| | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ | ᠰᠢ ᠶᠢᠨ ᠫᠢᠩ ᠂ ᠨᠢᠳᠤᠨᠤᠨ ᠳᠤᠮᠳᠠᠳᠤ ᠪᠷᠠᠽᠢᠯ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ ᠲᠠᠰᠢᠷᠠᠮ ᠢᠶᠠᠷ ᠂ ᠬᠤᠶᠠᠷ ᠲᠠᠯ᠎ᠠ ᠪᠠᠷ ᠢᠶᠠᠨ ᠬᠤᠶᠠᠷ | ᠤᠯᠤᠰ ᠤᠨ ᠬᠠᠷᠢᠯᠴᠠᠭ᠎ᠠ ᠶᠢ ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠤᠨ ᠳᠤᠮᠳᠠᠳᠤ | ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠲᠡᠰ ᠳᠡᠪᠰᠢᠭᠦᠯᠦᠨ᠎ᠡ ᠭᠡᠵᠦ ᠨᠡᠶᠢᠲᠡᠯᠡᠪᠡ ᠂ ᠡᠨᠡ ᠬᠦ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ | ᠪᠣᠳᠣᠯᠭ᠎ᠠ ᠨᠢ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠳᠠᠷᠠᠭᠠᠴᠢ ᠶᠢᠨ ︽ ᠰᠢᠵᠢᠷ ᠠᠯᠳᠠᠨ 50 ᠵᠢᠯ ︾ ᠳᠤ ᠠᠤᠭ᠎ᠠ ᠵᠢᠷᠤᠭ ᠲᠥᠰᠥᠪ ᠢ ᠵᠢᠷᠤᠭᠯᠠᠵᠤ ᠥᠭᠴᠡᠢ ᠃ | ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠪᠷᠠᠽᠢᠯ ᠬᠤᠶᠠᠷ ᠤᠯᠤᠰ ᠬᠥᠮᠥᠨ ᠲᠥᠷᠥᠯᠬᠢᠲᠡᠨ ᠤ ᠲᠠᠪᠰᠢᠯᠳᠠ ᠳᠤ ᠬᠠᠷᠢᠭᠤᠴᠠᠯᠭ᠎ᠠ | ᠡᠭᠦᠷᠭᠡᠯᠡᠬᠦ ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠪᠠᠨ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ | ᠲᠠᠰᠤᠷᠠᠯᠳᠠ ᠦᠭᠡᠢ ᠭᠦᠨᠵᠡᠭᠡᠶᠢᠷᠡᠭᠦᠯᠵᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠢ ᠭᠠᠷ ᠬᠤᠯᠪᠣᠨ ᠲᠠᠶᠢᠴᠢᠯᠠᠵᠤ ᠪᠦᠯᠬᠦᠮᠳᠡᠯ | ᠬᠠᠮᠵᠢᠯᠴᠠᠭ᠎ᠠ ᠪᠠᠨ ᠴᠢᠩᠭᠠᠳᠬᠠᠶ᠎ᠠ ᠭᠡᠵᠦ ᠵᠢᠭᠠᠵᠤ ᠭᠠᠷᠭᠠᠪᠠ ᠃ | | 5 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ ᠵᠢᠷᠤᠭ | ᠪᠣᠯ ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠯᠦᠯᠠ ᠪᠣᠯᠣᠨ ᠲᠡᠭᠦᠨ ᠤ ᠬᠠᠲᠤᠨ ᠯᠥᠸᠧᠰᠠᠩᠷᠧᠯᠠ ᠲᠠᠢ ᠬᠠᠮᠲᠤ ᠶᠢᠨ ᠰᠡᠭᠦᠳᠡᠷ ᠲᠠᠲᠠᠭᠤᠯᠵᠤ | ᠪᠠᠶᠢᠭ᠎ᠠ ᠨᠢ ᠃ ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ ︶ | ᠰᠢ ᠶᠢᠨ ᠫᠢᠩ ᠂ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ ᠂ ᠳᠤᠮᠳᠠᠳᠤ ᠪᠷᠠᠽᠢᠯ ᠬᠤᠶᠠᠷ ᠲᠠᠯ᠎ᠠ ᠪᠠᠷ ᠢᠶᠠᠨ ᠨᠢᠭᠡ ᠳᠤ ᠪᠠᠶᠢᠯᠳᠤᠬᠤ ᠪᠣᠳᠣᠯᠭ᠎ᠠ ᠶᠢᠨ | ᠢᠲᠡᠭᠡᠯᠴᠡᠭᠡ ᠪᠠᠨ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ ᠂ ᠬᠠᠷᠢᠯᠴᠠᠨ ᠬᠦᠨᠳᠦᠳᠬᠡᠬᠦ ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ ᠂ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ | ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠲᠡᠮᠵᠢᠵᠥ ᠂ ᠡᠯ᠎ᠡ ᠱᠠᠲᠤ ᠳᠠᠪᠬᠤᠷᠭ᠎ᠠ ᠂ ᠪᠦᠭᠦ ᠲᠠᠯ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ ᠂ | ᠬᠤᠶᠠᠷ ᠲᠠᠯ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠶ᠎ᠠ ᠃ ᠬᠤᠶᠠᠷ ᠲᠤ ᠂ ᠬᠠᠮᠲᠤᠷᠠᠯᠴᠠᠭ᠎ᠠ ᠪᠠᠨ | ᠥᠷᠭᠡᠳᠬᠡᠬᠦ ᠶᠢ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ ᠂ ︽ ᠨᠢᠭᠡ ᠪᠦᠰᠡ | ᠨᠢᠭᠡ ᠵᠠᠮ ︾ ᠤᠨ ᠰᠠᠨᠠᠭᠠᠴᠢᠯᠠᠭ᠎ᠠ ᠶᠢ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠢ ᠵᠣᠯᠭᠠᠭᠤᠯᠬᠤ ᠶᠢ ᠭᠦᠨᠵᠡᠭᠡᠶᠢᠷᠡᠭᠦᠯᠵᠦ ᠂ ᠬᠤᠶᠠᠷ | ᠤᠯᠤᠰ ᠤᠨ ᠡᠯ᠎ᠡ ᠵᠦᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠰᠠᠭᠤᠷᠢ ᠲᠥᠬᠦᠭᠡᠷᠦᠮᠵᠢ ᠂ ᠬᠥᠳᠡᠭᠡ ᠠᠵᠤ ᠠᠬᠤᠢ ᠂ | ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ ᠂ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ ᠂ ᠠᠭᠠᠷ ᠤᠨ ᠠᠶᠠᠯᠠᠯ ᠰᠠᠨᠰᠠᠷ ᠤᠨ | ᠠᠶᠠᠯᠠᠯ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠥᠷᠭᠡᠳᠬᠡᠵᠦ ᠂ ᠬᠤᠶᠠᠷ | ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠨᠡᠩ ᠤᠯᠠᠨ ᠭᠢᠯᠠᠰ ᠴᠡᠭ ᠢ ᠪᠤᠢ ᠪᠣᠯᠭᠠᠶ᠎ᠠ ᠃ ᠭᠤᠷᠪᠠ ᠳᠤ ᠂ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ ᠂ ᠢᠷᠡᠬᠦ ᠵᠢᠯ | ︽ ᠳᠤᠮᠳᠠᠳᠤ ᠪᠷᠠᠽᠢᠯ ᠤᠨ ᠰᠣᠶᠣᠯ ᠤᠨ ᠣᠨ ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ ᠂ ᠰᠣᠶᠣᠯ ᠂ ᠰᠤᠷᠭᠠᠨ ᠬᠥᠮᠦᠵᠢᠯ ᠂ ᠵᠢᠭᠤᠯᠴᠢᠯᠠᠯ ᠂ ᠵᠠᠭᠤᠴᠢᠯᠠᠭᠤᠷ ᠂ | ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠤᠶᠠᠷ ᠲᠠᠯ᠎ᠠ ᠶᠢᠨ ᠬᠥᠮᠥᠰ ᠤᠨ ᠶᠠᠪᠤᠯᠴᠠᠭ᠎ᠠ ᠳᠤ ᠨᠡᠩ ᠤᠯᠠᠨ ᠲᠦᠭᠦᠮ ᠦᠵᠡᠭᠦᠯᠦᠶ᠎ᠡ ᠃ | ᠳᠥᠷᠪᠡ ᠳᠤ ᠂ ᠤᠯᠠᠨ ᠲᠠᠯ᠎ᠠ ᠶᠢᠨ ᠬᠠᠮᠵᠢᠯᠴᠠᠭ᠎ᠠ ᠶᠢ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠢᠨᠠᠷ ᠢ | ᠳᠡᠭᠡᠭᠰᠢᠯᠡᠭᠦᠯᠦᠶ᠎ᠡ ᠃ ᠵᠡᠭᠦᠨ ᠪᠠᠷᠠᠭᠤᠨ ᠬᠠᠭᠠᠰ ᠪᠥᠮᠪᠥᠷᠴᠡᠭ ᠤᠨ ᠬᠤᠶᠠᠷ ᠶᠡᠭᠡ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ ᠬᠤᠶᠠᠷ ᠤᠯᠤᠰ ᠢᠶᠠᠷ ᠢᠶᠠᠨ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠠᠯᠳᠠᠨ ᠲᠣᠭᠤᠰᠭ᠋᠎ᠠ ᠤᠯᠤᠰ ᠤᠳ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠵᠡᠷᠭᠡ ᠤᠯᠠᠨ ᠲᠠᠯᠠᠲᠤ ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ | ᠬᠠᠮᠲᠤ ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ ᠂ ᠤᠯᠠᠨ ᠤᠯᠤᠰ ᠤᠨ ᠠᠵᠤ ᠠᠬᠤᠢ | ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ ᠂ ᠲᠤᠭ ᠲᠡᠮᠳᠡᠭ ᠲᠣᠳᠣᠷᠬᠠᠢ ᠪᠠᠷ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠪᠣᠯᠣᠨ ᠡᠵᠡᠷᠬᠡᠵᠦ ᠳᠠᠷᠤᠯᠠᠬᠤ | ᠠᠵᠢᠯᠯᠠᠭ᠎ᠠ ᠶᠢ ᠡᠰᠡᠷᠭᠦᠴᠡᠶ᠎ᠡ ᠭᠡᠵᠦ ᠴᠢᠬᠤᠯᠠᠴᠢᠯᠠᠪᠠ ᠃ | | 5 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ ᠵᠢᠷᠤᠭ | ᠪᠣᠯ ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠶ ᠳᠤ ᠯᠦᠯᠠ ᠶᠢ | ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ ᠃ ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ ︶ | ᠯᠦᠯᠠ ᠂ ᠪᠷᠠᠽᠢᠯ ᠳᠤᠮᠳᠠᠳᠤ ᠬᠠᠷᠢᠯᠴᠠᠨ ᠭᠦᠨᠳᠦᠳᠭᠡᠵᠦ ᠂ ᠬᠤᠪᠢ ᠵᠠᠶᠠᠭ᠎ᠠ ᠪᠠᠨ ᠬᠠᠮᠲᠤᠳᠬᠠᠵᠤ ᠂ ᠬᠤᠶᠠᠷ ᠤᠯᠤᠰ ᠤᠨ ᠬᠠᠷᠢᠯᠴᠠᠭ᠎ᠠ ᠡᠪᠳᠡᠷᠡᠰᠢ ᠦᠭᠡᠢ | ᠪᠠᠲᠤ ᠪᠠᠬᠢ ᠪᠠᠶᠢᠵᠤ ᠂ ᠶᠠᠮᠠᠷᠪᠠ ᠭᠠᠳᠠᠭᠠᠳᠤ ᠬᠦᠴᠦᠨ ᠵᠦᠢᠯ ᠤᠨ ᠬᠠᠷᠰᠢᠯᠠᠯ ᠡᠪᠳᠡᠯᠭᠡ ᠶᠢ ᠬᠦᠯᠢᠶᠡᠬᠦ ᠦᠭᠡᠢ ᠃ ᠪᠤᠰᠤᠳ ᠲᠣᠮᠣ ᠤᠯᠤᠰ ᠲᠠᠢ ᠠᠳᠠᠯᠢ ᠦᠭᠡᠢ ᠨᠢ | ᠭᠡᠪᠡᠯ ᠳᠤᠮᠳᠠᠳᠤ ᠤᠯᠤᠰ ᠪᠷᠠᠽᠢᠯ ᠢ ᠪᠠᠭᠲᠠᠭᠠᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠᠨ | ᠪᠡᠶᠡᠯᠡᠭᠦᠯᠬᠦ ᠶᠢ ᠴᠢᠩ ᠦᠨᠡᠨ ᠰᠡᠳᠬᠢᠯ ᠠᠴᠠ ᠪᠠᠨ ᠳᠡᠮᠵᠢᠭᠰᠡᠭᠡᠷ ᠢᠷᠡᠵᠠᠢ ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ ᠂ ᠨᠡᠩ | ᠲᠥᠪ ᠭᠤᠣᠯᠴᠢ ᠂ ᠡᠩᠬᠡ ᠲᠠᠶᠢᠪᠤᠩ ᠂ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠵᠤ ᠂ ᠡᠯ᠎ᠡ ᠤᠯᠤᠰ ᠲᠤ ᠦᠯᠢᠭᠡᠷ ᠳᠠᠭᠤᠷᠢᠶᠠᠯ ᠪᠣᠯᠣᠨ᠎ᠠ ᠃ | ᠪᠷᠠᠽᠢᠯ ᠤᠨ ᠬᠢᠨ ᠳᠤᠷᠠᠲᠠᠶ᠎ᠠ ᠲᠤᠰ ᠪᠡᠶ᠎ᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ ᠨᠢᠭᠡ ᠪᠦᠰᠡ ᠨᠢᠭᠡ ᠵᠠᠮ ︾ ᠤᠨ ᠰᠠᠨᠠᠭᠠᠴᠢᠯᠠᠭ᠎ᠠ ᠯᠤᠭ᠎ᠠ | ᠵᠣᠯᠭᠠᠭᠤᠯᠵᠤ ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ ᠂ ᠰᠠᠭᠤᠷᠢ ᠲᠥᠬᠦᠭᠡᠷᠦᠮᠵᠢ ᠂ ᠰᠠᠨᠰᠠᠷ ᠤᠨ ᠠᠶᠠᠯᠠᠯ ᠂ ᠮᠥᠩᠭᠦᠨ ᠭᠦᠢᠯᠭᠡᠭᠡᠨ ᠵᠡᠷᠭᠡ ᠬᠦᠷᠢᠶᠡᠨ ᠤ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ ᠃ ᠵᠠᠯᠠᠭᠤᠴᠤᠳ ᠤᠨ ᠰᠣᠯᠢᠯᠴᠠᠭ᠎ᠠ ᠂ ᠰᠣᠶᠣᠯ ᠤᠨ ᠰᠣᠯᠢᠯᠴᠠᠭ᠎ᠠ ᠶᠢ ᠥᠷᠭᠡᠳᠬᠡᠵᠦ ᠂ ᠬᠤᠶᠠᠷ ᠤᠯᠤᠰ ᠤᠨ ᠠᠷᠠᠳ | ᠲᠦᠮᠡᠨ ᠤ ᠶᠠᠪᠤᠯᠴᠠᠭ᠎ᠠ ᠪᠠ ᠨᠥᠭᠦᠷᠰᠡᠭ ᠰᠡᠳᠬᠢᠯᠭᠡ ᠶᠢ ᠨᠡᠮᠡᠭᠳᠡᠭᠦᠯᠦᠨ᠎ᠡ ᠃ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ ᠠᠮᠵᠢᠯᠲᠠ ᠪᠦᠲᠦᠮᠵᠢ | ᠬᠥᠮᠥᠰ ᠢ ᠪᠢᠰᠢᠷᠡᠭᠦᠯᠪᠡ ᠂ ᠪᠷᠠᠽᠢᠯ ᠳᠤᠷᠠᠲᠠᠶ᠎ᠠ ᠳᠤᠮᠳᠠᠳᠤ ᠤᠯᠤᠰ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ ᠂ ᠨᠡᠩ ᠤᠯᠠᠨ ᠬᠥᠮᠥᠨ ᠢ ᠶᠠᠳᠠᠭᠤ | ᠬᠦᠴᠢᠷᠳᠡᠯ ᠪᠠ ᠥᠯᠥᠰᠬᠦᠯᠡᠩ ᠠᠴᠠ ᠠᠩᠭᠢᠵᠢᠷᠠᠭᠤᠯᠤᠨ᠎ᠠ ᠃ ᠣᠳᠣᠬᠠᠨ ᠤ ᠪᠠᠶᠢᠳᠠᠯ ᠳᠣᠣᠷ᠎ᠠ ᠤᠯᠠᠨ ᠲᠠᠯᠠᠲᠤ ᠦᠵᠡᠯ ᠢ ᠡᠷᠡᠰ ᠬᠠᠮᠠᠭᠠᠯᠠᠬᠤ ᠨᠢ ᠲᠦᠢᠯ ᠤᠨ | ᠴᠢᠬᠤᠯᠠ ᠶᠤᠮ ᠂ ᠬᠠᠮᠠᠭᠠᠯᠠᠬᠤ ᠦᠵᠡᠯ ᠂ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ ᠨᠢ ᠬᠥᠭᠵᠢᠯ ᠴᠡᠴᠡᠭᠯᠡᠯ ᠢ ᠠᠪᠴᠢᠷᠠᠵᠤ ᠴᠢᠳᠠᠬᠤ ᠦᠭᠡᠢ ᠂ | ᠵᠥᠪᠭᠡᠨ ᠰᠠᠮᠠᠭᠤᠷᠠᠯ ᠢ ᠪᠤᠢ ᠪᠣᠯᠭᠠᠨ᠎ᠠ ᠃ ᠳᠤᠮᠳᠠᠳᠤ ᠤᠯᠤᠰ ᠤᠨ ᠪᠦᠭᠦ ᠪᠥᠮᠪᠥᠷᠴᠡᠭ ᠤᠨ ᠥᠷᠢᠰᠦᠯᠳᠦᠭᠡᠨ ᠢ ᠠᠷᠭᠠᠴᠠᠭᠠᠬᠤ ᠡᠷᠡᠰ ᠪᠠᠲᠤ ᠣᠪᠣᠷ ᠨᠢ ᠡᠯ᠎ᠡ | ᠤᠯᠤᠰ ᠤᠨ ᠬᠦᠴᠦᠨ ᠴᠢᠳᠠᠯ ᠪᠠ ᠢᠲᠡᠭᠡᠯ ᠵᠣᠷᠢᠭ ᠢ ᠬᠥᠪᠴᠢᠯᠡᠵᠦ ᠪᠠᠶᠢᠨ᠎ᠠ ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ | ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠵᠤ ᠂ ᠡᠩᠬᠡ ᠲᠠᠶᠢᠪᠤᠩ ᠢ ᠡᠷᠭᠢᠮᠯᠡᠭᠦ ᠳᠠᠪᠰᠢᠩᠭᠤᠢ ᠬᠦᠴᠦᠨ | ᠪᠣᠯᠤᠭᠰᠠᠨ ᠤ ᠬᠤᠪᠢ ᠳᠤ ᠳᠤᠮᠳᠠᠳᠤ ᠪᠠ ᠪᠷᠠᠽᠢᠯ ᠬᠤᠶᠠᠷ ᠤᠯᠤᠰ ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ ᠂ ︽ ᠡᠩᠬᠡ ᠲᠠᠶᠢᠪᠤᠩ ᠤᠨ ᠨᠠᠶᠢᠵᠠ ︾ | ᠶᠢᠨ ᠳᠤᠭᠤᠶᠢᠯᠠᠩ ᠤᠨ ᠦᠢᠯᠡᠳᠦᠯ ᠢᠶᠠᠨ ᠪᠠᠳᠠᠷᠠᠭᠤᠯᠵᠤ ᠂ ᠣᠷᠣᠰ ᠪᠣᠯᠣᠨ ᠦᠺᠷᠠᠶᠢᠨ ᠤ ᠰᠢᠭᠤᠳ ᠶᠠᠷᠢᠯᠴᠠᠭ᠎ᠠ ᠬᠢᠬᠦ ᠶᠢ ᠳᠡᠮᠵᠢᠵᠤ ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠢᠮᠤᠷᠠᠯ ᠢ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠤᠨ᠎ᠠ ᠭᠡᠵᠦ | ᠰᠠᠨᠠᠯ ᠨᠢᠭᠡᠲᠡᠢ ᠵᠥᠪᠰᠢᠶᠡᠷᠡᠪᠡ ᠃ | ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠂ ᠬᠥᠳᠡᠭᠡ ᠠᠵᠤ ᠠᠬᠤᠢ ᠂ ᠲᠣᠭᠠᠴᠢᠯᠠᠭᠰᠠᠨ ᠠᠵᠤ ᠠᠬᠤᠢ ᠂ ᠮᠥᠩᠭᠦᠨ ᠭᠦᠢᠯᠭᠡᠭᠡᠨ ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠂ | ᠵᠠᠭᠤᠴᠢᠯᠠᠭᠤᠷ ᠵᠡᠷᠭᠡ ᠬᠦᠷᠢᠶᠡᠨ ᠤ 20 ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ ᠃ | ᠬᠤᠶᠠᠷ ᠲᠠᠯ᠎ᠠ ᠪᠠᠷ ᠢᠶᠠᠨ ︽ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠢ ᠭᠠᠷ ᠬᠤᠯᠪᠣᠨ ᠪᠠᠶᠢᠭᠤᠯᠬᠤ | ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠴᠢᠩᠭᠠᠳᠬᠠᠵᠤ ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠬᠤ ᠲᠤᠬᠠᠢ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ ︾ ᠪᠣᠯᠣᠨ ︽ | ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠪᠷᠠᠽᠢᠯ ᠤᠨ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ | ᠭᠠᠳᠠᠨᠠᠬᠢ ᠠᠭᠤᠳᠠᠮ ᠲᠠᠯᠠᠪᠠᠢ ᠳᠤ ᠯᠦᠯᠠ ᠪᠣᠯᠣᠨ ᠲᠡᠭᠦᠨ ᠤ ᠬᠠᠳᠤᠨ ᠯᠦᠸᠧᠰᠠᠩᠷᠧᠯᠠ ᠶᠢ ᠤᠭᠲᠤᠬᠤ ᠶᠣᠰᠣᠯᠠᠯ ᠶᠠᠪᠤᠭᠤᠯᠪᠠ ᠃ | ᠯᠦᠯᠠ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠶᠣᠰᠣᠯᠠᠪᠠ ᠃ ᠰᠢ ᠶᠢᠨ ᠫᠢᠩ ᠪᠣᠯᠣᠨ ᠯᠦᠯᠠ ᠰᠢᠯᠭᠠᠨ ᠦᠵᠡᠬᠦ ᠲᠠᠶᠢᠰᠠᠨ ᠳᠤ ᠭᠠᠷᠴᠤ ᠂ | ᠴᠡᠷᠢᠭ ᠤᠨ ᠬᠥᠭᠵᠢᠮ ᠤᠨ ᠠᠩᠭᠢ ᠳᠤᠮᠳᠠᠳᠤ ᠪᠷᠠᠽᠢᠯ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠲᠢᠶᠠᠨ ᠠᠨ ᠮᠧᠨ ᠲᠠᠯᠠᠪᠠᠢ ᠳᠤ | ᠶᠣᠰᠣᠯᠠᠯ ᠤᠨ ᠫᠤᠤ ᠶᠢ 21 ᠳᠤᠤᠭᠠᠷᠭᠠᠪᠠ ᠃ ᠯᠦᠯᠠ ᠰᠢ ᠶᠢᠨ ᠫᠢᠩ ᠤᠨ ᠪᠡᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠯᠦᠯᠠ ᠪᠣᠯᠣᠨ ᠲᠡᠭᠦᠨ ᠤ ᠬᠠᠳᠦᠨ ᠢ ᠤᠭᠲᠤᠬᠤ ᠳᠠᠶᠢᠯᠠᠯᠭ᠎ᠠ ᠬᠢᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | | | |