2025 ᠣᠨ ᠤ ︽5.19  ᠤ ᠳᠤᠮᠳᠠᠳᠤ ᠤᠯᠤᠰ ᠤᠨ ᠵᠤᠭᠠᠴᠠᠯ ᠤᠨ ᠡᠳᠦᠷ︾ ᠵᠢᠴᠢ ︽ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠡᠭᠡᠰᠤ ᠳᠠᠳᠠᠬᠤ︾ ᠠᠩᠬᠠᠳᠤᠭᠠᠷ ᠬᠤᠭᠤᠴᠠᠭᠠᠨ ᠤ ᠵᠡᠭᠦᠨᠭᠠᠷ ᠬᠤᠰᠢᠭᠤᠨ ᠤ ᠳᠡᠭᠡᠰᠤ ᠲᠠᠲᠠᠬᠤ ᠤᠯᠠᠨ ᠳᠦᠮᠡᠨ ᠤ ᠬᠤᠷᠠᠯ ︵ᠬᠠᠭᠠᠰ ᠰᠢᠢᠳᠪᠦᠷᠢᠲᠦ ᠤᠷᠤᠯᠳᠤᠭᠠᠨ︶ ᠡᠬᠢᠯᠡᠪᠡ
ᠨᠡᠶᠢᠲᠡᠯᠡᠭᠰᠡᠨ ᠴᠠᠭ᠄
2025/5/20
    5 ᠰᠠᠷ᠎ᠠ ᠶᠢᠨ 19  ᠤ ᠡᠳᠦᠷ ᠂ 2025 ᠣᠨ ᠤ ︽5.19  ᠤ ᠳᠤᠮᠳᠠᠳᠤ ᠤᠯᠤᠰ ᠤᠨ ᠵᠤᠭᠠᠴᠠᠯ ᠤᠨ ᠡᠳᠦᠷ︾ ᠵᠢᠴᠢ ︽ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠡᠭᠡᠰᠤ ᠳᠠᠳᠠᠬᠤ︾ᠠᠩᠬᠠᠳᠤᠭᠠᠷ ᠬᠤᠭᠤᠴᠠᠭᠠᠨ ᠤ ᠵᠡᠭᠦᠨᠭᠠᠷ ᠬᠤᠰᠢᠭᠤᠨ ᠤ ᠳᠡᠭᠡᠰᠦ ᠲᠠᠲᠠᠬᠤ ᠤᠯᠠᠨ ᠲᠦᠮᠡᠨ ᠤ ᠬᠤᠷᠠᠯ ︵ᠬᠠᠭᠠᠰ ᠰᠢᠢᠳᠪᠦᠷᠢᠲᠦ ᠤᠷᠤᠯᠳᠤᠭᠠᠨ︶ ᠤᠨ ᠡᠬᠢᠯᠡᠯᠲᠡ ᠶᠢᠨ ᠶᠣᠰᠣᠯᠠᠯ ᠳ᠋ᠠ ᠯᠦ ᠰᠢᠨ᠎ᠡ ᠲᠣᠭᠤᠷᠢᠭ ᠤᠨ ᠪᠡᠶ᠎ᠡ ᠶᠢᠨ ᠲᠠᠮᠢᠷ ᠤᠨ ᠲᠠᠯᠠᠪᠠᠢ ᠳᠤ ᠬᠦᠷ ᠬᠦᠭᠵᠢᠶᠡᠨᠳᠡᠢ ᠡᠬᠢᠯᠡᠪᠡ᠃  
今日3(1).png 
   ᠡᠬᠢᠯᠡᠯᠲᠡ ᠶᠢᠨ ᠶᠣᠰᠣᠯᠠᠯ ᠳᠡᠭᠡᠷ᠎ᠡ ᠂ ᠬᠠᠲᠤᠨ ᠭᠤᠣᠯ ᠢᠶᠠᠷ ᠰᠡᠳᠤᠪ ᠪᠣᠯᠭᠠᠭᠰᠠᠨ ᠳᠠᠭᠤᠤ ᠪᠥᠵᠢᠭ ᠰᠢᠯᠦᠭ ᠵᠢᠷᠤᠭ ᠤᠨ ᠠᠬᠤᠢ ᠪᠠᠶᠢᠳᠠᠯ ᠤᠨ ᠲᠣᠭᠯᠠᠯᠲᠠ ︽ ᠬᠠᠲᠤᠨ ᠭᠤᠣᠯ ᠤᠨ ᠤᠰᠤ ᠲᠡᠭᠷᠢ ᠠᠴᠠ ᠢᠷᠡᠨᠡᠮ ︾ ᠂ ᠲᠣᠮᠣ ᠬᠡᠯᠪᠡᠷᠢ ᠶᠢᠨ ᠮᠠᠩᠬᠠᠨ ᠠᠶᠠᠯᠭᠤ  ᠶᠢᠨ ᠳᠠᠭᠤᠯᠠᠯᠳᠤ ᠪᠥᠵᠢᠭ ︽ ᠲᠡᠭᠷᠢ ᠶᠢᠨ ᠳᠣᠣᠷᠠᠬᠢ ᠬᠠᠲᠤᠨ ᠭᠤᠣᠯ ︾ ᠭᠡᠬᠦ ᠲᠣᠭᠯᠠᠯᠲᠠ ᠶᠢ ᠵᠠᠯᠭᠠᠭ᠎ᠠ ᠪᠠᠷ ᠲᠣᠭᠯᠠᠪᠠ ᠃ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ  ᠨᠢ ᠦᠪᠡᠳᠡᠭᠰᠢ ᠴᠤᠭᠯᠠᠭᠠᠨ   ᠤ ᠬᠥᠰᠢᠭᠡ  ᠶᠢ ᠰᠡᠬᠦᠪᠡ᠃    ᠲᠤᠰ ᠤᠳᠠᠭ᠎ᠠ ᠶᠢᠨ ᠤᠷᠤᠯᠳᠤᠭᠠᠨ ᠳᠤ ᠂ ᠡᠯ᠎ᠡ ᠠᠵᠢᠯ ᠲᠦᠷᠦᠯ ᠠᠴᠠ ᠬᠦᠷᠤᠯᠴᠡᠨ ᠢᠷᠡᠭᠰᠡᠨ 90 ᠡᠩᠨᠡᠭᠡ᠂ 1170 ᠲᠠᠮᠢᠷᠴᠢᠨ ᠤᠷᠤᠯᠳᠤᠭᠠᠨ  ᠤ ᠲᠠᠯᠠᠪᠠᠢ ᠳᠤ ᠬᠦᠴᠤᠯᠡᠨ ᠳᠡᠮᠡᠴᠡᠵᠤ ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠤᠷᠮ᠎ᠠ ᠵᠣᠷᠢᠭ ᠢ ᠢᠯᠡᠷᠡᠭᠦᠯᠬᠦ ᠪᠣᠯᠣᠨ᠎ᠠ᠃ ᠳᠤᠰ ᠤᠳᠠᠭ᠎ᠠ ᠶᠢᠨ ᠤᠷᠤᠯᠳᠤᠭᠠᠨ  ᠨᠢ ᠪᠡᠶ᠎ᠡ ᠶᠢᠨ ᠲᠠᠮᠢᠷ ᠤᠨ ᠤᠷᠤᠯᠳᠤᠭᠠᠨ ᠪᠣᠯᠬᠤ ᠪᠠᠷ ᠦᠯᠤ ᠪᠠᠷᠠᠨ᠂ ᠨᠡᠩ ᠴᠤ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ ᠪᠤᠯᠬᠤ ᠶᠤᠮ ᠃ ᠵᠡᠭᠦᠨᠭᠠᠷ ᠬᠤᠰᠢᠭᠤ  ᠡᠨᠡ ᠤᠳᠠᠭᠠᠨ  ᠤ ᠤᠷᠤᠯᠳᠤᠭᠠᠨ  ᠢᠶᠠᠷ ᠳᠠᠮᠵᠢᠭᠤᠯᠤᠨ ᠂ ᠪᠦᠯᠬᠦᠮᠳᠡᠯ ᠤᠨ ᠬᠦᠴᠦᠨ ᠢᠶᠠᠨ ᠨᠢᠭᠲᠠᠷᠠᠭᠤᠯᠵᠤ ᠂ ᠬᠥᠮᠥᠰ ᠢ ᠵᠣᠷᠢᠭᠵᠢᠭᠤᠯᠤᠨ ᠤᠷᠤᠯᠳᠤᠭᠠᠨ ᠤ ᠲᠠᠯᠠᠪᠤᠷ ᠲᠠᠬᠢ ᠠᠮᠢ ᠴᠦᠯᠡᠨ ᠲᠡᠮᠡᠴᠡᠬᠦ ᠵᠣᠷᠢᠭ ᠰᠠᠨᠠᠭ᠎ᠠ ᠪᠠᠷ ᠠᠵᠢᠯ ᠶᠠᠪᠤᠳᠠᠯ ᠬᠢᠵᠦ ᠦᠢᠯᠡᠰ ᠴᠣᠭᠴᠠᠯᠠᠨ ᠡᠷᠡᠯᠬᠡᠭᠯᠡᠨ ᠤᠷᠤᠭᠰᠢᠯᠠᠵᠤ ᠂ ᠨᠡᠶᠢᠭᠡᠮ ᠤᠨ ᠥᠷᠨᠢᠩᠭᠦᠢ ᠬᠥᠭᠵᠢᠯᠲᠡ ᠶᠢ ᠠᠬᠢᠭᠤᠯᠬᠤ ᠪᠤᠯᠤᠨ᠎ᠠ ᠃          
ᠢᠷᠡᠯᠲᠡ᠄ ᠵᠡᠭᠦᠨᠭᠠᠷ ᠬᠤᠰᠢᠭᠤᠨ ᠤ ᠬᠠᠮ‌ᠵᠠᠭᠤᠴᠢᠯᠠᠭᠤᠷ ᠤᠨ ᠲᠥᠪ