| ᠠᠦ᠋ᠰᠳ᠋ᠷᠠᠯᠢᠶ᠎ᠠ ᠶᠢᠨ ᠰᠢᠳ᠋ᠨᠢ ᠶᠡᠭᠡ ᠰᠤᠷᠭᠠᠭᠤᠯᠢ ᠪᠠ ᠠᠩᠭ᠍ᠯᠢ ᠶᠢᠨ ᠯᠤᠨᠳᠤᠨ ᠶᠡᠭᠡ ᠰᠤᠷᠭᠠᠭᠤᠯᠢ ᠶᠢᠨ ᠳᠡᠭᠡᠳᠦ ᠰᠤᠷᠭᠠᠭᠤᠯᠢ ᠶᠢᠨ ᠰᠤᠳᠤᠯᠭᠠᠲᠠᠳ ᠤᠨ | ᠳᠠᠭᠠᠭᠤᠯᠤᠨ ᠥᠷᠨᠢᠭᠦᠯᠦᠭᠰᠡᠨ ᠨᠢᠭᠡᠨ ᠰᠢᠨ᠎ᠡ ᠰᠤᠳᠤᠯᠭᠠᠨ ᠳᠤ ᠬᠠᠷᠠᠭᠤᠯᠤᠬᠰᠡᠨ ᠢᠶᠠᠷ ᠂ ᠡᠳᠦᠷ ᠪᠦᠷᠢ ᠪᠠᠭ᠎ᠠ ᠬᠡᠮᠵᠢᠶᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠂ | ᠵᠢᠱᠢᠶᠡᠯᠡᠪᠡᠯ ᠭᠦᠶᠦᠬᠦ ᠂ ᠳᠤᠭᠤᠶ ᠤᠨᠤᠬᠤ ᠪᠤᠶᠤ ᠱᠠᠲᠤ ᠠᠪᠠᠷᠢᠬᠤ ᠵᠡᠷᠭᠡ ᠨᠢ ᠴᠢᠰᠤᠨ ᠳᠠᠷᠤᠯᠲᠠ ᠶᠢ ᠪᠠᠭᠤᠷᠠᠭᠤᠯᠬᠤ ᠳᠤ ᠠᠰᠢᠭᠲᠠᠶ ᠪᠠᠶᠢᠳᠠᠭ ᠃ ᠬᠤᠯᠪᠤᠬᠳᠠᠯ | ᠪᠦᠬᠦᠢ ᠥᠭᠦᠯᠡᠯ ᠨᠢᠭᠡᠨᠲᠡ ᠠᠮᠧᠷᠢᠺᠠ ᠶᠢᠨ ᠵᠢᠷᠦᠬᠡᠨ ᠤ ᠨᠡᠶᠢᠭᠡᠮᠯᠢᠭ ᠤᠨ ᠡᠷᠬᠢᠯᠡᠭᠰᠡᠨ ︽ ᠣᠷᠴᠢᠯ ︾ ᠰᠡᠳᠬᠦᠯ ᠳᠡᠭᠡᠷ᠎ᠡ ᠨᠡᠶᠢᠲᠡᠯᠡᠭᠳᠡᠵᠡᠢ ᠃ ᠰᠢᠳ᠋ᠨᠢ ᠶᠡᠭᠡ | ᠰᠤᠷᠭᠠᠭᠤᠯᠢ ᠣᠶᠢᠷ᠎ᠠ ᠳᠤ ᠰᠣᠨᠢᠨ ᠮᠡᠳᠡᠭᠡᠨ ᠤ ᠠᠯᠪᠠᠨ ᠮᠡᠳᠡᠭᠡ ᠨᠡᠶᠢᠲᠡᠯᠡᠵᠦ ᠂ ᠴᠢᠰᠤᠨ ᠳᠠᠷᠤᠯᠲᠠ ᠥᠨᠳᠥᠷ ᠨᠢ ᠪᠥᠬᠦ ᠳᠡᠯᠡᠬᠡᠶ ᠶᠢᠨ 12. 