| | ᠨᠢᠭᠡ ᠂ ᠪᠣᠷᠳᠣᠭᠤᠷ ᠣᠷᠣᠭᠤᠯᠬᠤ ᠲᠡᠵᠢᠭᠡᠯ ᠡᠪᠡᠰᠦᠨ ᠤ ᠤᠷᠭᠤᠯᠲᠠ ᠳᠤ ᠭᠦᠢᠴᠡᠳ ᠬᠡᠮᠵᠢᠶᠡᠨ ᠤ ᠰᠢᠮ᠎ᠡ ᠲᠡᠵᠢᠭᠡᠯ ᠬᠡᠷᠡᠭᠰᠡᠳᠡᠭ ᠲᠤᠯᠠ ᠲᠡᠵᠢᠭᠡᠯ ᠡᠪᠡᠰᠦᠨ ᠤ | ᠪᠣᠷᠳᠣᠭᠤᠷ ᠬᠡᠷᠡᠭᠰᠡᠬᠦ ᠣᠨᠴᠠᠯᠢᠭ ᠪᠠ ᠬᠥᠷᠥᠰᠥᠨ ᠤ ᠰᠢᠮ᠎ᠡ ᠲᠡᠵᠢᠭᠡᠯ ᠤᠨ ᠪᠠᠶᠢᠳᠠᠯ ᠢ ᠦᠨᠳᠦᠰᠦᠯᠡᠨ ᠵᠣᠬᠢᠰᠲᠠᠢ ᠪᠣᠷᠳᠣᠭᠤᠷ ᠣᠷᠣᠭᠤᠯᠵᠤ ᠂ ᠲᠡᠵᠢᠭᠡᠯ ᠡᠪᠡᠰᠦᠨ ᠤ | ᠤᠷᠭᠤᠯᠲᠠ ᠶᠢᠨ ᠶᠠᠪᠤᠴᠠ ᠳᠠᠬᠢ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠨ᠎ᠠ ᠃ | ᠬᠤᠶᠠᠷ ᠂ ᠡᠪᠡᠰᠦ ᠠᠷᠢᠯᠭᠠᠭᠴᠢ ᠶᠢ ᠬᠡᠷᠡᠭᠯᠡᠬᠦ ᠲᠡᠵᠢᠭᠡᠯ ᠡᠪᠡᠰᠦᠨ ᠤ ᠤᠷᠭᠤᠯᠲᠠ ᠶᠢᠨ ᠪᠠᠶᠢᠳᠠᠯ ᠪᠠ ᠪᠤᠵᠠᠷ ᠡᠪᠡᠰᠦᠨ ᠤ ᠤᠷᠭᠤᠯᠲᠠ ᠶᠢᠨ ᠬᠡᠮᠵᠢᠶ᠎ᠡ ᠶᠢ | ᠦᠨᠳᠦᠰᠦᠯᠡᠵᠦ ᠂ ᠡᠪᠡᠰᠦ ᠠᠷᠢᠯᠭᠠᠭᠴᠢ ᠶᠢ ᠵᠣᠬᠢᠰᠲᠠᠢ ᠬᠡᠷᠡᠭᠯᠡᠵᠦ ᠂ ᠪᠤᠵᠠᠷ ᠡᠪᠡᠰᠦᠨ ᠤ ᠤᠷᠭᠤᠯᠲᠠ ᠶᠢ ᠬᠢᠵᠠᠭᠠᠷᠯᠠᠨ᠎ᠠ ᠃ | ᠭᠤᠷᠪᠠ ᠂ ᠲᠠᠷᠢᠶᠠᠯᠠᠬᠤ ᠠᠷᠭ᠎ᠠ ᠵᠦᠢ ᠵᠣᠬᠢᠰᠲᠠᠢ ᠲᠠᠷᠢᠶᠠᠯᠠᠬᠤ ᠠᠷᠭ᠎ᠠ ᠪᠠᠷ ᠂ ᠵᠢᠱᠢᠶᠡᠯᠡᠪᠡᠯ ᠳᠤᠮᠳᠠ ᠵᠡᠷᠭᠡ ᠶᠢᠨ ᠲᠠᠷᠢᠶᠠᠯᠠᠭ᠎ᠠ ᠂ ᠭᠦᠨ ᠵᠡᠷᠭᠡ ᠶᠢᠨ | ᠲᠠᠷᠢᠶᠠᠯᠠᠭ᠎ᠠ ᠪᠠᠷ ᠳᠠᠮᠵᠢᠭᠤᠯᠤᠨ ᠪᠤᠵᠠᠷ ᠡᠪᠡᠰᠦᠨ ᠤ ᠤᠷᠭᠤᠯᠲᠠ ᠶᠢ ᠪᠦᠲᠦᠮᠵᠢᠲᠡᠶ ᠪᠠᠷ ᠬᠢᠵᠠᠭᠠᠷᠯᠠᠵᠤ ᠴᠢᠳᠠᠬᠤ ᠶᠢᠨ ᠬᠠᠮᠲᠤ ᠲᠡᠵᠢᠭᠡᠯ ᠡᠪᠡᠰᠦᠨ ᠤ ᠴᠢᠨᠠᠷ | ᠴᠢᠨᠰᠠᠭ᠎ᠠ ᠪᠠ ᠤᠨᠠᠯᠲᠠ ᠶᠢ ᠳᠡᠭᠡᠭᠰᠢᠯᠡᠭᠦᠯᠬᠦ ᠳᠤ ᠠᠰᠢᠭᠲᠠᠢ ᠪᠠᠶᠢᠳᠠᠭ ᠃ | ᠳᠥᠷᠪᠡ ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠡᠪᠡᠳᠴᠢᠨ ᠬᠤᠷᠣᠬᠠᠢ ᠶᠢᠨ ᠬᠥᠨᠥᠭᠡᠯ ᠢ ᠴᠠᠭ ᠲᠤᠬᠠᠢ ᠳᠤᠨᠢ ᠢᠯᠡᠷᠡᠭᠦᠯᠵᠦ ᠂ ᠰᠡᠷᠭᠡᠶᠢᠯᠡᠨ ᠵᠠᠰᠠᠬᠤ ᠠᠵᠢᠯ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ ᠃ ᠲᠥᠷᠥᠯᠬᠢ ᠳᠠᠶᠢᠰᠤᠨ ᠂ ᠮᠢᠺᠷᠣᠪ ᠵᠡᠷᠭᠡ ᠠᠮᠢᠳᠤ ᠪᠣᠳᠠᠰ ᠤᠨ ᠠᠷᠭ᠎ᠠ ᠪᠠᠷ ᠡᠪᠡᠳᠴᠢᠨ ᠬᠤᠷᠣᠬᠠᠢ ᠶᠢᠨ | ᠬᠥᠨᠥᠭᠡᠯ ᠢ ᠰᠡᠷᠭᠡᠶᠢᠯᠡᠨ ᠵᠠᠰᠠᠬᠤ ᠶᠢᠨ ᠬᠠᠮᠲᠤ ᠪᠠᠰᠠ ᠬᠢᠮᠢ ᠶᠢᠨ ᠲᠠᠷᠢᠶᠠᠨ ᠡᠮ ᠢᠶᠠᠷ ᠰᠡᠷᠭᠡᠶᠢᠯᠡᠨ ᠵᠠᠰᠠᠵᠤ ᠪᠣᠯᠣᠨ᠎ᠠ ᠃ ᠭᠡᠪᠡᠴᠦ ᠬᠡᠷᠡᠭᠯᠡᠬᠦ ᠠᠷᠭ᠎ᠠ ᠪᠠ ᠬᠡᠮᠵᠢᠶ᠎ᠡ ᠶᠢ | ᠠᠩᠬᠠᠷᠴᠤ ᠂ ᠲᠡᠵᠢᠭᠡᠯ ᠡᠪᠡᠰᠦ ᠪᠠ ᠣᠷᠴᠢᠨ ᠲᠣᠭᠤᠷᠢᠨ ᠳᠤ ᠮᠠᠭᠤ ᠨᠥᠯᠥᠭᠡ ᠪᠣᠯᠬᠤ ᠠᠴᠠ ᠵᠠᠶᠢᠯᠠᠰᠬᠢᠬᠦ ᠬᠡᠷᠡᠭᠲᠡᠢ ᠃ | ᠲᠠᠪᠤ ᠂ ᠬᠤᠷᠢᠶᠠᠯᠲᠠ ᠶᠢᠨ ᠴᠠᠭ ᠬᠤᠭᠤᠴᠠᠭ᠎ᠠ ᠬᠤᠷᠢᠶᠠᠯᠲᠠ ᠶᠢᠨ ᠴᠠᠭ ᠬᠤᠭᠤᠴᠠᠭ᠎ᠠ ᠶᠢ ᠡᠵᠡᠮᠰᠢᠵᠦ ᠂ ᠲᠡᠵᠢᠭᠡᠯ ᠡᠪᠡᠰᠦᠨ ᠤ ᠬᠤᠷᠢᠶᠠᠯᠲᠠ ᠶᠢᠨ ᠴᠠᠭ | ᠬᠤᠭᠤᠴᠠᠭ᠎ᠠ ᠨᠢ ᠲᠡᠭᠦᠨ ᠤ ᠥᠰᠦᠯᠲᠡ ᠶᠢᠨ ᠱᠠᠲᠤ ᠦᠶ᠎ᠡ ᠪᠠ ᠬᠡᠷᠡᠭᠴᠡᠭᠡ ᠪᠠᠷ ᠲᠣᠭᠲᠠᠭᠠᠭᠳᠠᠨ᠎ᠠ ᠃ ᠡᠩ ᠤᠨ ᠪᠠᠶᠢᠳᠠᠯ ᠳᠤ ᠠᠪᠴᠤ ᠬᠡᠯᠡᠪᠡᠯ ᠂ ᠲᠡᠵᠢᠭᠡᠯ ᠡᠪᠡᠰᠦ | ᠤᠷᠭᠤᠭᠠᠳ ᠬᠡᠷᠡᠭᠯᠡᠬᠦ ᠳᠤ ᠬᠠᠮᠤᠭ ᠤᠨ ᠲᠣᠬᠢᠷᠠᠮᠵᠢᠲᠠᠢ ᠪᠣᠯᠬᠤ ᠦᠶ᠎ᠡ ᠳᠤ ᠂ ᠡᠰᠡᠬᠦᠯ᠎ᠡ ᠲᠡᠵᠢᠭᠡᠯ ᠡᠪᠡᠰᠦ ᠶᠢᠨ ᠴᠡᠴᠡᠭᠯᠡᠬᠦ ᠬᠤᠭᠤᠴᠠᠭᠠᠨ ᠳᠤ ᠬᠠᠮᠤᠭ ᠤᠨ ᠰᠠᠶᠢᠨ | ᠬᠤᠷᠢᠶᠠᠯᠲᠠ ᠶᠢᠨ ᠴᠠᠭ ᠪᠣᠯᠣᠨ᠎ᠠ ᠃ ᠡᠭᠦᠨ ᠤ ᠬᠠᠮᠲᠤ ᠲᠡᠵᠢᠭᠡᠯ ᠡᠪᠡᠰᠦᠨ ᠤ ᠪᠦᠷᠢᠨ ᠪᠦᠲᠦᠨ ᠴᠢᠨᠠᠷ ᠢ ᠪᠠᠲᠤᠯᠠᠬᠤ ᠶᠢ ᠠᠩᠬᠠᠷᠴᠤ ᠂ ᠲᠡᠵᠢᠭᠡᠯ ᠡᠪᠡᠰᠦᠨ ᠤ ᠰᠢᠮ᠎ᠡ | ᠲᠡᠵᠢᠭᠡᠯ ᠤᠨ ᠪᠦᠷᠢᠯᠳᠦᠭᠦᠨ ᠢ ᠡᠪᠳᠡᠬᠦ ᠠᠴᠠ ᠵᠠᠶᠢᠯᠠᠰᠬᠢᠬᠦ ᠬᠡᠷᠡᠭᠲᠡᠢ ᠃ | |