| ᠰᠢᠨ᠎ᠡ ᠰᠢᠬᠠᠭᠰᠠᠨ ᠵᠦᠷᠵᠢ ᠶᠢᠨ ᠰᠢᠭᠦᠰᠦ ᠶᠢᠨ ᠰᠢᠬᠢᠷᠯᠢᠭ ᠠᠮᠳᠠ ᠨᠢ ᠺᠤᠯᠧ ᠶᠢᠨ ᠬᠦᠴᠢᠯᠯᠢᠭ ᠠᠮᠳᠠ ᠲᠠᠢ ᠲᠠᠭᠠᠷᠠᠯᠳᠤᠪᠠᠯ ᠶᠠᠮᠠᠷ ᠶᠠᠩᠵᠤ ᠶᠢᠨ ᠳᠠᠭᠠᠯᠠᠮᠵᠢ | ᠲᠠᠢ ᠪᠤᠯᠳᠠᠭ ᠪᠢᠯᠡ ︖ ᠣᠶᠢᠷ᠎ᠠ ᠳᠤ ᠂ ᠥᠪᠥᠷ ᠮᠣᠩᠭᠤᠯ ᠤᠨ ᠭᠦᠸᠧ ᠵᠢᠢ ᠬᠤᠸᠠ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠰᠢᠨ᠎ᠡ ᠤᠶᠢᠯᠡᠳᠬᠦᠨ ᠵᠦᠷᠵᠢ ᠶᠢᠨ ᠰᠢᠭᠦᠰᠦ ᠲᠠᠢ ᠺᠤᠯᠧ ᠪᠥᠬᠦ ᠲᠠᠯ᠎ᠠ ᠪᠠᠷ ᠵᠠᠬ᠎ᠠ ᠳᠡᠯᠭᠡᠭᠦᠷ ᠲᠤ ᠭᠠᠷᠴᠤ ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠵᠣᠨ ᠤ | ᠬᠠᠯᠠᠭᠤᠨ ᠳᠤ ᠰᠡᠷᠢᠭᠦᠨ ᠳᠠᠭᠠᠯᠠᠮᠵᠢᠳᠠᠢ ᠠᠮᠢᠵᠢᠷᠠᠯ ᠤᠨ ᠬᠦᠴᠦᠨ ᠨᠡᠮᠡᠷᠢᠯᠡᠬᠦ ᠪᠠᠷ ᠪᠤᠢ ᠃ | | | | ᠥᠪᠥᠷ ᠮᠣᠩᠭᠤᠯ ᠤᠨ ᠭᠦᠸᠧ ᠵᠢᠢ ᠬᠤᠸᠠ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ | ᠬᠦᠷᠬᠦ ᠳᠤ ᠂ ᠨᠡᠭᠦᠷᠡᠰᠦᠬᠦ᠋ᠴᠢᠯ ᠤᠨ ᠤᠮᠳᠠᠭᠠᠨ ᠤ ᠦᠢᠯᠡᠳᠪᠦᠷᠢᠯᠡᠯ ᠤᠨ ᠱᠤᠭᠤᠮ ᠪᠦᠬᠦ ᠬᠦᠴᠦᠨ ᠢᠶᠠᠷ ᠢᠶᠠᠨ ᠠᠵᠢᠯᠯᠠᠵᠤ ᠪᠠᠶᠢᠯ᠎ᠠ᠃ ᠮᠠᠰᠢᠨ ᠤ ᠬᠦᠷᠴᠢᠬᠢᠨᠡᠬᠦ | ᠲᠠᠭᠤᠨ ᠤ ᠳᠤᠮᠳᠠ ᠂ ᠯᠣᠩᠬᠤ ᠯᠣᠩᠬᠤ ᠵᠦᠷᠵᠢ ᠶᠢᠨ ᠰᠢᠭᠦᠰᠦ ᠲᠠᠢ ᠺᠤᠯᠧ ᠦᠢᠯᠡᠳᠪᠦᠷᠢᠯᠡᠯ ᠤᠨ ᠱᠤᠭᠤᠮ ᠠᠴᠠ ᠴᠤᠪᠤᠷᠠᠯᠳᠤᠨ ᠭᠠᠷᠴᠤ ᠢᠷᠡᠨ᠎ᠠ᠃ ᠡᠨᠡ ᠬᠦ | ᠰᠢᠨᠡᠤᠶᠢᠯᠡᠳᠬᠦᠨ ᠨᠢ ᠰᠢᠨ᠎ᠡ ᠰᠢᠬᠠᠭᠰᠠᠨ ᠵᠦᠷᠵᠢ ᠶᠢᠨ ᠰᠢᠭᠦᠰᠦ ᠪᠠ ᠺᠤᠯᠧ ᠶᠢᠨ ᠰᠢᠨᠵᠢᠯᠡᠬᠦ ᠤᠬᠠᠭᠠᠨ ᠤ ᠬᠠᠷᠢᠴᠠᠯ ᠢᠶᠠᠷ ᠪᠦᠲᠦᠵᠡᠢ ᠂ ᠬᠤᠪᠣᠷ ᠨᠠᠨᠳᠢᠨ | ᠵᠢᠮᠢᠰ ᠤᠨ ᠰᠢᠭᠦᠰᠦ ᠲᠠᠢ ᠨᠡᠭᠦᠷᠡᠰᠦᠬᠦ᠋ᠴᠢᠯ ᠤᠨ ᠤᠮᠳᠠᠭᠠᠨ ᠳᠤ ᠲᠣᠭᠠᠴᠠᠭᠳᠠᠨ᠎ᠠ ᠂ ᠲᠣᠰᠣᠯ ᠪᠦᠷᠢ ᠨᠢ ᠴᠥᠮ ᠵᠢᠮᠢᠰ ᠤᠨ ᠰᠢᠭᠦᠰᠦ ᠶᠢᠨ ᠪᠠᠶᠢᠭᠠᠯᠢᠯᠢᠭ ᠵᠢᠮᠢᠰ ᠤᠨ | ᠦᠨᠦᠷ ᠪᠠ ᠺᠤᠯᠧ ᠶᠢᠨ ᠠᠮᠲᠠ ᠶᠢ ᠠᠭᠤᠰᠬᠠᠭᠰᠠᠨ ᠪᠠᠶᠢᠳᠠᠭ ᠃ | ︽ᠣᠳᠣᠬᠠᠨ ᠳᠤ ᠮᠠᠨ ᠤ ᠦᠢᠯᠡᠳᠪᠦᠷᠢᠯᠡᠬᠦ ᠴᠢᠳᠠᠪᠤᠷᠢ ᠴᠠᠭ ᠪᠦᠷᠢ ᠳᠤ 12000 ᠯᠣᠩᠬᠤ ᠬᠦᠷᠴᠦ ᠪᠤᠢ ︾ ᠃ ᠺᠣᠮᠫᠠᠨᠢ ᠶᠢᠨ ᠬᠠᠷᠢᠭᠤᠴᠠᠯᠭᠠᠲᠠᠨ ᠶᠦᠨ | ᠲᠢᠶᠧ ᠵᠤ᠋ ᠲᠠᠨᠢᠯᠴᠠᠭᠤᠯᠬᠤ ᠳᠠᠭᠠᠨ ᠂ ᠡᠨᠡ ᠬᠦ ᠵᠦᠷᠵᠢ ᠶᠢᠨ ᠰᠢᠭᠦᠰᠦ ᠲᠠᠢ ᠺᠤᠯᠧ ᠪᠣᠯ ᠬᠤᠶᠠᠷ ᠵᠦᠢᠯ ᠤᠨ ᠡᠩ ᠤᠨ ᠤᠮᠳᠠᠭᠠᠨ ᠤ ᠬᠤᠯᠢᠮᠠᠭ ᠵᠦᠢᠯ ᠪᠢᠰᠢ ᠂ | ᠬᠠᠷᠢᠨ ︽ ᠣᠯᠠᠨ ᠤᠯᠤᠰ ᠤᠨ ᠬᠡᠪ ᠨᠠᠮᠪᠠ ᠲᠠᠢ ︾ ᠭᠡᠬᠦ ᠶᠤᠮ ᠃ ᠲᠡᠷᠡ ᠪᠣᠯ ᠣᠳᠣᠬᠠᠨ ᠤ ᠡᠸᠦ᠋ᠷᠦᠫᠡ ᠲᠢᠪ ᠲᠤ ᠨᠡᠶᠢᠳᠡᠮ ᠳᠡᠯᠭᠡᠷᠡᠵᠦ ᠪᠠᠶᠢᠭ᠎ᠠ ᠬᠠᠯᠠᠮᠰᠢᠯ | ᠤᠮᠳᠠᠭᠠᠨ ᠪᠣᠯᠣᠨ᠎ᠠ᠂ ᠲᠡᠭᠦᠨ ᠢ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠣᠷᠣᠭᠤᠯᠬᠤ ᠶᠢᠨ ᠳᠤᠰᠠᠳᠠ᠂ ᠭᠦᠸᠧ ᠵᠢᠢ ᠬᠤᠸᠠ ᠢᠳᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠵᠣᠬᠢᠶᠠᠨ ᠪᠠᠶᠢᠭᠤᠯᠵᠤ ᠂ ᠵᠢᠯ | ᠭᠠᠷᠤᠢ ᠶᠢᠨ ᠬᠤᠭᠤᠴᠠᠭ᠎ᠠ ᠶᠢ ᠥᠩᠭᠡᠷᠡᠭᠡᠭᠡᠳ ᠂ ᠲᠦᠭᠦᠬᠡᠢ ᠮᠠᠲ᠋ᠧᠷᠢᠶᠠᠯ ᠤᠨ ᠲᠣᠬᠢᠷᠠᠭᠤᠯᠤᠯᠲᠠ ᠶᠢᠨ ᠬᠠᠷᠢᠴᠠᠯ ᠂ ᠤᠷ᠎ᠠ ᠮᠡᠷᠭᠡᠵᠢᠯ ᠢ ᠰᠢᠯᠢᠳᠡᠭᠵᠢᠭᠦᠯᠬᠦ ᠵᠡᠷᠭᠡ | ᠳᠠᠪᠬᠤᠷ ᠳᠠᠪᠬᠤᠷ ᠪᠣᠭᠤᠮᠲᠠ ᠶᠢ ᠳᠠᠪᠠᠵᠤ ᠂ ᠡᠴᠦᠰ ᠲᠡᠭᠡᠨ ᠤᠶᠢᠯᠡᠳᠬᠦᠨ ᠢ ᠰᠤᠳᠤᠯᠤᠨ ᠨᠡᠭᠡᠭᠡᠭᠰᠡᠨ ᠤ ᠬᠠᠮᠲᠤ ᠭᠠᠷᠤᠯᠲᠠ ᠪᠠᠨ ᠨᠡᠮᠡᠭᠳᠡᠬᠦᠯᠬᠦ ᠶᠢ ᠪᠡᠶᠡᠯᠡᠭᠦᠯᠵᠡᠢ᠃ | | | | ᠵᠠᠬ᠎ᠠ ᠳᠡᠯᠭᠡᠭᠦᠷ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ ᠂ ᠰᠢᠨ᠎ᠡ ᠤᠶᠢᠯᠡᠳᠬᠦᠨ ᠤ ᠵᠦᠷᠵᠢ ᠶᠢᠨ ᠰᠢᠭᠦᠰᠦ ᠲᠠᠢ ᠺᠤᠯᠧ ᠨᠢ ᠨᠢᠭᠡᠨᠲᠡ ᠣᠷᠳᠣᠰ ᠵᠢᠴᠢ | ᠤᠶᠢᠷ᠎ᠠ ᠬᠠᠪᠢ ᠶᠢᠨ ᠭᠠᠵᠠᠷ ᠣᠷᠣᠨ ᠳᠤ ᠪᠥᠬᠦ ᠲᠠᠯ᠎ᠠ ᠪᠠᠷ ᠪᠠᠷᠠᠭ᠎ᠠ ᠪᠠᠨ ᠬᠤᠳᠠᠯᠳᠤᠵᠤ ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ | ᠬᠤᠲᠠ ᠶᠢᠨ ᠬᠡᠪᠴᠢᠶᠡᠨ ᠳᠤ ᠪᠥᠬᠦ ᠲᠠᠯ᠎ᠠ ᠪᠠᠷ ᠵᠠᠬ᠎ᠠ ᠳᠡᠯᠭᠡᠭᠦᠷ ᠲᠤ ᠭᠠᠷᠬᠤ ᠶᠢ ᠪᠡᠶᠡᠯᠡᠭᠦᠯᠦᠨ᠎ᠡ ᠃ | ᠦᠨᠡᠨ ᠳᠡᠭᠡᠨ ᠡᠨᠡ ᠨᠢ ᠦᠢᠯᠡᠳᠬᠦᠨ ᠤ ᠰᠢᠨ᠎ᠡ ᠶᠢ ᠡᠭᠦᠳᠬᠦ ᠳᠡᠭᠡᠷ᠎ᠡ ᠠᠩᠬ᠎ᠠ ᠤᠳᠠᠭ᠎ᠠ ᠬᠦᠴᠦᠯᠡᠵᠦ ᠪᠠᠶᠢᠭ᠎ᠠ ᠶᠠᠪᠤᠳᠠᠯ ᠪᠢᠰᠢ ᠶᠤᠮ ᠃ ᠣᠶᠢᠷ᠎ᠠ ᠶᠢᠨ | ᠵᠢᠯ ᠤᠳ ᠲᠤ ᠂ ᠲᠣᠰ ᠺᠣᠮᠫᠠᠨᠢ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ ᠂ ᠰᠤᠳᠤᠯᠤᠨ ᠨᠡᠭᠡᠭᠡᠬᠦ | ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠦᠨ ᠂ ᠴᠢᠴᠠᠷᠭᠠᠨ᠎ᠠ ᠶᠢᠨ ᠤᠮᠳᠠᠭᠠᠨ ᠂ ᠴᠢᠴᠠᠷᠭᠠᠨ᠎ᠠ ᠶᠢᠨ ᠲᠦᠭᠦᠬᠡᠢ ᠡᠭᠡᠳᠡᠩ ᠂ ᠠᠯᠮᠤᠷᠠᠳ ᠤᠨ ᠰᠢᠭᠦᠰᠦ | ᠵᠡᠷᠭᠡ ᠥᠨᠳᠥᠷ ᠨᠡᠮᠡᠯᠲᠡ ᠥᠷᠲᠡᠭ ᠪᠦᠬᠦᠢ ᠰᠢᠷᠢᠰ ᠦᠢᠯᠡᠳᠬᠦᠨ ᠢ ᠵᠠᠯᠭᠠᠭ᠎ᠠ ᠪᠠᠷ ᠭᠠᠷᠭᠠᠵᠤ ᠪᠠᠶᠢᠨ᠎ᠠ ᠂ ᠡᠭᠦᠨ ᠳᠤ ᠴᠢᠴᠠᠷᠭᠠᠨ᠎ᠠ ᠶᠢᠨ ᠤᠮᠳᠠᠭᠠᠨ ᠢ ᠨᠠᠩ ᠴᠤ | ᠠᠮᠧᠷᠢᠺᠠ ᠳᠤ ᠠᠮᠵᠢᠯᠲᠠ ᠲᠠᠢ ᠪᠠᠷ ᠭᠠᠷᠭᠠᠭᠰᠠᠨ ᠪᠥᠭᠡᠳ ᠶᠠᠫᠤᠨ ᠺᠣᠷᠢᠶᠠ ᠶᠢᠨ ᠵᠠᠬ᠎ᠠ ᠳᠡᠯᠭᠡᠭᠦᠷ ᠢ ᠨᠡᠭᠡᠭᠡᠬᠦ ᠪᠠᠷ ᠲᠥᠯᠥᠪᠯᠡᠵᠦ ᠂ ︽ ᠨᠢᠭᠡ ᠪᠦᠰᠡ ᠨᠢᠭᠡ ᠵᠠᠮ ︾ | ᠤᠨ ᠴᠢᠴᠠᠷᠭᠠᠨ᠎ᠠ ᠶᠢᠨ ᠬᠤᠩᠭᠢᠯ ᠢ ᠢᠳᠡᠪᠬᠢᠲᠡᠢ ᠪᠠᠶᠢᠭᠤᠯᠤᠭᠰᠠᠨ ᠪᠠᠶᠢᠨ᠎ᠠ ᠃ ᠲᠣᠰ ᠤᠳᠠᠭᠠᠨ ᠤ ᠵᠦᠷᠵᠢ ᠶᠢᠨ ᠰᠢᠭᠦᠰᠦ ᠲᠠᠢ ᠺᠤᠯᠧ ᠶᠢ ᠤᠶᠢᠯᠡᠳᠪᠤᠷᠢᠯᠡᠨ | ᠭᠠᠷᠭᠠᠭᠰᠠᠨ ᠶᠠᠪᠤᠳᠠᠯ ᠪᠣᠯ ᠬᠦᠸᠧ ᠵᠢᠢ ᠬᠤᠸᠠ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠶᠢᠯᠡᠳᠬᠦᠨ ᠤ ᠵᠢᠭᠰᠠᠭᠠᠯ ᠢ | ᠪᠠᠶᠠᠯᠢᠭᠵᠢᠭᠤᠯᠵᠤ ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠤᠯᠤᠬᠰᠠᠨ ᠪᠠᠶᠢᠨ᠎ᠠ ᠃ | ︽ ᠪᠢᠳᠡ ᠰᠢᠨ᠎ᠡ ᠰᠡᠪᠡᠭᠦᠨ ᠂ ᠴᠢᠨᠠᠷ ᠰᠠᠶᠢᠲᠠᠢ ᠦᠢᠯᠡᠳᠬᠦᠨ ᠢ ᠲᠠᠰᠤᠷᠠᠯᠲᠠ ᠦᠭᠡᠢ ᠤᠶᠢᠯᠡᠳᠪᠤᠷᠢᠯᠡᠨ ᠭᠠᠷᠭᠠᠬᠤ ᠪᠠᠷ ᠳᠠᠮᠵᠢᠭᠤᠯᠤᠨ ᠂ ᠬᠡᠷᠡᠭᠯᠡᠭᠴᠢᠳ ᠤᠨ | ᠡᠳᠦᠷ ᠢᠷᠡᠬᠦᠶ᠎ᠡ ᠣᠯᠠᠨ ᠶᠠᠩᠵᠤ ᠶᠢᠨ ᠪᠣᠯᠵᠤ ᠪᠠᠶᠢᠭ᠎ᠠ ᠢᠳᠡᠭᠡᠨ ᠤ ᠳᠤᠷᠠᠰᠢᠯ ᠤᠨ ᠬᠡᠷᠡᠭᠴᠡᠭᠡ ᠶᠢ ᠬᠠᠩᠭᠠᠬᠤ ᠶᠢ ᠬᠦᠰᠡᠵᠦ ᠪᠠᠶᠢᠨ᠎ᠠ ︾ ᠃ ᠶᠦᠨ ᠲᠢᠶᠧ ᠵᠤ᠋ | ᠢᠯᠡᠷᠬᠡᠶᠢᠯᠡᠬᠦ ᠳᠡᠭᠡᠨ ᠂ ᠬᠤᠶᠢᠰᠢᠳᠠ ᠂ ᠺᠣᠮᠫᠠᠨᠢ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ | ᠵᠢᠮᠢᠰ ᠤᠨ ᠤᠮᠳᠠᠭᠠᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ ᠂ ᠨᠠᠩ ᠣᠯᠠᠨ ᠠᠮᠲᠠ ᠰᠢᠮᠲᠡ ᠪᠠ ᠴᠢᠨᠠᠷ ᠴᠢᠨᠰᠠᠭ᠎ᠠ ᠲᠠᠢ ᠰᠢᠨ᠎ᠡ | ᠦᠢᠯᠡᠳᠬᠦᠨ ᠢ ᠰᠤᠳᠤᠯᠤᠨ ᠭᠠᠷᠭᠠᠵᠤ ᠂ ᠬᠡᠷᠡᠭᠯᠡᠭᠴᠢᠳ ᠲᠤ ᠨᠠᠩ ᠣᠯᠠᠨ ᠭᠠᠶᠢᠬᠠᠮ᠎ᠠ ᠪᠠᠶᠠᠷ ᠠᠪᠴᠢᠷᠠᠬᠤ ᠶᠢᠨ ᠬᠠᠮᠲᠤ ᠪᠠᠰᠠ ᠣᠷᠣᠨ ᠨᠤᠲᠤᠭ ᠤᠨ ᠣᠨᠴᠠᠯᠢᠭᠲᠤ | ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ | ᠭᠡᠪᠡ ᠃ | | | | | | |