| ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 26 ᠤ ᠡᠳᠦᠷ ᠵᠠᠬᠢᠳᠠᠯ | ᠢᠯᠡᠭᠡᠵᠦ ᠹᠦᠳᠠᠨ ᠶᠡᠭᠡ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠣᠶ ᠳᠤ ᠪᠠᠶᠠᠷ ᠬᠦᠷᠭᠡᠵᠦ ᠂ ᠪᠦᠭᠦ ᠪᠠᠭᠰᠢ ᠰᠣᠷᠣᠬᠴᠢ ᠠᠵᠢᠯᠲᠠᠨ ᠪᠣᠯᠣᠨ ᠥᠷᠭᠡᠨ | ᠣᠯᠠᠨ ᠰᠤᠷᠭᠠᠭᠤᠯᠢ ᠶᠢᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠪᠡ ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ ᠂ 120 ᠵᠢᠯ ᠤᠨ ᠲᠤᠷᠰᠢ ᠹᠦᠳᠠᠨ ᠶᠡᠭᠡ ᠰᠤᠷᠭᠠᠭᠤᠯᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠂ ᠢᠷᠠᠭᠤ | ᠠᠯᠳᠠᠷᠲᠤ ᠤᠯᠤᠰ ᠢᠶᠠᠨ ᠬᠠᠶᠢᠷᠠᠯᠠᠬᠤ ᠤᠯᠠᠮᠵᠢᠯᠠᠯ ᠪᠠ ᠰᠢᠯᠢᠳᠡᠭ ᠰᠤᠷᠭᠠᠭᠤᠯᠢ ᠶᠢᠨ ᠰᠤᠷᠲᠠᠯ ᠢ ᠪᠦᠷᠢᠯᠳᠦᠭᠦᠯᠵᠦ ᠂ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ | ᠬᠥᠮᠥᠵᠢᠭᠦᠯᠵᠦ ᠂ ᠮᠠᠰᠢ ᠤᠯᠠᠨ ᠠᠩᠬᠠᠨ ᠤ ᠡᠭᠦᠳᠦᠯᠲᠡ ᠶᠢᠨ ᠴᠢᠨᠠᠷᠲᠠᠢ ᠦᠷ᠎ᠡ ᠪᠦᠲᠦᠭᠡᠯ ᠢ ᠡᠭᠦᠳᠴᠦ ᠂ ᠤᠯᠤᠰ ᠤᠨ ᠪᠦᠲᠦᠭᠡᠨ ᠪᠠᠶᠢᠭᠤᠯᠤᠯᠲᠠ ᠪᠣᠯᠣᠨ | ᠦᠨᠳᠦᠰᠦᠲᠡᠨ ᠤ ᠲᠠᠪᠰᠢᠯᠳᠠ ᠳᠤ ᠢᠳᠡᠪᠬᠢᠲᠡᠢ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠰᠢᠨ᠎ᠡ ᠭᠠᠷᠤᠭ᠎ᠠ ᠳᠡᠭᠡᠷ᠎ᠡ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠦᠭ ᠰᠦᠨᠡᠰᠦ ᠱᠤᠭᠤᠵᠤ ᠬᠥᠮᠥᠨ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠪᠡᠶ᠎ᠡ ᠪᠠᠨ ᠳᠠᠭᠠᠭᠠᠵᠤ | ᠴᠢᠳᠠᠪᠤᠷᠢᠲᠠᠨ ᠬᠥᠮᠥᠵᠢᠭᠦᠯᠬᠦ ᠰᠠᠶᠢᠨ ᠰᠠᠶᠢᠬᠠᠨ ᠬᠤᠷᠰᠢᠯᠴᠠᠯ ᠢ ᠠᠬᠢᠭᠤᠯᠵᠤ ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢᠨ ᠰᠢᠨ᠎ᠡ ᠶᠢ | ᠡᠭᠦᠳᠬᠦ ᠂ ᠣᠨᠣᠯ ᠤᠨ ᠰᠢᠨ᠎ᠡ ᠶᠢ ᠡᠭᠦᠳᠬᠦ ᠂ ᠠᠷᠭ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ | ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠳᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠭᠦ ᠶᠢ ᠹᠦᠳᠠᠨ ᠶᠡᠭᠡ ᠰᠤᠷᠭᠠᠭᠤᠯᠢ ᠶᠢᠨ ᠬᠢᠨ ᠳᠤ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ ᠃ | ᠹᠦᠳᠠᠨ ᠶᠡᠭᠡ ᠰᠤᠷᠭᠠᠭᠤᠯᠢ 1905 ᠣᠨ ᠳᠤ ᠪᠠᠶᠢᠭᠤᠯᠤᠭᠳᠠᠵᠠᠢ ᠃ 120 ᠵᠢᠯ ᠤᠨ ᠲᠤᠷᠰᠢ ᠹᠦᠳᠡᠨ ᠶᠡᠭᠡ ᠰᠤᠷᠭᠠᠭᠤᠯᠢ ︽ ᠥᠷᠭᠡᠨ ᠮᠡᠳᠡᠯᠭᠡ ᠪᠠᠲᠤ | ᠢᠲᠡᠭᠡᠯ ᠨᠢᠮᠪᠠᠢ ᠰᠤᠷᠤᠯᠴᠠᠯᠭ᠎ᠠ ᠨᠢᠭᠲᠠ ᠰᠡᠳᠬᠢᠬᠦᠢ ︾ ᠭᠡᠬᠦ ᠰᠤᠷᠭᠠᠭᠤᠯᠢ ᠶᠢᠨ ᠰᠤᠷᠭᠠᠯ ᠢᠶᠠᠷ ᠂ ᠴᠣᠯᠭᠤᠷᠠᠬᠤ ᠶᠢ ᠬᠥᠭᠡᠭᠡᠴᠡᠯᠳᠦᠵᠦ ᠂ ᠵᠠᠮ ᠨᠡᠭᠡᠭᠡᠨ ᠰᠢᠨ᠎ᠡ ᠶᠢ | ᠡᠭᠦᠳᠴᠦ ᠂ ᠤᠯᠤᠰ ᠣᠷᠣᠨ ᠳᠤ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠬᠥᠮᠥᠵᠢᠭᠦᠯᠵᠡᠢ ᠃ | | | |