| ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠰᠠᠭᠤᠷᠢ ᠲᠤᠯᠭᠠᠭᠤᠷᠢᠯᠠᠯ | ᠪᠠ ᠳᠣᠲᠣᠭᠠᠳᠤ ᠱᠠᠭᠠᠷᠳᠠᠯᠭ᠎ᠠ ᠪᠣᠯᠣᠨ᠎ᠠ ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠢᠶᠠᠷ ︽ ᠠᠵᠤ ᠠᠬᠤᠶᠢᠯᠠᠯ ᠳᠤ ᠬᠤᠯᠪᠣᠭᠳᠠᠬᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠥᠷᠨᠢᠭᠦᠯᠬᠦ ᠬᠡᠷᠡᠭᠲᠡᠢ ᠃ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢᠨ ᠵᠢᠯᠣᠭᠤᠳᠤᠮᠵᠢ ᠶᠢ ᠲᠣᠭᠲᠠᠭᠠᠨ᠎ᠠ ︾ ᠭᠡᠵᠦ ᠳᠤᠷᠠᠳᠪᠠ ᠃ ᠡᠨᠡ ᠵᠢᠯ ᠤᠨ ︽ ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠳᠤ ︽ ᠪᠦᠬᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ ︾ ᠭᠡᠵᠦ ᠳᠤᠷᠠᠳᠪᠠ ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠲᠤᠪᠤᠶᠢᠯᠭᠠᠵᠤ ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠳᠤ ᠠᠰᠢᠭᠲᠠᠢ ᠡᠯ᠎ᠡ ᠵᠦᠢᠯ ᠤᠨ ᠳᠦᠷᠢᠮ ᠲᠣᠭᠲᠠᠭᠠᠯ ᠢ ᠬᠡᠷᠬᠢᠨ ᠲᠣᠭᠲᠠᠭᠠᠵᠤ ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠳᠤ ᠠᠰᠢᠭ ᠦᠭᠡᠢ ᠡᠯ᠎ᠡ ᠵᠦᠢᠯ ᠤᠨ ᠬᠠᠷᠰᠢ ᠰᠠᠭᠠᠳ ᠢ ᠬᠡᠷᠬᠢᠨ ᠠᠷᠢᠯᠭᠠᠬᠤ ᠪᠤᠢ ︖ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠷᠢᠰᠦᠯᠳᠦᠭᠡᠨ ᠤ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ ᠵᠤᠷᠭᠠᠨ ᠤ | ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠷᠬᠡ ᠲᠡᠭᠰᠢ ᠪᠠᠷ | ᠥᠷᠢᠰᠦᠯᠳᠦᠬᠦ ᠳᠦᠷᠢᠮ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠵᠦᠢ ᠵᠣᠬᠢᠰ ᠦᠭᠡᠢ ᠪᠠᠷ ᠭᠠᠷ | ᠲᠦᠷᠦᠭᠦ ᠡᠯ᠎ᠡ ᠵᠦᠢᠯ ᠤᠨ ᠦᠶ᠋ᠯᠡ ᠠᠵᠢᠯᠯᠠᠭ᠎ᠠ ᠶᠢ ᠡᠷᠡᠰ ᠵᠠᠯᠠᠷᠠᠭᠤᠯᠵᠤ ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ | ᠠᠬᠢᠭᠤᠯᠤᠨ᠎ᠠ ᠃ ︽ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ ᠤᠨ ᠬᠡᠷᠡᠭᠵᠢᠭᠦᠯᠬᠦ ᠠᠷᠭ᠎ᠠ ︾ ᠶᠢ ᠬᠡᠷᠡᠭᠵᠢᠭᠦᠯᠬᠦ ᠪᠠᠨ ᠲᠦᠷᠭᠡᠪᠴᠢᠯᠡᠨ ᠠᠬᠢᠭᠤᠯᠵᠤ ᠂ | ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠶᠡᠷᠦᠩᠬᠡᠢ ᠱᠠᠭᠠᠷᠳᠠᠯᠭ᠎ᠠ ᠂ ᠬᠢᠨᠠᠨ ᠪᠠᠶᠢᠴᠠᠭᠠᠬᠤ ᠪᠠᠷᠢᠮᠵᠢᠶ᠎ᠠ ᠂ ᠬᠢᠨᠠᠨ ᠪᠠᠶᠢᠴᠠᠭᠠᠬᠤ ᠲᠣᠭᠲᠠᠴᠠ ᠪᠠ | ᠬᠢᠨᠠᠯᠲᠠ ᠲᠠᠯᠪᠢᠵᠤ ᠪᠠᠲᠤᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ᠎ᠠ ᠭᠡᠵᠡᠢ ᠃ | ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠬᠡᠷᠡᠭᠯᠡᠨ ᠥᠷᠢᠰᠦᠯᠳᠦᠭᠡᠨ ᠢ ᠭᠠᠳᠠᠭᠤᠷᠴᠢᠯᠠᠬᠤ ᠂ ᠬᠢᠵᠠᠭᠠᠷᠯᠠᠬᠤ ᠪᠠᠶᠢᠳᠠᠯ ᠳᠤ ᠴᠢᠭᠯᠡᠭᠦᠯᠦᠨ ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠵᠡᠩᠨᠡᠯᠲᠡ ᠶᠢᠨ ᠭᠤᠣᠯ ᠴᠣᠭᠴᠠ ᠶᠢᠨ ᠲᠤᠰᠬᠠᠯ ᠶᠡᠬᠡᠲᠡᠢ ᠬᠦᠷᠢᠶᠡᠨ ᠳᠤ ᠠᠩᠬᠠᠷᠤᠯ ᠲᠥᠪᠯᠡᠷᠡᠭᠦᠯᠵᠦ ᠂ | ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠴᠢᠩᠭᠠᠳᠬᠠᠵᠤ ᠂ ᠠᠵᠤ ᠠᠬᠤᠶᠢᠯᠠᠯ ᠤᠨ ᠨᠡᠭᠦᠬᠦ ᠶᠢ ᠬᠢᠵᠠᠭᠠᠷᠯᠠᠬᠤ ᠂ ᠲᠠᠸᠠᠷ ᠤᠨ | ᠬᠦᠴᠦᠨ ᠵᠦᠢᠯ ᠤᠨ ᠴᠢᠯᠦᠭᠡᠲᠡᠢ ᠭᠦᠢᠯᠭᠡᠭᠡᠨ ᠢ ᠬᠠᠷᠰᠢᠯᠠᠬᠤ ᠂ ᠥᠪᠡᠷ ᠤᠨ ︽ ᠪᠠᠭ᠎ᠠ ᠣᠷᠴᠢᠯ ︾ ᠲᠠᠢ ᠪᠠᠶᠢᠯᠭᠠᠬᠤ ᠵᠡᠷᠭᠡ ᠠᠵᠢᠯᠯᠠᠭ᠎ᠠ ᠶᠢ ᠡᠷᠡᠰ ᠵᠠᠯᠠᠷᠠᠭᠤᠯᠵᠤ ᠂ | ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠥᠨᠳᠥᠷ ᠪᠦᠲᠦᠮᠵᠢᠲᠡᠶ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ ᠃ | ᠬᠡᠰᠡᠭ ᠭᠠᠵᠠᠷ ᠣᠷᠣᠨ ᠳᠤ ᠢᠯᠡᠷᠡᠵᠦ ᠪᠠᠶᠢᠭ᠎ᠠ ︽ ᠨᠢᠭᠡ ᠲᠥᠷᠥᠯ ᠤᠨ ᠬᠡᠷᠡᠭ ᠢ ᠠᠳᠠᠯᠢ ᠪᠤᠰᠤ ᠪᠠᠷ ᠲᠣᠷᠭᠠᠭᠰᠠᠨ ︾ ᠪᠠᠶᠢᠳᠠᠯ ᠳᠤ ᠴᠢᠭᠯᠡᠭᠦᠯᠦᠨ ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠬᠢᠨᠠᠨ ᠪᠠᠶᠢᠴᠠᠭᠠᠬᠤ ᠲᠣᠪᠴᠢᠶᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ ᠂ ︽ ᠠᠷᠠᠳ ᠤᠨ ᠲᠥᠯᠥᠭᠡ ᠬᠢᠨᠠᠨ ᠬᠠᠮᠢᠶᠠᠷᠬᠤ ᠣᠨᠣᠯᠵᠢᠬᠤᠨ ᠢ ᠪᠠᠲᠤ ᠪᠣᠢ ᠪᠣᠯᠭᠠᠨ ᠦᠢᠯᠡᠴᠢᠯᠡᠬᠦ ᠬᠡᠯᠪᠡᠷᠢ ᠶᠢᠨ | ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ ︾ ᠪᠠ ︽ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠠᠵᠢᠯᠯᠠᠭᠠᠨ ᠤ ᠵᠢᠷᠤᠮᠵᠢᠯ ︾ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ︽ ᠰᠡᠷᠭᠡᠶᠢᠯᠡᠬᠦ ᠪᠠᠷ | ᠭᠤᠣᠯᠯᠠᠵᠤ ᠂ ᠬᠥᠩᠭᠡᠨ ᠲᠣᠷᠭᠠᠭᠤᠯᠢ ᠠᠴᠠ ᠬᠡᠯᠲᠦᠷᠢᠭᠦᠯᠬᠦ ᠂ ᠬᠦᠨᠳᠦ ᠪᠠᠷ ᠵᠥᠷᠢᠴᠡᠭᠰᠡᠨ ᠪᠠᠶᠢᠪᠠᠯ ᠴᠢᠩᠭ᠎ᠠ ᠰᠢᠢᠳᠬᠡᠬᠦ ᠂ ᠠᠯᠳᠠᠰᠢ ᠪᠠ ᠲᠣᠷᠭᠠᠭᠤᠯᠢ ᠶᠢ ᠲᠡᠩᠨᠡᠭᠦᠯᠬᠦ ᠂ | ᠬᠡᠷᠡᠭ ᠤᠨ ᠳᠠᠷᠠᠭ᠎ᠠ ᠰᠤᠷᠪᠤᠯᠵᠢᠯᠠᠬᠤ ︾ ᠦᠢᠯᠡᠴᠢᠯᠡᠬᠦ ᠬᠡᠯᠪᠡᠷᠢ ᠶᠢᠨ ᠬᠠᠤᠯᠢ ᠬᠡᠷᠡᠭᠵᠢᠭᠦᠯᠬᠦ ᠬᠡᠪ ᠵᠠᠭᠪᠤᠷ ᠢ ᠬᠦᠴᠦᠯᠡᠨ ᠪᠠᠶᠢᠭᠤᠯᠵᠤ ᠂ ᠡᠵᠡᠩᠨᠡᠯᠲᠡ ᠶᠢᠨ ᠭᠤᠣᠯ | ᠴᠣᠭᠴᠠ ᠪᠠ ᠠᠷᠠᠳ ᠤᠯᠠᠨ ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠣᠯᠭᠠᠨ ᠠᠴᠠ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠵᠡᠭᠦᠯᠵᠦ ᠂ ᠬᠠᠤᠯᠢ | ᠬᠡᠷᠡᠭᠵᠢᠭᠦᠯᠬᠦ ᠲᠣᠭᠲᠠᠭᠠᠯ ᠪᠣᠯᠭᠠᠨ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠵᠤ ᠪᠠᠶᠢᠨ᠎ᠠ ᠭᠡᠵᠡᠢ ᠃ | ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠳᠤ ᠬᠤᠳᠠ ᠬᠥᠳᠡᠭᠡ ᠶᠢᠨ ᠰᠠᠭᠠᠳ ᠦᠭᠡᠢ ᠭᠦᠢᠯᠭᠡᠭᠡᠨ ᠤ ᠲᠣᠭᠲᠠᠯᠴᠠᠭ᠎ᠠ ᠠᠴᠠ | ᠰᠠᠯᠵᠤ ᠴᠢᠳᠠᠬᠤ ᠦᠭᠡᠢ ᠶᠤᠮ ᠃ ︽ ᠬᠤᠲᠠ ᠬᠥᠳᠡᠭᠡ ᠶᠢ ᠨᠠᠪᠲᠠᠷᠡᠭᠦᠯᠵᠦ ᠂ ᠭᠦᠢᠯᠭᠡᠭᠡ ᠶᠢ ᠬᠥᠭᠵᠢᠶᠡᠨᠲᠡᠢ ᠪᠣᠯᠭᠠᠬᠤ ᠪᠣᠯ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠭᠤᠣᠯ ᠠᠵᠢᠯ ᠮᠥᠨ ᠂ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠲᠦᠷᠭᠡᠨ ᠠᠭᠤᠰᠤᠯᠴᠠᠬᠤ ᠪᠠ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠡᠳᠦᠪ ᠲᠠᠬᠢ ᠪᠠᠶᠢᠪᠠᠰᠤ ᠵᠣᠬᠢᠬᠤ | ᠠᠭᠤᠯᠭ᠎ᠠ ᠮᠥᠨ ᠃ ︾ ᠭᠡᠵᠦ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠶᠢᠨ ᠠᠵᠤ ᠠᠬᠤᠢ ᠶᠢᠨ ᠬᠥᠭᠵᠢᠯᠲᠡ ᠪᠠ | ᠥᠭᠡᠷᠡᠴᠢᠯᠡᠯᠲᠡ ᠶᠢᠨ ᠬᠡᠯᠲᠡᠰ ᠤᠨ ᠳᠠᠷᠤᠭ᠎ᠠ ᠮᠠ ᠵᠢᠢ ᠬᠤᠩ ᠬᠡᠯᠡᠪᠡ ᠃ | ᠲᠠᠷᠠᠭᠠᠴᠢ ᠶᠢᠨ ᠠᠯᠬᠤᠮ ᠳᠤ ᠂ ᠪᠥᠬᠦ ᠰᠢᠰᠲ᠋ᠧᠮ ᠢᠶᠠᠷ ᠢᠶᠠᠨ ︽ ᠵᠢᠷᠭᠤᠭᠠᠨ ᠬᠥᠨᠳᠡᠯᠡᠨ ᠲᠤᠯᠤᠭᠠᠨ ᠭᠤᠯᠳᠤ ᠬᠤᠶᠠᠷ ᠬᠥᠪᠡᠭᠡ ︾ ᠶᠢᠨ ᠪᠥᠬᠦ ᠤᠯᠤᠰ ᠤᠨ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠤᠩᠭᠢᠯ ᠳᠤ ᠲᠦᠰᠢᠭᠯᠡᠨ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠭᠦᠢᠯᠭᠡᠭᠡᠨ ᠤ ᠲᠣᠣᠷ ᠰᠦᠯᠵᠢᠶᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠰᠠᠶᠢᠲᠤᠷ ᠬᠢᠨ᠎ᠡ ︔ ᠲᠠᠷᠢᠶᠠᠯᠠᠩ ᠤᠨ ᠪᠦᠲᠦᠭᠡᠭᠳᠡᠬᠦᠨ ᠤ ᠤᠳᠤ ᠦᠶ᠎ᠡ ᠶᠢᠨ | ᠭᠦᠢᠯᠭᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠪᠦᠷᠢᠨᠰᠢᠭᠦᠯᠵᠦ ᠂ ᠲᠠᠷᠢᠶᠠᠯᠠᠩ ᠤᠨ ᠪᠦᠲᠦᠭᠡᠭᠳᠡᠬᠦᠨ ᠪᠣᠳᠠᠰ ᠤᠨ ᠭᠦᠢᠯᠭᠡᠭᠡᠨ ᠤ ᠰᠠᠭᠠᠳ ᠦᠭᠡᠢ | ᠨᠡᠪᠲᠡᠷᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ︔ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠠᠶᠢᠴᠢᠯᠠᠨ ᠠᠭᠤᠯᠠᠨ | ᠭᠠᠵᠠᠷ ᠠᠴᠠ ᠭᠠᠷᠭᠠᠵᠤ ᠂ ᠵᠠᠬ᠎ᠠ ᠳᠡᠯᠭᠡᠭᠦᠷ ᠲᠤ ᠭᠠᠷᠭᠠᠨ᠎ᠠ ᠃ | . | |