| | | | | ︽ ᠤᠲᠠᠰᠤ ᠲᠠᠯᠪᠢ ︕ ︾ ᠭᠡᠵᠦ ᠵᠠᠷᠯᠢᠭ ᠪᠠᠭᠤᠯᠭᠠᠬᠤ ᠶᠢ ᠳᠠᠭᠠᠯᠳᠤᠨ ᠂ ᠥᠪᠦᠷ ᠮᠤᠩᠭᠤᠯ ᠤᠨᠡᠨᠧᠷᠬᠢ ᠶᠢᠨ ᠪᠥᠯᠥᠭᠯᠡᠯ ᠤᠨ ᠵᠦᠨ ᠳ᠋ᠠ ᠴᠠᠬᠢᠯᠭᠠᠨ | ᠦᠢᠯᠡᠳᠪᠦᠷᠢ ᠵᠢᠨᠬᠤᠶᠠᠳᠤᠭᠠᠷ ᠬᠤᠭᠤᠴᠠᠭᠠᠨ ᠤ 2×100 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠨ ᠥᠷᠭᠡᠳᠬᠡᠨ ᠪᠠᠶᠢᠭᠤᠯᠬᠤ | ᠲᠥᠷᠥᠯ ᠵᠦᠢᠯ ᠤᠨ 500 ᠺᠢᠯᠣᠸᠠᠲ ᠤᠨ ᠢᠵᠢ ᠪᠦᠷᠢᠳᠦᠭᠦᠯᠦᠨ ᠴᠠᠬᠢᠯᠭᠠᠨ ᠬᠦᠷᠭᠡᠬᠦ ᠢᠨᠵᠧᠨᠧᠷᠢᠩ ᠪᠥᠬᠦ ᠱᠤᠭᠤᠮ ᠢᠶᠠᠷ ᠨᠡᠪᠲᠡᠷᠡᠪᠡ ᠃ ᠡᠨᠧᠷᠭᠢ ᠶᠢᠨ | ᠰᠤᠷᠪᠤᠯᠵᠢ ᠶᠢ ᠭᠠᠳᠠᠭᠰᠢ ᠬᠦᠷᠭᠡᠬᠦ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠡᠨᠡᠬᠦ ︽ᠴᠠᠬᠢᠯᠭᠠᠨ ᠬᠦᠴᠦᠨ ᠤ ᠯᠤᠭᠰᠢᠭᠤᠨ ᠰᠤᠳᠠᠰᠤ ︾ ᠨᠢ 10 ᠰᠠᠷ᠎ᠠ | ᠰᠢᠬᠠᠮ ᠤᠨ ᠡᠳᠦᠷ ᠰᠥᠨᠢ ᠶᠢᠨ ᠴᠢᠷᠮᠠᠶᠢᠯᠭ᠎ᠠ ᠶᠢ ᠥᠩᠭᠡᠷᠡᠭᠡᠭᠡᠳ᠂ ᠥᠪᠥᠷ ᠮᠣᠩᠭᠤᠯ ᠤᠨ ᠥᠨᠳᠦᠷᠯᠢᠭ ᠳᠡᠭᠡᠷ᠎ᠡ ᠡᠴᠦᠰ ᠲᠡᠭᠡᠨ ᠴᠠᠬᠢᠯᠭᠠᠨ ᠦᠢᠯᠡᠳᠪᠦᠷᠢ ᠪᠣᠯᠣᠨ | ᠬᠦᠴᠦᠳᠡᠯ ᠥᠭᠡᠷᠡᠴᠢᠯᠡᠬᠦ ᠦᠷᠳᠡᠭᠡ ᠶᠢ ᠬᠤᠯᠪᠣᠭᠰᠠᠨ ᠠᠯᠳᠠᠨ ᠥᠩᠭᠡᠲᠦ ᠬᠥᠭᠦᠷᠭᠡ ᠶᠢ ᠴᠣᠭᠴᠠᠯᠠᠭᠰᠠᠨ ᠪᠠᠶᠢᠨ᠎ᠠ᠃ | | ᠵᠢᠷᠤᠭ ᠄ ᠥᠪᠦᠷ ᠮᠤᠩᠭᠤᠯ ᠤᠨᠡᠨᠧᠷᠬᠢ ᠶᠢᠨ ᠪᠥᠯᠥᠭᠯᠡᠯ ᠤᠨ ᠵᠦᠨ ᠳ᠋ᠠ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ 2×100 ᠲᠦᠮᠡᠨ | ᠺᠢᠯᠣᠸᠠᠲ ᠤᠨ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ 500 ᠺᠢᠯᠣᠸᠠᠲ ᠤᠨ ᠢᠵᠢ ᠪᠦᠷᠢᠳᠦᠭᠦᠯᠦᠨ | ᠴᠠᠬᠢᠯᠭᠠᠨ ᠬᠦᠷᠭᠡᠬᠦ ᠢᠨᠵᠧᠨᠧᠷᠢᠩ ᠤᠨ ᠲᠡᠮᠦᠷ ᠰᠤᠪᠤᠷᠭ᠎ᠠ ᠪᠣᠯᠤᠨ᠎ᠠ ᠃ ᠵᠣᠣ ᠬᠤᠩ ᠶᠠᠨ ᠰᠡᠭᠦᠳᠡᠷᠯᠡᠪᠡ | | ᠵᠢᠷᠤᠭ ᠄ ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ ᠶᠢᠨ 500KV ᠤᠨ ᠴᠠᠩ ᠱᠧᠩ ᠬᠦᠴᠦᠳᠡᠯ ᠥᠭᠡᠷᠡᠴᠢᠯᠡᠬᠦ | ᠥᠷᠲᠡᠭᠡ ᠂ 500KV ᠤᠨᠴᠠᠩ ᠱᠧᠩ ᠬᠦᠴᠦᠳᠡᠯ ᠥᠭᠡᠷᠡᠴᠢᠯᠡᠬᠦ ᠥᠷᠲᠡᠭᠡ ᠶᠢᠨ ᠪᠠᠷᠢᠯᠭ᠎ᠠ ᠶᠢᠨ ᠠᠬᠤᠢ ᠲᠠᠯᠠᠪᠠᠶ ᠪᠣᠯᠤᠨ᠎ᠠ ᠃ ᠵᠣᠣ ᠬᠤᠩ ᠶᠠᠨ ᠰᠡᠭᠦᠳᠡᠷᠯᠡᠪᠡ | | 500KV ᠤᠨ ᠴᠠᠩ ᠱᠧᠩ ᠬᠦᠴᠦᠳᠡᠯ ᠥᠭᠡᠷᠡᠴᠢᠯᠡᠬᠦ ᠥᠷᠲᠡᠭᠡᠨ ᠤ ᠪᠠᠷᠢᠯᠭ᠎ᠠ ᠶᠢᠨ ᠠᠬᠤᠢ ᠲᠠᠯᠠᠪᠠᠢ ᠳᠤ᠂ ᠪᠠᠷᠢᠯᠭ᠎ᠠ ᠶᠢᠨ ᠠᠩᠭᠢ ᠶᠢᠨ ᠬᠢᠨ ᠴᠠᠭ ᠮᠥᠴᠡ ᠶᠢ | ᠠᠯᠳᠠᠯ ᠦᠭᠡᠢ ᠪᠠᠷ ᠬᠤᠶᠠᠷ ᠤᠳᠠᠭ᠎ᠠ ᠳᠣᠣᠷ᠎ᠠ ᠬᠦᠴᠦᠳᠡᠯᠲᠦ ᠲᠥᠬᠦᠭᠡᠷᠦᠮᠵᠢ ᠶᠢ ᠤᠭᠰᠠᠷᠠᠵᠤ ᠲᠤᠷᠰᠢᠨ ᠲᠣᠬᠢᠷᠠᠭᠤᠯᠵᠤ ᠪᠠᠶᠢᠯ᠎ᠠ ᠃ ᠢᠨᠵᠧᠨᠧᠷ ᠰᠢᠶᠣᠣ ᠸᠠᠩ | ᠭᠠᠷ ᠲᠠᠭᠠᠨ ᠪᠠᠶᠢᠴᠠᠭᠠᠨ ᠰᠢᠯᠭᠠᠬᠤ ᠬᠡᠮᠵᠢᠭᠦᠷᠯᠢᠭ ᠢ ᠪᠠᠷᠢᠵᠤ ᠂ ᠲᠥᠬᠦᠭᠡᠷᠦᠮᠵᠢ ᠲᠠᠢ ᠨᠢᠭᠲᠠ ᠨᠠᠭᠠᠯᠳᠤᠵᠤ ᠪᠣᠯᠵᠣᠯᠲᠤ ᠲᠤᠭ᠎ᠠ ᠶᠢ ᠨᠠᠷᠢᠨ ᠨᠢᠮᠪᠠᠢ ᠬᠠᠷᠭᠤᠭᠤᠯᠵᠤ ᠄ | ︽ ᠡᠨᠡ ᠨᠢ ᠶᠠᠭ ᠰᠢᠨ᠎ᠡ ᠤᠲᠠᠰᠤᠨ ᠳᠤ ︿ ᠣᠶᠤᠨᠲᠤ ᠲᠠᠷᠢᠬᠢ ﹀ ᠤᠭᠰᠠᠷᠠᠭᠰᠠᠨ ᠲᠠᠢ ᠠᠳᠠᠯᠢ ᠶᠤᠮ ᠂ ᠲᠤᠭ᠎ᠠ ᠪᠠᠷᠢᠮᠲᠠ ᠨᠢᠭᠡᠪᠦᠷᠢ ᠨᠢ ᠴᠥᠮ ᠪᠦᠬᠦ᠋ᠢᠯᠡ | ᠤᠲᠠᠰᠤᠨ ᠤ ᠠᠮᠤᠷ ᠲᠦᠪᠰᠢᠨ ᠢᠶᠠᠷ ᠠᠵᠢᠯᠯᠠᠬᠤ ᠲᠠᠢ ᠬᠤᠯᠪᠣᠭᠳᠠᠨ᠎ᠠ ︾ ᠭᠡᠵᠡᠢ ᠃ ᠳᠡᠮᠡᠢ ᠬᠤᠯᠠ ᠦᠭᠡᠢ ᠭᠠᠵᠠᠷ ᠲᠤ ᠂ ᠮᠡᠷᠭᠡᠵᠢᠯᠲᠡᠨ ᠰᠢᠶᠣᠣ ᠯᠢ ᠴᠠᠬᠢᠯᠭᠠᠨ | ᠳᠡᠭᠡᠰᠦᠨ ᠤ ᠭᠤᠤ ᠳᠤ ᠰᠢᠷᠭᠤᠵᠤ ᠂ ᠴᠠᠬᠢᠯᠭᠠᠨ ᠳᠡᠭᠡᠰᠦ ᠨᠢᠭᠡᠪᠦᠷᠢ ᠶᠢ ᠨᠠᠷᠢᠯᠢᠭ ᠣᠨᠣᠴᠠᠲᠠᠢ ᠪᠠᠷ ᠵᠠᠯᠭᠠᠨ᠎ᠠ ᠃ ᠠᠬᠤᠢ ᠲᠠᠯᠠᠪᠠᠢ ᠶᠢᠨ ᠥᠨᠳᠥᠷ ᠬᠦᠴᠦᠳᠡᠯᠲᠦ | ᠴᠠᠬᠢᠯᠭᠠᠨ ᠭᠦᠶᠦᠳᠡᠯ ᠤᠨ ᠳᠠᠭᠤᠨ ᠪᠣᠯᠣᠨ ᠵᠢᠯᠣᠭᠤᠳᠤᠯᠭ᠎ᠠ ᠶᠢᠨ ᠳᠠᠭᠤᠨ ᠨᠢ ᠪᠠᠴᠢᠮ ᠶᠠᠭᠠᠷᠠᠯᠲᠠᠢ ᠪᠦᠲᠦᠭᠡᠨ ᠪᠠᠶᠢᠭᠤᠯᠤᠯᠲᠠ ᠶᠢᠨ ᠵᠢᠷᠤᠭ ᠳᠦᠷᠰᠦ ᠶᠢ | ᠵᠢᠷᠤᠭᠯᠠᠵᠠᠢ᠃ | | | ᠵᠢᠷᠤᠭ ᠄ ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ ᠶᠢᠨ 500KV ᠤᠨ ᠴᠠᠩ ᠱᠧᠩ ᠬᠦᠴᠦᠳᠡᠯ ᠥᠭᠡᠷᠡᠴᠢᠯᠡᠬᠦ | ᠥᠷᠲᠡᠭᠡ ᠪᠣᠯᠤᠨ᠎ᠠ ᠃ ᠵᠣᠣ ᠬᠤᠩ ᠶᠠᠨ ᠰᠡᠭᠦᠳᠡᠷᠯᠡᠪᠡ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠡᠨᠧᠷᠭᠢ ᠶᠢᠨ ᠲᠥᠯᠦᠪᠵᠢᠭᠦᠯᠭᠡ ᠶᠢᠨ ᠭᠤᠣᠯ | ᠢᠨᠵᠧᠨᠧᠷᠢᠩ ᠪᠣᠯᠤᠭᠰᠠᠨ ᠤ ᠬᠤᠪᠢ ᠳᠤ ᠂ 5454 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠡᠨᠡ ᠬᠦ ᠴᠠᠬᠢᠯᠭᠠᠨ ᠬᠦᠴᠦᠨ ᠤ ᠢᠨᠵᠧᠨᠧᠷᠢᠩ ᠨᠢ ︽ | ᠦᠨᠳᠦᠰᠦᠨ ᠪᠠᠶᠢᠭᠤᠯᠤᠯᠲᠠ ᠶᠢᠨ ᠬᠠᠲᠠᠭᠤ ᠴᠥᠮᠡᠲᠦ︾ ᠬᠡᠮᠡᠭᠳᠡᠵᠦ ᠪᠤᠢ ᠃ 6.52 ᠺᠢᠯᠣᠮᠧᠲᠷ ᠤᠨ 500 ᠺᠢᠯᠣᠸᠠᠲ ᠤᠨ ᠬᠡᠯᠬᠢᠶ᠎ᠡ ᠶᠢ ᠢᠵᠢᠯᠢ ᠰᠤᠪᠤᠷᠭ᠎ᠠ ᠶᠢᠨ | ᠬᠤᠣᠰ ᠭᠦᠢᠯᠭᠡᠭᠡᠲᠦ ᠪᠠᠷ ᠲᠠᠲᠠᠵᠤ᠂ 4×400 ᠲᠡᠭᠰᠢ ᠳᠥᠷᠪᠡᠯᠵᠢᠨ ᠮᠢᠯᠢᠮᠧᠲᠷ ᠤᠨ ᠳᠠᠮᠵᠢᠭᠤᠯᠤᠭᠴᠢ ᠤᠲᠠᠰᠤ ᠨᠢ ᠪᠠᠭᠤᠤ ᠠᠴᠠ ᠪᠦᠳᠦᠭᠦᠨ᠂ 17 ᠰᠠᠭᠤᠷᠢ | ᠲᠡᠮᠦᠷ ᠰᠤᠪᠤᠷᠭ᠎ᠠ ᠨᠢ ᠪᠣᠯᠣᠳ ᠲᠡᠮᠦᠷ ᠤᠨ ᠠᠪᠤᠷᠭᠤ ᠬᠥᠮᠥᠨ ᠮᠡᠲᠦ ᠰᠦᠨᠳᠡᠷᠯᠡᠵᠦ᠂ 24 ᠭᠤᠣᠯᠲᠤ OPGW ᠭᠡᠷᠡᠯᠯᠢᠭ ᠳᠡᠭᠡᠰᠦ ᠶᠢ 2 ᠰᠠᠭᠤᠷᠢ ᠲᠤᠯᠵᠤ᠂ | ᠴᠠᠩ ᠱᠧᠩ ᠬᠦᠴᠦᠳᠡᠯ ᠥᠭᠡᠷᠡᠴᠢᠯᠡᠬᠦ ᠦᠷᠳᠡᠭᠡ ᠶᠢ ᠵᠦᠨ ᠳ᠋ᠠᠲ᠋ᠣᠮᠣ ᠴᠠᠬᠢᠯᠭᠠᠨ ᠦᠢᠯᠡᠳᠪᠦᠷᠢ ᠲᠠᠢ ᠨᠢᠭᠲᠠ ᠬᠤᠯᠪᠣᠵᠠᠢ ᠃ ︽ ᠨᠢᠳᠤᠨᠤᠨ ᠤ 8 ᠰᠠᠷ᠎ᠠ ᠳᠤ ᠠᠵᠢᠯ | ᠡᠬᠢᠯᠡᠬᠦ ᠦᠶ᠎ᠡ ᠳᠤ ᠠᠳᠡ ᠪᠠᠰᠠ ᠯᠠ ᠬᠤᠪᠠᠭ᠋ᠠᠢ ᠡᠪᠡᠰᠦ ᠲᠠᠷᠬᠠᠭᠰᠠᠨ ᠳᠣᠪᠣᠷᠬᠠᠭ ᠭᠠᠵᠠᠷ ᠪᠠᠶᠢᠵᠠᠢ ︾ ᠃ ᠥᠪᠥᠷ ᠮᠣᠩᠭᠤᠯ ᠤᠨ ᠴᠠᠬᠢᠯᠭᠠᠨ ᠬᠦᠴᠦᠨ ᠤ | ᠪᠦᠯᠦᠭᠯᠡᠯ ᠤᠨ ᠰᠢᠤᠸᠠᠢ ᠵᠢᠶᠠ ᠸᠠᠨ ᠤ ᠴᠠᠬᠢᠯᠭᠠᠨ ᠬᠠᠩᠭᠠᠬᠤ ᠺᠣᠮᠫᠠᠨᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠯᠲᠡᠰ ᠤᠨ ᠲᠦᠷᠦᠯ ᠵᠦᠢᠯ ᠤᠨ | ᠬᠠᠷᠢᠭᠤᠴᠠᠯᠭᠠᠲᠠᠨ ᠵᠠᠩ ᠪᠦ᠋ ᠸᠧᠨ ᠰᠡᠳᠬᠢᠯ ᠬᠥᠳᠡᠯᠦᠨ ᠬᠡᠯᠡᠬᠦ ᠲᠡᠭᠡᠨ ᠄ ︽ ᠪᠢᠳᠡ ᠬᠠᠬᠢᠷ ᠬᠦᠢᠲᠡᠨ ᠳᠤ ᠲᠡᠮᠦᠷ ᠰᠤᠪᠤᠷᠭ᠎ᠠ ᠪᠣᠰᠬᠠᠵᠤ᠂ ᠪᠠᠰᠠ ᠥᠨᠳᠥᠷ | ᠳᠤᠯᠠᠭᠠᠨ ᠳᠤ ᠴᠠᠬᠢᠯᠭᠠᠨ ᠳᠡᠭᠡᠰᠦ ᠲᠠᠲᠠᠵᠤ ᠪᠠᠶᠢᠬᠤ ᠨᠢ ᠡᠨᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ︕︾ ᠭᠡᠵᠡᠢ ᠃ | | | ᠵᠢᠷᠤᠭ ᠄ ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ ᠶᠢᠨ 500KV ᠤᠨᠴᠠᠩ ᠱᠧᠩ ᠬᠦᠴᠦᠳᠡᠯ ᠥᠭᠡᠷᠡᠴᠢᠯᠡᠬᠦ | ᠥᠷᠲᠡᠭᠡ ᠂ 500KV ᠤᠨ ᠴᠠᠩ ᠱᠧᠩ ᠬᠦᠴᠦᠳᠡᠯ ᠥᠭᠡᠷᠡᠴᠢᠯᠡᠬᠦ ᠥᠷᠲᠡᠭᠡ ᠶᠢᠨ ᠪᠠᠷᠢᠯᠭ᠎ᠠ ᠶᠢᠨ ᠠᠬᠤᠢ ᠲᠠᠯᠠᠪᠠᠢ ᠪᠣᠯᠤᠨ᠎ᠠ ᠃ ᠵᠣᠣ ᠬᠤᠩ ᠶᠠᠨ ᠰᠡᠭᠦᠳᠡᠷᠯᠡᠪᠡ | | ᠠᠵᠢᠯ ᠤᠨ ᠬᠤᠭᠤᠴᠠᠭ᠎ᠠ ᠪᠠᠴᠢᠮ ᠂ ᠭᠠᠵᠠᠷ ᠤᠨ ᠪᠠᠶᠢᠴᠠ ᠶᠢᠨ ᠠᠶᠤᠯ ᠲᠦᠭᠰᠢᠭᠦᠷᠢ ᠶᠢᠨ ᠳᠠᠪᠬᠤᠷ ᠥᠷᠢᠰᠦᠯᠳᠦᠭᠡᠨ ᠤ ᠡᠮᠦᠨ᠎ᠡ ᠂ ᠰᠢᠤᠸᠠᠢ ᠵᠢᠶᠠ ᠸᠠᠨ ᠤ | ᠴᠠᠬᠢᠯᠭᠠᠨ ᠬᠠᠩᠭᠠᠬᠤ ᠺᠣᠮᠫᠠᠨᠢ ᠶᠢᠨ ᠵᠣᠬᠢᠶᠠᠨ ᠪᠠᠶᠢᠭᠤᠯᠤᠭᠰᠠᠨ ︽ ᠴᠠᠬᠢᠯᠭᠠᠨ ᠬᠦᠴᠦᠨ ᠤ ᠲᠡᠮᠦᠷ ᠵᠠᠮ ᠤᠨ ᠴᠡᠷᠢᠭ ︾ ᠨᠢ ︽ ᠡᠳᠦᠷ ᠰᠥᠨᠢ ᠢᠯᠭᠠᠯ ᠦᠭᠡᠢ | ᠠᠵᠢᠯᠯᠠᠬᠤ︾ ᠪᠣᠭᠤᠮᠲᠠ ᠰᠢᠪᠲᠤᠯᠬᠤᠤ᠋ ᠵᠠᠭᠪᠤᠷ ᠢ ᠡᠬᠢᠯᠡᠭᠦᠯᠪᠡ ᠃ ᠲᠡᠳᠡ ᠠᠭᠤᠯᠠᠨ ᠳᠤᠮᠳᠠ ᠲᠦᠷ ᠴᠠᠭ ᠤᠨ ᠵᠢᠯᠤᠭᠤᠳᠬᠤ ᠭᠠᠵᠠᠷ ᠪᠠᠶᠢᠭᠤᠯᠵᠤ᠂ ᠪᠠᠷᠢᠯᠭ᠎ᠠ ᠶᠢᠨ | ᠠᠬᠢᠴᠠ ᠶᠢ ᠡᠳᠦᠷ ᠪᠦᠷᠢ ᠶᠢᠨ ᠡᠭᠦᠷᠭᠡ ᠪᠣᠯᠭᠠᠨ ᠨᠠᠷᠢᠯᠢᠭᠵᠢᠭᠤᠯᠵᠤ ᠂ ᠨᠢᠭᠡ ᠵᠠᠩᠭᠢᠯᠠᠭ᠎ᠠ ᠶᠢᠨ ᠴᠡᠭ ᠢ ᠪᠡᠶᠡᠯᠡᠭᠦᠯᠬᠦ ᠪᠦᠷᠢ ᠳᠠᠶᠢᠯᠠᠯᠳᠤᠭᠠᠨ ᠤ ᠵᠢᠷᠤᠭ ᠳᠡᠭᠡᠷ᠎ᠡ ᠪᠠᠨ | ᠵᠢᠵᠢᠭ ᠤᠯᠠᠭᠠᠨ ᠲᠤᠭ ᠨᠠᠭᠠᠳᠠᠭ᠃ ᠴᠢᠯᠠᠭᠤᠯᠢᠭ ᠤᠨ ᠭᠠᠵᠠᠷ ᠰᠢᠨᠵᠢᠯᠡᠭᠡᠨ ᠳᠤ ᠪᠤᠯᠠᠭᠠᠷᠢ ᠰᠢᠭᠠᠬᠤ ᠳᠤ ᠬᠦᠴᠢᠷᠳᠡᠬᠦ ᠦᠶ᠎ᠡ ᠳᠤ᠂ ᠪᠠᠷᠢᠯᠭ᠎ᠠ ᠶᠢᠨ ᠪᠦᠯᠬᠦᠮ ᠤᠨ ᠬᠢᠨ | ᠰᠥᠨᠢᠵᠢᠨ ᠲᠤᠰᠬᠠᠢ ᠮᠡᠷᠭᠡᠵᠢᠯ ᠤᠨ ᠮᠧᠬᠠᠨᠢᠭ ᠢ ᠲᠣᠬᠢᠷᠠᠭᠤᠯᠵᠤ᠂ ᠳᠡᠯᠪᠡᠴᠢᠬᠦ ᠪᠠ ᠬᠥᠮᠥᠨ ᠤ ᠬᠦᠴᠦ ᠪᠠᠷ ᠮᠠᠯᠲᠠᠬᠤ ᠶᠢ ᠤᠶᠠᠯᠳᠤᠭᠤᠯᠬᠤ ᠠᠷᠭ᠎ᠠ ᠶᠢ ᠬᠡᠷᠡᠭᠯᠡᠪᠡ ᠃ | ᠰᠢᠷᠦᠭᠦᠨ ᠪᠣᠷᠣᠭᠠᠨ ᠤ ᠠᠭᠤᠷ ᠠᠮᠢᠰᠬᠤᠯ ᠳᠤ ᠤᠴᠠᠷᠠᠬᠤ ᠳᠤ ᠠᠵᠢᠯᠴᠢᠳ ᠪᠣᠷᠣᠭᠠᠨ ᠤ ᠴᠤᠪᠠ ᠪᠠᠨ ᠨᠥᠮᠥᠷᠴᠦ᠂ ᠰᠢᠪᠠᠷ ᠱᠠᠯᠴᠢᠭ ᠲᠤ ᠭᠢᠰᠬᠢᠵᠦ᠂ ᠰᠦᠯᠢᠶᠥᠦ | ᠪᠥᠰ ᠢᠶᠠᠷ ᠲᠥᠬᠦᠭᠡᠷᠦᠮᠵᠢ ᠪᠠᠨ ᠪᠠᠭᠯᠠᠵᠤ ᠠᠵᠢᠯᠯᠠᠳᠠᠭ᠃ ᠶᠠᠭ ᠡᠶᠢᠮᠦᠷᠬᠦ ︽ ᠠᠭᠤᠯᠠ ᠳᠠᠭᠠᠷᠠᠪᠠᠯ ᠵᠠᠮ ᠨᠡᠭᠡᠭᠡᠵᠦ ᠂ ᠤᠰᠤ ᠳᠠᠭᠠᠷᠠᠪᠠᠯ ᠬᠥᠭᠦᠷᠭᠡ ᠲᠠᠯᠪᠢᠬᠤ ︾ | ᠡᠷᠴᠢ ᠵᠣᠷᠢᠭ ᠨᠢ ᠡᠨᠡᠬᠦ ᠡᠨᠧᠷᠭᠢ ᠶᠢᠨ ᠰᠤᠷᠪᠤᠯᠵᠢ ᠶᠢᠨ ᠵᠠᠮ ᠢ ᠤᠷᠢᠳᠴᠢᠯᠠᠨ ᠨᠡᠪᠲᠡᠷᠡᠭᠦᠯᠵᠡᠢ ᠃ | | | ᠵᠢᠷᠤᠭ ᠄ ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ ᠶᠢᠨ 500KV ᠤᠨ ᠴᠠᠩ ᠱᠧᠩ ᠬᠦᠴᠦᠳᠡᠯ ᠥᠭᠡᠷᠡᠴᠢᠯᠡᠬᠦ | ᠥᠷᠲᠡᠭᠡ ᠂ 500KV ᠤᠨ ᠲᠥᠬᠦᠭᠡᠷᠦᠮᠵᠢ ᠶᠢᠨ ᠲᠣᠭᠤᠷᠢᠭ ᠪᠣᠯᠤᠨ᠎ᠠ ᠃ ᠵᠣᠣ ᠬᠤᠩ ᠶᠠᠨ ᠰᠡᠭᠦᠳᠡᠷᠯᠡᠪᠡ | | ᠡᠨᠡ ᠬᠦ ︽ ᠴᠠᠬᠢᠯᠭᠠᠨ ᠬᠦᠴᠦᠨ ᠤ ᠯᠤᠭᠰᠢᠭᠤᠨ ᠰᠤᠳᠠᠰᠤ ︾ ᠶᠢ ᠠᠰᠢᠭᠯᠠᠯᠲᠠ ᠳᠤ ᠣᠷᠣᠭᠤᠯᠤᠭᠰᠠᠨ ᠨᠢ ᠬᠥᠬᠡᠬᠤᠲᠠ ᠪᠤᠭᠤᠲᠤ ᠣᠷᠳᠣᠰ ᠤᠨ ᠠᠵᠤ | ᠠᠬᠤᠢ ᠶᠢᠨ ᠲᠣᠭᠤᠷᠢᠭ ᠲᠤ ᠲᠠᠰᠤᠷᠠᠯᠲᠠ ᠦᠭᠡᠢ ᠴᠠᠬᠢᠯᠭᠠᠨ ᠡᠨᠧᠷᠭᠢ ᠬᠠᠩᠭᠠᠵᠤ ᠴᠢᠳᠠᠭᠰᠠᠨ ᠢᠶᠠᠷ ᠪᠠᠷᠠᠬᠤ ᠦᠭᠡᠢ ᠂ ᠨᠠᠩ ᠴᠤ ᠥᠪᠥᠷ ᠮᠣᠩᠭᠤᠯ ᠤᠨ ᠪᠠᠷᠠᠭᠤᠨ | ᠬᠡᠰᠡᠭ ᠤᠨ ᠭᠠᠵᠠᠷ ᠣᠷᠣᠨ ᠤ ᠡᠯᠪᠡᠭ ᠳᠡᠯᠪᠡᠭ ᠴᠠᠬᠢᠯᠭᠠᠨ ᠬᠦᠴᠦᠨ ᠤ ᠡᠬᠢ ᠪᠠᠶᠠᠯᠢᠭ ᠢ ᠤᠮᠠᠷᠠᠲᠤ ᠣᠷᠣᠨ ᠤ ᠡᠬᠡ ᠭᠠᠵᠠᠷ ᠲᠤ ᠥᠨᠳᠥᠷ ᠪᠦᠲᠦᠮᠵᠢᠲᠡᠶ ᠪᠠᠷ | ᠬᠦᠷᠭᠡᠵᠦ ᠴᠢᠳᠠᠭᠰᠠᠨ ᠪᠠᠶᠢᠨ᠎ᠠ ᠃ ᠵᠤᠨ ᠤ ᠤᠯᠠᠷᠢᠯ ᠤᠨ ᠴᠠᠬᠢᠯᠭᠠᠨ ᠬᠡᠷᠡᠭᠯᠡᠬᠦ ᠤᠷᠬᠢᠯ ᠤᠨ ᠬᠤᠭᠤᠴᠠᠭᠠᠨ ᠳᠤ ᠂ ᠲᠡᠷᠡ ᠨᠢ ᠲᠦᠭ ᠲᠦᠮᠡᠨ ᠠᠶᠢᠯ ᠡᠷᠦᠬᠡ ᠶᠢᠨ | ᠠᠭᠠᠷ ᠲᠣᠬᠢᠷᠠᠭᠤᠯᠤᠭᠴᠢ ᠶᠢ ᠲᠠᠰᠤᠷᠠᠯᠲᠠ ᠦᠭᠡᠢ ᠡᠷᠭᠢᠯᠳᠦᠭᠦᠯᠬᠦ ᠶᠢ ᠪᠠᠲᠤᠯᠠᠵᠤ ᠂ ᠦᠢᠯᠡᠳᠪᠦᠷᠢ ᠶᠢᠨ ᠦᠢᠯᠡᠳᠪᠦᠷᠢᠯᠡᠯ ᠤᠨ ᠱᠤᠭᠤᠮ ᠢ ︽ ᠠᠵᠢᠯ ᠬᠠᠶᠠᠭᠤᠯᠬᠤ ︾ | ᠦᠭᠡᠢ ᠮᠥᠷᠲᠡᠭᠡᠨ ᠡᠷᠬᠢᠨ ᠲᠣᠭᠤᠷᠢᠨ ᠤ ᠠᠵᠤ ᠠᠬᠤᠶᠢᠯᠠᠯ ᠳᠤ ᠣᠶᠤᠨᠴᠢ ᠦᠢᠯᠡᠳᠪᠦᠷᠢᠯᠡᠯ ᠤᠨ ᠱᠤᠭᠤᠮ ᠢ ᠣᠷᠣᠭᠤᠯᠤᠨ ᠠᠪᠴᠢᠷᠠᠵᠤ ᠂ ᠠᠵᠤ ᠦᠢᠯᠡᠰ ᠤᠨ | ᠲᠠᠰ ᠳᠡᠪᠰᠢᠬᠦ ᠶᠢ ᠲᠦᠯᠬᠢᠨ ᠠᠬᠢᠭᠤᠯᠬᠤ ︽ ᠰᠡᠳᠬᠢᠯ ᠠᠮᠤᠷᠵᠢᠭᠤᠯᠬᠤ ᠡᠮ ︾ ᠪᠣᠯᠵᠤ ᠂ ᠵᠢᠯ ᠪᠦᠷᠢ ᠬᠡᠳᠦᠨ ᠵᠠᠭᠤᠨ ᠲᠦᠮᠡᠨ ᠲᠥᠭᠦᠷᠢᠭ ᠤᠨ ᠲᠣᠨᠤᠭ | ᠲᠥᠬᠦᠭᠡᠷᠦᠮᠵᠢ ᠶᠢᠨ ᠬᠤᠷᠣᠭᠳᠠᠯ ᠪᠠ ᠦᠢᠯᠡᠳᠪᠦᠷᠢᠯᠡᠯ ᠵᠣᠭᠰᠣᠭᠰᠠᠨ ᠬᠤᠬᠢᠷᠠᠯ ᠢ ᠪᠠᠭᠠᠰᠬᠠᠵᠤ ᠪᠣᠯᠣᠨ᠎ᠠ ᠃ | ᠣᠳᠣᠬᠠᠨ ᠳᠤ ᠂ ᠢᠨᠵᠧᠨᠧᠷᠢᠩ ᠨᠢᠭᠡᠨᠲᠡ ᠬᠠᠮᠤᠭ ᠰᠡᠭᠦᠯᠴᠢ ᠶᠢᠨ ︽ ᠪᠡᠶ᠎ᠡ ᠶᠢᠨ ᠪᠠᠶᠢᠴᠠᠭᠠᠯᠲᠠ ︾ ᠶᠢᠨ ᠱᠠᠲᠤᠨ ᠳᠤ ᠣᠷᠣᠵᠤ ᠂ ᠵᠢᠱᠢᠯᠲᠡ ᠪᠠᠷ 5 ᠰᠠᠷ᠎ᠠ ᠶᠢᠨ | 20 ᠤ ᠡᠳᠦᠷ ᠬᠦᠴᠦᠳᠡᠯ ᠥᠭᠡᠷᠡᠴᠢᠯᠡᠬᠦ ᠲᠥᠬᠦᠭᠡᠷᠦᠮᠵᠢ ᠶᠢ ᠤᠭᠰᠠᠷᠠᠵᠤ ᠲᠤᠷᠰᠢᠨ ᠲᠣᠬᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠪᠣᠯᠣᠨ᠎ᠠ ᠃ | ᠲᠤᠬᠠᠢ ᠶᠢᠨ ᠦᠶ᠎ᠡ ᠳᠤ᠂ ᠡᠨᠡᠬᠦ ᠴᠣ ᠰᠢᠨ᠎ᠡ ᠲᠡᠰ ᠳᠠᠪᠰᠢᠭᠰᠠᠨ ᠡᠨᠧᠷᠭᠢ ᠶᠢᠨ ᠵᠠᠮ ᠨᠢ ᠤᠮᠠᠷᠠᠲᠤ ᠬᠢᠯᠢ ᠶᠢᠨ ᠡᠨᠧᠷᠭᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠵᠦ ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠨᠡᠮᠡᠷᠢᠯᠡᠬᠦ | ᠪᠣᠯᠣᠨ᠎ᠠ᠃ | | | | |