| ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠬᠤ ᠪᠠᠷ ᠭᠠᠷᠳᠠᠴᠠ ᠪᠣᠯᠭᠠᠵᠤ ᠂ | ︽ᠵᠤᠭᠠᠴᠠᠯ + ᠪᠣᠳᠠᠰ ᠤᠨ ᠪᠤᠰᠤ ᠰᠣᠶᠣᠯ ᠤᠨ ᠥᠪ︾ ᠂ ︽ᠬᠤᠳᠠᠯᠳᠤᠭ᠎ᠠ + ᠪᠣᠳᠠᠰ ᠤᠨ ᠪᠤᠰᠤ ᠰᠣᠶᠣᠯ ᠤᠨ ᠥᠪ︾ ᠂ ︽ᠪᠣᠳᠠᠰ ᠤᠨ ᠪᠤᠰᠤ ᠰᠣᠶᠣᠯ ᠤᠨ ᠥᠪ+ | ᠲᠠᠯᠠᠪᠠᠢ ᠣᠷᠳᠣᠨ︾ᠵᠡᠷᠭᠡ ᠰᠢᠨ᠎ᠡ ᠶᠢ ᠡᠭᠦᠳᠬᠦ ᠵᠠᠭᠪᠤᠷ ᠢᠶᠠᠷ ᠳᠠᠮᠵᠢᠭᠤᠯᠤᠨ ᠂ ᠰᠣᠶᠣᠯ ᠵᠤᠭᠠᠴᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠂ | ᠤᠯᠠᠮᠵᠢᠯᠠᠯᠲᠤ ᠰᠣᠶᠣᠯ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠤ ᠪᠠᠶᠢᠨ᠎ᠠ᠃ 2024 ᠣᠨ ᠳᠤ ᠂ ᠪᠥᠬᠦ ᠬᠤᠰᠢᠭᠤ ᠪᠠᠷ ᠢᠶᠠᠨ ᠵᠤᠭᠠᠴᠠᠭᠰᠠᠳ ᠢ 177.88 ᠲᠦᠮᠡᠨ ᠬᠥᠮᠥᠨ ᠤᠳᠠᠭ᠎ᠠ ᠭᠥᠯᠢᠶᠡᠨ | ᠠᠪᠴᠤ ᠂ ᠵᠤᠭᠠᠴᠠᠯ ᠤᠨ ᠣᠷᠣᠯᠭ᠎ᠠ ᠨᠢ 9.455 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 18.7% ᠪᠠ | 10.5% ᠪᠠᠷ ᠨᠡᠮᠡᠭᠳᠡᠨ ᠂ ᠰᠣᠶᠣᠯ ᠵᠤᠭᠠᠴᠠᠯ ᠤᠨ ᠠᠵᠤ ᠦᠢᠯᠡᠰ ᠨᠢ ᠵᠡᠭᠦᠨᠭᠠᠷ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠢᠯᠠᠰ ᠨᠡᠷ᠎ᠡ ᠶᠢᠨ | ᠬᠠᠭᠤᠳᠠᠰᠤ ᠪᠣᠯᠤᠭᠰᠠᠨ ᠪᠠᠶᠢᠨ᠎ᠠ ᠃ | ᠵᠡᠭᠦᠨᠭᠠᠷ ᠬᠤᠰᠢᠭᠤ ᠤᠳᠤᠬᠠᠨ ᠳᠤ 27 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠲᠠᠢ ᠪᠠᠶᠢᠵᠤ ᠂ ᠤᠯᠠᠮᠵᠢᠯᠠᠯᠲᠤ ᠭᠠᠷ ᠤᠷᠠᠯᠠᠯ ᠂ | ᠠᠷᠠᠳ ᠤᠨ ᠤᠷᠠᠯᠢᠭ ᠂ ᠠᠷᠠᠳ ᠤᠨ ᠵᠠᠩ ᠦᠢᠯᠡ ᠶᠢᠨ ᠰᠣᠶᠣᠯ ᠵᠡᠷᠭᠡ ᠤᠯᠠᠨ ᠬᠦᠷᠢᠶ᠎ᠡ ᠴᠠᠷᠠᠭ᠎ᠠ ᠶᠢ ᠬᠠᠮᠤᠷᠴᠤ ᠪᠤᠢ᠃ ᠬᠤᠰᠢᠭᠤᠨ ᠤ ᠰᠣᠶᠣᠯ ᠪᠠ ᠵᠤᠭᠠᠴᠠᠯ ᠤᠨ | ᠲᠣᠪᠴᠢᠶ᠎ᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠂ ᠪᠣᠳᠠᠰ ᠤᠨ ᠪᠤᠰᠤ ᠰᠣᠶᠣᠯ ᠤᠨ ᠥᠪ ᠨᠢᠭᠡᠪᠤᠷᠢ ᠳᠤ ᠲᠤᠰᠬᠠᠢ ᠬᠠᠮᠠᠭᠠᠯᠠᠯᠲᠠ ᠶᠢᠨ ᠨᠢᠭᠡᠴᠢ | ᠪᠠᠶᠢᠭᠤᠯᠵᠤ ᠂ ᠪᠣᠳᠠᠰ ᠤᠨ ᠪᠤᠰᠤ ᠰᠣᠶᠣᠯ ᠤᠨ ᠥᠪ ᠤᠨ ᠲᠣᠭᠲᠠᠩᠭᠤᠢ ᠬᠠᠮᠠᠭᠠᠯᠠᠯᠲᠠ ᠠᠴᠠ ᠠᠮᠢᠳᠤᠯᠢᠭ ᠤᠯᠠᠮᠵᠢᠯᠠᠯ ᠳᠡᠶᠢᠰᠢ ᠬᠥᠭᠵᠢᠬᠦ ᠶᠢ ᠠᠬᠢᠭᠤᠯᠵᠤ ᠪᠠᠶᠢᠨ᠎ᠠ ᠃ | ᠵᠡᠭᠦᠨᠭᠠᠷ ᠤᠨ ᠬᠠᠳᠤᠨ ᠭᠤᠣᠯ ᠤᠨ ᠳᠤᠮᠤ ᠬᠠᠪᠴᠢᠯ ᠤᠨ ᠵᠤᠭᠠᠴᠠᠯ ᠤᠨ ᠣᠷᠣᠨ ᠳᠤ ᠂ ᠵᠤᠭᠠᠴᠠᠭᠰᠠᠳ︽ᠠᠴᠢᠶᠠᠨ ᠤ ᠰᠡᠦᠬᠡ ᠪᠠᠷ ᠪᠡᠷᠢ ᠪᠠᠭᠤᠯᠭᠠᠬᠤ︾ | ᠤᠯᠠᠮᠵᠢᠯᠠᠯᠲᠤ ᠬᠤᠷᠢᠮ ᠤᠨ ᠵᠠᠩᠰᠢᠯ ᠢ ᠪᠡᠶᠡᠴᠢᠯᠡᠨ ᠣᠶᠢᠯᠠᠭᠠᠵᠤ ᠂ ᠪᠡᠶ᠎ᠡ ᠪᠠᠷ ᠢᠶᠠᠨ ︽ ᠬᠡᠤᠬᠡᠨ ᠬᠦᠷᠭᠡᠬᠦ︾ ᠂ ︽ᠪᠡᠷᠢ ᠪᠠᠭᠤᠯᠭᠠᠬᠤ︾ᠵᠡᠷᠭᠡ ᠶᠠᠪᠤᠴᠠ ᠳᠤ | ᠣᠷᠣᠯᠴᠠᠵᠤ ᠂ ᠭᠠᠵᠠᠷ ᠣᠷᠣᠨ ᠤ ᠭᠦᠨ ᠵᠤᠵᠠᠭᠠᠨ ᠵᠠᠩ ᠦᠢᠯᠡ ᠶᠢ ᠣᠶᠢᠯᠠᠭᠠᠵᠤ ᠪᠠᠶᠢᠨ᠎ᠠ︔ ᠵᠡᠭᠦᠨᠭᠠᠷ ᠵᠤᠤ ᠵᠤᠭᠠᠴᠠᠯ ᠤᠨ ᠣᠷᠣᠨ ᠪᠠᠨᠠᠷᠠᠰᠤᠨ ᠸᠠᠩ ᠤᠨ | ᠵᠤᠭᠠᠴᠠᠯ ᠤᠨ ᠣᠷᠣᠨ ᠳᠤ ᠪᠣᠳᠠᠰ ᠤᠨ ᠪᠤᠰᠤ ᠰᠣᠶᠣᠯ ᠤᠨ ᠥᠪ ᠤᠨ ᠪᠠᠶᠠᠷ ᠳᠤᠷᠠᠰᠬᠠᠯ ᠤᠨ ᠡᠳᠦᠷ ᠂ ᠭᠠᠷ ᠤᠷᠠᠯᠠᠯ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ | ᠵᠡᠷᠭᠡ ᠠᠵᠢᠯᠯᠠᠭ᠎ᠠ ᠪᠠᠷ ᠳᠠᠮᠵᠢᠭᠤᠯᠤᠨ ᠂ ᠪᠣᠳᠠᠰ ᠤᠨ ᠪᠤᠰᠤ ᠰᠣᠶᠣᠯ ᠢ ︽ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠂ ᠪᠡᠶᠡᠴᠢᠯᠡᠨ ᠣᠶᠢᠯᠠᠭᠠᠵᠤ ᠳᠡᠶᠢᠯᠬᠦ ︾ | ᠪᠣᠯᠭᠠᠵᠤ ᠂ ᠤᠯᠠᠨ ᠠᠷᠪᠢᠨ ᠵᠤᠭᠠᠴᠠᠭᠰᠠᠳ ᠢ ᠲᠡᠳᠡᠨ ᠣᠷᠣᠯᠴᠠᠭᠤᠯᠵᠤ ᠂ ᠵᠤᠭᠠᠴᠠᠯ ᠤᠨ ᠬᠡᠷᠡᠭᠯᠡᠭᠡ ᠶᠢ ᠳᠠᠶᠢᠴᠢᠯᠠᠭᠰᠠᠨ ᠢᠶᠠᠷ ᠦᠯᠤ ᠪᠠᠷᠠᠨ ᠂ ᠤᠯᠠᠮᠵᠢᠯᠠᠯᠲᠤ | ᠪᠣᠳᠠᠰ ᠤᠨ ᠪᠤᠰᠤ ᠰᠣᠶᠣᠯ ᠤᠨ ᠥᠪ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠭᠰᠠᠨ ᠪᠠᠶᠢᠨ᠎ᠠ ᠃ | | | | ᠬᠤᠳᠠᠯᠳᠤᠭ᠎ᠠ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠤᠶᠠᠯᠳᠤᠯ ᠴᠤ ᠢᠯᠡᠳᠲᠡ ᠠᠮᠵᠢᠯᠲᠠ ᠣᠯᠵᠠᠢ᠃ ᠵᠡᠭᠦᠨᠭᠠᠷ ᠤᠨ ᠪᠦᠳᠦᠭᠦᠯᠢᠭ ᠱᠠᠭᠠᠵᠠᠩ ᠢ | ᠰᠢᠲᠠᠭᠠᠬᠤ ᠮᠡᠷᠭᠡᠵᠢᠯ ᠪᠣᠯᠣᠨ ᠬᠡᠪᠢᠰ ᠤᠨ ᠤᠷᠭᠤᠮᠠᠯ ᠤᠨ ᠪᠤᠳᠤᠭ ᠤᠨ ᠮᠡᠷᠭᠡᠵᠢᠯ ᠢᠶᠠᠷ ᠵᠢᠱᠢᠶᠡᠯᠡᠪᠡᠯ ᠂ ᠢ ᠳ᠋ᠦᠩ ᠤᠨ ᠯᠢ ᠬᠤᠩ ᠱᠠᠭᠠᠵᠠᠩ ᠤᠨ ᠦᠢᠯᠡᠰ ᠪᠣᠯᠣᠨ | ᠵᠦᠨ ᠯᠢ ᠬᠡᠪᠢᠰ ᠤᠨ ᠬᠢᠵᠠᠭᠠᠷᠲᠤ ᠺᠣᠮᠫᠠᠨᠢ ︽ᠪᠠᠭᠰᠢ ᠨᠢ ᠱᠠᠪᠢ ᠪᠠᠨ ᠳᠠᠭᠠᠭᠤᠯᠬᠤ︾ ᠪᠠᠷ ᠳᠠᠮᠵᠢᠭᠤᠯᠤᠨ ᠤᠯᠠᠮᠵᠢᠯᠠᠭᠴᠢ ᠶᠢ ᠬᠥᠮᠥᠵᠢᠭᠦᠯᠬᠦ ᠪᠠᠷ ᠦᠯᠤ ᠪᠠᠷᠠᠨ | ᠪᠠᠰᠠ ᠤᠳᠤ ᠦᠶ᠎ᠡ ᠶᠢᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠲᠠᠢ ᠤᠶᠠᠯᠳᠤᠭᠤᠯᠤᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠭᠰᠡᠨ ᠰᠢᠨ᠎ᠡ | ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠡᠢ᠃ 2024 ᠣᠨ ᠳᠤ ᠂ ᠵᠦᠨ ᠯᠢ ᠤᠷᠭᠤᠮᠠᠯ ᠤᠨ ᠪᠤᠳᠤᠭ ᠤᠨ ᠭᠠᠷ ᠤᠷᠠᠯᠠᠯ ᠤᠨ ᠬᠡᠪᠢᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠦᠢᠯᠡᠳᠬᠡᠯ ᠤᠨ ᠭᠠᠵᠠᠷ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠢᠶᠠᠷ ᠦᠨᠡᠯᠡᠭᠳᠡᠵᠦ ᠂ | ᠦᠢᠯᠡᠳᠪᠦᠷᠢᠯᠡᠬᠦ ᠂ ᠳᠡᠯᠭᠡᠨ ᠦᠵᠡᠭᠦᠯᠬᠦ ᠂ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠰᠣᠶᠣᠯ ᠤᠨ ᠵᠢᠭᠰᠠᠭᠠᠯ ᠤᠨ ᠭᠠᠵᠠᠷ ᠪᠣᠯᠤᠭᠰᠠᠨ ᠪᠥᠭᠡᠳ | ᠡᠯᠧᠺᠲᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠭᠡ ᠵᠡᠷᠭᠡ ᠰᠢᠨ᠎ᠡ ᠠᠷᠭ᠎ᠠ ᠵᠠᠮ ᠢᠶᠠᠷ ᠳᠠᠮᠵᠢᠭᠤᠯᠤᠨ ᠪᠣᠷᠤᠯᠠᠭᠤᠯᠭ᠎ᠠ ᠶᠢᠨ ᠵᠠᠮ ᠮᠦᠷ ᠢ ᠥᠷᠭᠡᠳᠬᠡᠵᠦ ᠂ | ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠪᠣᠯᠣᠨ ᠵᠠᠬ᠎ᠠ ᠳᠡᠯᠭᠡᠭᠦᠷ ᠤᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠵᠡᠢ᠃ | ᠰᠣᠶᠣᠯ ᠵᠤᠭᠠᠴᠠᠯ ᠤᠨ ᠡᠯᠪᠡᠭ ᠳᠡᠯᠪᠡᠭ ᠡᠬᠢ ᠪᠠᠶᠠᠯᠢᠭ ᠲᠤ ᠲᠦᠰᠢᠭᠯᠡᠨ᠂ ᠵᠡᠭᠦᠨᠭᠠᠷ ᠬᠤᠰᠢᠭᠤ ᠵᠡᠭᠦᠨᠭᠠᠷ ᠤᠨ ᠬᠠᠳᠤᠨ ᠭᠤᠣᠯ ᠤᠨ ᠳᠤᠮᠤ ᠬᠠᠪᠴᠢᠯ ᠂ ᠵᠡᠭᠦᠨᠭᠠᠷ | ᠵᠤᠤ ᠵᠤᠭᠠᠴᠠᠯ ᠤᠨ ᠣᠷᠣᠨ᠂ ᠨᠠᠷᠠᠰᠤᠨ ᠸᠠᠩ ᠵᠤᠭᠠᠴᠠᠯ ᠤᠨ ᠣᠷᠣᠨ ᠵᠡᠷᠭᠡ ᠤᠯᠤᠰ ᠤᠨ 4A ᠳᠡᠰ ᠤᠨᠵᠢᠷᠭᠤᠭᠠᠨ ᠦᠵᠡᠮᠵᠢ ᠶᠢᠨ ᠣᠷᠣᠨ ᠪᠠ3A ᠳᠡᠰ ᠤᠨ ᠨᠢᠭᠡ | ᠦᠵᠡᠮᠵᠢ ᠶᠢᠨ ᠣᠷᠣᠨ ᠢ ᠴᠣᠭᠴᠠᠯᠠᠬᠰᠠᠨ ᠤ ᠬᠠᠮᠲᠤ 8 ᠰᠣᠳᠣᠨ ᠵᠤᠭᠠᠴᠠᠯ ᠤᠨ ᠱᠤᠭᠤᠮ ᠢ ᠭᠠᠷᠭᠠᠵᠤ ᠂ ︽ ᠮᠠᠩᠬᠠᠨ ᠠᠶᠠᠯᠭᠤ ᠶᠢᠨ ᠰᠣᠶᠣᠯ ᠂ ᠬᠠᠳᠤᠨ | ᠭᠤᠣᠯ ᠤᠨ ᠬᠠᠪᠴᠢᠯ ᠂ ᠡᠯᠡᠰᠦᠨ ᠨᠤᠳᠤᠭ ᠤᠨ ᠵᠠᠩ ᠦᠢᠯᠡ᠂ ᠠᠷᠠᠳ ᠤᠨ ᠵᠠᠩ ᠦᠢᠯᠡ ᠶᠢᠨ ᠠᠮᠢ ᠠᠬᠤᠢ︾ ᠭᠡᠬᠦ ᠲᠦᠷᠪᠡᠨ ᠶᠡᠭᠡ ᠣᠨᠴᠠᠯᠢᠭᠲᠤ ᠵᠤᠭᠠᠴᠠᠯ ᠤᠨ | ᠲᠦᠷᠦᠯ ᠲᠡᠮᠳᠡᠭᠳᠦ ᠶᠢ ᠪᠦᠷᠢᠯᠳᠦᠭᠦᠯᠵᠡᠢ᠃ ᠬᠠᠲᠤᠨ ᠭᠤᠣᠯ ᠤᠨ ᠳᠤᠮᠤ ᠬᠠᠪᠴᠢᠯ ᠤᠨ ᠦᠵᠡᠮᠵᠢ ᠶᠢᠨ ᠣᠷᠣᠨ ᠨᠢ ᠰᠦᠷᠯᠢᠭ ᠰᠠᠶᠢᠬᠠᠨ ᠪᠠᠶᠢᠭᠠᠯᠢ ᠶᠢᠨ ᠦᠵᠡᠮᠵᠢ | ᠪᠠ ᠡᠯᠪᠡᠭ ᠪᠠᠶᠠᠯᠢᠭ ᠰᠣᠶᠣᠯ ᠢᠷᠭᠡᠨᠰᠢᠯ ᠢᠶᠠᠷ ᠢᠶᠠᠨ ᠰᠤᠳᠤᠯᠤᠨ ᠰᠤᠷᠤᠯᠴᠠᠬᠤ ᠵᠤᠭᠠᠴᠠᠯ ᠤᠨ ᠬᠠᠯᠠᠮᠰᠢᠯ ᠭᠠᠵᠠᠷ ᠪᠣᠯᠪᠠ ︔ ᠵᠡᠭᠦᠨᠭᠠᠷ ᠵᠤᠤ ᠵᠤᠭᠠᠴᠠᠯ ᠤᠨ | ᠣᠷᠣᠨ ᠤ ᠬᠢᠨ ᠱᠠᠰᠢᠨ ᠰᠤᠷᠲᠠᠬᠤᠨ ᠤ ᠰᠣᠶᠣᠯ ᠪᠣᠯᠣᠨ ᠠᠮᠢ ᠠᠬᠤᠢ ᠶᠢᠨ ᠡᠷᠡᠭᠦᠯ ᠮᠡᠨᠳᠦ ᠶᠢᠨ ᠰᠤᠪᠢᠯᠠᠯᠲᠠ ᠶᠢ ᠠᠭᠤᠰᠤᠯᠴᠠᠭᠤᠯᠵᠤ ᠂ ᠥᠪᠡᠷᠲᠡᠭᠡᠨ ᠵᠠᠰᠠᠬᠤ | ᠣᠷᠣᠨ ᠤ ᠡᠷᠡᠭᠦᠯ ᠮᠡᠨᠳᠦ ᠶᠢᠨ ᠰᠤᠪᠢᠯᠠᠯᠲᠠ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠰᠠᠭᠤᠷᠢᠨ ᠢᠶᠠᠷ ᠦᠨᠡᠯᠡᠭᠳᠡᠪᠡ︔ ᠨᠠᠷᠠᠰᠤᠨ ᠸᠠᠩ ᠤᠨ ᠦᠵᠡᠮᠵᠢ ᠶᠢᠨ ᠣᠷᠣᠨ | ᠨᠢ ᠮᠢᠩᠭᠠᠨ ᠣᠨ ᠤ ᠡᠷᠲᠡᠨ ᠤ ᠨᠠᠷᠠᠰᠤ ᠪᠠᠷ ᠭᠤᠣᠯ ᠪᠣᠯᠭᠠᠵᠤ ᠂ ᠰᠣᠶᠣᠯ ᠤᠨ ᠦᠵᠡᠭᠦᠯᠭᠡ᠂ ᠠᠮᠢ ᠠᠬᠤᠢ ᠶᠢᠨ ᠵᠤᠭᠠᠴᠠᠯ ᠢ ᠨᠢᠭᠡ ᠴᠣᠭᠴᠠᠵᠢᠭᠤᠯᠤᠭᠰᠠᠨ | ᠣᠨᠴᠠᠯᠢᠭᠲᠤ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠵᠠᠢ᠃ | | | | ᠡᠭᠦᠨ ᠠᠴᠠ ᠭᠠᠳᠠᠨ᠎ᠠ ᠂ ᠳ᠋ᠠ ᠯᠦ ᠪᠠᠯᠭᠠᠰᠤᠨ ᠤ ᠰᠢᠶᠣᠣ ᠲᠠᠨ ᠽᠢ ᠲᠣᠰᠬᠤᠨ ᠤ ︽ ᠬᠠᠲᠤᠨ ᠭᠤᠣᠯ ᠤᠨ ᠠᠩᠬᠠᠳᠠᠬᠴᠢ ᠲᠣᠰᠬᠤᠨ ︾ ᠤ ᠲᠠᠷᠢᠶᠠᠯᠠᠩ ᠪᠠ | ᠵᠤᠭᠠᠴᠠᠯ ᠢ ᠠᠭᠤᠰᠤᠯᠴᠠᠭᠤᠯᠬᠤ ᠲᠥᠷᠥᠯ ᠵᠦᠢᠯ ᠂ ᠲᠤᠯᠤᠭᠠᠨ ᠥᠩᠭᠡᠲᠦ ᠲᠤᠲᠤᠷᠭ᠎ᠠ ᠶᠢᠨ ᠲᠠᠷᠢᠶᠠᠨ ᠤ ᠵᠤᠭᠠᠴᠠᠯ ᠤᠨ ᠬᠦᠷᠢᠶᠡᠯᠡᠩ ᠂ ︽ ᠵᠡᠭᠦᠨᠭᠠᠷ ᠤᠨ ᠦᠳᠡᠰᠢ ︾ | ᠶᠢᠨ ᠦᠳᠡᠰᠢ ᠶᠢᠨ ᠠᠵᠤ ᠠᠬᠤᠢ ᠶᠢᠨ ᠳᠦᠷᠤᠯ ᠳᠡᠮᠳᠡᠭᠳᠦ ᠵᠡᠷᠭᠡ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠵᠤᠭᠠᠴᠠᠭᠰᠠᠳ ᠤᠨ | ᠣᠶᠢᠯᠠᠭᠠᠯᠲᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠠᠢ ᠃ ᠰᠢᠩ ᠬᠤ᠋ ᠪᠤᠯᠤᠩ ᠤᠨ ᠪᠠᠭᠤᠴᠠ᠂ ᠰᠧ ᠡᠯ ᠬᠤ᠋ ᠨᠠᠭᠤᠷ ᠤᠨ ᠬᠡᠭᠡᠷ᠎ᠡ ᠪᠠᠭᠤᠳᠠᠯᠯᠠᠬᠤ ᠰᠠᠭᠤᠷᠢᠨ | ᠭᠠᠵᠠᠷ ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠲᠦᠷᠦᠯ ᠵᠦᠢᠯ ᠨᠢ ᠡᠴᠢᠭᠡᠡᠭᠡ ᠦᠷ᠎ᠡ ᠬᠡᠦᠬᠡᠳ ᠤᠨ ᠵᠤᠭᠠᠴᠠᠯ ᠂ ᠣᠶᠢᠷ᠎ᠠ ᠵᠠᠮ ᠤᠨ ᠬᠤᠪᠢ ᠶᠢᠨ ᠮᠠᠰᠢᠨ | ᠲᠡᠷᠭᠡ ᠪᠠᠷ ᠵᠤᠭᠠᠴᠠᠬᠤ ᠬᠠᠯᠠᠮᠰᠢᠯ ᠰᠣᠩᠭᠤᠯᠲᠠ ᠪᠣᠯᠵᠤ ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠲᠠᠶᠢᠴᠢᠯᠠᠨ᠎ᠠ᠃ | | | | ᠵᠡᠭᠦᠨᠭᠠᠷ ᠬᠤᠰᠢᠭᠤ ᠡᠵᠡᠩᠨᠡᠨ ᠪᠣᠷᠣᠯᠠᠭᠤᠯᠬᠤ ᠠᠷᠭ᠎ᠠ ᠬᠡᠯᠪᠡᠷᠢ ᠪᠠᠨ ᠢᠳᠡᠪᠬᠢᠲᠡᠢ ᠪᠠᠷ ᠰᠢᠨᠡᠴᠢᠯᠡᠵᠦ ᠂ ᠪᠠᠶᠠᠷ ᠳᠤᠷᠠᠰᠬᠠᠯ ᠤᠨ ᠡᠳᠤᠷ ᠤᠨ ᠠᠵᠢᠯᠯᠠᠭ᠎ᠠ᠂ ᠰᠢᠨ᠎ᠡ | ᠵᠠᠭᠤᠴᠢᠯᠠᠭᠤᠷ ᠤᠨ ᠳᠠᠮᠵᠢᠭᠤᠯᠭ᠎ᠠ᠂ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠵᠡᠷᠭᠡ ᠠᠷᠭ᠎ᠠ ᠬᠡᠯᠪᠡᠷᠢ ᠪᠠᠷ ᠰᠣᠶᠣᠯ ᠵᠤᠭᠠᠴᠠᠯ ᠤᠨ ᠲᠦᠷᠦᠯ ᠳᠡᠮᠳᠡᠭᠳᠦ ᠶᠢᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠤ ᠪᠤᠢ᠃ ᠬᠦᠢᠯᠡᠰᠦᠨ ᠴᠡᠴᠡᠭ ᠤᠨ ᠨᠠᠶᠢᠷ᠂ ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ᠂ ᠬᠠᠳᠤᠨ ᠭᠤᠣᠯ ᠤᠨ ᠳᠤᠬᠤᠢ ᠶᠢᠨ | ᠠᠮᠢ ᠠᠬᠤᠢ ᠶᠢᠨ ᠰᠣᠶᠣᠯ ᠵᠤᠭᠠᠴᠠᠯ ᠤᠨ ᠨᠠᠶᠢᠷ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠪᠦᠬᠦ ᠵᠢᠯ ᠢᠶᠠᠷ ᠶᠠᠪᠤᠬᠳᠠᠵᠤ ᠂ ︽ᠲᠦᠷᠪᠡᠨ ᠤᠯᠠᠷᠢᠯ ᠳᠤ ᠭᠤᠣᠯ | ᠰᠡᠳᠦᠪ ᠲᠠᠢ᠂ ᠰᠠᠷ᠎ᠠ ᠪᠣᠯᠭᠠᠨ ᠠᠵᠢᠯᠯᠠᠭ᠎ᠠ ᠲᠠᠢ︾ᠰᠣᠶᠣᠯ ᠵᠤᠭᠠᠴᠠᠯ ᠢ ᠳᠡᠯᠭᠡᠷᠡᠭᠦᠯᠬᠦ ᠪᠠᠶᠢᠷᠢᠰᠢᠯ ᠢ ᠪᠦᠷᠢᠯᠳᠦᠭᠦᠯᠪᠡ᠃ ᠡᠭᠦᠨ ᠤ ᠬᠠᠮᠲᠤ ᠂ ᠣᠬᠤᠷ ᠸᠢᠳᠢᠤ᠋ ᠂ ᠰᠢᠭᠤᠳ | ᠨᠡᠪᠲᠡᠷᠡᠭᠦᠯᠭᠡ ᠵᠡᠷᠭᠡ ᠰᠢᠨ᠎ᠡ ᠵᠠᠭᠤᠴᠢᠯᠠᠭᠤᠷ ᠤᠨ ᠠᠷᠭ᠎ᠠ ᠪᠠᠷᠢᠯ ᠢ ᠠᠰᠢᠭᠯᠠᠨ ᠂ ᠵᠡᠭᠦᠨᠭᠠᠷ ᠬᠤᠰᠢᠭᠤᠨ ᠤ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠤᠨ ᠷᠢᠳᠢ | ᠰᠢᠳᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠦᠨ᠎ᠡ ᠃ ︽ ᠬᠠᠲᠤᠨ ᠭᠤᠣᠯ ᠳᠤ ᠬᠦᠷᠢᠶᠡᠯᠡᠭᠳᠡᠭᠰᠡᠨ ᠭᠠᠵᠠᠷ ᠰᠦᠷᠯᠢᠭ ᠰᠠᠶᠢᠬᠠᠨ ᠵᠡᠭᠦᠨᠭᠠᠷ ︾ ᠵᠡᠷᠭᠡ | ᠤᠬᠠᠭᠤᠯᠭ᠎ᠠ ᠶᠢᠨ ᠹᠢᠯᠢᠮ ᠢ ᠨᠢᠰᠬᠡᠯ ᠤᠨ ᠪᠠᠭᠤᠳᠠᠯ ᠂ ᠳᠦᠷᠭᠡᠨ ᠤ ᠲᠡᠮᠦᠷ ᠵᠠᠮ ᠵᠡᠷᠭᠡ ᠲᠠᠪᠴᠠᠩ ᠢᠶᠠᠷ ᠲᠠᠷᠬᠠᠭᠠᠵᠤ ᠂ ᠲᠦᠷᠦᠯ ᠳᠡᠮᠳᠡᠭᠳᠦ ᠶᠢᠨ ᠠᠯᠳᠠᠷᠰᠢᠯ ᠢ | ᠤᠯᠠᠮ ᠨᠢᠭᠡ ᠠᠯᠬᠤᠮ ᠥᠷᠭᠡᠳᠬᠡᠨ᠎ᠠ ᠃ | | | | ᠪᠣᠳᠠᠰ ᠤᠨ ᠪᠤᠰᠤ ᠰᠣᠶᠣᠯ ᠤᠨ ᠥᠪ ᠪᠠ ᠰᠣᠶᠣᠯ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠨᠢ ᠵᠡᠭᠦᠨᠭᠠᠷ ᠬᠤᠰᠢᠭᠤᠨ ᠤ ᠰᠣᠶᠣᠯ ᠤᠨ | ᠠᠭᠤᠯᠬᠤᠨ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ ᠂ ᠤᠯᠠᠮᠵᠢᠯᠠᠯᠲᠤ ᠰᠣᠶᠣᠯ ᠤᠨ ᠦᠨᠳᠦᠰᠦ ᠰᠤᠷᠪᠤᠯᠵᠢ ᠶᠢ ᠬᠠᠮᠠᠭᠠᠯᠠᠭᠰᠠᠨ ᠪᠥᠭᠡᠳ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ᠃ ᠬᠤᠶᠢᠰᠢᠳᠠ ᠂ ᠵᠡᠭᠦᠨᠭᠠᠷ ᠬᠤᠰᠢᠭᠤ ᠦᠷᠭᠦᠯᠵᠢᠯᠡᠨ ᠰᠢᠨ᠎ᠡ ᠶᠢ | ᠡᠭᠦᠳᠬᠦ ᠠᠷᠭ᠎ᠠ ᠵᠠᠮ ᠢ ᠰᠦᠪᠡᠭᠴᠢᠯᠡᠵᠦ ᠂ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠡᠨᠡᠬᠦ ᠭᠠᠵᠠᠷ ᠣᠷᠣᠨ ᠤ | ᠰᠣᠶᠣᠯ ᠤᠨ ᠷᠢᠳᠢ ᠰᠢᠳᠢ ᠶᠢ ᠨᠡᠩ ᠦᠵᠡᠰᠬᠦᠯᠡᠩᠲᠦ ᠰᠠᠶᠢᠬᠠᠨ ᠭᠡᠷᠡᠯ ᠭᠢᠯᠪᠠᠭ᠎ᠠ ᠲᠠᠢ ᠪᠣᠯᠭᠠᠨ᠎ᠠ᠃ | | | | | |