| | ᠣᠶᠢᠷ᠎ᠠ ᠳᠤ ᠂ ᠵᠡᠭᠦᠨᠭᠠᠷ ᠬᠤᠰᠢᠭᠤᠨ ᠤ ᠲᠦᠩ ᠷᠧᠨ ᠰᠤᠷᠭᠠᠭᠤᠯᠢ ᠨᠠᠮ ᠤᠨ ᠲᠥᠯᠥᠭᠡᠯᠡᠭᠴᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠬᠤᠰᠢᠭᠤᠨ ᠤ ᠲᠠᠰ ᠤᠨ ᠭᠤᠣᠯ ᠵᠠᠭᠤᠴᠢᠯᠠᠭᠤᠷ ᠵᠡᠷᠭᠡ ᠪᠠᠷ ᠪᠦᠷᠢᠯᠳᠦᠭᠰᠡᠨ ᠣᠨᠴᠠᠭᠠᠶ ︽ | ᠶᠠᠰᠤ ᠴᠢᠨᠠᠷ ᠤᠨ ᠱᠠᠯᠠᠪᠳᠠᠨ ᠪᠠᠶᠢᠴᠠᠭᠠᠬᠤ ᠳᠤᠭᠤᠶᠢᠯᠠᠩ ︾ ᠢ ᠰᠤᠷᠭᠠᠭᠤᠯᠢ ᠶᠢᠨ ᠬᠦᠷᠢᠶᠡᠨᠠ ᠤᠷᠢᠵᠤ ᠂ ᠬᠤᠭᠤᠯᠠᠨ ᠭᠡᠷ ᠤᠨ ᠡᠵᠡᠩᠨᠡᠯᠲᠡ ᠶᠢᠨ ᠪᠥᠬᠦ ᠶᠠᠪᠤᠴᠠ ᠳᠤ | ᠭᠦᠨᠵᠡᠭᠡᠢ ︽ ᠪᠡᠶ᠎ᠡ ᠶᠢᠨ ᠪᠠᠶᠢᠴᠠᠭᠠᠯᠲᠠ ︾ ᠥᠷᠨᠢᠭᠦᠯᠪᠡ ᠃ ᠡᠨᠡ ᠤᠳᠠᠭᠠᠨ ᠤ ᠲᠤᠰᠬᠠᠢ ᠠᠵᠢᠯᠯᠠᠭ᠎ᠠ ᠨᠢ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠂ ᠲᠤᠭ᠎ᠠ | ᠪᠠᠷᠢᠮᠲᠠ ᠶᠢᠨ ᠮᠥᠷᠳᠡᠯᠭᠡ ᠂ ᠭᠡᠷ ᠤᠨ ᠠᠬᠠᠮᠠᠳ ᠤᠨ ᠰᠣᠷᠪᠤᠯᠵᠢᠯᠠᠭ᠎ᠠ ᠵᠡᠷᠭᠡ ᠰᠢᠨ᠎ᠡ ᠶᠢ ᠡᠭᠦᠳᠬᠦ ᠬᠡᠯᠪᠡᠷᠢ ᠪᠠᠷ ᠳᠠᠮᠵᠢᠭᠤᠯᠤᠨ ᠂ ᠣᠯᠠᠨ ᠲᠠᠯ᠎ᠠ ᠶᠢᠨ ᠬᠢᠨ | ᠣᠷᠣᠯᠴᠠᠭᠰᠠᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠰᠢᠨ᠎ᠡ ᠬᠡᠪ ᠵᠠᠭᠪᠤᠷ ᠢ ᠪᠣᠶ ᠪᠣᠯᠭᠠᠪᠠ ᠃ | | | ᠠᠵᠢᠯᠯᠠᠭ᠎ᠠ ᠶᠢᠨ ᠳᠤᠮᠳᠠ ᠂ ᠰᠤᠷᠭᠠᠭᠤᠯᠢ ᠶᠢᠨ ᠬᠠᠷᠢᠭᠤᠴᠠᠯᠭᠠᠲᠠᠨ ᠠᠴᠠ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ | ᠰᠢᠰᠲ᠋ᠧᠮ ᠢ ᠨᠠᠷᠢᠨ ᠲᠠᠨᠢᠯᠴᠠᠭᠤᠯᠪᠠ ᠃ ᠡᠭᠦᠨ ᠳᠤ ᠢᠳᠡᠭᠡᠨ ᠤ ᠮᠠᠲ᠋ᠧᠷᠢᠶᠠᠯ ᠬᠤᠳᠠᠯᠳᠤᠨ ᠠᠪᠤᠭᠰᠠᠨᠢᠷᠡᠯᠲᠡ ᠶᠢ ᠮᠥᠷᠳᠡᠬᠦ ᠳᠦᠷᠢᠮ ᠂ ᠠᠵᠢᠯᠯᠠᠵᠤ ᠪᠠᠶᠢᠭ᠎ᠠ | ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠂ ᠢᠳᠡᠭᠡᠨ ᠤ ᠵᠦᠢᠯ ᠤᠨ ᠶᠠᠩᠵᠤ ᠦᠯᠡᠳᠡᠭᠡᠬᠦ ᠵᠢᠷᠤᠮᠵᠢᠯ ᠂ ᠢᠯᠡ ᠲᠣᠭᠤᠭᠠᠨ ᠭᠡᠷ ᠤᠨ ᠢᠨᠵᠧᠨᠧᠷᠢᠩ ᠢ | ᠬᠡᠷᠡᠭᠵᠢᠭᠦᠯᠦᠭᠰᠡᠨ ᠪᠠᠶᠢᠳᠠᠯ ᠵᠡᠷᠭᠡ ᠪᠠᠭᠲᠠᠨ᠎ᠠ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢ ᠮᠢᠩ ᠵᠦ ᠢᠯᠡᠷᠬᠡᠶᠢᠯᠡᠬᠦ ᠳᠡᠭᠡᠨ ᠄ ︽ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ ᠂ ᠰᠤᠷᠭᠠᠭᠤᠯᠢ ᠠᠴᠠ ᠰᠠᠨᠠᠭᠠᠴᠢᠯᠠᠭ᠎ᠠ | ᠠᠴᠠ ᠪᠠᠨ ᠭᠠᠳᠠᠨ᠎ᠠ ᠶᠢᠨ ᠬᠢᠨᠠᠯᠲᠠ ᠶᠢ ᠣᠷᠣᠭᠤᠯᠤᠨ ᠠᠪᠴᠢᠷᠠᠭᠰᠠᠨ ᠨᠢ ᠲᠡᠳᠡᠨ ᠤ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠭᠰᠡᠨ ᠪᠥᠭᠡᠳ ᠨᠡᠶᠢᠭᠡᠮ ᠤᠨ | ᠬᠠᠮᠲᠤ ᠶᠢᠨ ᠵᠠᠰᠠᠯᠲᠠ ᠳᠤ ᠳᠦᠷᠢᠮᠵᠢᠯ ᠬᠠᠩᠭᠠᠭᠰᠠᠨ ᠪᠠᠶᠢᠨ᠎ᠠ ︾ ᠭᠡᠵᠡᠢ ᠃ | ᠬᠢᠨᠠᠯᠲᠠ ᠲᠠᠯᠪᠢᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠬᠤᠭᠤᠯᠠᠨ ᠭᠡᠷ ᠤᠨ ᠲᠣᠭᠤᠭᠠᠨ ᠭᠡᠷ ᠲᠤ ᠭᠦᠨᠵᠡᠭᠡᠶᠢᠷᠡᠵᠦ ᠂ ︽ ᠢᠳᠡᠭᠡᠨ ᠤᠮᠳᠠᠭᠠᠨ ᠤ | ᠦᠢᠯᠡᠴᠢᠯᠡᠭᠡ ᠶᠢᠨ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ ︾ ᠲᠠᠢ ᠬᠠᠷᠢᠴᠠᠭᠤᠯᠤᠨ ᠂ ᠢᠳᠡᠭᠡᠨ ᠪᠣᠯᠪᠠᠰᠤᠷᠠᠭᠤᠯᠬᠤ ᠪᠥᠬᠦ ᠶᠠᠪᠤᠴᠠ ᠳᠤ ᠨᠠᠷᠢᠨ | ᠨᠢᠮᠪᠠᠢ ᠪᠠᠶᠢᠴᠠᠭᠠᠯᠲᠠ ᠬᠢᠪᠡ ᠃ | | | ᠪᠠᠶᠢᠴᠠᠭᠠᠬᠤ ᠳᠤᠭᠤᠶᠢᠯᠠᠩ ᠤᠨ ᠬᠢᠨ ᠠᠮᠤ ᠪᠤᠳᠠᠭ᠎ᠠ ᠂ ᠭᠤᠯᠢᠷ ᠂ ᠲᠣᠰᠣ ᠂ ᠮᠢᠬ᠎ᠠ ᠂ ᠢᠳᠡᠰᠢᠨ ᠨᠣᠭᠤᠭ᠎ᠠ ᠵᠡᠷᠭᠡ ᠲᠦᠭᠦᠬᠡᠢ ᠮᠠᠲ᠋ᠧᠷᠢᠶᠠᠯ ᠬᠤᠳᠠᠯᠳᠤᠨ | ᠠᠪᠤᠭᠰᠠᠨ ᠡᠬᠡ ᠲᠠᠩᠰᠠ ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠢᠷᠢ ᠬᠡᠮ ᠵᠢᠴᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠭᠤᠣᠯᠳᠠᠯᠭ᠎ᠠ ᠲᠠᠢ ᠪᠠᠶᠢᠴᠠᠭᠠᠨ | ᠰᠢᠯᠭᠠᠬᠤ ᠶᠢᠨ ᠬᠠᠮᠲᠤ ᠬᠡᠰᠡᠭ ᠢᠳᠡᠭᠡᠨ ᠤ ᠮᠠᠲ᠋ᠧᠷᠢᠶᠠᠯ ᠤᠨ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠭᠰᠠᠨ ᠲᠤᠭ᠎ᠠ ᠪᠠᠷᠢᠮᠲᠠ ᠶᠢ ᠰᠤᠭᠤᠴᠢᠨ | ᠰᠣᠩᠭᠤᠵᠤ ᠠᠪᠴᠠᠢ ᠃ ᠲᠣᠭᠤᠭᠠᠴᠢ ᠶᠢᠨ ᠠᠵᠢᠯᠯᠠᠬᠤ ᠶᠠᠪᠤᠴᠠ ᠶᠢ ᠠᠵᠢᠭᠯᠠᠵᠤ ᠂ ᠲᠦᠭᠦᠬᠡᠢ ᠪᠤᠯᠭᠤᠬᠰᠠᠨ ᠢᠳᠡᠭᠡᠨ ᠤ ᠬᠤᠪᠢᠶᠠᠷᠢ ᠲᠣᠭᠤᠷᠢᠭ ᠂ ᠢᠷᠲᠦ ᠪᠠᠭᠠᠵᠢ | ᠳᠥᠰᠢ ᠬᠠᠪᠲᠠᠰᠤ ᠶᠢ ᠲᠥᠷᠥᠯ ᠬᠤᠪᠢᠶᠠᠨ ᠬᠡᠷᠡᠭᠯᠡᠬᠦ ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠭᠰᠠᠨ ᠲᠡᠮᠳᠡᠭᠯᠡᠯ ᠵᠡᠷᠭᠡ ᠨᠠᠷᠢᠨ ᠵᠦᠢᠯᠡᠰ ᠢ ᠪᠠᠶᠢᠴᠠᠭᠠᠵᠤ ᠂ | ᠰᠤᠷᠭᠠᠭᠤᠯᠢ ᠶᠢᠨ ᠬᠡᠷᠡᠭᠵᠢᠭᠦᠯᠦᠭᠰᠡᠨ ︽ ᠥᠩᠭᠡ ᠶᠢᠨ ᠲᠡᠮᠳᠡᠭ ᠤᠨ ᠬᠠᠮᠢᠶᠠᠷᠤᠯᠲᠠ ᠶᠢᠨ ᠠᠷᠭ᠎ᠠ ︾ ︵ ᠠᠳᠠᠯᠢ ᠪᠤᠰᠤ ᠥᠩᠭᠡ ᠶᠢᠨ ᠲᠡᠮᠳᠡᠭ ᠢᠶᠠᠷ ᠢᠳᠡᠭᠡᠨ ᠤ | ᠮᠠᠲ᠋ᠧᠷᠢᠶᠠᠯ ᠢ ᠰᠢᠢᠳᠪᠦᠷᠢᠯᠡᠬᠦ ᠣᠷᠣᠨ ᠢ ᠢᠯᠭᠠᠬᠤ ︶ ᠶᠢ ᠨᠤᠲᠠᠯᠠᠵᠤ ᠪᠠᠶᠢᠬᠤ ᠪᠠᠨ ᠢᠯᠡᠳᠬᠡᠪᠡ ᠃ | ᠬᠥᠯᠳᠡᠭᠡᠨ ᠬᠠᠳᠠᠭᠠᠯᠠᠬᠤ ᠬᠥᠮᠥᠷᠭᠡ ᠳᠤ ᠢᠳᠡᠭᠡᠨ ᠤ ᠮᠠᠲ᠋ᠧᠷᠢᠶᠠᠯ ᠢ ᠲᠥᠷᠥᠯ ᠬᠤᠪᠢᠶᠠᠨ ᠬᠠᠳᠠᠭᠠᠯᠠᠵᠤ ᠂ ᠱᠣᠰᠢᠭ᠎ᠠ ᠲᠡᠮᠳᠡᠭ ᠨᠢ ᠲᠣᠳᠣᠷᠬᠠᠢ ᠂ ᠥᠯᠢᠭᠡᠷ ᠡᠳ᠋ | ᠦᠯᠡᠳᠡᠭᠡᠭᠰᠡᠨ ᠬᠥᠷᠥᠭᠡᠭᠦᠷ ᠲᠤ ᠴᠥᠮ 125 ᠭᠷᠡᠮ ᠠᠴᠠ ᠳᠡᠭᠡᠭᠰᠢᠬᠢ ᠥᠯᠢᠭᠡᠷ ᠡᠳ᠋ ᠢ ᠦᠯᠡᠳᠡᠭᠡᠬᠦ ᠶᠢᠨ ᠬᠠᠮᠲᠤ ᠨᠠᠷᠢᠨ ᠲᠣᠳᠣᠷᠬᠠᠢ ᠮᠡᠳᠡᠭᠡ ᠵᠠᠩᠭᠢ ᠶᠢ | ᠲᠣᠳᠣᠷᠬᠠᠶᠢᠯᠠᠵᠤ ᠂ ᠬᠢᠨᠠᠯᠲᠠ ᠲᠠᠯᠪᠢᠭᠴᠢ ᠥᠯᠢᠭᠡᠷ ᠡᠳ᠋ ᠦᠯᠡᠳᠡᠭᠡᠭᠰᠡᠨ ᠲᠡᠮᠳᠡᠭᠯᠡᠯ ᠪᠣᠯᠣᠨ ᠪᠣᠳᠠᠲᠠᠢ ᠪᠠᠶᠢᠳᠠᠯ ᠢ ᠲᠤᠬᠠᠢ ᠶᠢᠨ ᠲᠠᠯᠠᠪᠤᠷ ᠲᠤ ᠬᠠᠷᠭᠤᠭᠤᠯᠤᠨ | ᠦᠵᠡᠪᠡ ᠃ | ᠵᠠᠭᠤᠴᠢᠯᠠᠭᠤᠷ ᠲᠤ ᠠᠵᠢᠯᠯᠠᠵᠤ ᠪᠠᠶᠢᠭ᠎ᠠ ᠮᠦᠷᠳᠡᠭᠡᠨ ᠮᠦᠨᠴᠤ ᠰᠤᠷᠤᠭᠴᠢ ᠶᠢᠨ ᠭᠡᠷ ᠤᠨ ᠠᠬᠠᠮᠠᠳ ᠪᠤᠯᠤᠬᠰᠠᠨ ᠵᠠᠩ ᠠᠪᠠᠭ᠋ᠠᠢ ᠢᠯᠡᠷᠭᠡᠶᠢᠯᠡᠬᠦ ᠳᠡᠭᠡᠨ ᠄ ︽ | ᠰᠤᠷᠭᠠᠭᠤᠯᠢ ᠶᠢᠨ ᠠᠷᠤ ᠲᠠᠯ᠎ᠠ ᠶᠢᠨ ᠲᠣᠭᠤᠭᠠᠨ ᠭᠡᠷ ᠴᠡᠪᠡᠷ ᠴᠡᠮᠴᠡᠭᠡᠷ ᠂ ᠪᠠᠶᠢᠴᠠᠭᠠᠬᠤ ᠶᠠᠪᠤᠴᠠ ᠨᠢ ᠴᠢᠩᠭ᠎ᠠ ᠪᠥᠭᠡᠳ ᠵᠢᠷᠤᠮᠵᠢᠭᠤᠨ ᠪᠠᠶᠢᠬᠤ ᠶᠢ ᠦᠵᠡᠭᠡᠳ | ᠪᠢᠳᠡ ᠨᠡᠩ ᠰᠠᠨᠠᠭ᠎ᠠ ᠠᠮᠤᠷ ᠪᠣᠯᠵᠠᠢ ︾ ᠭᠡᠵᠡᠢ ᠃ ᠤᠯᠠᠨ ᠢᠶᠠᠷ ᠢᠶᠠᠨ᠄ ︽ ᠡᠶᠢᠮᠤᠷᠬᠦᠦ ︿ᠳᠤᠲᠠᠭᠳᠠᠯ ᠢᠶᠠᠨ ᠨᠢᠭᠤᠬᠤ ᠦᠭᠡᠢ ᠂ ᠦᠨᠡᠨᠬᠦ ᠬᠠᠯᠠᠨ ᠰᠠᠶᠢᠵᠢᠷᠠᠭᠤᠯᠬᠤ﹀ | ᠣᠪᠣᠷ ᠢ ᠮᠠᠭᠲᠠᠨ ᠰᠠᠶᠢᠰᠢᠶᠠᠭᠤᠰᠢᠲᠠᠢ ᠪᠠᠶᠢᠨ᠎ᠠ᠂ ᠨᠡᠩ ᠤᠯᠠᠨ ᠰᠤᠷᠭᠠᠭᠤᠯᠢ ᠢᠩᠬᠢᠵᠤ ᠬᠢᠬᠦ ᠶᠢ ᠬᠦᠰᠡᠵᠦ ᠪᠠᠶᠢᠨ᠎ᠠ ︕︾ ᠭᠡᠪᠡ ᠃ | 5 ᠰᠠᠷ᠎ᠠ ᠶᠢᠨ 9 ᠤ ᠡᠳᠦᠷ ᠂ ᠵᠡᠭᠦᠨᠭᠠᠷ ᠬᠤᠰᠢᠭᠤᠨ ᠤ ᠠᠷᠪᠠᠨ ᠨᠢᠭᠡᠳᠦᠭᠡᠷ ᠪᠠᠭ᠎ᠠ ᠰᠤᠷᠭᠠᠭᠤᠯᠢ ᠪᠠᠰᠠ ᠨᠠᠮ ᠤᠨ ᠲᠥᠯᠥᠭᠡᠯᠡᠭᠴᠢ ᠂ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠬᠤᠰᠢᠭᠤᠨ ᠤ ᠲᠠᠰ ᠤᠨ ᠭᠤᠣᠯ ᠵᠠᠭᠤᠴᠢᠯᠠᠭᠤᠷ | ᠤᠨ ᠬᠢᠨ ᠢ ᠤᠷᠢᠵᠤ ᠬᠤᠭᠤᠯᠠᠨ ᠭᠡᠷ ᠤᠨ ᠡᠵᠡᠩᠨᠡᠯᠲᠡ ᠶᠢᠨ ᠪᠥᠬᠦ ᠶᠠᠪᠤᠴᠠ ᠳᠤ ᠭᠦᠨᠵᠡᠭᠡᠢ ᠪᠠᠶᠢᠴᠠᠭᠠᠯᠲᠠ ᠬᠢᠯᠭᠡᠪᠡ ᠃ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠨᠢ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠲᠠᠢ ᠬᠤᠯᠪᠣᠭᠳᠠᠵᠤ ᠂ | ᠲᠦᠭ ᠲᠦᠮᠡᠨ ᠠᠶᠢᠯ ᠡᠷᠦᠬᠡ ᠶᠢᠨ ᠠᠩᠬᠠᠷᠤᠯ ᠢ ᠲᠠᠲᠠᠵᠤ ᠪᠠᠶᠢᠳᠠᠭ᠃ ᠣᠶᠢᠷ᠎ᠠ ᠶᠢᠨ ᠵᠢᠯ ᠤᠳ ᠲᠤ ᠂ ᠤᠯᠤᠰ ᠠᠴᠠ ᠣᠯᠠᠨ ᠤᠳᠠᠭ᠎ᠠ ᠲᠥᠷᠥ ᠶᠢᠨ ᠪᠣᠳᠣᠯᠭ᠎ᠠ | ᠨᠡᠶᠢᠲᠡᠯᠡᠨ ᠂ ︽ ᠳᠥᠷᠪᠡᠨ ᠬᠠᠮᠤᠭ ᠤᠨ ᠴᠢᠩᠭ᠎ᠠ ︾ ᠱᠠᠭᠠᠷᠳᠠᠯᠭ᠎ᠠ ︵ ᠬᠠᠮᠤᠭ ᠤᠨ ᠴᠢᠩᠭ᠎ᠠ ᠪᠠᠷᠢᠮᠵᠢᠶ᠎ᠠ ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ ᠂ | ᠬᠠᠮᠤᠭ ᠤᠨ ᠴᠢᠩᠭ᠎ᠠ ᠰᠢᠢᠳᠭᠡᠯ ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ︶ ᠶᠢ ᠴᠢᠬᠤᠯᠠᠴᠢᠯᠠᠵᠤ ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ | ᠮᠥᠴᠢᠷ ᠴᠦ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠭᠤᠣᠯᠳᠠᠯᠭ᠎ᠠ ᠲᠠᠢ ᠠᠵᠢᠯ ᠪᠤᠯᠭᠠᠬᠰᠠᠨ ᠪᠠᠶᠢᠨ᠎ᠠ ᠃ ᠡᠶᠢᠮᠦᠷᠬᠦᠦ ᠠᠬᠤᠢ ᠪᠠᠶᠢᠳᠠᠯ | ᠳᠤ ᠂ ᠵᠡᠭᠦᠨᠭᠠᠷ ᠬᠤᠰᠢᠭᠤᠨ ᠤ ᠰᠤᠷᠭᠠᠭᠤᠯᠢ ᠨᠤᠭᠤᠳ ᠰᠠᠨᠠᠭᠠᠴᠢᠯᠠᠭ᠎ᠠ ᠠᠴᠠ ᠪᠠᠨ ᠰᠤᠷᠭᠠᠭᠤᠯᠢ ᠶᠢᠨ ᠡᠭᠦᠳᠡ ᠪᠠᠨ ᠨᠡᠭᠡᠭᠡᠵᠦ ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠂ ᠵᠠᠭᠤᠴᠢᠯᠠᠭᠤᠷ ᠤᠨ ᠲᠥᠯᠥᠭᠡᠯᠡᠭᠴᠢ ᠵᠢᠴᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠢ ᠤᠷᠢᠵᠤ ᠬᠠᠮᠲᠤᠷᠠᠨ ᠱᠠᠯᠠᠪᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠂ ᠰᠤᠷᠭᠠᠭᠤᠯᠢ ᠶᠢᠨ ᠬᠤᠭᠤᠯᠠᠨ ᠭᠡᠷ ᠂ | ᠢᠳᠡᠭᠡᠨ ᠤ ᠵᠦᠢᠯ ᠤᠨ ᠬᠠᠩᠭᠠᠯᠭ᠎ᠠ ᠶᠢᠨ ᠬᠡᠯᠬᠢᠶ᠎ᠡ ᠵᠡᠷᠭᠡ ᠭᠤᠭᠴᠤᠭ᠎ᠠ ᠳᠤ ᠪᠥᠬᠦ ᠲᠠᠯ᠎ᠠ ᠶᠢᠨ ︽ ᠪᠡᠶ᠎ᠡ ᠶᠢᠨ ᠪᠠᠶᠢᠴᠠᠭᠠᠯᠲᠠ ︾ ᠬᠢᠯᠭᠡᠭᠰᠡᠨ ᠨᠢ ᠨᠡᠶᠢᠭᠡᠮ ᠳᠤ | ᠢᠳᠡᠪᠬᠢᠲᠡᠢ ᠬᠠᠷᠢᠭᠤ ᠲᠤᠰᠬᠠᠯ ᠪᠣᠯᠬᠤ ᠮᠥᠷᠲᠡᠭᠡᠨ ᠪᠠᠰᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠤᠨ ᠢᠯᠡ ᠲᠣᠳᠣ | ᠶᠢᠨ ᠭᠡᠮᠵᠢᠶ᠎ᠠ ᠂ ᠵᠢᠷᠤᠮᠵᠢᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠬᠰᠠᠨ ᠪᠠᠶᠢᠨ᠎ᠠ ᠃ | ᠲᠣᠰ ᠤᠳᠠᠭᠠᠨ ᠤ ᠲᠤᠰᠬᠠᠢ ᠬᠢᠨᠠᠨ ᠪᠠᠶᠢᠴᠠᠭᠠᠬᠤ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠬᠠᠢ ᠨᠢᠭᠡ ᠤᠳᠠᠭᠠᠨ ᠤ | ︽ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ︾ ᠪᠤᠯᠤᠬᠰᠠᠨ ᠢᠶᠠᠷ ᠦᠯᠤ ᠪᠠᠷᠠᠨ ᠂ ᠨᠠᠩ ᠴᠤ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠶᠢ | ᠠᠬᠢᠭᠤᠯᠤᠭᠰᠠᠨ ᠨᠢᠭᠡ ᠤᠳᠠᠭᠠᠨ ᠤ ᠠᠮᠢᠳᠤᠯᠢᠭ ᠦᠢᠯᠡᠳᠦᠯᠭᠡ ᠪᠣᠯᠬᠤ ᠶᠤᠮ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠥᠷᠥ ᠶᠢᠨ | ᠵᠥᠪᠯᠡᠯᠭᠡᠨ ᠂ ᠵᠠᠭᠤᠴᠢᠯᠠᠭᠤᠷ ᠵᠡᠷᠭᠡ ᠣᠯᠠᠨ ᠡᠰᠢᠲᠦ ᠬᠢᠨᠠᠯᠲᠠ ᠲᠠᠯᠪᠢᠬᠤ ᠬᠦᠴᠦᠨ ᠢ ᠣᠷᠣᠭᠤᠯᠤᠨ ᠠᠪᠴᠢᠷᠠᠬᠤ ᠪᠠᠷ ᠳᠡᠮᠵᠢᠨ ᠂ ᠵᠡᠭᠦᠨᠭᠠᠷ ᠬᠤᠰᠢᠭᠤᠨ ᠤ | ᠨᠡᠭᠡᠭᠡᠯᠲᠡ ᠲᠠᠢ ᠪᠠᠷ ᠰᠤᠷᠭᠠᠭᠤᠯᠢ ᠡᠷᠭᠢᠯᠡᠬᠦ ᠠᠭᠤᠴᠢ ᠪᠤᠳᠤᠯ ᠪᠠ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢ ᠬᠠᠮᠠᠭᠠᠯᠠᠬᠤ ᠡᠷᠡᠰ ᠵᠣᠷᠢᠭ ᠢ ᠢᠯᠡᠷᠡᠭᠦᠯᠪᠡ ᠃ | |