᠪᠠᠶᠢᠨ᠎ᠠ ᠃ | ᠬᠠᠷ᠎ᠠ ᠥᠩᠭᠡᠲᠦ ᠬᠦᠳᠡᠷ ᠤᠨ ᠰᠢᠭᠠᠷᠤ ᠠᠴᠠ ᠪᠣᠬᠢᠷᠲᠤᠯ ᠦᠭᠡᠢ ᠮᠠᠲ᠋ᠧᠷᠢᠶᠠᠯ ᠬᠦᠷᠲᠡᠯ᠎ᠡ᠂ ᠣᠷᠴᠢᠨ ᠲᠣᠭᠤᠷᠢᠨ ᠤ ᠳᠠᠷᠤᠭᠠᠰᠤ ᠠᠴᠠ ᠠᠵᠤ ᠠᠬᠤᠢ ᠶᠢᠨ | ᠨᠡᠮᠡᠭᠳᠡᠯ ᠬᠦᠷᠲᠡᠯ᠎ᠡ᠂ ᠵᠡᠭᠦᠨᠭᠠᠷ ᠤᠨ ᠬᠡᠯᠪᠡᠷᠢ ᠪᠠᠨ ᠬᠤᠪᠢᠷᠠᠭᠤᠯᠤᠭᠰᠠᠨ ᠦᠢᠯᠡᠳᠦᠯᠭᠡ ᠭᠡᠷᠡᠴᠢᠯᠡᠭᠰᠡᠨ ᠨᠢ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠪᠠᠷ ᠂ ︽ᠠᠵᠤ ᠦᠢᠯᠡᠳᠪᠦᠷᠢ ᠶᠢᠨ ᠰᠢᠷᠬ᠎ᠠ︾ ᠨᠢᠭᠡᠪᠦᠷᠢ ᠨᠢ ᠴᠥᠮ ᠠᠮᠢ ᠠᠬᠤᠢ ᠶᠢᠨ ᠪᠣᠯᠪᠠᠰᠤᠨ ᠤ ᠭᠠᠪᠢᠶᠠᠨ ᠲᠡᠮᠳᠡᠭ ᠪᠣᠯᠵᠤ ᠬᠤᠪᠢᠷᠠᠵᠤ ᠮᠡᠳᠡᠨ᠎ᠡ᠃ | ᠡᠨᠡ ᠬᠦ ᠨᠦᠬᠡᠨ ᠵᠠᠮ ᠤᠨ ᠤᠭᠤᠷᠬᠠᠢ ᠶᠢᠨ ᠰᠢᠨ᠎ᠠ ᠠᠮᠢᠯᠠᠯ ᠤᠨ ᠵᠠᠮ ᠨᠢ ᠤᠯᠠᠮᠵᠢᠯᠠᠯᠲᠤ ᠡᠨᠧᠷᠭᠢ ᠶᠢᠨ ᠰᠠᠭᠤᠷᠢᠨ ᠭᠠᠵᠠᠷ ᠤᠨ ᠨᠡᠭᠦᠷᠡᠰᠦᠲᠥ᠋ᠷᠥᠭᠴᠢ ᠶᠢᠨ | ᠰᠠᠭᠠᠷᠮᠠᠭᠵᠢᠯ ᠢ ᠬᠠᠶᠢᠨ ᠰᠦᠪᠡᠭᠴᠢᠯᠡᠬᠦ ᠳᠤ ᠰᠢᠨ᠎ᠡ ᠰᠡᠪᠡᠬᠦᠨ ᠵᠠᠭᠪᠤᠷ ᠬᠠᠩᠭᠠᠭᠰᠠᠨ ᠪᠠᠶᠢᠨ᠎ᠠ ᠃ | | | |