| | ᠣᠶᠢᠷ᠎ᠠ ᠳᠤ ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠵᠡᠭᠦᠨᠭᠠᠷ ᠬᠤᠰᠢᠭᠤᠨ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ ᠃ | | ᠵᠢᠷᠤᠭ᠄ ᠯᠢ ᠯᠢ ᠵᠡᠭᠦᠨᠭᠠᠷ ᠬᠤᠰᠢᠭᠤᠨ ᠳᠤ ᠲᠡᠦᠬᠡ ᠶᠢᠨ ᠳᠤᠷᠠᠰᠬᠠᠯᠲᠤ ᠵᠤᠶᠢᠯᠡᠰ ᠢ ᠬᠠᠮᠠᠭᠠᠯᠠᠵᠤ ᠰᠡᠷᠭᠦᠭᠡᠨ ᠠᠰᠢᠭᠯᠠᠭᠰᠠᠨ ᠵᠡᠷᠭᠡ ᠪᠠᠶᠢᠳᠠᠯ ᠢ ᠪᠠᠶᠢᠴᠠᠭᠠᠨ | ᠰᠤᠳᠤᠯᠵᠤ ᠪᠠᠶᠢᠭ᠎ᠠ ᠨᠢ ᠃ | ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠮᠧᠢ ᠵᠢᠢ ᠬᠤᠳᠠ ᠂ ᠪᠦᠬᠦ ᠤᠯᠤᠰ ᠤᠨ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠱᠢ ᠡᠯ ᠯᠢᠶᠠᠨ ᠴᠧᠩ ᠬᠤᠳᠠ ᠶᠢᠨ ᠪᠠᠭᠤᠷᠢ ᠳᠤ ᠂ ᠯᠢ ᠯᠢ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠷᠭᠦᠭᠡᠨ ᠠᠰᠢᠭᠯᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠷᠡ᠂ ᠰᠢ ᠶᠢᠨ ᠫᠢᠩ ᠤᠨ ᠰᠣᠶᠣᠯ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ | ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠰᠢᠨ᠎ᠡ ᠴᠠᠭ | ᠦᠶ᠎ᠡ ᠶᠢᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠠᠵᠢᠯ ᠤᠨ ᠴᠢᠭᠯᠡᠯᠲᠡ ᠶᠢ ᠭᠦᠨᠵᠡᠭᠡᠢ ᠳᠤᠭᠤᠰᠢᠯᠠᠭᠤᠯᠤᠨ ᠂ ᠳᠡᠭᠡᠳᠦ ᠬᠡᠮᠵᠢᠶᠡᠨ ᠤ ᠤᠯᠤᠰ ᠲᠦᠷᠦ ᠶᠢᠨ | ᠬᠠᠷᠢᠭᠤᠴᠠᠯᠭᠠᠲᠤ ᠰᠡᠳᠬᠢᠯᠭᠡ ᠪᠠᠷ ᠲᠡᠦᠬᠡ ᠶᠢᠨ ᠳᠤᠷᠠᠰᠬᠠᠯᠲᠤ ᠵᠤᠶᠢᠯᠡᠰ ᠢ ᠰᠠᠶᠢᠲᠤᠷ ᠬᠠᠮᠠᠭᠠᠯᠠᠵᠤ ᠂ ᠲᠡᠦᠬᠡ ᠶᠢᠨ ᠦᠨᠳᠦᠰᠦ ᠰᠤᠷᠪᠤᠯᠵᠢ ᠶᠢ ᠰᠠᠶᠢᠲᠤᠷ ᠰᠠᠬᠢᠨ | ᠬᠠᠮᠠᠭᠠᠯᠠᠬᠤ ᠬᠡᠷᠡᠭᠲᠡᠢ ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ︽ᠳᠥᠷᠪᠡ ᠶᠢ ᠪᠦᠷᠢᠳᠦᠭᠦᠯᠬᠦ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠂ ᠬᠠᠮᠠᠭᠠᠯᠠᠯᠲᠠ ᠶᠢᠨ ᠡᠷᠴᠢᠮ ᠢᠶᠠᠨ ᠦᠨᠡᠨᠬᠦ ᠴᠢᠩᠭᠠᠷᠠᠭᠤᠯᠵᠤ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ ᠂ | ᠰᠤᠳᠤᠯᠵᠤ ᠲᠠᠶᠢᠯᠪᠤᠷᠢᠯᠠᠬᠤ ᠶᠢ ᠦᠷᠭᠦᠯᠵᠢᠯᠡᠨ ᠴᠢᠩᠭᠠᠳᠬᠠᠵᠤ ᠂ ᠨᠣᠶᠢᠷᠮᠣᠭᠯᠠᠵᠤ ᠪᠠᠶᠢᠭ᠎ᠠ ᠰᠣᠶᠣᠯ ᠤᠨ ᠥᠪ ᠢ ᠠᠮᠢᠳᠤᠯᠢᠭ ᠪᠣᠯᠭᠠᠬᠤ ᠬᠡᠷᠡᠭᠲᠡᠢ ᠭᠡᠪᠡ ᠃ | | ᠵᠢᠷᠤᠭ᠄ ᠯᠢ ᠯᠢ ᠵᠡᠭᠦᠨᠭᠠᠷ ᠬᠤᠰᠢᠭᠤᠨ ᠳᠤ ᠲᠥᠷᠥᠯ ᠵᠦᠢᠯ ᠤᠨ ᠭᠠᠷ ᠤᠷᠠᠯᠠᠯ ᠤᠨ ᠶᠠᠪᠤᠴᠠ ᠂ ᠪᠦᠲᠦᠭᠡᠨ ᠪᠠᠶᠢᠭᠤᠯᠤᠯᠲᠠ ᠶᠢᠨ ᠠᠬᠢᠴᠠ ᠂ ᠵᠠᠬ᠎ᠠ ᠳᠡᠯᠭᠡᠭᠦᠷ ᠤᠨ | ᠢᠷᠡᠭᠡᠳᠦᠢ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠪᠠᠶᠢᠭ᠎ᠠ ᠨᠢ ᠃ | | ᠬᠤᠢ ᠨᠧᠩ ᠨᠡᠭᠦᠷᠡᠰᠤᠨ ᠴᠠᠬᠢᠯᠭᠠᠨ ᠤ ᠪᠦᠯᠦᠭᠯᠡᠯ ᠤᠨ 20 ᠲᠦᠮᠡᠨ ᠲᠣᠨ ᠤ ᠨᠡᠭᠦᠷᠡᠰᠦᠨ ᠴᠢᠯᠠᠭᠤ ᠨᠤᠨᠳᠠᠭ ᠨᠡᠭᠦᠷᠡᠰᠦᠨ ᠤ ᠦᠨᠡᠰᠦ ᠶᠢ ᠡᠬᠢ | ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠦᠷᠦᠯ ᠵᠦᠢᠯ ᠂ ᠥᠪᠥᠷ ᠮᠣᠩᠭᠤᠯ ᠤᠨ ᠬᠦᠢ ᠶᠤᠸᠠᠨ ᠰᠢᠨ᠎ᠠ ᠡᠨᠧᠷᠬᠢ ᠶᠢᠨ ᠡᠯᠧᠺᠲᠷᠣᠨ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠯᠢᠲ᠋ᠢ ᠢᠶᠤᠨ ᠳ᠋ᠢᠶᠠᠨ ᡂᠢ ᠶᠢᠨ ᠴᠠᠬᠢᠭᠤᠷ ᠨᠡᠭᠦᠷᠡᠰᠦᠲᠥ᠋ᠷᠥᠭᠴᠢ ᠶᠢᠨ ᠪᠢᠯᠢᠭ | ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ ᠳᠤ ᠂ ᠯᠢ ᠯᠢ ᠲᠦᠷᠦᠯ ᠵᠦᠢᠯ ᠤᠨ ᠭᠠᠷ ᠤᠷᠠᠯᠠᠯ ᠤᠨ ᠶᠠᠪᠤᠴᠠ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠵᠠᠬ᠎ᠠ | ᠳᠡᠯᠭᠡᠭᠦᠷ ᠤᠨ ᠠᠯᠤᠰ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠷᠡ᠂ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ | ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠪᠣᠯᠣᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠂ ᠴᠢᠬᠤᠯᠠ ᠶᠡᠭᠡ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠡᠷᠲᠡ ᠠᠴᠠ ᠪᠦᠲᠦᠭᠡᠨ ᠪᠠᠶᠢᠭᠤᠯᠵᠤ ᠂ ᠡᠷᠲᠡ ᠠᠰᠢᠭᠯᠠᠯᠲᠠ ᠳᠤ ᠣᠷᠣᠭᠤᠯᠵᠤ ᠂ ᠡᠷᠲᠡ | ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ ᠂ ᠲᠦᠷᠦᠯ ᠵᠦᠢᠯ ᠢ ᠬᠡᠷᠡᠭᠵᠢᠭᠦᠯᠬᠦ ᠲᠠᠢ ᠤᠶᠠᠯᠳᠤᠭᠤᠯᠤᠨ | ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ ᠂ ᠠᠵᠤ ᠠᠬᠤᠶᠢᠯᠠᠯ ᠢ ᠬᠠᠪᠰᠤᠷᠤᠨ ᠦᠷ᠎ᠡ ᠪᠦᠲᠦᠮᠵᠢ ᠶᠢ ᠨᠢ ᠳᠡᠭᠡᠭᠰᠢᠯᠡᠭᠦᠯᠵᠦ ᠂ ᠠᠵᠢᠯ ᠤᠨ ᠬᠤᠭᠤᠴᠠᠭ᠎ᠠ ᠶᠢ | ᠨᠢ ᠪᠣᠭᠤᠨᠢᠰᠬᠠᠵᠤ ᠂ ᠥᠪᠡᠷ ᠤᠨ ᠦᠷᠳᠡᠭ ᠢ ᠨᠢ ᠪᠠᠭᠤᠷᠠᠭᠤᠯᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠥᠷᠨᠢᠭᠦᠯᠬᠦ ᠲᠠᠢ | ᠤᠶᠠᠯᠳᠤᠭᠤᠯᠵᠤ ᠂ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠤᠨ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠭᠡᠯᠬᠢᠶ᠎ᠠ ᠶᠢ ᠢᠵᠢ | ᠪᠦᠷᠢᠳᠦᠭᠦᠯᠬᠦ ᠲᠠᠢ ᠨᠢᠭᠲᠠ ᠤᠶᠠᠯᠳᠤᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠤᠨᠢᠨ ᠳᠡᠭᠡᠷ᠎ᠡ ᠨᠢ ᠪᠦᠲᠦᠮᠵᠢᠲᠡᠢ ᠥᠷᠨᠢᠭᠦᠯᠵᠦ᠂ ᠨᠡᠩ ᠤᠯᠠᠨ | ᠶᠡᠭᠡ ᠲᠦᠷᠦᠯ ᠵᠦᠢᠯ ᠰᠠᠶᠢᠨ ᠲᠦᠷᠦᠯ ᠵᠦᠢᠯ ᠢ ᠤᠷᠤᠭᠤᠯᠤᠨ ᠠᠪᠴᠢᠷᠠᠵᠤ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠵᠤ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠠ᠃ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠨᠠᠷᠢᠨ ᠪᠢᠴᠢᠭ ᠤᠨ ᠳᠠᠷᠤᠭ᠎ᠠ ᠡᠷᠳᠡᠨᠢᠪᠢᠯᠢᠭ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠵᠣᠣ ᠱᠤᠸᠠᠨ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ | ᠬᠤᠷᠢᠶ᠎ᠠ ᠶᠢᠨ ᠳᠡᠳ᠋ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠢᠶᠣᠤ ᠠᠢ ᠫᠢᠩ ᠣᠷᠣᠯᠴᠠᠵᠠᠢ ᠃ | |