| | | 5 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠤᠸᠠᠨ ᠳ᠋ᠠ ᠯᠤ᠋ ᠠᠵᠤ ᠦᠢᠯᠡᠰ ᠤᠨ ᠬᠦᠷᠢᠶᠡᠯᠡᠩ ᠂ ᠰᠢᠦᠸᠠᠢ | ᠵᠢᠶᠠ ᠸᠠᠨ ᠪᠠᠯᠭᠠᠰᠤ ᠂ ᠱᠢ ᠡᠯ ᠯᠢᠶᠠᠨ ᠴᠧᠩ ᠰᠢᠶᠠᠩ ᠂ ᠵᠡᠭᠦᠨᠭᠠᠷ ᠵᠣᠣ ᠪᠠᠯᠭᠠᠰᠤᠨ ᠳᠤ ᠭᠦᠨᠵᠡᠭᠡᠶᠢᠷᠡᠨ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠂ | ᠠᠶᠤᠯᠭᠦᠢ ᠦᠢᠯᠡᠳᠪᠦᠷᠢᠯᠡᠯ ᠂ ᠣᠶ ᠰᠢᠭᠤᠢ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ | ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ ᠃ | ᠣᠷᠳᠣᠰ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ ᠳᠠᠬᠢ ᠬᠤᠪᠢᠶᠠᠷᠢ ᠲᠣᠪᠴᠢᠶ᠎ᠠ ᠶᠢᠨ ᠲᠥᠪᠯᠡᠷᠡᠭᠦᠯᠦᠨ | ᠠᠯᠪᠠᠯᠠᠬᠤ ᠭᠠᠵᠠᠷ ᠲᠤ ᠂ ᠸᠠᠩ ᠭᠦᠸᠧ ᠴᠢᠦᠸᠠᠨ ᠠᠬᠤᠢ ᠲᠠᠯᠠᠪᠠᠢ ᠶᠢᠨ ᠠᠵᠢᠯᠲᠠᠳ ᠲᠤ ᠨᠠᠷᠢᠨ ᠬᠢᠨᠠᠮᠠᠭᠠᠢ ᠵᠠᠳᠠᠯᠤᠨ ᠰᠤᠳᠤᠯᠤᠯᠳᠠ ᠮᠠᠭᠠᠳᠯᠠᠯᠳᠠ ᠬᠢᠵᠤ ᠂ | ᠠᠰᠠᠭᠤᠳᠠᠯ ᠢ ᠭᠦᠨᠵᠡᠭᠡᠢ ᠨᠠᠷᠢᠨ ᠣᠨᠣᠪᠴᠢᠲᠠᠢ ᠬᠠᠷᠭᠤᠭᠤᠯᠤᠨ ᠪᠠᠶᠢᠴᠠᠭᠠᠵᠤ ᠂ ᠠᠰᠠᠭᠤᠳᠠᠯ ᠢ ᠬᠠᠯᠠᠨ ᠰᠠᠶᠢᠵᠢᠷᠠᠭᠤᠯᠬᠤ ᠳᠤ ᠴᠢᠨᠠᠷ ᠰᠠᠶᠢᠳᠠᠢ ᠥᠨᠳᠥᠷ ᠦᠷ᠎ᠡ | ᠠᠰᠢᠭ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠤ ᠵᠠᠬᠢᠪᠠ︔ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠬᠢᠨᠠᠨ ᠡᠵᠡᠮᠳᠡᠬᠦ ᠲᠥᠪ ᠲᠤ ᠂ ᠸᠠᠩ | ᠭᠦᠸᠧ ᠴᠢᠦᠸᠠᠨ ᠨᠢᠭᠡᠳᠦᠭᠡᠷ ᠹᠷᠣᠨᠲ ᠤᠨ ᠦᠢᠯᠡᠳᠦᠯᠭᠡ ᠶᠢ ᠴᠢᠩᠭᠠᠳᠬᠠᠬᠤ ᠂ ᠬᠢᠨᠠᠨ ᠬᠡᠮᠵᠢᠯᠲᠡ ᠶᠢᠨ ᠦᠷ᠎ᠡ ᠪᠦᠲᠦᠭᠡᠯ ᠤᠨ ᠰᠢᠯᠭᠠᠯᠲᠠ ᠶᠢ ᠳᠠᠭᠠᠭᠠᠵᠤ | ᠳᠡᠶᠢᠯᠬᠦ ᠶᠢ ᠪᠠᠲᠤᠯᠠᠬᠤ ᠵᠡᠷᠭᠡ ᠲᠠᠯ᠎ᠠ ᠪᠠᠷ ᠴᠢᠬᠤᠯᠠᠴᠢᠯᠠᠭᠰᠠᠨ ᠪᠠᠶᠢᠨ᠎ᠠ᠃ | | ᠵᠢᠷᠤᠭ ᠄ 5 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠰᠢᠦᠸᠠᠢ ᠵᠢᠶᠠ ᠸᠠᠨ ᠪᠠᠯᠭᠠᠰᠤᠨ ᠤ ᠴᠧᠩ | ᠲᠠ ᠨᠡᠭᠦᠷᠡᠰᠦᠨ ᠠᠭᠤᠷᠬᠠᠢ ᠳᠤ ᠂ ᠨᠡᠭᠦᠷᠡᠰᠦᠨ ᠠᠭᠤᠷᠬᠠᠢ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠵᠠᠰᠠᠯᠲᠠ ᠶᠢᠨ ᠪᠠᠶᠢᠳᠠᠯ ᠢ ᠱᠠᠯᠠᠪᠳᠠᠭᠤᠯᠤᠨ | ᠵᠢᠯᠤᠭᠤᠳᠴᠤ ᠪᠠᠶᠢᠭ᠎ᠠ ᠨᠢ ᠃ ᠶᠤᠸᠠᠢ ᠴᠧᠨ ᠶᠠᠨᠰᠡᠭᠦᠳᠡᠷᠯᠡᠪᠡ | | ᠰᠢᠦᠸᠠᠢ ᠵᠢᠶᠠ ᠸᠠᠨ ᠪᠠᠯᠭᠠᠰᠤᠨ ᠤ ᠴᠧᠩ ᠲᠠ ᠨᠡᠭᠦᠷᠡᠰᠦᠨ ᠠᠭᠤᠷᠬᠠᠢ ᠳᠤ ᠂ ᠨᠡᠭᠦᠷᠡᠰᠦᠨ ᠠᠭᠤᠷᠬᠠᠢ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ | ᠵᠠᠰᠠᠯᠲᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠂ ᠸᠠᠩ ᠭᠦᠸᠧ ᠴᠢᠦᠸᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠡᠭᠦᠷᠡᠰᠦᠨ ᠠᠭᠤᠷᠬᠠᠢ ᠶᠢᠨ | ᠬᠢᠨ ᠢ ᠳᠠᠯᠳᠠ ᠬᠡᠮ ᠢ ᠪᠠᠶᠢᠴᠠᠭᠠᠨ ᠵᠠᠰᠠᠬᠤ ᠪᠠᠨ ᠴᠢᠩᠭᠠᠳᠬᠠᠵᠤ ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠰᠠᠶᠢᠲᠤᠷ ᠬᠢᠵᠦ ᠂ ᠡᠯ᠎ᠡ ᠵᠦᠢᠯ ᠤᠨ ᠰᠡᠷᠭᠡᠶᠢᠯᠡᠨ | ᠬᠠᠮᠠᠭᠠᠯᠠᠬᠤ ᠠᠷᠭ᠎ᠠ ᠬᠡᠮᠵᠢᠶ᠎ᠡ ᠶᠢ ᠪᠣᠳᠠᠳᠤ ᠭᠠᠵᠠᠷ ᠲᠤᠨᠢ ᠨᠠᠶᠢᠳᠠᠪᠤᠷᠢᠵᠢᠭᠤᠯᠤᠨ ᠂ ᠳᠠᠬᠢᠨ ᠡᠬᠦᠰᠬᠦ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠢ ᠭᠡᠵᠦ ᠱᠠᠭᠠᠷᠳᠠᠪᠠ ︔ ᠼᠦᠢ ᠡᠯ ᠭᠧ ᠽᠦᠢ ᠨᠡᠭᠦᠷᠡᠰᠦᠨ ᠠᠭᠤᠷᠬᠠᠢ ᠳᠤ ᠂ ᠸᠠᠩ ᠭᠦᠸᠧ ᠴᠢᠦᠸᠠᠨ ᠠᠭᠤᠷᠬᠠᠢ ᠶᠢ ᠰᠡᠷᠭᠦᠭᠡᠨ ᠵᠠᠰᠠᠬᠤ ᠪᠠᠷᠢᠮᠵᠢᠶ᠎ᠠ ᠶᠢ | ᠳᠡᠭᠡᠭᠰᠢᠯᠡᠭᠦᠯᠬᠦ ᠂ ᠠᠬᠢᠴᠠ ᠶᠢ ᠲᠦᠷᠭᠡᠳᠬᠡᠬᠦ ᠂ ᠬᠠᠯᠠᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠲᠤᠬᠠᠢ ᠱᠠᠭᠠᠷᠳᠠᠯᠭ᠎ᠠ ᠳᠤᠷᠠᠳᠪᠠ︔ ᠱᠧᠩ | ᠲᠦᠩ ᠪᠧᠲ᠋ᠤᠨ ᠴᠢᠳᠬᠤᠬᠤ ᠦᠷᠳᠡᠭᠡ ᠳᠤ ᠂ ᠸᠠᠩ ᠭᠦᠸᠧ ᠴᠢᠦᠸᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠠᠷᠢᠶ᠎ᠠ ᠭᠠᠵᠠᠷ ᠤᠨ ᠬᠢᠨ ᠢ ᠦᠢᠯᠡᠴᠢᠯᠡᠭᠡ | ᠪᠠᠲᠤᠯᠠᠭ᠎ᠠ ᠪᠠᠨ ᠴᠢᠩᠭᠠᠳᠬᠠᠵᠤ ᠂ ᠲᠥᠯᠥᠪᠵᠢᠭᠦᠯᠬᠦ ᠂ ᠨᠡᠭᠦᠯᠭᠡᠨ ᠪᠠᠶᠢᠭᠤᠯᠬᠤ ᠵᠡᠷᠭᠡ ᠠᠵᠢᠯ ᠢ ᠲᠦᠷᠭᠡᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠳ᠋ᠠ ᠯᠦ ᠠᠵᠤ ᠦᠢᠯᠡᠰ ᠤᠨ ᠬᠦᠷᠢᠶᠡᠯᠡᠩ ᠳᠤ ᠂ ᠸᠠᠩ ᠭᠦᠸᠧ ᠴᠢᠦᠸᠠᠨ ᠬᠦᠷᠢᠶᠡᠯᠡᠩ ᠲᠣᠭᠤᠷᠢᠭ ᠤᠨ ᠳᠠᠪᠤᠰᠤ ᠶᠡᠬᠡᠳᠡᠢ ᠤᠰᠤᠨ ᠤ ᠬᠠᠲᠠᠭᠠᠬᠤ | ᠴᠦᠬᠦᠷᠤᠮ ᠤᠨ ᠳᠠᠪᠤᠰᠤᠨ ᠰᠢᠪᠠᠷ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠨᠢᠭᠡᠨᠲᠡ ᠲᠣᠭᠲᠠᠭᠠᠭᠰᠠᠨ ᠰᠢᠢᠳᠪᠦᠷᠢᠯᠡᠬᠦ | ᠲᠥᠰᠥᠯ ᠢ ᠴᠢᠩᠭ᠎ᠠ ᠵᠢᠷᠤᠮᠯᠠᠨ᠂ ᠰᠢᠢᠳᠪᠦᠷᠢᠯᠡᠬᠦ ᠠᠬᠢᠴᠠ ᠪᠠᠨ ᠲᠦᠷᠭᠡᠳᠬᠡᠵᠦ ᠂ ᠭᠠᠵᠠᠷ ᠳᠣᠣᠷᠠᠬᠢ ᠤᠰᠤ ᠪᠣᠯᠣᠨ ᠬᠥᠷᠥᠰᠥ ᠰᠢᠷᠣᠢ ᠶᠢᠨ ᠪᠣᠬᠢᠷᠲᠤᠯ ᠤᠨ | ᠠᠰᠠᠭᠤᠳᠠᠯ ᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | ᠵᠢᠷᠤᠭ ᠄ 5 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠱᠢ ᠡᠯ ᠯᠢᠶᠠᠨ ᠴᠧᠩ ᠰᠢᠶᠠᠩ ᠤᠨ | ᠰᠤᠬᠠᠶᠢᠲᠤ ᠲᠣᠰᠬᠤᠨ ᠳᠤ ᠂ ᠲᠤᠬᠠᠢ ᠶᠢᠨ ᠭᠠᠵᠠᠷ ᠤᠨ ᠣᠶ ᠰᠢᠭᠤᠢ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ ᠪᠠᠶᠢᠭ᠎ᠠ ᠨᠢ ᠃ ᠶᠤᠸᠠᠢ ᠴᠧᠨ | ᠶᠠᠨᠰᠡᠭᠦᠳᠡᠷᠯᠡᠪᠡ | ᠱᠢ ᠡᠯ ᠯᠢᠶᠠᠨ ᠴᠧᠩ ᠰᠢᠶᠠᠩ ᠤᠨ ᠰᠤᠬᠠᠶᠢᠲᠤ ᠲᠣᠰᠬᠤᠨ ᠪᠠ ᠵᠡᠭᠦᠨᠭᠠᠷ ᠵᠣᠣ ᠪᠠᠯᠭᠠᠰᠤᠨ ᠤ ᠵᠡᠭᠦᠨᠭᠠᠷ ᠵᠣᠣ ᠲᠣᠰᠬᠤᠨ ᠳᠤ ᠂ ᠸᠠᠩ ᠭᠦᠸᠧ ᠴᠢᠦᠸᠠᠨ | ᠲᠤᠬᠠᠢ ᠶᠢᠨ ᠭᠠᠵᠠᠷ ᠤᠨ ᠣᠶ ᠰᠢᠭᠤᠢ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠵᠠᠰᠠᠯᠲᠠ ᠶᠢ ᠴᠢᠩᠭᠠᠳᠬᠠᠨ ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠵᠦ ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠰᠢᠨ᠎ᠡ ᠪᠠᠷ ᠨᠡᠮᠡᠭᠳᠡᠬᠦ ᠬᠡᠮᠵᠢᠶ᠎ᠡ ᠶᠢ ᠡᠷᠡᠰ ᠬᠤᠷᠢᠭᠯᠠᠬᠤ ᠬᠡᠷᠡᠭᠲᠡᠢ ᠭᠡᠵᠦ | ᠴᠢᠬᠤᠯᠠᠴᠢᠯᠠᠪᠠ ᠃ | ᠬᠤᠰᠢᠭᠤᠨ ᠤ ᠤᠳᠤᠷᠢᠳᠤᠯᠭ᠎ᠠ ᠸᠠᠩ ᠮᠢᠨ ᠂ ᠶᠠᠨ ᠹᠧᠢ ᠂ ᠯᠢᠦ ᠢᠦᠢ ᠴᠧᠩ ᠂ ᠭᠦᠸᠧ ᠷᠦᠢ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠵᠢᠴᠢ | ᠬᠤᠯᠪᠤᠬᠳᠠᠯ ᠪᠦᠬᠦᠢ ᠰᠢᠶᠠᠩ ᠪᠠᠯᠭᠠᠰᠤᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | | | |