| ᠰᠢᠷ᠎ᠠ ᠳᠤᠰᠤ ᠪᠤᠯ ᠬᠠᠯᠠᠭᠤᠨ ᠪᠦᠯᠢᠶᠠᠨ ᠴᠢᠨᠠᠷᠳᠡᠢ ᠂ ᠬᠡᠢ ᠶᠢ ᠲᠠᠷᠤᠵᠤ ᠲᠠᠮᠢᠷ ᠢ ᠰᠠᠶᠢᠵᠢᠷᠠᠭᠤᠯᠤᠨ ᠂ ᠦᠩᠬᠡ ᠶᠢ ᠲᠡᠵᠢᠬᠡᠬᠦ ᠂ ᠬᠦᠮᠤᠨ ᠤ ᠪᠠᠶ᠎ᠠ ᠶᠢᠨ ᠡᠷᠡᠬᠦᠯ | ᠮᠠᠨᠳᠤ ᠳᠤ ᠤᠯᠠᠨ ᠬᠡᠷᠡᠭᠴᠡᠭᠡ ᠲᠠᠢ ᠡᠮᠳᠤ ᠴᠢᠨᠠᠷᠳᠡᠢ ᠢᠳᠡᠬᠡᠨ ᠪᠤᠯᠤᠨ᠎ᠠ ᠃ ︽ ᠠᠯᠳᠠᠨ ᠬᠠᠳᠠᠮᠠᠯ ︾ ᠳᠤ ᠰᠢᠮ᠎ᠠ ᠶᠢᠨ ᠳᠤᠩᠭᠠᠯᠠᠭ ᠰᠢᠷ᠎ᠠ ᠳᠤᠰᠤ ᠰᠢᠮ᠎ᠠ ᠶᠢ | ᠲᠦᠯᠵᠢᠬᠦᠯᠤᠨᠠ ᠬᠡᠵᠤ ᠪᠢᠴᠢᠵᠤ ᠪᠠᠶᠢᠳᠠᠭ ᠃ ᠰᠢᠷ᠎ᠠ ᠳᠤᠰᠤ ᠦᠯᠤ ᠬᠠᠯᠳᠠᠭᠠᠬᠤ ᠰᠢᠰᠲ᠋ᠧᠮ ᠢ ᠰᠠᠶᠢᠵᠢᠷᠠᠭᠤᠯᠳᠠᠭ ᠃ ᠡᠬᠦᠨ ᠠᠴᠠ ᠭᠠᠳᠠᠨ᠎ᠠ ᠂ ᠰᠦᠰᠤᠨ ᠤ ᠭᠤᠨᠠᠨ | ᠠᠯᠺᠤᠤᠯ ᠢ ᠪᠠᠭᠤᠷᠠᠭᠤᠯᠬᠤ ᠂ ᠨᠢᠳᠤᠨ ᠤ ᠬᠠᠷᠠᠭ᠎ᠠ ᠶᠢ ᠰᠠᠶᠢᠵᠢᠷᠠᠭᠤᠯᠬᠤ ᠂ ᠰᠢᠩᠬᠡᠬᠡᠯᠳᠡ ᠶᠢ ᠰᠠᠶᠢᠵᠢᠷᠠᠭᠤᠯᠬᠤ ᠪᠤᠯᠤᠨ ᠬᠤᠭᠤᠯᠨ ᠪᠤᠯᠪᠠᠰᠤᠷᠠᠭᠤᠯᠤᠯᠳᠠ ᠳᠤ | ᠳᠤᠰᠠᠳᠠᠢ ᠃ ᠪᠠᠶ᠎ᠠ ᠶᠢ ᠲᠠᠮᠢᠷᠵᠢᠭᠤᠯᠬᠤ ᠪᠠ ᠰᠢᠮᠡᠵᠢᠬᠦᠯᠵᠤ ᠂ ᠬᠡᠢ ᠮᠠᠬᠠᠪᠤᠳ ᠢ ᠲᠡᠭᠰᠢᠷᠡᠬᠦᠯᠬᠦ ᠪᠠ ᠲᠠᠪᠤᠨ ᠴᠤᠯᠤ ᠵᠢᠷᠭᠤᠭᠠᠨ ᠰᠠᠪᠠ ᠶᠢᠨ ᠬᠡᠢ ᠡᠪᠡᠳᠴᠢᠨ ᠢ | ᠠᠷᠢᠯᠭᠠᠵᠤ ᠂ ᠲᠡᠷᠢᠬᠢ ᠶᠢ ᠰᠠᠶᠢᠵᠢᠷᠠᠭᠤᠯᠳᠠᠭ ᠃ ᠰᠢᠷ᠎ᠠ ᠲᠤᠰᠤ ᠶᠢ ᠢᠯᠪᠢᠬᠦ ᠵᠠᠰᠠᠯ ᠳᠤ ᠬᠡᠷᠡᠭᠯᠡᠵᠤ ᠂ ᠡᠮᠡᠭᠳᠡᠢ ᠶᠢᠨ ᠰᠠᠪᠠᠨ ᠤ ᠬᠡᠢ ᠂ ᠪᠦᠬᠡᠷ᠎ᠠ ᠨᠢᠷᠤᠭᠤᠨ ᠤ ᠬᠡᠢ ᠂ | ᠦᠶ᠎ᠠ ᠬᠡᠰᠢᠬᠦᠤ ᠶᠢᠨ ᠬᠡᠢ ᠪᠤᠶᠤ ᠭᠤᠤᠯ ᠤᠨ ᠬᠡᠢ ᠂ ᠳᠤᠯᠤᠭᠠᠢ ᠶᠢᠨ ᠬᠡᠢ ᠂ ᠤᠯᠤᠭᠠᠢ ᠶᠢᠨ ᠬᠡᠢ ᠶᠢ ᠵᠠᠰᠠᠵᠤ ᠂ ᠤᠳᠠᠭᠰᠠᠠ ᠰᠢᠷ᠎ᠠ ᠳᠤᠰᠤ ᠪᠠᠷ ᠦᠬᠡᠷ ᠢᠯᠢᠳᠤ | ᠵᠡᠷᠬᠡ ᠠᠷᠠᠰᠤ ᠮᠢᠬᠠᠨ ᠤ ᠡᠯᠳᠡᠪ ᠤᠨ ᠡᠪᠡᠳᠴᠢᠨ ᠂ ᠶᠠᠷ᠎ᠠ ᠰᠢᠷᠬ᠎ᠠ ᠶᠢ ᠡᠮᠨᠡᠡ ᠵᠠᠰᠠᠳᠠᠭ ᠃ ᠰᠢᠷ᠎ᠠ ᠳᠤᠰᠤ ᠶᠢ ᠴᠠᠢ ᠲᠠᠢ ᠴᠢᠨᠠᠭᠠᠳ ᠬᠠᠯᠠᠭᠤᠨ ᠢᠶᠠᠷ ᠤᠤᠭᠤᠵᠤ | ᠬᠦᠯᠤᠰᠤ ᠭᠠᠷᠭᠠᠪᠠᠯ ᠰᠡᠯᠬᠢ ᠠᠪᠴᠤ ᠪᠠᠶ᠎ᠠ ᠬᠡᠮᠳᠦᠭᠰᠡᠡ ᠪᠤᠶᠤ ᠰᠢᠩᠬᠡᠬᠡᠯᠳᠠ ᠮᠠᠭᠤᠳᠠᠭᠰᠠᠠ ᠢ ᠵᠠᠰᠠᠵᠤ ᠴᠢᠳᠠᠳᠠᠭ ᠃ ᠴᠠᠢ ᠬᠤᠭᠤᠯᠠᠨ ᠳᠤ ᠵᠠᠩᠬᠢᠷᠠᠭᠰᠠᠳ ᠲᠤ | ᠰᠢᠷ᠎ᠠ ᠳᠤᠰᠤ ᠪᠠᠭ᠎ᠠ ᠤᠤᠭᠤᠯᠭᠠᠪᠠᠯ ᠵᠠᠩᠬᠢᠷᠠᠭ᠎ᠠ ᠲᠠᠶᠢᠯᠤᠭᠳᠠᠨ᠎ᠠ ᠃ ᠨᠢᠯᠬ᠎ᠠ ᠬᠡᠤᠬᠡᠳ ᠤᠨ ᠵᠤᠯᠠᠢ ᠲᠡᠬᠡᠷ᠎ᠠ ᠦᠷᠬᠦᠯᠵᠢ ᠰᠢᠷ᠎ᠠ ᠳᠤᠰᠤ ᠲᠦᠷᠬᠢᠪᠡᠯ ᠬᠠᠬ ᠨᠢ | ᠤᠨᠠᠬᠤ ᠳᠤ ᠰᠠᠶᠢᠨ ᠪᠦᠬᠡᠳ ᠬᠠᠮᠠᠷ ᠱᠤᠤᠬᠢᠨ ᠪᠦᠭᠯᠡᠷᠡᠬᠦ ᠶᠢ ᠵᠠᠰᠠᠳᠠᠭ ᠃ ᠬᠡᠳᠡᠰᠤ ᠡᠪᠡᠳᠬᠦ ᠂ ᠬᠡᠳᠡᠰᠤ ᠲᠦᠬᠦᠷᠬᠦ ᠂ ᠬᠤᠷᠭᠤᠰᠤᠯᠠᠬᠤ ᠳᠤ ᠰᠢᠷ᠎ᠠ ᠳᠤᠰᠤ ᠶᠢ ᠬᠠᠷ᠎ᠠ | ᠠᠷᠢᠬᠢ ᠲᠠᠢ ᠡᠰᠡᠬᠦᠯ᠎ᠠ ᠬᠠᠷ᠎ᠠ ᠰᠢᠬᠢᠷ ᠲᠠᠢ ᠪᠤᠴᠠᠯᠭᠠᠵᠤ ᠤᠤᠭᠤᠪᠠᠯ ᠳᠤᠰᠠ ᠪᠤᠯᠳᠠᠭ ᠃ ᠬᠠᠮᠠᠷ ᠶᠠᠮᠠᠰᠢᠬᠰᠠᠠ ᠳᠤ ᠰᠢᠷ᠎ᠠ ᠳᠤᠰᠤ ᠲᠦᠷᠬᠢᠪᠡᠯ ᠰᠡᠶᠢᠨ ᠃ | ᠰᠡᠯᠬᠢᠨ ᠳᠤ ᠤᠷᠤᠭᠤᠯ ᠦᠷᠤᠮᠳᠡᠨ ᠬᠠᠭᠠᠷᠠᠬᠤ ᠳᠤ ᠰᠢᠷ᠎ᠠ ᠳᠤᠰᠤ ᠲᠦᠷᠬᠢᠪᠡᠯ ᠢᠯᠡᠷᠢ ᠪᠤᠯᠳᠠᠭ ᠃ ᠭᠠᠷ ᠬᠠᠭᠠᠷᠠᠬᠤ ᠦᠶ᠎ᠠ ᠳᠤ ᠰᠢᠷ᠎ᠠ ᠳᠤᠰᠤ ᠶᠢ ᠲᠦᠷᠬᠢᠬᠦ ᠪᠤᠶᠤ | ᠬᠠᠯᠠᠭᠠᠵᠤ ᠳᠤᠰᠤᠭᠠᠪᠠᠯ ᠰᠠᠶᠢᠨ ᠪᠤᠯᠳᠠᠭ ᠃ ᠰᠢᠷ᠎ᠠ ᠳᠤᠰᠤ ᠶᠢ ᠴᠠᠰᠤᠨ ᠰᠢᠬᠢᠷ ᠲᠠᠢ ᠪᠤᠴᠠᠯᠭᠠᠵᠤ ᠤᠤᠭᠤᠪᠠᠯ ᠬᠠᠨᠢᠶᠠᠳᠤ ᠶᠢ ᠵᠠᠰᠠᠳᠠᠭ ᠂ ᠰᠢᠷ᠎ᠠ ᠳᠤᠰᠤ ᠶᠢ | ᠬᠠᠯᠠᠭᠠᠭᠰᠠᠠ ᠰᠢᠷᠬᠠᠨ ᠳᠤ ᠲᠦᠷᠬᠢᠪᠡᠯ ᠰᠤᠷᠪᠢ ᠦᠯᠡᠳᠡᠬᠦ ᠦᠬᠡᠢ ᠃ ᠬᠠᠮᠠᠷ ᠬᠠᠳᠠᠬᠤ ᠳᠤ ᠰᠢᠷ᠎ᠠ ᠳᠤᠰᠤ ᠶᠢ ᠬᠠᠮᠠᠷ ᠲᠠᠭᠠᠨ ᠦᠨᠦᠷᠳᠤᠬᠦᠯᠪᠠᠯ ᠰᠠᠶᠢᠨ ᠪᠤᠯᠳᠠᠭ ᠃ | ᠴᠢᠬᠢᠨ ᠬᠤᠯᠬᠢ ᠬᠠᠳᠠᠬᠤ ᠪᠤᠶᠤ ᠴᠢᠬᠢ ᠡᠪᠡᠳᠪᠠᠯ ᠰᠢᠷ᠎ᠠ ᠳᠤᠰᠤ ᠬᠢᠬᠦ ᠪᠤᠶᠤ ᠰᠢᠷ᠎ᠠ ᠳᠤᠰᠤ ᠲᠠᠢ ᠬᠦᠪᠤᠩ ᠢᠶᠠᠷ ᠴᠢᠬᠢ ᠪᠠᠨ ᠪᠦᠭᠯᠡᠪᠡᠯ ᠳᠤᠰᠠ ᠪᠤᠯᠳᠠᠭ ᠃ | ᠡᠬᠦᠨ ᠠᠴᠠ ᠭᠠᠳᠠᠨ᠎ᠠ ᠭᠠᠳᠠᠷ ᠢᠯᠢᠵᠤ ᠨᠤᠬᠤᠯᠠᠬᠤ ᠳᠤ ᠬᠡᠷᠡᠭᠯᠡᠵᠤ ᠂ ᠪᠠᠶ᠎ᠠ ᠲᠡᠬᠡᠷ᠎ᠠ ᠪᠠᠨ ᠲᠦᠷᠬᠢᠪᠡᠯ ᠭᠠᠶᠢᠬᠠᠮᠰᠢᠬᠳᠤ ᠤᠶᠢᠯᠠᠳᠤᠯ ᠲᠠᠢ ᠪᠠᠶᠢᠳᠠᠭ ᠶᠤᠮ ᠃ | | |