8 ᠳ᠋ᠦᠩᠰᠢᠭᠤᠷ | ᠣᠷᠴᠢᠮ ᠨᠠᠰᠤᠨ ᠳᠤ ᠭᠦᠷᠦᠭᠰᠡᠳ ᠢ ᠨᠥᠯᠥᠭᠡᠯᠡᠵᠦ ᠂ ᠰᠠ ᠡᠪᠡᠳᠴᠢᠨ ᠂ ᠵᠢᠷᠦᠬᠡᠨ ᠡᠪᠡᠳᠴᠢᠨ ᠂ ᠵᠢᠷᠦᠬᠡᠨ ᠲᠠᠮᠢᠷ ᠮᠠᠭᠤᠳᠠᠬᠤ ᠂ ᠪᠥᠭᠡᠷ᠎ᠡ ᠶᠢᠨ ᠭᠡᠮᠲᠦᠯ ᠵᠡᠷᠭᠡ ᠠᠯᠢ | ᠣᠯᠠᠨ ᠡᠷᠡᠭᠦᠯ ᠮᠡᠨᠳᠦ ᠶᠢᠨ ᠠᠰᠠᠭᠤᠳᠠᠯ ᠢ ᠡᠭᠦᠰᠭᠡᠵᠦ ᠮᠡᠳᠡᠨ᠎ᠡ ᠂ ᠢᠯᠡᠷᠡᠯ ᠨᠢ ᠢᠯᠡᠷᠬᠡᠶ ᠪᠤᠰᠤ ᠠᠴᠠ ᠪᠣᠯᠵᠣ ᠦᠷᠭᠦᠯᠵᠢ ︽ ᠳᠤᠭᠤᠶ ᠶᠠᠷᠭᠠᠴᠢᠨ ︾ ᠬᠡᠮᠡᠭᠳᠡᠳᠡᠭ | ᠭᠡᠵᠤ ᠬᠡᠯᠡᠪᠡ ᠃ ᠥᠭᠦᠯᠡᠯ ᠤᠨ ᠴᠢᠮᠡᠭᠡᠯᠡᠯ ᠤᠨ ᠵᠣᠬᠢᠶᠠᠭᠴᠢ ᠶᠢᠨ ᠨᠢᠭᠡ ᠂ ᠰᠢᠳ᠋ᠨᠢ ᠶᠡᠭᠡ ᠰᠤᠷᠭᠠᠭᠤᠯᠢ ᠶᠢᠨ ᠴᠠᠷᠯᠧᠰ · ᠫᠤᠷᠺᠢᠨᠰ ᠲᠥᠪ ᠤᠨ ᠫᠷᠤᠹᠧᠰᠰᠤᠷ | ᠠᠶᠢᠮᠠᠨᠢᠦ᠋ᠢᠢᠢᠷ · ᠰᠲ᠋ᠠᠮᠠᠲ᠋ᠠᠵᠢᠰ ᠂ ᠴᠢᠰᠤᠨ ᠳᠠᠷᠤᠯᠲᠠ ᠥᠨᠳᠥᠷ ᠪᠣᠯ ᠪᠥᠬᠦ ᠪᠥᠮᠪᠥᠷᠴᠡᠭ ᠤᠨ ᠬᠠᠮᠤᠭ ᠤᠨ ᠭᠤᠤᠯ ᠪᠣᠯᠬᠤ ᠡᠷᠡᠭᠦᠯ ᠮᠡᠨᠳᠦ ᠶᠢᠨ ᠠᠰᠠᠭᠤᠳᠠᠯ ᠤᠨ | ᠨᠢᠭᠡ ᠮᠥᠨ ᠂ ᠭᠡᠪᠡᠴᠦ ᠪᠤᠰᠤᠳ ᠵᠠᠷᠢᠮ ᠠᠮᠢᠨ ᠳᠤ ᠬᠦᠷᠬᠦ ᠪᠣᠯᠤᠮᠵᠢ ᠲᠠᠢ ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ ᠠᠳᠠᠯᠢ ᠥᠬᠡᠶ ᠂ ᠡᠮ ᠢᠶᠠᠷ | ᠵᠠᠰᠠᠬᠤ ᠠᠴᠠ ᠭᠠᠳᠠᠨ᠎ᠠ ᠂ ᠴᠢᠰᠤᠨ ᠳᠠᠷᠤᠯᠲᠠ ᠥᠨᠳᠥᠷ ᠡᠪᠡᠳᠴᠢᠨ ᠢ ᠪᠠᠰᠠ ᠬᠠᠷᠢᠴᠠᠩᠭᠤᠶ ᠬᠢᠯᠪᠠᠷ ᠠᠷᠭ᠎ᠠ ᠪᠠᠷ ᠠᠷᠭᠠᠴᠠᠭᠠᠵᠤ ᠮᠡᠳᠡᠨ᠎ᠡ ᠭᠡᠵᠤ ᠵᠢᠭᠠᠵᠤ ᠭᠠᠷᠭᠠᠪᠠ ᠃ | ᠰᠤᠳᠤᠯᠭᠠᠨ ᠤ ᠪᠦᠯᠬᠦᠮ ᠤᠨ ᠬᠢᠨ 5 ᠤᠯᠤᠰ ᠠᠴᠠ ᠢᠷᠡᠭᠰᠡᠨ 1.4 ᠲᠦᠮᠡ ᠭᠠᠷᠤᠶ ᠰᠠᠶᠢᠨ ᠲᠤᠷᠠᠴᠤᠳ ᠤᠨ ᠡᠷᠡᠭᠦᠯ ᠮᠡᠨᠳᠦ ᠶᠢᠨ ᠲᠤᠭ᠎ᠠ ᠪᠠᠷᠢᠮᠲᠠ ᠳᠤ | ᠵᠠᠳᠠᠯᠤᠯᠲᠠ ᠬᠢᠵᠦ ᠂ ᠨᠢᠭᠡ ᠡᠳᠦᠷ ᠤᠨ ᠳᠣᠲᠣᠷ᠎ᠠ ᠨᠢᠭᠡ ᠵᠦᠢᠯ ᠤᠨ ᠬᠥᠳᠡᠯᠭᠡᠭᠡᠨ ᠤ ᠠᠵᠢᠯᠯᠠᠭ᠎ᠠ ᠪᠣᠯᠤᠨ ᠴᠢᠰᠤᠨ ᠳᠠᠷᠤᠯᠲᠠ ᠶᠢᠨ ᠬᠤᠭᠤᠷᠣᠨᠳᠣᠬᠢ ᠬᠠᠷᠢᠴᠠᠭ᠎ᠠ ᠶᠢ | ᠰᠤᠳᠤᠯᠬᠤ ᠪᠠᠷ ᠪᠠᠶᠢᠨ᠎ᠠ ᠃ ᠣᠷᠣᠯᠴᠠᠭᠴᠢ ᠶᠢᠨ ᠡᠳᠦᠷ ᠲᠤᠲᠤᠮ ᠤᠨ ᠬᠥᠳᠡᠯᠭᠡᠭᠡᠨ ᠢ ᠤᠨᠲᠠᠬᠤ ᠂ ᠤᠳᠠᠭᠠᠨ ᠰᠠᠭᠤᠬᠤ ᠂ ᠤᠳᠠᠭᠠᠨ ᠶᠠᠪᠤᠬᠤ ᠂ ᠲᠦᠷᠭᠡᠨ ᠶᠠᠪᠤᠬᠤ ᠂ | ᠵᠣᠭᠰᠣᠬᠤ ᠪᠠ ᠨᠡᠯᠢᠶᠡᠳ ᠰᠢᠷᠦᠭᠦᠨ ᠬᠥᠳᠡᠯᠭᠡᠭᠡᠨ ︵ ᠭᠦᠶᠦᠬᠦ ᠂ ᠳᠤᠭᠤᠶ ᠤᠨᠤᠬᠤ ᠪᠤᠶᠤ ᠠᠰᠠᠷ ᠤᠨ ᠱᠠᠲᠤ ᠠᠪᠠᠷᠢᠬᠤ ᠵᠡᠷᠭᠡ ︶ ᠭᠡᠬᠦ ᠵᠢᠷᠭᠤᠭᠠᠨ ᠲᠥᠷᠥᠯ ᠳᠤ | ᠬᠤᠪᠢᠶᠠᠨ᠎ᠠ ᠃ ᠣᠷᠣᠯᠴᠠᠭᠴᠢ ᠪᠣᠯᠭᠠᠨ ᠪᠦᠷ ᠭᠤᠶ᠎ᠠ ᠳᠡᠭᠡᠷ᠎ᠡ ᠪᠠᠨ ᠬᠤᠷᠳᠤᠴᠠ ᠨᠡᠮᠡᠬᠦ ᠬᠡᠮᠵᠢᠭᠦᠷ ᠵᠡᠭᠦᠵᠦ ᠂ ᠲᠡᠳᠡᠨ ᠤ ᠪᠦᠬᠦ ᠡᠳᠦᠷ ᠤᠨ ᠬᠥᠳᠡᠯᠭᠡᠭᠡᠨ ᠵᠡᠷᠭᠡ ᠶᠢ | ᠬᠡᠮᠵᠢᠨ᠎ᠡ ᠃ ᠰᠤᠳᠤᠯᠭᠠᠨ ᠤ ᠪᠦᠯᠬᠦᠮ ᠵᠠᠭᠪᠤᠷ ᠢᠶᠠᠷ ᠳᠠᠮᠵᠢᠨ ᠣᠷᠣᠯᠴᠠᠭᠴᠢ ᠶᠢᠨ ᠡᠯ᠎ᠡ ᠵᠦᠢᠯ ᠤᠨ ᠬᠥᠳᠡᠯᠭᠡᠭᠡᠨ ᠤ ᠬᠡᠯᠪᠡᠷᠢ ᠶᠢᠨ ᠬᠤᠭᠤᠷᠣᠨᠳᠣ ᠰᠣᠯᠢᠬᠤ ᠨᠢ | ᠴᠢᠰᠤᠨ ᠳᠠᠷᠤᠯᠲᠠ ᠳᠤ ᠦᠵᠡᠭᠦᠯᠬᠦ ᠨᠥᠯᠥᠭᠡ ᠶᠢ ᠪᠠᠷᠤᠭᠴᠠᠭᠠᠯᠠᠨ ᠪᠣᠳᠣᠵᠠᠢ ᠃ ᠰᠤᠳᠤᠯᠭᠠᠨ ᠳᠤ ᠵᠢᠱᠢᠭᠰᠡᠨ ᠢᠶᠠᠷ ᠂ ᠡᠳᠦᠷ ᠪᠦᠷᠢ ᠢᠯᠡᠭᠦᠦ 5 ᠮᠢᠨᠦ᠋ᠲ | ᠬᠥᠳᠡᠯᠭᠡᠭᠡᠨ ᠬᠢᠪᠡᠯ ᠴᠢᠰᠤᠨ ᠳᠠᠷᠤᠯᠲᠠ ᠶᠢ ᠮᠡᠳᠡᠭᠳᠡᠮ᠎ᠡ ᠪᠠᠭᠤᠷᠠᠭᠤᠯᠵᠤ ᠴᠢᠳᠠᠨ᠎ᠠ ︔ ᠡᠳᠦᠷ ᠪᠦᠷᠢ 20 — 27 ᠮᠢᠨᠦ᠋ᠲ ᠨᠡᠯᠢᠶᠡᠳ ᠰᠢᠷᠦᠭᠦᠨ | ᠬᠥᠳᠡᠯᠭᠡᠭᠡᠨ ᠢᠶᠠᠷ ᠤᠳᠠᠭᠠᠨ ᠰᠠᠭᠤᠬᠤ ᠶᠢ ᠣᠷᠣᠯᠠᠭᠤᠯᠪᠠᠯ ᠂ ᠡᠮᠴᠢᠯᠡᠭᠡᠨ ᠤ ᠠᠴᠢ ᠬᠤᠯᠪᠣᠭᠳᠠᠯ ᠲᠠᠢ ᠴᠢᠰᠤᠨ ᠳᠠᠷᠤᠯᠲᠠ ᠶᠢ ᠪᠠᠭᠤᠷᠠᠭᠤᠯᠵᠤ ᠮᠡᠳᠡᠬᠦ ᠪᠥᠭᠡᠳ | ᠬᠠᠮᠲᠤᠯᠢᠭ ᠤᠨ ᠲᠠᠯ᠎ᠠ ᠠᠴᠠ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠭᠦᠰᠭᠦ ᠨᠣᠷᠮ᠎ᠠ ᠶᠢ 28 % ᠳᠤ ᠬᠦᠷᠲᠡᠯ᠎ᠡ ᠪᠠᠭᠤᠷᠠᠭᠤᠯᠵᠤ ᠮᠡᠳᠡᠨ᠎ᠡ ᠃ | ᠰᠤᠳᠤᠯᠭᠠᠨ ᠤ ᠠᠵᠢᠯᠲᠠᠨ ᠂ ᠡᠨᠡ ᠬᠦ ᠰᠢᠨ᠎ᠡ ᠰᠤᠳᠤᠯᠭᠠᠨ ᠳᠤ ᠬᠠᠷᠠᠭᠤᠯᠤᠬᠰᠡᠨ ᠢᠶᠠᠷ ᠂ ᠪᠣᠳᠠᠭᠠᠯᠢ ᠪᠡᠶ᠎ᠡ ᠶᠢᠨ ᠪᠠᠶᠢᠳᠠᠯ ᠶᠠᠮᠠᠷ ᠪᠠᠶᠢᠭᠰᠠᠨ ᠴᠤ ᠂ ᠡᠳᠦᠷ ᠪᠦᠷᠢ | ᠣᠬᠤᠷ ᠬᠤᠭᠤᠴᠠᠭᠠᠨ ᠤ ᠬᠥᠳᠡᠯᠭᠡᠭᠡᠨ ᠬᠢᠪᠠᠯ ᠴᠢᠰᠤᠨ ᠳᠠᠷᠤᠯᠲᠠ ᠳᠤ ᠢᠳᠡᠪᠬᠢᠲᠡᠶ ᠨᠥᠯᠥᠭᠡ ᠦᠵᠡᠭᠦᠯᠵᠦ ᠮᠡᠳᠡᠨ᠎ᠡ ᠃ ᠡᠨᠡ ᠬᠦ ᠰᠤᠳᠤᠯᠭᠠᠨ ᠤ ᠨᠢᠭᠡ ᠣᠨᠴᠠᠭᠠᠶ | ᠲᠠᠯ᠎ᠠ ᠭᠡᠪᠡᠯ ᠨᠡᠶᠢᠲᠡ ᠶᠢᠨ ᠮᠠᠰᠢᠨ ᠲᠡᠷᠭᠡ ᠂ ᠣᠶᠢᠷ᠎ᠠ ᠵᠠᠮ ᠤᠨ ᠳᠤᠭᠤᠶ ᠲᠡᠷᠭᠡ ᠵᠡᠷᠭᠡ ᠡᠳᠦᠷ ᠲᠤᠲᠤᠮ ᠤᠨ ᠬᠥᠳᠡᠯᠭᠡᠭᠡᠨ ᠢ ᠪᠠᠭᠲᠠᠭᠠᠵᠤ ᠂ ᠲᠡᠳᠡᠭᠡᠷ ᠨᠢ ᠴᠥᠮ | ᠪᠡᠶ᠎ᠡ ᠶᠢᠨ ᠲᠠᠮᠢᠷ ᠤᠨ ᠪᠣᠯᠪᠠᠰᠤᠷᠠᠯ ᠲᠠᠢ ᠠᠳᠠᠯᠢᠪᠲᠤᠷ ᠦᠷ᠎ᠡ ᠳ᠋ᠦᠩ ᠢ ᠭᠠᠷᠭᠠᠵᠤ ᠴᠢᠳᠠᠨ᠎ᠠ ᠭᠡᠵᠤ ᠢᠯᠡᠳᠭᠡᠪᠡ ᠃ | |