| ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠠᠨᠲ᠋ᠤᠨᠢ • ᠠᠯᠪᠠᠨᠢᠰ ᠲᠤ ᠴᠠᠭᠢᠯᠭᠠᠨ ᠴᠢᠮᠡᠭᠡ ᠶᠠᠪᠤᠭᠤᠯᠵᠤ ᠂ ᠲᠡᠭᠦᠨ ᠤ ᠠᠦ᠋ᠰᠳ᠋ᠷᠠᠯᠢᠶ᠎ᠠ ᠶᠢᠨ ᠬᠤᠯᠪᠣᠭᠠᠨ ᠤ ᠵᠠᠰᠠᠭ ᠤᠨ ᠣᠷᠳᠣᠨ ᠤ ᠶᠡᠷᠦᠩᠬᠡᠢ | ᠰᠠᠶᠢᠳ ᠢᠶᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ ᠃ | ᠰᠢ ᠶᠢᠨ ᠫᠢᠩ ᠂ ᠥᠩᠭᠡᠷᠡᠭᠰᠡᠨ 3 ᠵᠢᠯ ᠳᠤ ᠪᠢ ᠶᠡᠷᠦᠩᠬᠡᠢ ᠰᠠᠶᠢᠳ ᠠᠪᠤᠭᠠᠢ ᠲᠠᠢ ᠠᠭᠤᠯᠵᠠᠵᠤ ᠂ ᠳᠤᠮᠳᠠᠳᠤ ᠠᠦ᠋ᠰᠳ᠋ᠷᠠᠯᠢᠶ᠎ᠠ ᠶᠢᠨ ᠬᠠᠷᠢᠯᠴᠠᠭᠠᠨ ᠤ | ᠬᠥᠭᠵᠢᠯᠲᠡ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠂ ᠪᠦᠭᠦ ᠲᠠᠯ᠎ᠠ ᠶᠢᠨ ᠴᠢᠨᠠᠷᠲᠠᠢ ᠂ ᠴᠢᠭᠯᠡᠯ ᠤᠨ ᠴᠢᠨᠠᠷᠲᠠᠢ ᠠᠰᠠᠭᠤᠳᠠᠯ ᠤᠨ ᠲᠤᠬᠠᠢ | ᠭᠦᠨᠵᠡᠭᠡᠢ ᠣᠯᠣᠯᠴᠠᠬᠤ ᠶᠢᠨ ᠬᠠᠮᠲᠤ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ ᠂ ᠬᠤᠶᠠᠷ ᠤᠯᠤᠰ ᠤᠨ ᠬᠠᠷᠢᠯᠴᠠᠭ᠎ᠠ ᠶᠢ ᠰᠠᠶᠢᠵᠢᠷᠠᠭᠤᠯᠬᠤ ᠪᠠ | ᠬᠥᠭᠵᠢᠭᠦᠯᠬᠦ ᠳᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠬᠠᠩᠭᠠᠵᠠᠢ ᠃ ᠳᠤᠮᠳᠠᠳᠤ ᠠᠦ᠋ᠰᠳ᠋ᠷᠠᠯᠢᠶ᠎ᠠ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ | ᠨᠢᠭᠡ ᠠᠯᠬᠤᠮ ᠴᠢᠩᠭᠠᠳᠬᠠᠬᠤ ᠨᠢ ᠬᠤᠶᠠᠷ ᠤᠯᠤᠰ ᠤᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠪᠢ ᠳᠤᠷᠠᠲᠠᠶ᠎ᠠ ᠶᠡᠷᠦᠩᠬᠡᠢ ᠰᠠᠶᠢᠳ ᠠᠯᠪᠠᠨᠢᠰ ᠲᠠᠢ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ | ᠠᠦ᠋ᠰᠳ᠋ᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ ᠂ ᠬᠤᠶᠠᠷ | ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃ | ᠲᠤᠰ ᠡᠳᠦᠷ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠠᠯᠪᠠᠨᠢᠰ ᠲᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ ᠂ | ᠳᠤᠮᠳᠠᠳᠤ ᠤᠯᠤᠰ ᠳᠤᠷᠠᠲᠠᠶ᠎ᠠ ᠠᠦ᠋ᠰᠳ᠋ᠷᠠᠯᠢᠶ᠎ᠠ ᠶᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠲᠠᠢ ᠬᠠᠮᠲᠤ ᠪᠠᠷ ᠨᠡᠩ ᠪᠣᠯᠪᠠᠰᠤᠷᠠᠩᠭᠤᠢ ᠲᠣᠭᠲᠠᠭᠤᠨ ᠂ | ᠨᠡᠩ ᠪᠠᠶᠠᠯᠢᠭ ᠦᠷ᠎ᠡ ᠪᠦᠲᠦᠭᠡᠯ ᠲᠠᠢ ᠳᠤᠮᠳᠠᠳᠤ ᠠᠦ᠋ᠰᠳ᠋ᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠶᠢ | ᠠᠬᠢᠭᠤᠯᠤᠨ᠎ᠠ ᠭᠡᠵᠦ ᠢᠯᠡᠳᠬᠡᠪᠡ ᠃ | | |