| ᠵᠡᠭᠦᠨᠭᠠᠷ ᠬᠤᠰᠢᠭᠤ ᠶᠢ ᠳᠤᠷᠠᠳᠪᠠᠯ ᠂ ᠲᠠ ᠶᠠᠭᠤ ᠪᠣᠳᠣᠵᠤ ᠣᠯᠬᠤ ᠪᠢᠯᠡ ︖ | ᠠᠳᠡᠬᠢ ᠶᠢᠨ ᠪᠠᠶᠢᠳᠠᠯ ᠢ ᠮᠠᠰᠢ ᠤᠯᠠᠨ ᠬᠥᠮᠥᠨ ᠣᠶᠢᠯᠠᠭᠠᠬᠤ ᠦᠭᠡᠢ ᠪᠠᠶᠢᠵᠤ ᠮᠡᠳᠡᠨ᠎ᠡ ᠂ ᠭᠡᠰᠡᠨ ᠴᠤ ᠥᠪᠥᠷ ᠮᠣᠩᠭᠤᠯ ᠳᠤ ᠪᠠᠶᠢᠭ᠎ᠠ ᠡᠨᠡᠬᠦ ᠡᠨᠧᠷᠭᠢ ᠶᠢᠨ | ᠴᠢᠬᠤᠯᠠ ᠪᠠᠯᠭᠠᠰᠤ ᠨᠢ ︽ ᠨᠢᠭᠡ ᠬᠤᠰᠢᠭᠤᠨ ᠤ ᠬᠦᠴᠦᠨ︾ ᠢᠶᠠᠷ ᠪᠦᠬᠦ ᠤᠯᠤᠰ ᠤᠨ 25 ᠮᠤᠵᠢ ᠣᠷᠣᠨ ᠬᠤᠳᠠ ᠶᠢᠨ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ | ᠪᠠᠶᠢᠳᠠᠭ᠃ | ᠰᠢᠨ᠎ᠡ ᠪᠠᠷ ᠨᠡᠶᠢᠲᠡᠯᠡᠭᠰᠡᠨ︽ 2024 ᠣᠨ ᠤ ᠳᠤᠮᠳᠠᠳᠤ ᠤᠯᠤᠰ ᠤᠨ ᠵᠠᠭᠤᠨ ᠬᠦᠴᠦᠷᠬᠡᠭ ᠰᠢᠶᠠᠨ ᠤ ᠨᠡᠷᠡᠰ ᠤᠨ ᠵᠢᠭᠰᠠᠭᠠᠯᠲᠠ︾ ᠳᠤ ᠂ ᠵᠡᠭᠦᠨᠭᠠᠷ ᠬᠤᠰᠢᠭᠤ | ᠨᠡᠩ ᠴᠤ ᠬᠦᠴᠦᠷᠬᠡᠭ ᠶᠡᠭᠡ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ 29 ᠳ᠋ᠤᠭᠡᠷ ᠲᠤ ᠵᠢᠭᠰᠠᠭᠠᠭᠳᠠᠵᠤ ᠂ ᠪᠠᠷᠠᠭᠤᠨ ᠣᠷᠣᠨ ᠤ ᠰᠢᠶᠠᠨ ᠤ ᠬᠡᠪᠴᠢᠶᠡᠨ ᠤ ᠠᠵᠤ | ᠠᠬᠤᠢ ᠶᠢᠨ ᠬᠥᠭᠵᠢᠯᠲᠡ ᠶᠢᠨ ᠬᠡᠪ ᠳᠠᠭᠤᠷᠢᠶᠠᠯ ᠪᠣᠯᠤᠭᠰᠠᠨ ᠪᠠᠶᠢᠨ᠎ᠠ ᠃ | ᠡᠨᠡ ᠪᠣᠯ ᠳᠠᠷᠤᠢ ᠵᠡᠭᠦᠨᠭᠠᠷ ᠬᠤᠰᠢᠭᠤ ᠪᠣᠯᠣᠨ᠎ᠠ ᠃ | | | ᠵᠢᠷᠤᠭ ᠄ ︽ᠵᠡᠭᠦᠨᠭᠠᠷ ᠶᠡᠭᠡ ᠬᠥᠭᠦᠷᠭᠡ ᠶᠢᠨ ᠰᠢᠨ᠎ᠡ ᠳᠦᠷᠰᠦ ᠪᠠᠶᠢᠳᠠᠯ ︾ ᠵᠢᠷᠤᠭ ᠢ ᠬᠠᠨ ᠶᠢᠤ ᠹᠦ᠋ ᠬᠠᠩᠭᠠᠪᠠ | | ᠥᠪᠥᠷ ᠮᠣᠩᠭᠤᠯ ᠤᠨ ᠪᠠᠷᠠᠭᠤᠨ ᠤᠷᠤᠨ ᠳᠤ ᠂ ᠡᠨᠡᠬᠦ ᠪᠠᠶᠢᠩᠭᠤ ᠰᠠᠭᠤᠭ᠎ᠠ ᠬᠥᠮᠥᠨ ᠠᠮᠠ ᠨᠢ 40 ᠲᠦᠮᠡ ᠬᠦᠷᠬᠦ ᠦᠭᠡᠢ ᠰᠢᠶᠠᠨ ᠪᠣᠯ ᠪᠦᠬᠦ ᠤᠯᠤᠰ ᠤᠨ | ᠬᠠᠮᠤᠭ ᠤᠨ ᠶᠡᠭᠡ ᠨᠡᠭᠦᠷᠡᠰᠦ ᠭᠠᠷᠳᠠᠭ ᠰᠢᠶᠠᠨ ᠪᠣᠯᠣᠨ᠎ᠠ ᠂ ᠬᠠᠶᠢᠨ ᠲᠣᠳᠣᠯᠠᠭᠰᠠᠨ ᠨᠡᠭᠦᠷᠡᠰᠦᠨ ᠤ ᠬᠠᠳᠠᠭᠠᠯᠠᠭᠳᠠᠴᠠ ᠨᠢ 582 ᠳ᠋ᠦᠩᠰᠢᠭᠤᠷ ᠲᠣᠨ ᠳᠤ ᠬᠦᠷᠴᠦ ᠂ | ᠠᠯᠤᠰ ᠬᠡᠳᠦ ᠶᠢᠨ ᠬᠠᠳᠠᠭᠠᠯᠠᠭᠳᠠᠴᠠ ᠨᠢ 1000 ᠳ᠋ᠦᠩᠰᠢᠭᠤᠷ ᠲᠣᠨ ᠠᠴᠠ ᠳᠡᠭᠡᠭᠰᠢ ᠪᠠᠶᠢᠵᠤ ᠂ ᠨᠡᠷ᠎ᠡ ᠨᠢᠳᠡᠷ ᠲᠡᠭᠡᠨ ᠨᠡᠶᠢᠴᠡᠭᠰᠡᠨ︽ ᠬᠠᠷ᠎ᠠ ᠠᠯᠳᠠ ᠶᠢᠨ | ᠬᠤᠳᠠ︾ᠪᠣᠯᠣᠨ᠎ᠠ᠃ | ᠵᠡᠭᠦᠨᠭᠠᠷ ᠬᠤᠰᠢᠭᠤ ᠥᠩᠭᠡᠷᠡᠭᠰᠡᠨ ᠳᠤ ︽ ᠨᠡᠭᠦᠷᠡᠰᠦ ᠪᠠᠷ ᠭᠤᠣᠯᠯᠠᠭᠤᠯᠤᠭᠰᠠᠨ ︾ ᠠᠵᠤ ᠦᠢᠯᠡᠰ ᠤᠨ ᠪᠦᠲᠦᠴᠡ ᠠᠴᠠ ᠪᠣᠯᠵᠤ ᠡᠬᠢ ᠪᠠᠶᠠᠯᠢᠭ ᠲᠤ ᠲᠦᠰᠢᠭᠯᠡᠬᠦ | ᠪᠠ ᠠᠮᠢ ᠠᠬᠤᠢ ᠶᠢᠨ ᠳᠠᠷᠤᠯᠲᠠ ᠶᠢᠨ ᠳᠠᠪᠬᠤᠷ ᠥᠷᠢᠰᠦᠯᠳᠦᠭᠡᠨ ᠳᠤ ᠲᠤᠯᠭᠠᠷᠠᠵᠤ ᠪᠠᠶᠢᠪᠠ ᠃ ᠣᠶᠢᠷ᠎ᠠ ᠶᠢᠨ ᠵᠢᠯ ᠠᠴᠠ ᠨᠠᠭᠠᠰᠢ ᠂ ᠡᠨᠡᠬᠦ ᠬᠠᠳᠤᠨ ᠭᠤᠣᠯ ᠤᠨ | ᠳᠤᠬᠤᠢ ᠶᠢᠨ ᠬᠥᠪᠡᠭᠡᠨ ᠳᠠᠬᠢ ᠨᠡᠭᠦᠷᠡᠰᠦ ᠭᠠᠷᠳᠠᠭ ᠲᠣᠮᠣ ᠰᠢᠶᠠᠨ ᠨᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠬᠥᠳᠡᠯᠭᠡᠭᠦᠷ ᠪᠣᠯᠭᠠᠵᠤ᠂ | ᠮᠡᠷᠭᠡᠵᠢᠯ ᠤᠨ ᠰᠢᠨ᠎ᠡ ᠶᠢ ᠡᠭᠦᠳᠬᠦ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠪᠣᠬᠢᠷᠲᠤᠯ ᠦᠭᠡᠢ ᠬᠥᠭᠵᠢᠯᠲᠡ ᠪᠠᠷ ᠳᠠᠮᠵᠢᠭᠤᠯᠵᠤ᠂ ᠤᠯᠠᠮᠵᠢᠯᠠᠯᠲᠤ | ᠨᠡᠭᠦᠷᠡᠰᠦᠨ ᠤ ᠠᠵᠤ ᠠᠬᠤᠢ ᠠᠴᠠ ᠤᠯᠠᠨ ᠡᠰᠢᠵᠢᠭᠰᠡᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠡᠶᠢᠰᠢ ᠬᠡᠯᠪᠡᠷᠢ ᠪᠠᠨ ᠬᠤᠪᠢᠷᠠᠭᠤᠯᠬᠤ ᠴᠢᠨᠠᠷ ᠰᠠᠶᠢᠲᠠᠢ | ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢᠨ | ᠠᠮᠢᠳᠤᠯᠢᠭ ᠬᠡᠪ ᠵᠠᠭᠪᠤᠷ ᠪᠣᠯᠤᠭᠰᠠᠨ ᠪᠠᠶᠢᠨ᠎ᠠ᠃ | | 01 | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ︽ ᠳᠡᠭᠡᠳᠦ ᠲᠡᠰ ᠤᠨ ᠦᠰᠦᠷᠦᠯᠲᠡ︾ | ᠲᠦᠯᠡᠰᠢ ᠪᠠᠶᠢᠬᠰᠠᠨ ᠠᠴᠠ ᠮᠠᠲ᠋ᠧᠷᠢᠶᠠᠯ ᠬᠦᠷᠲᠡᠯᠡᠬᠢ ᠦᠷᠳᠡᠭ ᠤᠨ ᠲᠠᠬᠢᠨ ᠴᠤᠬᠴᠠᠯᠠᠯᠳᠠ | ᠵᠡᠭᠦᠨᠭᠠᠷ ᠬᠤᠰᠢᠭᠤᠨ ᠤ ᠬᠡᠯᠪᠡᠷᠢ ᠶᠢᠨ ᠬᠤᠪᠢᠷᠠᠭᠤᠯᠤᠯᠳᠠ ᠨᠢ ᠨᠡᠭᠦᠷᠡᠰᠦ ᠶᠢ ᠲᠠᠶᠠᠭᠳᠠᠭᠰᠠᠨ ᠶᠠᠪᠤᠳᠠᠯ ᠪᠢᠰᠢ ᠂ ᠬᠠᠷᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠳᠠᠮᠵᠢᠨ ᠨᠡᠭᠦᠷᠡᠰᠦᠨ ᠤ ᠡᠬᠢ ᠪᠠᠶᠠᠯᠢᠭ ᠢ ᠠᠷᠢᠭᠤᠨ ᠴᠡᠪᠡᠷ ᠪᠦᠭᠡᠳ ᠥᠨᠳᠥᠷ ᠪᠦᠲᠦᠮᠵᠢᠲᠡᠢ ᠠᠰᠢᠭᠯᠠᠬᠤ ᠶᠢ ᠪᠡᠶᠡᠯᠡᠭᠦᠯᠵᠦ ᠂ | ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠣᠯᠣᠨ ᠨᠡᠮᠡᠯᠲᠡ ᠦᠷᠳᠡᠭ ᠢ ᠲᠠᠰᠤᠷᠠᠯᠳᠡ ᠦᠭᠡᠢ ᠳᠡᠭᠡᠭᠰᠢᠯᠡᠭᠦᠯᠦᠭᠰᠡᠨ ᠶᠠᠪᠤᠳᠠᠯ ᠪᠣᠯᠣᠨ᠎ᠠ ᠃ | ᠵᠢᠦ ᠲᠠᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠦᠯᠭᠡ ᠪᠣᠯ ᠨᠡᠶᠢᠲᠡᠯᠢᠭ ᠵᠢᠱᠢᠶ᠎ᠡ ᠪᠣᠯᠣᠨ᠎ᠠ᠃ | ᠡᠨᠡ ᠬᠦ ᠠᠵᠤ ᠠᠬᠤᠶᠢᠯᠠᠯ ᠨᠢ ᠨᠡᠭᠦᠷᠡᠰᠦ ᠪᠠᠷ ᠰᠠᠭᠤᠷᠢ ᠪᠣᠯᠭᠠᠵᠤ ᠂ ᠠᠯᠢ ᠤᠯᠠᠨ ᠨᠠᠷᠢᠨ ᠪᠤᠳᠤᠯᠢᠶᠠᠨᠲᠠᠢ ᠬᠢᠮᠢ ᠶᠢᠨ ᠤᠷᠪᠠᠯ ᠢᠶᠠᠷ ᠳᠠᠮᠵᠢᠨ ᠮᠧᠲ᠋ᠢᠯ ᠠᠯᠺᠤᠤᠯ ᠢ | ᠦᠢᠯᠡᠳᠪᠦᠷᠢᠯᠡᠵᠦ ᠂ ᠮᠧᠲ᠋ᠢᠯ ᠠᠯᠺᠤᠤᠯ ᠢ ᠤᠯᠠᠮ ᠨᠢᠭᠡ ᠠᠯᠬᠤᠮ ᠨᠠᠷᠢᠯᠢᠭ ᠪᠣᠯᠪᠠᠰᠤᠷᠠᠭᠤᠯᠬᠤ ᠪᠠᠷ ᠳᠠᠮᠵᠢᠨ ᠴᠠᠭᠠᠨ ᠥᠩᠭᠡᠲᠡᠢ ᠪᠥᠭᠡᠭᠡᠨᠡᠷᠡᠯ ᠡᠲ᠋ᠧᠨ᠂ ᠪᠥᠭᠡᠭᠡᠨᠡᠷᠡᠯ | ᠫᠷᠦᠫᠧᠨ ᠮᠥᠬᠦᠯᠢᠭ ᠪᠣᠯᠣᠨ ᠬᠤᠪᠢᠷᠠᠵᠠᠢ ᠃ ᠡᠳᠡᠭᠡᠷ ᠴᠠᠭᠠᠨ ᠥᠩᠭᠡᠲᠦ ᠮᠥᠬᠦᠯᠢᠭᠲᠦ ᠦᠢᠯᠡᠳᠬᠦᠨ ᠨᠢ ᠢᠳᠡᠭᠡᠨ ᠤ ᠪᠣᠭᠤᠳᠠᠯ ᠤᠨ ᠤᠭᠤᠲᠠ᠂ ᠠᠶᠠᠨ ᠤ | ᠬᠠᠶᠢᠷᠴᠠᠭ᠂ ᠰᠦᠯᠢᠶᠥᠦ ᠬᠤᠭᠤᠯᠠᠢ ᠶᠢᠨ ᠮᠠᠲ᠋ᠧᠷᠢᠶᠠᠯ ᠵᠡᠷᠭᠡ ᠤᠯᠠᠨ ᠨᠡᠶᠢᠲᠡ ᠶᠢᠨ ᠬᠡᠷᠡᠭᠯᠡᠭᠡᠨ ᠤ ᠵᠦᠢᠯ ᠢ ᠦᠢᠯᠡᠳᠪᠦᠷᠢᠯᠡᠵᠦ ᠪᠣᠯᠬᠤ ᠪᠠᠷ ᠦᠯᠤ ᠪᠠᠷᠠᠨ ᠂ ᠳᠡᠭᠡᠳᠦ | ᠲᠡᠰ ᠤᠨ ᠬᠡᠷᠡᠭᠯᠡᠭᠡᠨ ᠤ ᠬᠦᠷᠢᠶ᠎ᠠ ᠴᠠᠷᠠᠭᠠᠨ ᠳᠤ ᠡᠮ ᠡᠮᠨᠡᠯᠭᠡ ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠂ ᠠᠮᠤᠷ ᠲᠦᠪᠰᠢᠨ ᠤ ᠬᠠᠮᠠᠭᠠᠯᠠᠯᠲᠠ᠂ ᠮᠠᠰᠢᠨ ᠲᠡᠷᠭᠡᠨ ᠤ | ᠠᠵᠤ ᠦᠢᠯᠡᠳᠪᠦᠷᠢ ᠪᠣᠯᠣᠨ ᠡᠯᠧᠺᠲᠷᠣᠨ ᠦᠢᠯᠡᠳᠬᠦᠨ ᠵᠡᠷᠭᠡ ᠤᠯᠠᠨ ᠲᠠᠯ᠎ᠠ ᠶᠢ ᠬᠠᠮᠤᠷᠴᠤ ᠪᠠᠶᠢᠳᠠᠭ᠃ | ᠵᠢᠤ ᠲᠠᠢ ᠶᠢᠨ ᠬᠢᠨ ᠠᠩᠬᠠᠷᠤᠯ ᠢᠶᠠᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠤ ᠲᠥᠪᠯᠡᠷᠡᠭᠦᠯᠵᠦ ᠂ ᠲᠠᠰᠤᠷᠠᠯᠳᠡ | ᠦᠭᠡᠢ ᠬᠡᠯᠬᠢᠶ᠎ᠡ ᠶᠢ ᠤᠷᠲᠤᠳᠬᠠᠨ ᠂ ᠬᠡᠯᠬᠢᠶ᠎ᠡ ᠶᠢ ᠨᠥᠬᠦᠪᠦᠷᠢᠯᠡᠵᠦ ᠂ ᠬᠡᠯᠬᠢᠶ᠎ᠡ ᠶᠢ ᠴᠢᠩᠭᠠᠳᠬᠠᠵᠤ ᠂ ᠰᠢᠨ᠎ᠡ ᠶᠢ ᠡᠭᠦᠳᠬᠦ ᠳᠤᠮᠳᠠ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠭᠦᠯᠪᠡ ᠃ | | ᠵᠢᠷᠤᠭ ᠄ ᠶᠡᠷᠦᠩᠬᠡᠶᠢᠯᠡᠭᠰᠡᠨ ᠰᠠᠪᠠᠯᠠᠨ ᠬᠠᠳᠠᠭᠠᠯᠠᠬᠤ ᠳᠤᠭᠤᠷᠢᠭ ︵ ᠢᠷᠡᠯᠲᠡ ᠄ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︶ | | ᠣᠳᠣᠬᠠᠨ ᠳᠤ ᠂ ᠵᠡᠭᠦᠨᠭᠠᠷ ᠬᠤᠰᠢᠭᠤᠨ ᠳᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ 8 ᠪᠠᠶᠢᠵᠤ ᠂ ᠨᠡᠭᠦᠷᠡᠰᠦ ᠶᠢ | ᠲᠤᠬᠠᠢ ᠶᠢᠨ ᠭᠠᠵᠠᠷ ᠲᠤᠨᠢ ᠬᠤᠪᠢᠷᠠᠭᠤᠯᠤᠬᠰᠠᠨ ᠭᠡᠮᠵᠢᠶ᠎ᠠ ᠨᠢ 3000 ᠲᠦᠮᠡᠨ ᠲᠣᠨ ᠣᠷᠴᠢᠮ ᠪᠤᠢ ᠃ ᠮᠡᠷᠭᠡᠵᠢᠯ ᠢᠶᠠᠷ ᠴᠢᠳᠠᠪᠬᠢ ᠣᠯᠭᠤᠬᠤ ᠪᠠ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠᠷ ᠳᠡᠮᠵᠢᠭᠤᠯᠤᠨ ᠂ ᠵᠡᠭᠦᠨᠭᠠᠷ ᠬᠤᠰᠢᠭᠤᠨ ᠤ ᠨᠡᠭᠦᠷᠡᠰᠦᠨ ᠤ ᠠᠵᠤ ᠦᠢᠯᠡᠰ ᠤᠨ ᠨᠡᠮᠡᠯᠲᠡ ᠥᠷᠲᠡᠭ ᠲᠠᠰᠤᠷᠠᠯᠲᠠ | ᠦᠭᠡᠢ ᠳᠡᠭᠡᠭᠰᠢᠯᠡᠵᠦ ᠂ ᠲᠦᠭᠦᠬᠡᠢ ᠮᠠᠲ᠋ᠧᠷᠢᠶᠠᠯ ᠠᠴᠠ ᠮᠠᠲ᠋ᠧᠷᠢᠶᠠᠯ ᠂ ᠳᠣᠣᠷᠠᠳᠤ ᠲᠠᠰ ᠠᠴᠠ ᠳᠡᠭᠡᠳᠦ ᠲᠠᠰ ᠬᠦᠷᠲᠡᠯᠡᠬᠢ ᠠᠷᠢᠭᠤᠨ ᠴᠡᠪᠡᠷ ᠪᠦᠭᠡᠳᠥᠨᠳᠥᠷ | ᠪᠦᠲᠦᠮᠵᠢᠲᠡᠶ ᠠᠰᠢᠭᠯᠠᠯᠲᠠ ᠶᠢ ᠪᠡᠶᠡᠯᠡᠭᠦᠯᠵᠦ ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠪᠠ ᠃ | | 02 | ᠨᠡᠭᠦᠷᠡᠰᠦᠨ ᠲᠠᠯᠠᠢ ᠠᠴᠠ ᠤᠶᠤᠨ ᠤ ᠳᠠᠯᠠᠢ ᠪᠤᠯᠵᠤ | ᠤᠶᠤᠨᠴᠢ ᠠᠭᠤᠷᠬᠠᠢ ᠨᠢ ᠡᠨᠧᠷᠬᠢ ᠶᠢᠨ ᠠᠵᠤ ᠤᠶᠢᠯᠡᠰ ᠤᠨ ᠳᠡᠰᠵᠢᠯᠳᠡ ᠶᠢ ᠪᠤᠢ ᠪᠤᠯᠭᠠᠨ᠎ᠠ | ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠬᠦ ᠶᠢᠨ ᠬᠠᠮᠲᠤ ᠂ ᠵᠡᠭᠦᠨᠭᠠᠷ ᠬᠤᠰᠢᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠡᠷᠴᠢᠮ ᠢᠶᠠᠨ ᠴᠢᠩᠭᠠᠷᠠᠭᠤᠯᠵᠤ ᠂ ᠣᠶᠤᠨᠴᠢᠯᠠᠭᠰᠠᠨ ᠮᠡᠷᠭᠡᠵᠢᠯ ᠪᠣᠯᠣᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠭᠦᠨᠵᠡᠭᠡᠢ ᠠᠭᠤᠰᠤᠯᠴᠠᠯ ᠢ ᠢᠳᠡᠪᠬᠢᠲᠡᠢ | ᠰᠦᠪᠡᠭᠴᠢᠯᠡᠵᠦ᠂ ᠣᠶᠤᠨᠴᠢᠯᠠᠭᠰᠠᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠪᠠᠷ ᠵᠢᠱᠢᠶᠡᠯᠡᠪᠡᠯ ᠂ ᠲᠦᠷᠦᠭᠦᠦ ᠪᠦᠯᠦᠭ ᠣᠶᠤᠨᠴᠢᠯᠠᠭᠰᠠᠨ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢᠨ | ᠨᠡᠭᠦᠷᠡᠰᠦᠨ ᠠᠭᠤᠷᠬᠠᠢ ᠪᠣᠯᠤᠭᠰᠠᠨ ᠤ ᠬᠤᠪᠢ ᠳᠤ ᠂ ᠠᠳᠡᠬᠢ ᠶᠢᠨ ᠬᠢᠨ ᠣᠶᠤᠨᠴᠢᠯᠠᠭᠰᠠᠨ ᠳᠡᠯᠪᠡᠷᠡᠯᠲᠡ ᠬᠢᠬᠦ ᠂ 5G+ ᠠᠴᠢᠶᠠᠨ ᠤ ᠮᠠᠰᠢᠨ ᠲᠡᠷᠭᠡ ᠶᠢ | ᠵᠢᠯᠣᠭᠤᠴᠢ ᠦᠭᠡᠢ ᠪᠠᠷ ᠵᠢᠯᠤᠭᠤᠳᠬᠤ ᠂ ᠬᠠᠵᠠᠭᠤ ᠶᠢᠨ ᠪᠡᠯ ᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠡᠮᠦᠨ᠎ᠡ ᠵᠠᠬ᠎ᠠ ᠶᠢᠨ ᠳᠦᠷᠦᠯ ᠵᠦᠢᠯ ᠢ ᠶᠡᠬᠡᠪᠡᠷ ᠠᠬᠢᠭᠤᠯᠵᠤ ᠂ | 2023 ᠣᠨ ᠳᠤ ᠤᠯᠤᠰ ᠤᠨ ᠰᠢᠯᠭᠠᠨ ᠪᠠᠶᠢᠴᠠᠭᠠᠯᠲᠠ ᠶᠢ ᠠᠮᠵᠢᠯᠲᠠᠲᠠᠢ ᠥᠩᠭᠡᠷᠡᠭᠡᠵᠦ ᠂ ᠠᠭᠤᠷᠬᠠᠢ ᠶᠢᠨ ᠦᠢᠯᠡᠰ ᠤᠨ ᠣᠶᠤᠨᠴᠢᠯᠠᠭᠰᠠᠨ ᠬᠡᠪ ᠳᠠᠭᠤᠷᠢᠶᠠᠯ | ᠪᠣᠯᠪᠠ ︔ ᠡᠭᠦᠨ ᠠᠴᠠ ᠭᠠᠳᠠᠨ᠎ᠠ ᠂ ᠨᠡᠭᠦᠷᠡᠰᠦᠨ ᠠᠭᠤᠷᠬᠠᠢ ᠶᠢᠨ ᠨᠡᠭᠡᠭᠡᠨ ᠮᠠᠯᠲᠠᠬᠤ ᠮᠡᠷᠭᠡᠵᠢᠯ ᠤᠨ ᠲᠠᠯ᠎ᠠ ᠪᠠᠷ ᠥᠨᠳᠥᠷ ᠳᠡᠭᠲᠡᠷ ᠳᠡᠭᠡᠷ᠎ᠠ ᠠᠴᠠ ᠰᠢᠳᠡᠵᠦ | ᠳᠡᠯᠪᠡᠴᠢᠬᠦ ᠪᠠ ᠤᠳᠬᠤᠭᠤᠷ ᠢᠶᠠᠷ ᠬᠤᠰᠤᠵᠤ ᠣᠪᠣᠭᠠᠯᠠᠬᠤ ᠤᠷᠠᠯᠠᠯ ᠢ ᠬᠡᠷᠡᠭᠯᠡᠵᠦ ᠂ ᠡᠬᠢ ᠪᠠᠶᠠᠯᠢᠭ ᠢ ᠬᠤᠷᠢᠶᠠᠨ ᠠᠪᠴᠢᠷᠠᠬᠤ ᠨᠣᠷᠮ᠎ᠠ ᠨᠢ ᠣᠷᠳᠣ | ᠬᠤᠭᠤᠴᠠᠭ᠎ᠠ ᠪᠠᠷ 98% ᠠᠴᠠ ᠳᠡᠭᠡᠭᠰᠢ ᠪᠠᠶᠢᠬᠤ ᠶᠢ ᠪᠠᠲᠤᠯᠠᠵᠤ ᠂ ᠳᠠᠬᠢᠨ ᠬᠠᠳᠠᠢ ᠭᠤᠤᠯ ᠳᠤ ᠬᠦᠷᠬᠦ ᠳᠤ ᠂ ᠪᠢᠳᠡ ᠠᠭᠤᠷᠬᠠᠢ ᠶᠢᠨ ᠨᠡᠭᠡᠭᠡᠨ ᠮᠠᠯᠲᠠᠬᠤ ᠮᠠᠰᠢᠨ | ᠮᠧᠬᠠᠨᠢᠭ ᠤᠨ ᠬᠦᠷᠴᠢᠬᠢᠨᠡᠬᠦ ᠲᠠᠭᠤ ᠴᠢᠮᠡᠭᠡ ᠶᠢ ᠣᠯᠵᠤ ᠰᠣᠨᠣᠰᠬᠤ ᠦᠭᠡᠢ ᠮᠥᠷᠲᠡᠭᠡᠨ ᠬᠦᠳᠡᠷ ᠪᠠᠯᠪᠠᠯᠠᠬᠰᠠᠨ ᠤ ᠳᠠᠷᠠᠭ᠎ᠠ ᠲᠣᠭᠤᠰᠣ ᠰᠢᠷᠣᠢ ᠳᠡᠭᠳᠡᠭᠰᠡᠨ | ᠪᠠᠶᠢᠳᠠᠯ ᠢ ᠴᠤ ᠣᠯᠵᠤ ᠦᠵᠡᠬᠦ ᠦᠭᠡᠢ ᠪᠤᠯᠵᠠᠢ ᠃ | | ᠵᠢᠷᠤᠭ᠄ ᠵᠢᠯᠣᠭᠤᠴᠢ ᠦᠭᠡᠢ ᠠᠴᠢᠶᠠᠨ ᠤ ᠮᠠᠰᠢᠨ ᠲᠡᠷᠭᠡ ᠶᠠᠭ ᠰᠠᠶᠢᠬᠠᠨ ᠤᠯᠠᠨ ᠳᠤᠭᠤᠶᠢᠯᠠᠩ ᠬᠤᠪᠢᠶᠠᠨ ᠠᠵᠢᠯᠯᠠᠵᠤ ᠪᠠᠶᠢᠭ᠎ᠠ ᠨᠢ ᠃ | | 1990 ᠣᠨ ᠠᠴᠠ ᠡᠬᠢᠯᠡᠨ᠂ ᠤᠳᠤ ᠶᠢᠨ ᠣᠶᠤᠨᠴᠢᠯᠠᠭᠰᠠᠨ ᠵᠠᠳᠠᠭᠠᠢ ᠨᠡᠭᠦᠷᠡᠰᠦᠨ ᠠᠭᠤᠷᠬᠠᠢ ᠪᠣᠯᠬᠤ ᠪᠤᠯᠳᠠᠯ᠎ᠠ ᠂ ᠬᠠᠳᠠᠢ ᠭᠤᠤᠯ ᠤᠨ ᠦᠰᠦᠨ ᠪᠣᠶᠢᠵᠢᠭᠰᠠᠨ | ᠶᠠᠪᠤᠴᠠ ᠨᠢ ᠤᠯᠤᠰ ᠤᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠠ ᠬᠤᠪᠢᠰᠤᠯᠲᠠ ᠶᠢ ᠭᠡᠷᠡᠴᠢᠯᠡᠵᠡᠢ ᠃ ᠠᠳᠡ ᠤᠷᠢᠳ ᠬᠤᠵᠢᠳ ᠠᠩᠬᠠᠨ ᠤ ᠪᠦᠯᠦᠭ | ︽ ᠤᠯᠤᠰ ᠤᠨ ᠲᠠᠰ ᠤᠨ ᠪᠣᠬᠢᠷᠲᠤᠯ ᠦᠭᠡᠢ ᠠᠭᠤᠷᠬᠠᠢ ᠶᠢᠨ ᠲᠤᠷᠰᠢᠯᠲᠠ ᠶᠢᠨ ᠨᠢᠭᠡᠴᠢ ︾ ᠂ ︽ ᠠᠭᠤᠷᠬᠠᠢ ᠶᠢᠨ ᠰᠢᠯᠢᠳᠡᠭ ᠠᠵᠤ ᠠᠬᠤᠶᠢᠯᠠᠯ ︾ ᠂ ︽ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠰᠡᠨ | ᠵᠢᠱᠢᠶ᠎ᠡ ᠦᠵᠡᠭᠦᠯᠬᠦ ᠠᠭᠤᠷᠬᠠᠢ ︾ ᠵᠡᠷᠭᠡ ᠪᠠᠷ ᠦᠨᠡᠯᠡᠭᠳᠡᠵᠡᠢ ᠃ | ᠡᠳᠡᠭᠡᠷ ᠨᠢ ᠴᠥᠮ ᠵᠡᠭᠦᠨᠭᠠᠷ ᠬᠤᠰᠢᠭᠤᠨ ᠤ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠬᠡᠯᠪᠡᠷᠢ ᠶᠢ ᠬᠤᠪᠢᠷᠠᠭᠤᠯᠤᠬᠰᠠᠨ ᠵᠠᠮ ᠪᠣᠯᠣᠨ᠎ᠠ ᠂ ᠮᠥᠨᠴᠦ | ᠵᠡᠭᠦᠨᠭᠠᠷ ᠬᠤᠰᠢᠭᠤᠨ ᠤ ᠨᠡᠭᠦᠷᠡᠰᠦᠨ ᠠᠭᠤᠷᠬᠠᠢ ᠶᠢᠨ ᠪᠢᠴᠢᠭᠯᠡᠭᠰᠡᠨ︽ᠪᠣᠬᠢᠷᠲᠤᠯ ᠦᠭᠡᠢ︾ ᠴᠠᠭ ᠦᠶ᠎ᠡ ᠶᠢᠨ ᠢᠮ ᠲᠡᠮᠳᠡᠭ ᠪᠣᠯᠣᠨ᠎ᠠ ᠂ ᠡᠨᠡ ᠨᠢ ᠮᠠᠨ ᠤ | ᠤᠯᠤᠰ ᠤᠨ ᠠᠭᠤᠷᠬᠠᠢ ᠶᠢᠨ ᠦᠢᠯᠡᠰ ᠤᠨ ᠮᠡᠷᠭᠡᠵᠢᠯ ᠤᠨ ᠲᠦᠷᠭᠡᠨ ᠳᠠᠪᠰᠢᠯᠲᠠ ᠶᠢ ᠬᠠᠷᠠᠭᠤᠯᠵᠤ ᠂ ᠨᠡᠩ ᠴᠤ ᠪᠦᠬᠦ ᠪᠥᠮᠪᠥᠷᠴᠡᠭ ᠤᠨ ᠠᠭᠤᠷᠬᠠᠢ ᠶᠢᠨ ᠦᠢᠯᠡᠰ ᠤᠨ | ᠬᠥᠭᠵᠢᠯᠲᠡ ᠳᠤ ᠡᠷᠬᠢᠮ ᠨᠠᠨᠳᠢᠨ ᠲᠤᠷᠰᠢᠯᠭ᠎ᠠ ᠪᠠ ᠰᠡᠩᠬᠡᠷᠡᠭᠦᠯᠦᠯ ᠬᠠᠩᠭᠠᠭᠰᠠᠨ ᠪᠠᠶᠢᠨ᠎ᠠ᠃ | | ᠵᠢᠷᠤᠭ ᠄ ᠠᠭᠤᠷᠬᠠᠢ ᠶᠢᠨ ᠲᠣᠮᠣ ᠳ᠋ᠠᠶᠢᠲ᠋ᠠ ᠶᠢᠨ ᠤᠶᠤᠨᠴᠢ ᠵᠠᠳᠠᠯᠤᠯᠲᠠ ︵ ᠵᠢᠷᠤᠭ ᠢ ᠵᠡᠭᠦᠨᠭᠠᠷ ᠺᠠᠯ MCN ᠰᠦᠯᠵᠢᠶᠡᠨ ᠤ ᠤᠳᠤᠳ ᠤᠨ ᠬᠤᠯᠪᠤᠭ᠎ᠠ ᠠᠴᠠ | ᠬᠠᠩᠭᠠᠪᠠ︶ | | ᠤᠯᠠᠮ ᠠᠴᠠ ᠤᠯᠠᠮ ᠣᠯᠠᠨ ᠨᠡᠭᠦᠷᠡᠰᠦᠨ ᠠᠭᠤᠷᠬᠠᠢ ︽ ᠬᠥᠮᠥᠨ ᠤ ᠡᠵᠡᠮᠳᠡᠯ ︾ ᠠᠴᠠ ︽ ᠳᠤᠭᠠᠨ ᠤ ᠡᠵᠡᠮᠳᠡᠯ ︾ ᠵᠦᠭ ᠲᠠᠰ ᠳᠡᠪᠰᠢᠵᠤ ᠂ ︽ ᠠᠦ᠋ᠲ᠋ᠣ᠋ ︾ | ᠠᠴᠠ ︽ ᠣᠶᠤᠨᠴᠢ ︾ ᠪᠤᠯᠬᠤ ᠶᠢ ᠳᠠᠭᠠᠯᠳᠤᠨ ᠂ ᠥᠪᠥᠷ ᠮᠣᠩᠭᠤᠯ ᠣᠲᠣ ᠶᠠᠭ ᠨᠡᠭᠦᠷᠡᠰᠦᠨ ᠤ ᠠᠵᠢᠯ ᠲᠥᠷᠥᠯ ᠤᠨ ︽ ᠣᠶᠤᠨᠴᠢ ︾ ᠥᠨᠳᠥᠷ ᠴᠡᠭ ᠢ ᠲᠦᠷᠭᠡᠨ | ᠡᠵᠡᠯᠡᠵᠦ ᠪᠤᠢ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ ᠂ | ᠣᠳᠣᠬᠠᠨ ᠳᠤ ᠂ ᠪᠥᠬᠦ ᠣᠷᠣᠨ ᠤ ᠨᠡᠭᠦᠷᠡᠰᠦ ᠨᠡᠭᠡᠭᠡᠨ ᠮᠠᠯᠲᠠᠬᠤ ᠮᠠᠰᠢᠨᠴᠢᠯᠠᠯᠲᠠ ᠶᠢᠨ ᠨᠣᠷᠮ᠎ᠠ ᠨᠢ 100% ᠳᠤ ᠬᠦᠷᠴᠦ ᠂ ᠪᠠᠷᠤᠭ 70% ᠶᠢᠨ ᠨᠡᠭᠦᠷᠡᠰᠦᠨ | ᠠᠭᠤᠷᠬᠠᠢ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠂ ᠦᠢᠯᠡᠳᠪᠦᠷᠢᠯᠡᠬᠦ ᠴᠢᠳᠠᠪᠤᠷᠢ ᠨᠢ 88% ᠶᠢ ᠡᠵᠡᠯᠡᠵᠦ ᠂ ᠣᠶᠤᠨᠴᠢᠯᠠᠭᠰᠠᠨ | ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠬᠦ ᠴᠢᠳᠠᠪᠤᠷᠢ ᠨᠢ ᠪᠥᠬᠦ ᠤᠯᠤᠰ ᠲᠤ ᠳᠡᠷᠢᠬᠦᠯᠡᠪᠡ ᠃ | | 03 | ᠰᠢᠨ᠎ᠡ ᠡᠨᠧᠷᠭᠢ ᠶᠢᠨ ᠠᠵᠤ ᠦᠢᠯᠡᠰ ᠤᠨ ︽ ᠢᠷᠡᠭᠡᠳᠤᠢ ᠴᠠᠬᠯᠠᠰᠢ ᠦᠭᠡᠢ ︾ ᠪᠠᠶᠢᠵᠤ | ᠬᠡᠷᠡᠯ ᠴᠡᠨᠡᠭ ᠬᠢᠭᠡᠳ ᠤᠰᠤᠲᠥ᠋ᠷᠥᠭᠴᠢ ᠡᠨᠧᠷᠭᠢ ᠬᠠᠮᠵᠢᠯᠴᠠᠨ ᠬᠦᠭᠵᠢᠨ᠎ᠠ | ︽ ᠰᠢᠨ᠎ᠡ ︾ ᠶᠢ ᠬᠠᠶᠢᠨ ᠰᠦᠪᠡᠭᠴᠢᠯᠡᠬᠦ ᠵᠠᠮ ᠳᠡᠭᠡᠷ᠎ᠠ ᠂ ᠵᠡᠭᠦᠨᠭᠠᠷ ᠬᠤᠰᠢᠭᠤ ᠵᠣᠭᠰᠣᠯ ᠦᠭᠡᠢ ᠤᠷᠤᠭᠰᠢᠯᠠᠵᠤ ᠪᠠᠶᠢᠨ᠎ᠠ ᠃ | ᠬᠠᠨ ᠰᠢᠶᠠ ᠶᠢᠨ ᠬᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠪᠤᠷᠢᠯᠡᠬᠦ ᠠᠵᠤ ᠦᠢᠯᠡᠰ ᠤᠨ ᠵᠢᠱᠢᠶ᠎ᠡ ᠦᠵᠡᠭᠦᠯᠬᠦ ᠲᠦᠷᠦᠯ ᠵᠦᠢᠯ ᠪᠣᠯ ᠪᠦᠬᠦ ᠤᠯᠤᠰ ᠤᠨ | ᠠᠩᠬᠠᠳᠠᠭᠴᠢ ᠲᠦᠮᠡᠨ ᠲᠣᠨ ᠤ ᠲᠡᠰ ᠤᠨ ᠪᠤᠬᠢᠷᠳᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠪᠤᠷᠢᠯᠡᠬᠦ ᠲᠦᠷᠦᠯ ᠵᠦᠢᠯ ᠪᠠᠶᠢᠵᠤ ᠂ ᠨᠡᠷᠡᠨ ᠤ ᠡᠨᠧᠷᠭᠢ | ᠪᠣᠯᠣᠨ ᠤᠰᠤᠲᠥ᠋ᠷᠥᠭᠴᠢ ᠡᠨᠧᠷᠭᠢ ᠬᠤᠶᠠᠷ ᠶᠡᠭᠡ ᠴᠡᠪᠡᠷ ᠡᠨᠧᠷᠭᠢ ᠶᠢᠨ ᠠᠭᠤᠰᠤᠯᠴᠠᠯ ᠢ ᠪᠡᠶᠡᠯᠡᠭᠦᠯᠵᠡᠢ ᠃ ᠵᠡᠭᠦᠨᠭᠠᠷ ᠬᠤᠰᠢᠭᠤᠨ ᠤ ᠬᠡᠷᠡᠯ ᠴᠡᠨᠡᠭ ᠤᠨ ᠡᠬᠢ ᠪᠠᠶᠠᠯᠢᠭ | ᠡᠯᠪᠡᠭ ᠳᠡᠯᠪᠡᠭ ᠪᠠᠶᠢᠵᠤ ᠂ ᠴᠠᠬᠢᠯᠭᠠᠨ ᠵᠠᠳᠠᠯᠤᠯᠲᠠ ᠪᠠᠷ ᠤᠰᠤᠲᠥ᠋ᠷᠥᠭᠴᠢ ᠦᠢᠯᠡᠳᠪᠤᠷᠢᠯᠡᠬᠦ ᠳᠤ ᠭᠦᠢᠴᠡᠳ ᠬᠡᠮᠵᠢᠶᠡᠨ ᠤ ᠪᠣᠬᠢᠷᠲᠤᠯ ᠦᠭᠡᠢ ᠴᠠᠬᠢᠯᠭᠠᠨ ᠡᠨᠧᠷᠭᠢ | ᠬᠠᠩᠭᠠᠵᠤ ᠂ ᠪᠤᠬᠢᠷᠳᠤᠯ ᠦᠭᠡᠢ ᠤᠰᠤᠲᠥ᠋ᠷᠥᠭᠴᠢ ᠶᠢᠨ ︽ ᠦᠢᠯᠡᠳᠪᠤᠷᠢᠯᠡᠬᠦ ︱ ᠬᠠᠳᠠᠭᠠᠯᠠᠬᠤ ︱ ᠳᠠᠮᠵᠢᠭᠤᠯᠬᠤ ︱ ᠬᠡᠷᠡᠭᠯᠡᠬᠦ ︾ ᠪᠥᠬᠦ ᠠᠵᠤ ᠦᠢᠯᠡᠰ ᠤᠨ | ᠬᠡᠯᠬᠢᠶ᠎ᠡ ᠶᠢ ᠨᠡᠪᠲᠡᠷᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ ᠃ | | | | ᠲᠢᠶᠠᠨ ᠾᠧ ᠭᠤᠸᠠᠩ ᠨᠧᠩ ᠤᠨ ᠥᠪᠥᠷ ᠮᠣᠩᠭᠤᠯ ᠤᠨ ᠲᠢᠶᠠᠨ ᠱᠧᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠲᠥᠯᠥᠭᠡᠯᠡᠬᠦ ᠴᠢᠨᠠᠷᠲᠠᠢ ᠠᠵᠤ ᠠᠬᠤᠶᠢᠯᠠᠯ ᠪᠣᠯᠣᠨ᠎ᠠ ᠂ | ᠡᠨᠡᠬᠦ ᠠᠵᠤ ᠠᠬᠤᠶᠢᠯᠠᠯ ᠳᠤ ᠬᠦᠷᠬᠦ ᠳᠤ ᠂ ᠦᠢᠯᠡᠳᠪᠦᠷᠢᠯᠡᠯ ᠤᠨ ᠲᠠᠰᠤᠭ ᠲᠤ ᠬᠦᠮᠤᠰ ᠤᠨ ᠳᠠᠭᠤᠨ ᠱᠤᠤᠬᠢᠵᠤ ᠂ ᠮᠠᠰᠢᠨ ᠮᠧᠬᠠᠨᠢᠭ ᠬᠦᠷᠴᠢᠬᠢᠨᠡᠨ ᠂ ᠶᠠᠭᠠᠷᠠᠯᠲᠠᠢ | ᠦᠢᠯᠡᠳᠪᠦᠷᠢᠯᠡᠯ ᠤᠨ ᠪᠠᠶᠢᠳᠠᠯ ᠢᠯᠡᠷᠡᠨ᠎ᠠ ᠃ ᠠᠦ᠋ᠲ᠋ᠣ᠋ ᠰᠢᠯ ᠤᠨ ᠮᠠᠲ᠋ᠧᠷᠢᠶᠠᠯ ᠣᠷᠣᠭᠤᠯᠬᠤ ᠂ ᠭᠠᠩᠨᠠᠨ ᠵᠠᠯᠭᠠᠬᠤ ᠂ ᠬᠠᠪᠲᠠᠰᠤ ᠤᠭᠰᠠᠷᠠᠭᠤᠯᠬᠤ ᠵᠡᠷᠭᠡ ᠠᠷᠪᠠᠨ | ᠬᠡᠳᠦᠨ ᠠᠵᠢᠯ ᠤᠨ ᠳᠠᠷᠠᠭᠠᠯᠠᠯ ᠢᠶᠠᠷ ᠳᠡᠮᠵᠢᠨ ᠂ ᠬᠡᠰᠡᠭ ᠬᠡᠰᠡᠭ ᠬᠡᠷᠡᠯ ᠴᠡᠨᠡᠭ ᠤᠨ ᠰᠢᠯ ᠢ ᠦᠢᠯᠡᠳᠪᠦᠷᠢᠯᠡᠯ ᠤᠨ ᠱᠤᠭᠤᠮ ᠠᠴᠠ ᠪᠠᠭᠤᠯᠭᠠᠭᠰᠠᠨ ᠤ ᠳᠠᠷᠠᠭ᠎ᠠ ᠂ | ᠪᠠᠶᠢᠴᠠᠭᠠᠨ ᠰᠢᠯᠭᠠᠵᠤ ᠪᠣᠭᠤᠳᠠᠯᠯᠠᠭᠠᠳ ᠬᠥᠮᠥᠷᠭᠡ ᠳᠤ ᠣᠷᠣᠭᠤᠯᠵᠤ ᠂ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠨ᠎ᠠ ᠃ | | ᠵᠢᠷᠤᠭ᠄ ᠲᠢᠶᠠᠨ ᠾᠧ ᠭᠤᠸᠠᠩ ᠨᠧᠩ ᠤᠨ ᠥᠪᠥᠷ ᠮᠣᠩᠭᠤᠯ ᠤᠨ ᠲᠢᠶᠠᠨ ᠱᠧᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠦᠢᠯᠡᠳᠪᠦᠷᠢᠯᠡᠯ ᠤᠨ ᠲᠠᠰᠤᠭ ᠲᠤ ᠶᠠᠭᠠᠷᠠᠯᠲᠠᠢ ᠦᠢᠯᠡᠳᠪᠦᠷᠢᠯᠡᠯ ᠤᠨ ᠪᠠᠶᠢᠳᠠᠯ ᠢᠯᠡᠷᠡᠨ᠎ᠠ᠃ ︵ ᠭᠡᠷᠡᠯ ᠵᠢᠷᠤᠭ ᠢ ᠸᠠᠩ ᠬᠤᠢ ᠴᠢᠨ ᠰᠡᠬᠦᠳᠡᠷᠯᠡᠪᠡ︶ | | ᠤᠯᠤᠰ ᠤᠨ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠭᠦᠨᠵᠡᠭᠡᠢ ᠠᠬᠢᠬᠤ ᠶᠢ ᠳᠠᠭᠠᠯᠳᠤᠨ᠂ ᠴᠢᠬᠤᠯᠠ ᠡᠨᠧᠷᠭᠢ ᠶᠢᠨ ᠰᠠᠭᠤᠷᠢᠨ ᠭᠠᠵᠠᠷ | ᠪᠣᠯᠤᠭᠰᠠᠨ ᠵᠡᠭᠦᠨᠭᠠᠷ ᠬᠤᠰᠢᠭᠤ ᠨᠢ ︽ ᠭᠡᠷᠡᠯ ᠭᠢᠯᠪᠠᠭ᠎ᠠ ᠶᠢ ᠬᠦᠭᠡᠭᠡᠴᠡᠯᠳᠦᠬᠦ ︾ ᠳᠡᠶᠢᠰᠢ ᠤᠷᠤᠭᠰᠢᠯᠠᠵᠤ ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ | ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠪᠠᠷ ᠦᠯᠤ ᠪᠠᠷᠠᠨ᠂ ᠪᠠᠰᠠ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠪᠦᠬᠦ ᠬᠦᠴᠦᠨ ᠢᠶᠠᠷ ᠢᠶᠠᠨ | ᠴᠣᠭᠴᠠᠯᠠᠵᠤ ᠪᠠᠶᠢᠨ᠎ᠠ᠃ ᠥᠪᠥᠷ ᠮᠣᠩᠭᠤᠯ ᠤᠨ ᠳᠢᠶᠧ ᠴᠧᠨ ᠣᠶᠤᠨᠴᠢ ᠲᠣᠨᠣᠭᠯᠠᠯ ᠤᠨ ᠬᠢᠵᠠᠭᠠᠷᠲᠤ ᠺᠣᠮᠫᠠᠨᠢ ᠂ ᠶᠤᠸᠠᠨ ᠵᠢᠩ ᠡᠨᠧᠷᠭᠢ ᠂ ᠬᠥᠪᠴᠢ ᠶᠢᠨ ᠡᠯᠡᠰᠦᠨ | ᠴᠥᠯ ᠤᠨ 400 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠂ ᠷᠦᠩ ᠱᠧᠩ ᠪᠣᠬᠢᠷᠲᠤᠯ ᠦᠭᠡᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ | ᠨᠢᠭᠡ ᠴᠣᠭᠴᠠᠵᠢᠭᠤᠯᠬᠤ ᠲᠥᠷᠥᠯ ᠵᠦᠢᠯ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ ᠲᠥᠷᠥᠯ ᠵᠦᠢᠯ ᠢ ᠶᠠᠭ ᠪᠦᠲᠦᠭᠡᠨ ᠪᠠᠶᠢᠭᠤᠯᠵᠤ ᠪᠠᠶᠢᠭ᠎ᠠ ᠪᠤᠶᠤ | ᠠᠰᠢᠭᠯᠠᠯᠲᠠ ᠳᠤ ᠣᠷᠣᠭᠤᠯᠵᠤ ᠪᠠᠶᠢᠨ᠎ᠠ ᠃ ᠰᠢᠨ᠎ᠡ ᠡᠨᠧᠷᠭᠢ ᠶᠢᠨ ᠠᠵᠤ ᠦᠢᠯᠡᠰ ᠦᠭᠡᠢ ᠪᠠᠶᠢᠬᠰᠠᠨ ᠠᠴᠠ ᠪᠠᠨ ᠪᠠᠶᠢᠬᠤ ᠪᠣᠯᠵᠤ ᠂ ᠪᠠᠶᠢᠭᠰᠠᠨ ᠠᠴᠠ ᠪᠠᠨ | ᠰᠢᠯᠢᠳᠡᠭᠵᠢᠵᠦ ᠂ ᠰᠢᠯᠢᠳᠡᠭ ᠠᠴᠠ ᠪᠠᠨ ᠬᠦᠴᠦᠷᠬᠡᠭ ᠪᠣᠯᠤᠭᠰᠠᠨ ᠭᠤᠶᠢᠳᠠ ᠰᠠᠶᠢᠬᠠᠨ ᠳᠤᠮᠤ ᠬᠤᠪᠢᠷᠠᠯᠲᠠ ᠶᠢ ᠪᠡᠶᠡᠯᠡᠭᠦᠯᠵᠦ ᠂ ︽ ᠰᠠᠯᠬᠢ ᠭᠡᠷᠡᠯ ᠤᠰᠤᠲᠥ᠋ᠷᠥᠭᠴᠢ | ᠬᠠᠳᠠᠭᠠᠯᠠᠴᠠ ᠳᠡᠷᠭᠡ ︾ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠵᠠᠮ ᠢᠶᠠᠷ ᠵᠡᠭᠦᠨᠭᠠᠷ ᠬᠤᠰᠢᠭᠤ ᠲᠣᠮᠣ ᠠᠯᠬᠤᠮ ᠢᠶᠠᠷ | ᠤᠷᠤᠭᠰᠢᠯᠠᠵᠤ ᠪᠠᠶᠢᠨ᠎ᠠ᠃ | | ᠵᠢᠷᠤᠭ᠄ ᠪᠣᠬᠢᠷᠲᠤᠯ ᠦᠭᠡᠢ ᠣᠶᠤᠨᠴᠢ ᠠᠭᠤᠷᠬᠠᠢ ︵ ᠵᠢᠷᠤᠭ ᠢ ᠯᠢ ᠳ᠋ᠦᠩ ᠬᠠᠩᠭᠠᠪᠠ︶ | | ᠵᠡᠭᠦᠨᠭᠠᠷ ᠬᠤᠰᠢᠭᠤᠨ ᠤ ᠬᠡᠯᠪᠡᠷᠢ ᠪᠠᠨ ᠬᠤᠪᠢᠷᠠᠭᠤᠯᠤᠬᠰᠠᠨ ᠦᠢᠯᠡᠳᠦᠯᠭᠡ ᠨᠢ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠠᠷᠭ᠎ᠠ ᠵᠠᠮ ᠢ ᠠᠮᠢᠳᠤᠯᠢᠭ ᠢᠶᠠᠷ ᠲᠠᠶᠢᠯᠪᠤᠷᠢᠯᠠᠵᠠᠢ ︱ ᠤᠯᠠᠮᠵᠢᠯᠠᠯᠲᠤ ᠠᠵᠤ ᠦᠢᠯᠡᠰ ᠢ ᠳᠥᠭᠦᠮᠬᠡᠨ ᠢᠶᠠᠷ ᠲᠠᠶᠠᠭᠳᠠᠭᠰᠠᠨ ᠪᠢᠰᠢ ᠂ ᠬᠠᠷᠢᠨ ᠮᠡᠷᠭᠡᠵᠢᠯ ᠤᠨ | ᠰᠢᠨ᠎ᠡ ᠶᠢ ᠡᠭᠦᠳᠴᠦ ᠴᠢᠳᠠᠪᠬᠢ ᠣᠯᠭᠤᠬᠤ ᠂ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠤᠨ ᠳᠡᠭᠡᠭᠰᠢᠯᠡᠯᠲᠡ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠬᠥᠭᠵᠢᠯᠲᠡ ᠪᠠᠷ ᠳᠠᠮᠵᠢᠭᠤᠯᠤᠨ ᠂ ᠨᠠᠩ ᠤᠶᠠᠨ ᠬᠠᠲᠠᠨ ᠴᠢᠨᠠᠷ ᠪᠠ ᠠᠮᠢᠵᠢᠷᠠᠯ ᠤᠨ ᠬᠦᠴᠦᠨ ᠲᠠᠢ ᠣᠲᠣ ᠦᠶ᠎ᠡ ᠶᠢᠨ ᠠᠵᠤ ᠦᠢᠯᠡᠰ ᠤᠨ ᠳᠤᠬᠳᠠᠯᠴᠠᠭ᠎ᠠ ᠶᠢ | ᠴᠣᠭᠴᠠᠯᠠᠨ ᠪᠠᠶᠢᠭᠤᠯᠤᠭᠰᠠᠨ ᠪᠠᠶᠢᠨ᠎ᠠ ᠃ | ᠨᠢᠭᠡ ᠬᠡᠰᠡᠭ ᠨᠡᠭᠦᠷᠡᠰᠦ ᠠᠴᠠ ᠨᠢᠭᠡ ᠪᠦᠬᠦᠯᠢ ᠪᠥᠰ ᠬᠦᠷᠲᠡᠯ᠎ᠡ ᠂ ᠨᠡᠭᠦᠷᠡᠰᠦᠨ ᠳᠠᠯᠠᠢ ᠠᠴᠠ ᠤᠶᠤᠨ ᠤ ᠳᠠᠯᠠᠢ ᠬᠦᠷᠲᠡᠯ᠎ᠡ ᠂ ︽ᠬᠠᠷ᠎ᠠ ᠦᠩᠭᠡᠳᠤ ᠠᠵᠤ ᠠᠬᠤᠢ︾ | ᠠᠴᠠ ︽ᠤᠯᠠᠨ ᠦᠢᠯᠡᠰ ᠤᠨ ᠲᠤᠯᠭᠠᠭᠤᠷᠢᠯᠠᠯ︾ ᠬᠦᠷᠲᠡᠯ᠎ᠡ ᠂ ᠥᠨᠥᠳᠥᠷ ᠤᠨ ᠵᠡᠭᠦᠨᠭᠠᠷ ᠬᠤᠰᠢᠭᠤ ᠶᠠᠭ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ | ᠬᠦᠳᠤᠯᠤᠮᠵᠢ ᠪᠣᠯᠭᠠᠵᠤ᠂ ︽ᠡᠬᠢ ᠪᠠᠶᠠᠯᠢᠭ ᠤᠨ ᠭᠡᠪᠰᠢᠮᠡᠯ ︾ ᠢ ᠡᠪᠳᠡᠵᠦ ᠂ ᠬᠡᠯᠪᠡᠷᠢ ᠶᠢ ᠬᠤᠪᠢᠷᠠᠭᠤᠯᠬᠤ ᠶᠠᠪᠤᠴᠠ ᠳᠤ ᠬᠤᠪᠢᠷᠠᠯᠲᠠ ᠭᠠᠷᠭᠠᠵᠤ ᠂ ᠰᠢᠨ᠎ᠡ ᠶᠢ ᠡᠭᠦᠳᠬᠦ | ᠶᠠᠪᠤᠴᠠ ᠳᠤ ᠳᠠᠪᠠᠯᠲᠠ ᠶᠢ ᠪᠡᠶᠡᠯᠡᠬᠦᠯᠵᠤ ᠂ ᠰᠢᠨ᠎ᠡ ᠴᠠᠭ ᠦᠶ᠎ᠡ ᠶᠢᠨ ᠰᠢᠶᠠᠨ ᠤ ᠭᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ | ᠬᠡᠪ ᠵᠠᠭᠪᠤᠷ ᠢ ᠪᠢᠴᠢᠭᠯᠡᠨ᠎ᠠ᠃ | |