| ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ | ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ᠰᠢ ᠶᠢᠨ ᠫᠢᠩ ᠂ ᠳᠤᠮᠳᠠᠳᠤ ᠤᠯᠤᠰ ᠤᠨ ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ ᠂ ᠬᠥᠭᠵᠢᠯᠲᠡ ᠮᠠᠨᠳᠤᠯᠲᠠ ᠶᠢ ᠬᠠᠮᠲᠤ ᠪᠠᠷ ᠰᠦᠪᠡᠭᠴᠢᠯᠡᠵᠦ ᠂ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ | ᠨᠡᠶᠢᠲᠡᠯᠡᠪᠡ ᠃ | | 5 ᠰᠠᠷ᠎ᠠ ᠶᠢᠨ 13 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ | ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ︵ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ ︶ | ᠵᠤᠨ ᠤ ᠡᠬᠢ ᠪᠠᠷ ᠡᠬᠡ ᠪᠠᠶᠢᠭᠠᠯᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ ᠃ ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ ᠂ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠲᠤᠭ ᠵᠢᠴᠢ ᠬᠤᠯᠪᠣᠭᠳᠠᠯ ᠪᠦᠬᠦᠢ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠤᠭ ᠰᠠᠯᠬᠢᠨ ᠤ | ᠠᠶ᠎ᠠ ᠪᠠᠷ ᠨᠠᠮᠢᠷᠠᠨ᠎ᠠ ᠃ | ᠰᠢ ᠶᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ | ᠺᠣᠯᠣᠮᠪᠢᠶ᠎ᠠ ᠶᠢᠨ ᠶᠡᠷᠦᠩᠬᠡᠶᠢᠯᠡᠭᠴᠢ ᠫᠤᠳ᠋ᠷᠤ᠋ ᠂ ᠪᠷᠠᠽᠢᠯ ᠤᠨ ᠶᠡᠷᠦᠩᠬᠡᠶᠢᠯᠡᠭᠴᠢ ᠯᠦᠯᠠ ᠂ ᠴᠢᠯᠢ ᠶᠢᠨ ᠶᠡᠷᠦᠩᠬᠡᠶᠢᠯᠡᠭᠴᠢ ᠪᠦᠧᠧᠯᠢᠴᠢ ᠂ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠵᠢᠴᠢ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠲᠠᠢ ᠳᠣᠲᠣᠨᠣ ᠪᠠᠷ ᠭᠠᠷ | ᠠᠳᠬᠤᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠪᠠ ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ︽ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ | ᠰᠢ ᠶᠢᠨ ᠫᠢᠩ ᠂ 2015 ᠣᠨ ᠳᠤ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠥᠯᠥᠭᠡᠯᠡᠭᠴᠢᠳ ᠲᠠᠢ ᠬᠠᠮᠲᠤ ᠪᠠᠷ ᠪᠡᠭᠡᠵᠢᠩ ᠳᠤ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ | ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ ᠃ 10 ᠵᠢᠯ ᠤᠨ ᠲᠤᠷᠰᠢ ᠬᠤᠶᠠᠷ | ᠲᠠᠯ᠎ᠠ ᠶᠢᠨ ᠨᠢᠮᠪᠠᠢ ᠪᠤᠶᠢᠵᠢᠭᠤᠯᠤᠯᠲᠠ ᠳᠣᠣᠷ᠎ᠠ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ | ᠶᠠᠷᠢᠶᠠᠨ ᠤ ᠲᠠᠪᠴᠠᠩ ᠨᠢ ᠨᠢᠭᠡᠨ ᠨᠢᠯᠬ᠎ᠠ ᠴᠢᠬᠢ ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠤᠶᠢᠵᠢᠭᠰᠠᠨ ᠪᠠᠶᠢᠨ᠎ᠠ ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ | ᠮᠥᠷᠥ ᠵᠡᠷᠭᠡᠴᠡᠵᠦ ᠂ ᠬᠠᠷᠢᠯᠴᠠᠨ ᠳᠡᠮᠵᠢᠵᠦ ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢᠮᠠᠭᠲᠠ ᠨᠢᠭᠡ | ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ ᠂ ᠲᠤᠮᠳᠠᠳᠤ ᠶᠢᠨ ᠲᠠᠯ᠎ᠠ ᠶᠢᠨ ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠤᠰ | ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ ᠂ ᠭᠠᠳᠠᠭᠠᠳᠤ ᠶᠢᠨ ᠬᠢᠨ ᠤ ᠭᠠᠷ ᠲᠦᠷᠦᠭᠦ ᠶᠢ ᠡᠰᠡᠷᠭᠦᠴᠡᠪᠡ ︔ ᠬᠤᠶᠠᠷ | ᠲᠠᠯ᠎ᠠ ᠪᠠᠷ ᠢᠶᠠᠨ ᠤᠷᠤᠰᠬᠠᠯ ᠤᠨ ᠡᠮᠦᠨ᠎ᠡ ᠬᠤᠰᠢᠭᠤᠷᠠᠨ ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ | ᠬᠠᠨᠳᠤᠰᠢ ᠳᠤ ᠵᠣᠬᠢᠴᠠᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠮᠥᠩᠭᠦᠨ ᠭᠦᠢᠯᠭᠡᠭᠡᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ | ᠠᠬᠢᠭᠤᠯᠵᠤ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠪᠠ ︔ ᠬᠤᠶᠠᠷ ᠲᠠᠯ᠎ᠠ ᠪᠠᠷ ᠢᠶᠠᠨ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ | ᠢᠳᠡᠪᠬᠢᠲᠡᠢ ᠥᠷᠨᠢᠭᠦᠯᠵᠦ ᠂ ᠳᠠᠯᠠᠢ ᠶᠢᠨ ᠰᠢᠭᠤᠷᠭ᠎ᠠ ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠪᠠ ᠡᠷᠢᠨ ᠵᠠᠭᠤᠨ ᠤ ᠬᠢᠵᠢᠭ ᠤᠨ ᠪᠠᠶᠢᠳᠠᠯ ᠢ ᠭᠠᠷ | ᠬᠤᠯᠪᠣᠨ ᠠᠷᠭᠠᠴᠠᠭᠠᠪᠠ ︔ ᠬᠤᠶᠠᠷ ᠲᠠᠯ᠎ᠠ ᠪᠠᠷ ᠢᠶᠠᠨ ᠪᠦᠯᠬᠦᠮᠳᠡᠨ ᠬᠠᠮᠵᠢᠯᠴᠠᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠵᠢᠩᠬᠢᠨᠢ ᠤᠯᠠᠨ ᠲᠠᠯᠠᠲᠤ | ᠦᠵᠡᠯ ᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ ᠂ ᠳᠡᠯᠡᠬᠡᠢ ᠶᠢᠨ ᠤᠯᠠᠨ ᠲᠦᠢᠯᠵᠢᠯ ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯ ᠢ ᠠᠬᠢᠭᠤᠯᠪᠠ ᠃ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠨᠢᠭᠡᠨᠲᠡ ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ | ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ ᠭᠡᠷᠡᠴᠢᠯᠡᠪᠡ ᠃ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ | ᠪᠣᠯᠣᠨ᠎ᠠ ᠂ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯᠣᠨ᠎ᠠ ᠂ ᠬᠡᠬᠦᠳᠡᠭ ᠴᠡᠭᠡᠵᠢ ᠳᠡᠭᠡᠨ ᠪᠠᠭᠲᠠᠭᠠᠵᠤ | ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ ᠂ ᠦᠨᠳᠦᠰᠦᠨ ᠬᠥᠭᠡᠭᠡᠴᠡᠯᠳᠦᠯ ᠪᠣᠯ ᠠᠷᠠᠳ ᠲᠦᠮᠡᠨ ᠳᠤ ᠪᠤᠶᠠᠨ ᠦᠢᠯᠡᠳᠬᠦ ᠪᠠᠶᠢᠵᠤ ᠂ ᠥᠷᠨᠢᠭᠦᠨ | ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ ᠭᠡᠵᠦ ᠵᠢᠭᠠᠵᠤ ᠭᠠᠷᠭᠠᠪᠠ ᠃ | | 5 ᠰᠠᠷ᠎ᠠ ᠶᠢᠨ 13 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ | ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ᠵᠢᠷᠤᠭ ᠪᠣᠯ ᠰᠢ ᠶᠢᠨ ᠫᠢᠩ | ᠪᠣᠯᠣᠨ ᠬᠤᠷᠠᠯ ᠳᠤ ᠣᠷᠣᠯᠴᠠᠬᠰᠠᠨ ᠵᠣᠴᠢᠳ ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ ᠨᠢ ᠃ ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ | ᠰᠡᠭᠦᠳᠡᠷᠯᠡᠪᠡ ︶ | ᠰᠢ ᠶᠢᠨ ᠫᠢᠩ ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ ᠂ ᠤᠯᠠᠨ ᠳᠠᠪᠬᠤᠷ | ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ ᠃ ᠡᠯ᠎ᠡ ᠤᠯᠤᠰ ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ | ᠲᠣᠭᠲᠠᠭᠤᠨ ᠢ ᠬᠠᠮᠠᠭᠠᠯᠠᠵᠤ ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ ᠃ ᠪᠣᠭᠤᠮᠲᠠ ᠶᠢᠨ ᠭᠠᠶᠢᠯᠢ ᠶᠢᠨ ᠳᠠᠶᠢᠨ ᠂ ᠠᠷᠠᠯᠵᠢᠶᠠᠨ ᠤ | ᠳᠠᠶᠢᠨ ᠳᠤ ᠢᠯᠠᠭᠴᠢ ᠪᠠᠶᠢᠬᠤ ᠦᠭᠡᠢ ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ ᠭᠠᠭᠴᠠᠭᠠᠷᠳᠠᠭᠤᠯᠤᠨ᠎ᠠ ᠃ ᠳᠤᠮᠳᠠᠳᠤ ᠤᠯᠤᠰ ᠪᠠ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠪᠣᠯ ᠴᠥᠮ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ ᠂ ᠪᠡᠶ᠎ᠡ ᠪᠠᠨ | ᠳᠠᠭᠠᠭᠠᠵᠤ ᠡᠵᠡᠨ ᠮᠡᠳᠡᠬᠦ ᠪᠣᠯ ᠮᠠᠨ ᠤ ᠢᠷᠠᠭᠤ ᠠᠯᠳᠠᠷᠲᠤ ᠤᠯᠠᠮᠵᠢᠯᠠᠯ ᠮᠥᠨ ᠂ ᠬᠥᠭᠵᠢᠯ ᠮᠠᠨᠳᠤᠯ ᠪᠣᠯ ᠪᠢᠳᠡᠨ ᠤ ᠲᠥᠷᠥᠯᠬᠢ ᠡᠷᠬᠡ ᠮᠥᠨ ᠂ ᠲᠥᠪ ᠭᠤᠣᠯᠴᠢ | ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ ᠂ ᠬᠥᠭᠵᠢᠯ ᠮᠠᠨᠳᠤᠯ ᠢ ᠬᠠᠮᠲᠤ ᠪᠠᠷ ᠡᠷᠢᠯᠬᠢᠯᠡᠵᠦ ᠂ ᠳᠤᠮᠳᠠᠳᠤ ᠤᠯᠤᠰ | — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠃ | ᠨᠢᠭᠡ ᠪᠣᠯ ᠪᠦᠯᠬᠦᠮᠳᠡᠯ ᠤᠨ ᠢᠨᠵᠧᠨᠧᠷᠢᠩ ᠃ ᠦᠷᠭᠦᠯᠵᠢᠯᠡᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ | ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ | ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ ᠂ ᠤᠯᠠᠨ ᠤᠯᠤᠰ ᠤᠨ ᠪᠠ | ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ ᠃ ᠢᠷᠡᠬᠦ 3 ᠵᠢᠯ ᠳᠤ ᠳᠤᠮᠳᠠᠳᠤ ᠤᠯᠤᠰ ᠵᠢᠯ ᠪᠦᠷᠢ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ | ᠳᠤᠮᠳᠠᠳᠤ ᠤᠯᠤᠰ ᠲᠤ ᠰᠢᠨᠵᠢᠯᠡᠨ ᠪᠠᠶᠢᠴᠠᠭᠠᠯᠭᠠᠵᠤ ᠠᠶᠢᠯᠴᠢᠯᠠᠯᠲᠠ ᠬᠢᠯᠭᠡᠨ᠎ᠡ ᠃ | ᠬᠤᠶᠠᠷ ᠪᠣᠯ ᠬᠥᠭᠵᠢᠯᠲᠡ ᠶᠢᠨ ᠢᠨᠵᠧᠨᠧᠷᠢᠩ ᠃ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠤᠯᠠᠨ | ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ | ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠨ᠎ᠠ ᠃ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ | ᠭᠦᠨᠵᠡᠭᠡᠢ ᠠᠬᠢᠭᠤᠯᠤᠨ᠎ᠠ ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ ᠂ | ᠳᠤᠮᠳᠠᠳᠤ ᠤᠯᠤᠰ ᠤᠨ ᠠᠵᠤ ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠬᠦ ᠶᠢ | ᠵᠣᠷᠢᠭᠵᠢᠭᠤᠯᠤᠨ᠎ᠠ ᠃ | ᠭᠤᠷᠪᠠ ᠪᠣᠯ ᠪᠣᠯᠪᠠᠰᠤᠨ ᠤ ᠢᠨᠵᠧᠨᠧᠷᠢᠩ ᠃ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠡᠷᠬᠡ ᠲᠡᠭᠰᠢ ᠂ | ᠬᠠᠷᠢᠯᠴᠠᠨ ᠲᠣᠯᠢᠯᠠᠬᠤ ᠂ ᠶᠠᠷᠢᠯᠴᠠᠭ᠎ᠠ ᠂ ᠪᠠᠭᠲᠠᠭᠠᠮᠵᠢᠲᠠᠢ ᠪᠣᠯᠪᠠᠰᠤᠨ ᠤ ᠦᠵᠡᠯᠲᠡ ᠶᠢ ᠪᠤᠢ ᠪᠤᠯᠭᠠᠵᠤ ᠂ ᠡᠩᠬᠡ ᠲᠠᠶᠢᠪᠤᠩ ᠂ ᠬᠥᠭᠵᠢᠯᠲᠡ ᠂ ᠡᠷᠬᠡ ᠲᠡᠭᠰᠢ ᠂ | ᠰᠢᠳᠤᠷᠭᠤ ᠶᠣᠰᠣ ᠂ ᠠᠷᠠᠳᠴᠢᠯᠠᠯ ᠂ ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ ᠃ ᠳᠤᠮᠳᠠᠳᠤ ᠤᠯᠤᠰ ᠪᠠ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠢ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠢ ᠡᠷᠭᠢᠯᠡᠨ᠎ᠡ ᠃ | ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ ᠃ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ | ᠭᠠᠮᠰᠢᠭ ᠤᠨ ᠰᠦᠢᠳᠦᠯ ᠢ ᠵᠠᠰᠠᠬᠤ ᠂ ᠰᠦᠯᠵᠢᠶᠡᠨ ᠤ ᠠᠮᠤᠷ ᠲᠦᠪᠰᠢᠨ ᠂ ᠰᠦᠷᠳᠡᠭᠦᠯᠦᠯ ᠢ ᠡᠰᠡᠷᠭᠦᠴᠡᠬᠦ ᠂ ᠢᠯᠵᠢᠷᠡᠯ ᠢ ᠡᠰᠡᠷᠭᠦᠴᠡᠬᠦ ᠂ ᠬᠤᠣᠷ ᠴᠠᠭᠠᠵᠠᠯᠠᠬᠤ ᠂ | ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ ᠂ ᠭᠠᠵᠠᠷ ᠣᠷᠣᠨ ᠤ | ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ ᠃ | ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ ᠃ ᠢᠷᠡᠬᠦ 3 ᠵᠢᠯ ᠳᠤ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ ᠂ 1 ᠲᠦᠮᠡᠨ ᠳᠤᠮᠳᠠᠳᠤ | ᠤᠯᠤᠰ ᠲᠤ ᠢᠷᠡᠵᠦ ᠪᠣᠯᠪᠠᠰᠤᠷᠠᠯ ᠭᠦᠷᠳᠡᠭᠦ ᠣᠷᠣᠨ ᠲᠤᠭ᠎ᠠ ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ ᠰᠤᠷᠤᠯᠭ᠎ᠠ ᠶᠢᠨ ᠱᠠᠩᠨᠠᠯ ᠤᠨ ᠣᠷᠣᠨ | ᠲᠤᠭ᠎ᠠ ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠣᠷᠣᠨ ᠲᠤᠭ᠎ᠠ ᠂ 1000 ︽ | ᠬᠢᠲᠠᠳ ᠬᠡᠯᠡᠨ ᠤ ᠬᠥᠭᠦᠷᠭᠡ ︾ ᠶᠢᠨ ᠲᠦᠷᠦᠯ ᠵᠦᠢᠯ ᠤᠨ ᠳᠤᠮᠳᠠᠳᠤ ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ ᠂ 300 ︽ | ᠪᠠᠭ᠎ᠠ ᠮᠥᠷᠲᠡᠭᠡᠨ ᠭᠤᠶᠢᠳᠠ ︾ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ ᠃ ᠳᠤᠮᠳᠠᠳᠤ ᠤᠯᠤᠰ ᠯᠠᠲ᠋ᠢᠨ ᠠᠮᠧᠷᠢᠺᠠ | ᠪᠣᠯᠣᠨ ᠺᠠᠷᠢᠪᠧ ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ | ᠣᠷᠣᠨ ᠤ ᠤᠯᠤᠰ ᠤᠳ ᠤᠨ ᠪᠦᠷᠬᠦᠴᠡ ᠶᠢᠨ ᠬᠡᠪᠴᠢᠶ᠎ᠡ ᠶᠢ ᠵᠣᠬᠢᠰᠲᠠᠢ ᠴᠠᠭ ᠲᠤ ᠥᠷᠭᠡᠳᠬᠡᠨ᠎ᠡ ᠭᠡᠵᠦ ᠴᠢᠬᠤᠯᠠᠴᠢᠯᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠳᠤᠮᠳᠠᠳᠤ ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ ᠂ ᠰᠠᠶᠢᠨ ᠬᠠᠨᠢᠲᠠᠨ ᠪᠣᠯᠵᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠲᠤᠰ | ᠲᠤᠰ ᠤᠨ ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ ᠤᠷᠤᠭᠰᠢᠯᠠᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠭᠡᠵᠦ ᠴᠢᠬᠤᠴᠢᠯᠠᠪᠠ ᠃ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠶᠢᠨ | ᠶᠡᠷᠦᠩᠬᠡᠶᠢᠯᠡᠭᠴᠢ ᠫᠤᠳ᠋ᠷᠤ᠋ ᠂ ᠪᠷᠠᠽᠢᠯ ᠤᠨ ᠶᠡᠷᠦᠩᠬᠡᠶᠢᠯᠡᠭᠴᠢ ᠯᠦᠯᠠ ᠂ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ | ᠪᠠᠩᠬᠢ ᠶᠢᠨ ᠳᠠᠷᠤᠭ᠎ᠠ ᠂ ᠪᠷᠠᠽᠢᠯ ᠤᠨ ᠤᠤᠯ ᠤᠨ ᠶᠡᠷᠦᠩᠬᠡᠶᠢᠯᠡᠭᠴᠢ ᠷᠤᠰᠤᠹ ᠲᠤᠰ ᠲᠤᠰ ᠪᠠᠶᠠᠷ ᠤᠨ ᠦᠭᠡ ᠬᠡᠯᠡᠪᠡ ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠲᠤᠰᠢᠶᠠᠯ ᠳᠤ ᠭᠠᠷᠬᠤ ᠪᠠᠷ ᠪᠠᠶᠢᠭ᠎ᠠ ᠵᠢᠵᠢᠭᠦᠷ ᠲᠡᠷᠢᠭᠦᠯᠡᠭᠴᠢ ᠤᠯᠤᠰ ᠦᠷᠥ᠋ᠭᠤᠸᠠᠢ ᠶᠢᠨ ᠶᠡᠷᠦᠩᠬᠡᠶᠢᠯᠡᠭᠴᠢ | ᠤᠤᠷᠰᠢ ᠶᠢᠨ ᠣᠨᠴᠠᠭᠠᠢ ᠲᠥᠯᠥᠭᠡᠯᠡᠭᠴᠢ ᠠᠴᠠ ᠶᠡᠷᠦᠩᠬᠡᠶᠢᠯᠡᠭᠴᠢ ᠶᠢᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ ᠃ ᠲᠡᠳᠡ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠶᠠᠷᠢᠶᠠᠨ ᠤ ᠲᠠᠪᠴᠠᠩ ᠤᠨ 10 ᠵᠢᠯ ᠤᠨ ᠬᠥᠭᠵᠢᠯᠲᠡ ᠶᠢᠨ ᠣᠯᠣᠭᠰᠠᠨ ᠡᠯᠪᠡᠭ ᠪᠠᠶᠠᠯᠢᠭ ᠦᠷ᠎ᠡ | ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠵᠦ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ | ᠠᠬᠢᠭᠤᠯᠬᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠳᠤᠮᠳᠠᠳᠤ | ᠤᠯᠤᠰ ᠤᠨ ᠴᠢᠬᠤᠯᠠ ᠶᠡᠭᠡ ᠬᠤᠪᠢ ᠨᠡᠮᠡᠷᠢ ᠶᠢ ᠮᠠᠭᠲᠠᠨ ᠰᠠᠶᠢᠰᠢᠶᠠᠪᠠ ᠃ ᠡᠯ᠎ᠡ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠳᠡᠮᠵᠢᠬᠦ ᠪᠠᠨ | ᠳᠠᠪᠲᠠᠨ ᠢᠯᠡᠷᠬᠡᠶᠢᠯᠡᠪᠡ ᠃ ᠡᠯ᠎ᠡ ᠲᠠᠯ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠨᠢ ᠳᠡᠯᠡᠬᠡᠢ ᠳ᠋ᠠᠬᠢᠨ ᠳᠤ ᠡᠩᠬᠡ ᠲᠠᠶᠢᠪᠤᠩ ᠬᠥᠭᠵᠢᠯ | ᠴᠡᠴᠡᠭᠯᠡᠯ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠵᠦ ᠥᠭᠴᠡᠢ ᠃ ᠲᠣᠬᠳᠠᠭᠠᠯᠳᠦ ᠪᠤᠰᠤ ᠳᠡᠯᠡᠬᠡᠢ ᠶᠢᠷᠲᠢᠨᠴᠦ ᠳᠤ ᠬᠠᠨᠳᠤᠵᠤ ᠂ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠭᠠᠷ ᠬᠤᠯᠪᠣᠨ ᠬᠠᠮᠲᠤᠷᠠᠯᠴᠠᠵᠤ ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠰᠤᠷᠠᠯᠲᠠ ᠦᠭᠡᠢ | ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠬᠠᠮᠲᠤᠷᠠᠯᠴᠠᠭᠠᠨ ᠤ ᠰᠠᠶᠢᠨ | ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠬᠤᠶᠠᠷ ᠲᠠᠯ᠎ᠠ ᠪᠠᠷ ᠢᠶᠠᠨ | ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ ᠂ ᠨᠦᠭᠦᠭᠡ ᠡᠲᠡᠭᠡᠳ ᠤᠨ ᠢᠶᠠᠨ ᠡᠷᠬᠡ ᠮᠡᠳᠡᠯ ᠢᠶᠠᠨ ᠬᠠᠮᠠᠭᠠᠯᠠᠬᠤ ᠪᠠ ᠬᠥᠭᠵᠢᠯᠲᠡ ᠶᠢᠨ ᠵᠠᠮ ᠢᠶᠠᠨ ᠪᠡᠶ᠎ᠡ ᠪᠠᠨ | ᠳᠠᠭᠠᠭᠠᠵᠤ ᠰᠣᠩᠭᠤᠬᠤ ᠶᠢ ᠡᠷᠡᠰ ᠳᠡᠮᠵᠢᠨ᠎ᠠ ︔ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠠᠨ ︽ ᠨᠢᠭᠡ ᠪᠦᠰᠡ ᠨᠢᠭᠡ ᠵᠠᠮ ︾ ᠤᠨ ᠰᠠᠨᠠᠭᠠᠴᠢᠯᠠᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠰᠠᠭᠤᠷᠢ | ᠲᠥᠬᠦᠭᠡᠷᠦᠮᠵᠢ ᠂ ᠬᠥᠳᠡᠭᠡ ᠠᠵᠤ ᠠᠬᠤᠢ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠂ ᠰᠢᠨ᠎ᠡ ᠡᠨᠧᠷᠭᠢ ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ | ᠠᠬᠢᠭᠤᠯᠵᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠦᠨ᠎ᠠ ︔ ᠪᠣᠯᠪᠠᠰᠤᠨ ᠤ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠵᠤ ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ | ᠠᠭᠢᠭᠤᠯᠤᠨ᠎ᠠ ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ | ᠲᠣᠭᠲᠠᠭᠤᠨ ᠪᠠᠶᠢᠳᠠᠯ ᠢ ᠬᠠᠮᠠᠭᠠᠯᠠᠵᠤ ᠂ ᠤᠯᠠᠨ ᠲᠠᠯᠠᠲᠤ ᠦᠵᠡᠯ ᠂ ᠴᠢᠯᠦᠭᠡᠲᠦ ᠠᠷᠠᠯᠵᠢᠶ᠎ᠠ ᠶᠢ ᠳᠡᠮᠵᠢᠵᠦ ᠂ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠂ | ᠬᠦᠴᠦᠷᠬᠡᠭᠯᠡᠯ ᠤᠨ ᠤᠯᠤᠰ ᠲᠦᠷᠦ ᠪᠠ ᠡᠵᠡᠷᠬᠡᠵᠦ ᠳᠠᠷᠤᠯᠠᠬᠤ ᠠᠵᠢᠯᠯᠠᠭ᠎ᠠ ᠶᠢ ᠡᠰᠡᠷᠭᠦᠴᠡᠨ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠵᠡᠭᠡᠪᠡ ᠃ | ᠲᠤᠰ ᠡᠳᠦᠷ ᠤᠨ ᠦᠳᠡ ᠳᠤ ᠰᠢ ᠶᠢᠨ ᠫᠢᠩ ᠬᠤᠷᠠᠯ ᠳᠤ ᠣᠷᠣᠯᠴᠠᠬᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠤ ᠤᠳᠤᠷᠢᠳᠬᠤ | ᠬᠥᠮᠥᠰ ᠵᠢᠴᠢ ᠡᠯ᠎ᠡ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ ᠤᠭᠲᠤᠬᠤ ᠳᠠᠶᠢᠯᠠᠯᠭ᠎ᠠ ᠬᠢᠪᠡ ᠃ | ᠼᠠᠢ ᠴᠢ ᠂ ᠶᠢᠨ ᠯᠢ ᠨᠠᠷ ᠳᠡᠭᠡᠷ᠎ᠡ ᠳᠤᠷᠠᠳᠤᠭᠰᠠᠨ ᠠᠵᠢᠯᠯᠠᠭ᠎ᠠ ᠳᠤ ᠣᠷᠣᠯᠴᠠᠪᠠ ᠃ | ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ ᠃ | | | |