| ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ | ᠬᠤᠷᠠᠯᠳᠤᠭᠤᠯᠤᠭᠰᠠᠨ ᠬᠡᠷᠡᠭᠯᠡᠭᠡᠨ ᠤ ᠵᠦᠢᠯ ᠢ ᠰᠢᠯᠢᠳᠡᠭᠵᠢᠭᠦᠯᠦᠨ ᠳᠣᠭᠢᠷᠠᠭᠤᠯᠬᠤ ︽ ᠬᠠᠭᠤᠴᠢᠨ ᠢᠶᠠᠷ ᠰᠢᠨ᠎ᠡ ᠶᠢ ᠰᠣᠯᠢᠬᠤ ︾ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ ᠂ ᠨᠠᠰᠤᠲᠠᠶᠢᠴᠤᠳ ᠤᠨ ᠠᠮᠢᠳᠤᠷᠠᠬᠤ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠠᠶᠢᠵᠢᠷᠠᠭᠤᠯᠬᠤ ᠶᠢᠨ ᠬᠠᠮᠳᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠂ ᠬᠡᠷᠡᠭᠯᠡᠭᠡ ᠶᠢ ᠳᠠᠶᠢᠴᠢᠯᠠᠬᠤ ᠶᠢᠨ ᠲᠥᠯᠥᠭᠡ ᠂ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠠᠷᠠᠳ ᠤᠨ ᠶᠠᠪᠤᠳᠠᠯ ᠤᠨ ᠲᠢᠩᠬᠢᠮ ᠵᠡᠷᠭᠡ 6 ᠰᠠᠯᠠᠭ᠎ᠠ | ᠮᠥᠴᠢᠷ ᠬᠠᠮᠲᠤᠷᠠᠨ ︽ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠤᠨ ᠵᠠᠰᠠᠯ ᠴᠢᠮᠡᠭᠯᠡᠯ ᠲᠣᠭᠤᠭᠠᠨ ᠬᠡᠷ ᠠᠷᠢᠭᠤᠨ ᠴᠡᠪᠡᠷ ᠤᠨ | ᠭᠡᠷᠡᠭᠰᠡᠯ ᠢ ︿ ᠰᠢᠨᠡᠳᠭᠡᠨ ᠰᠤᠯᠢᠬᠤ ﹀ ᠨᠥᠬᠦᠪᠥᠷᠢ ᠶᠢᠨ ᠬᠡᠷᠡᠭᠵᠢᠭᠦᠯᠬᠦ ᠲᠥᠰᠦᠯ ︾ ᠢ ᠳᠠᠷᠤᠮᠠᠯᠯᠠᠨ ᠲᠠᠷᠬᠠᠭᠠᠪᠠ ᠂ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠲᠤ ᠲᠤᠬᠢᠷᠠᠬᠤ ᠭᠡᠷ ᠤᠨ ᠡᠳ᠋ᠯᠡᠯ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ | ᠣᠷᠣᠭᠤᠯᠵᠤ ᠂ ᠨᠥᠬᠦᠪᠥᠷᠢ ᠶᠢᠨ ᠪᠠᠷᠢᠮᠵᠢᠶ᠎ᠠ ᠂ ᠬᠡᠪᠴᠢᠶ᠎ᠡ ᠵᠢᠴᠢ ᠠᠷᠭ᠎ᠠ ᠮᠠᠶ᠋ᠢᠭ ᠢ ᠲᠣᠳᠣᠷᠬᠠᠶᠢᠯᠠᠵᠦ ᠂ ᠨᠠᠰᠤᠲᠠᠶᠢᠴᠤᠳ ᠲᠤ ᠦᠨᠡᠨ ᠪᠣᠳᠠᠲᠠᠶ ᠠᠰᠠᠷᠠᠮᠵᠢ | ᠬᠦᠷᠲᠡᠭᠡᠬᠦ ᠪᠠᠷ ᠪᠤᠢ ᠃ 2025 ᠣᠨ ᠤ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ ᠂ ᠥᠪᠥᠷ ᠮᠣᠩᠭᠤᠯ ᠳᠤ ᠪᠠᠶᠢᠩᠭᠤ ᠰᠠᠭᠤᠭ᠎ᠠ ᠪᠥᠭᠡᠳ ᠭᠡᠷ ᠲᠡᠭᠡᠨ | ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ ᠰᠤᠯᠢᠬᠤ ᠲᠠᠸᠠᠷ ᠢ ᠬᠤᠳᠠᠯᠳᠤᠨ ᠠᠪᠬᠤ ᠬᠡᠷᠡᠭᠴᠡᠭᠡ ᠲᠠᠢ ᠪᠦᠬᠦᠯᠢ 60 ᠨᠠᠰᠤ ᠵᠢᠴᠢ | ᠲᠡᠭᠦᠨ ᠠᠴᠠ ᠳᠡᠭᠡᠭᠰᠢᠬᠢ ᠨᠠᠰᠤᠲᠠᠶᠢᠴᠤᠳ ᠴᠥᠮ ᠨᠥᠬᠦᠪᠥᠷᠢ ᠭᠥᠷᠳᠡᠵᠦ ᠪᠣᠯᠤᠨ᠎ᠠ ᠃ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ | ᠰᠤᠯᠢᠬᠤ ᠤᠶᠢᠯᠡᠳᠬᠦᠨ ᠢ ᠬᠤᠳᠠᠯᠳᠤᠨ ᠠᠪᠤᠪᠠᠯ ᠪᠣᠳᠠᠲᠠᠶ ᠠᠷᠠᠯᠵᠢᠶᠠᠯᠠᠬᠤ ᠦᠨ᠎ᠡ ᠶᠢᠨ 30 % ᠪᠠᠷ ᠨᠥᠬᠦᠪᠥᠷᠢ ᠥᠭᠭᠦᠨ᠎ᠡ ᠃ ᠥᠪᠥᠷ ᠮᠣᠩᠭᠤᠯ ︽ ᠬᠡᠷ ᠲᠡᠭᠡᠨ | ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ ᠰᠤᠯᠢᠬᠤ ᠨᠥᠬᠦᠪᠥᠷᠢ ᠦᠭᠭᠦ ᠤᠶᠢᠯᠡᠳᠬᠦᠨ ᠤ ᠰᠠᠨᠠᠭᠤᠯᠭ᠎ᠠ ᠶᠢᠨ ᠨᠠᠷᠢᠨ ᠬᠠᠭᠤᠳᠠᠰᠤ ︾ ᠶᠢ | ᠨᠡᠶᠢᠲᠡᠯᠡᠪᠠ ᠂ ᠨᠠᠷᠢᠨ ᠬᠠᠭᠤᠳᠠᠰᠤ ᠳᠤ ᠭᠡᠷ ᠤᠨ ᠭᠠᠵᠠᠷ ᠪᠠ ᠡᠭᠦᠳ᠋ᠨ ᠪᠠᠨ ᠰᠢᠨᠡᠳᠭᠡᠨ ᠵᠠᠰᠠᠬᠤ ᠂ ᠤᠨᠲᠠᠬᠤ ᠥᠷᠥᠭᠡ ᠪᠠᠨ ᠰᠢᠨᠡᠳᠭᠡᠨ ᠵᠠᠰᠠᠬᠤ ᠂ ᠵᠢᠱᠢᠶᠡᠯᠡᠪᠡᠯ | ᠵᠣᠷᠯᠣᠩ ᠤᠬᠢᠶᠠᠯᠭ᠎ᠠ ᠶᠢᠨ ᠲᠥᠬᠦᠭᠡᠷᠦᠮᠵᠢ ᠪᠠᠨ ᠰᠢᠨᠡᠳᠭᠡᠨ ᠵᠠᠰᠠᠬᠤ ᠂ ᠲᠣᠭᠤᠭᠠᠨ ᠬᠡᠷ ᠤᠨ ᠲᠥᠬᠦᠭᠡᠷᠦᠮᠵᠢ ᠪᠠᠨ ᠰᠢᠨᠡᠳᠭᠡᠨ ᠵᠠᠰᠠᠬᠤ ᠂ ᠹᠢᠽᠢᠺ ᠤᠨ ᠣᠷᠴᠢᠨ | ᠲᠣᠭᠤᠷᠢᠨ ᠢᠶᠠᠨ ᠰᠢᠨᠡᠳᠭᠡᠨ ᠵᠠᠰᠠᠬᠤ ᠂ ᠣᠶᠤᠨᠴᠢ ᠲᠤᠰᠠᠯᠠᠬᠤ ᠤᠶᠢᠯᠡᠳᠬᠦᠨ ᠵᠡᠷᠭᠡ ᠵᠢᠷᠭᠤᠭᠠᠨ ᠶᠡᠭᠡ ᠲᠥᠷᠥᠯ ᠤᠨ 25 ᠵᠦᠢᠯ ᠤᠨ ᠲᠠᠸᠠᠷ ᠢ ᠬᠠᠮᠤᠷᠴᠠᠶ ᠃ | ᠬᠡᠷᠡᠭᠯᠡᠭᠴᠢᠳ ᠨᠢ ᠳᠤᠮᠳᠠᠳᠤ ᠤᠯᠤᠰ ᠤᠨ ᠪᠠᠩᠬᠢ ᠶᠢᠨ ᠬᠤᠯᠪᠣᠭᠠᠨ ᠤ ︽ ᠶᠦᠨ ᠱᠠᠨ ᠹᠦ᠋ ︾ APP ᠪᠠᠷ ᠳᠡᠮᠵᠢᠨ ︽ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠡᠷ ᠤᠨ ᠵᠠᠰᠠᠯ ᠴᠢᠮᠡᠭᠯᠡᠯ ᠲᠣᠭᠤᠭᠠᠨ ᠬᠡᠷ ᠠᠷᠢᠭᠤᠨ ᠴᠡᠪᠡᠷ ᠤᠨ ᠭᠡᠷᠡᠭᠰᠡᠯ ᠢ ᠰᠢᠨᠡᠳᠬᠡᠨ ᠰᠤᠯᠢᠬᠤ ︾ ᠤᠶᠢᠯᠡᠴᠢᠯᠡᠭᠡᠨ ᠤ ᠲᠠᠪᠴᠠᠩ ᠳᠤ ᠭᠠᠷᠴᠤ ᠂ | ︽ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ ᠰᠤᠯᠢᠬᠤ ︾ ᠵᠠᠭᠪᠤᠷ ᠲᠤ ᠣᠷᠣᠵᠤ ᠬᠤᠳᠠᠯᠳᠤᠨ ᠠᠪᠬᠤ ᠪᠠᠷ ᠭᠤᠶᠤᠴᠢᠯᠠᠪᠠᠯ | ᠪᠣᠯᠴᠢᠬᠠᠨ᠎ᠠ ᠃ | | |