| | ᠣᠶᠢᠷ᠎ᠠ ᠳᠤ ᠂ ᠣᠷᠳᠣᠰ ᠤᠨ ᠲᠤᠷᠰᠢᠯᠲᠠ ᠶᠢᠨ ᠲᠠᠰᠤᠭ ᠤᠨ ᠠᠵᠤ ᠦᠢᠯᠡᠳᠪᠦᠷᠢ ᠶᠢᠨ ᠢᠯᠴᠢ ᠬᠠᠳᠠᠭᠠᠯᠠᠬᠤ ᠡᠨᠧᠷᠭᠢ ᠶᠢᠨ ᠪᠦᠯᠬᠦᠮ ᠤᠨ ᠬᠢᠨ ᠴᠢᠩᠬᠤᠸᠠ | ᠶᠡᠭᠡ ᠰᠤᠷᠭᠠᠭᠤᠯᠢ ᠶᠢᠨ ᠸᠧᠢ ᠹᠧᠢ ︱ ᠵᠠᠩ ᠴᠧᠨ ᠰᠢ ᠶᠢᠨ ᠪᠦᠯᠬᠦᠮ ᠲᠠᠢ ᠬᠠᠮᠲᠤᠷᠠᠨ ᠰᠤᠳᠤᠯᠤᠨ ᠨᠡᠭᠡᠭᠡᠭᠰᠡᠨ MWh ᠲᠠᠰ ᠤᠨ ᠥᠨᠳᠥᠷ ᠳᠤᠯᠠᠭᠠᠨ ᠤ | ᠬᠠᠲᠠᠭᠤ ᠪᠡᠶᠡᠲᠦ ᠮᠥᠬᠦᠯᠢᠭᠲᠦ ᠶᠢᠨ ᠢᠯᠴᠢ ᠬᠠᠳᠠᠭᠠᠯᠠᠬᠤ ᠵᠠᠪᠰᠠᠷ ᠲᠤᠷᠰᠢᠯᠲᠠ ᠶᠢᠨ ᠲᠥᠬᠦᠭᠡᠷᠦᠮᠵᠢ ᠶᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ | ᠳ᠋ᠠ ᠯᠤ᠋ ᠠᠵᠤ ᠦᠢᠯᠡᠰ ᠤᠨ ᠬᠦᠷᠢᠶᠡᠯᠡᠩ ᠳᠤ ᠪᠥᠬᠦ ᠶᠠᠪᠤᠴᠠ ᠪᠠᠷ ᠤᠬᠰᠠᠷᠠᠭᠤᠯᠤᠨ ᠠᠵᠢᠯᠯᠠᠭᠤᠯᠬᠤ ᠶᠢ ᠪᠡᠶᠡᠯᠡᠬᠦᠯᠪᠡ ᠃ ᠠᠩᠬ᠎ᠠ ᠤᠳᠠᠭ᠎ᠠ ︽ ᠬᠠᠯᠠᠭᠠᠬᠤ ︱ | ᠢᠯᠴᠢ ᠬᠠᠳᠠᠭᠠᠯᠠᠬᠤ ︱ ᠢᠯᠴᠢ ᠢᠯᠭᠠᠷᠠᠭᠤᠯᠬᠤ ︾ ᠪᠥᠬᠦ ᠶᠠᠪᠤᠴᠠ ᠶᠢᠨ ᠰᠢᠯᠭᠠᠨᠬᠤᠷᠢᠶᠠᠯᠳᠠ ᠶᠢ ᠪᠡᠶᠡᠯᠡᠭᠦᠯᠦᠭᠰᠡᠨ ᠪᠥᠭᠡᠳ ᠠᠵᠤ ᠦᠢᠯᠡᠳᠪᠦᠷᠢ ᠶᠢᠨ | ᠪᠠᠷᠢᠮᠵᠢᠶ᠎ᠠ ᠳᠤ ᠨᠡᠶᠢᠴᠡᠭᠰᠡᠨ ᠬᠠᠨᠤᠮᠠᠯ ᠬᠠᠯᠠᠭᠤᠨ ᠠᠭᠤᠷ ᠢ ᠲᠣᠭᠲᠠᠭᠤᠨ ᠢᠶᠠᠷ ᠦᠢᠯᠡᠳᠪᠦᠷᠢᠯᠡᠵᠦ ᠭᠠᠷᠭᠠᠪᠠ ᠂ ᠡᠨᠡ ᠨᠢ ᠡᠨᠡ ᠬᠦ ᠰᠢᠨ᠎ᠡ ᠬᠡᠯᠪᠡᠷᠢ ᠶᠢᠨ ᠢᠯᠴᠢ | ᠬᠠᠳᠠᠭᠠᠯᠠᠬᠤ ᠮᠡᠷᠭᠡᠵᠢᠯ ᠨᠢ ᠲᠤᠷᠰᠢᠯᠲᠠ ᠶᠢᠨ ᠲᠠᠰᠤᠭ ᠠᠴᠠ ᠢᠨᠵᠧᠨᠧᠷᠢᠩᠵᠢᠬᠦᠯᠦᠨ ᠬᠡᠷᠡᠭᠯᠡᠬᠦ ᠳᠡᠶᠢᠰᠢ ᠬᠦᠷᠦᠭᠰᠡᠨ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ | ᠪᠣᠯᠤᠭᠰᠠᠨ ᠢ ᠬᠠᠷᠠᠭᠤᠯᠵᠤ ᠪᠠᠶᠢᠨ᠎ᠠ ᠃ | | ᠵᠢᠷᠤᠭ ᠄ ᠣᠷᠳᠣᠰ ᠤᠨ ᠲᠤᠷᠰᠢᠯᠲᠠ ᠶᠢᠨ ᠲᠠᠰᠤᠭ ᠤᠨ ᠠᠵᠤ ᠦᠢᠯᠡᠳᠪᠦᠷᠢ ᠶᠢᠨ ᠢᠯᠴᠢ ᠬᠠᠳᠠᠭᠠᠯᠠᠬᠤ ᠡᠨᠧᠷᠭᠢ ᠶᠢᠨ ᠪᠦᠯᠬᠦᠮ ᠪᠣᠯᠣᠨ ᠵᠢᠷᠤᠭ ᠲᠥᠯᠥᠪᠯᠡᠭᠡ ᠶᠢᠨ | ᠪᠠᠷᠢᠯᠭ᠎ᠠ ᠶᠢᠨ ᠨᠢᠭᠡᠴᠢ ᠶᠢᠨ ᠬᠢᠨ ᠵᠠᠪᠰᠠᠷ ᠲᠤᠷᠰᠢᠯᠲᠠ ᠶᠢᠨ ᠠᠬᠤᠢ ᠲᠠᠯᠠᠪᠠᠢ ᠪᠤᠯᠤᠨ᠎ᠠ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠥᠯᠥᠪᠯᠡᠭᠡ ᠶᠢᠨ ᠭᠤᠣᠯᠳᠠᠯᠭ᠎ᠠ ᠲᠠᠢ ᠲᠥᠷᠥᠯ | ᠵᠦᠢᠯ ᠪᠣᠯᠤᠭᠰᠠᠨ ᠤ ᠬᠤᠪᠢ ᠳᠤ ᠂ ᠲᠣᠰ ᠮᠡᠷᠭᠡᠵᠢᠯ ᠨᠢ ᠴᠢᠩᠬᠤᠸᠠ ᠶᠡᠭᠡ ᠰᠤᠷᠭᠠᠭᠤᠯᠢ ᠶᠢᠨ ᠸᠧᠢ ᠹᠧᠢ ︱ ᠵᠠᠩ ᠴᠧᠨ ᠰᠢ ᠶᠢᠨ ᠪᠦᠯᠬᠦᠮ ᠤᠨ ᠳᠤᠷᠠᠳᠤᠭᠰᠠᠨ | ︽ ᠡᠯᠡᠰᠤᠨ ᠤ ᠢᠯᠴᠢ ᠶᠢᠨ ᠬᠦᠴᠦᠨ ᠤ ᠳ᠋ᠢᠶᠠᠨ ᡂᠢ ︾ ᠶᠢᠨ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠣᠶᠢᠯᠠᠭᠠᠭᠳᠠᠬᠤᠨ ᠳᠤ ᠰᠠᠭᠤᠷᠢᠯᠠᠨ ᠂ ᠠᠵᠤ | ᠦᠢᠯᠡᠳᠪᠦᠷᠢ ᠶᠢᠨ ᠢᠯᠴᠢ ᠬᠠᠳᠠᠭᠠᠯᠠᠬᠤ ᠡᠨᠧᠷᠭᠢ ᠶᠢᠨ ᠬᠦᠷᠢᠶ᠎ᠠ ᠴᠠᠷᠠᠭᠠᠨ ᠳᠠᠬᠢ ᠥᠨᠳᠥᠷ ᠪᠦᠲᠦᠮᠵᠢᠲᠡᠶ ᠬᠠᠳᠠᠭᠠᠯᠠᠬᠤ /ᠢᠯᠴᠢ ᠢᠯᠭᠠᠷᠠᠭᠤᠯᠬᠤ ᠂ ᠥᠨᠳᠥᠷ | ᠡᠨᠧᠷᠭᠢᠲᠦ ᠨᠢᠭᠲᠠᠴᠠ ᠪᠠ ᠥᠨᠳᠥᠷ ᠡᠷᠬᠢᠯᠳᠡᠳᠤ ᠦᠷ᠎ᠡ ᠪᠦᠲᠦᠮᠵᠢ ᠵᠡᠷᠭᠡ ᠭᠤᠣᠯᠯᠠᠬᠤ ᠬᠡᠷᠡᠭᠴᠡᠭᠡ ᠳᠤ ᠴᠢᠭᠯᠡᠭᠦᠯᠦᠨ ᠪᠣᠭᠤᠮᠲᠠ ᠰᠢᠪᠲᠤᠯᠬᠤ ᠶᠢ ᠥᠷᠨᠢᠭᠦᠯᠪᠡ ᠃ | ᠰᠤᠳᠤᠯᠤᠨ ᠨᠡᠭᠡᠭᠡᠬᠦ ᠪᠦᠯᠬᠦᠮ ᠤᠨ ᠬᠢᠨ ᠨᠢᠭᠡ ᠵᠢᠯ ᠰᠢᠬᠠᠮ ᠠᠵᠢᠯᠯᠠᠵᠤ ᠂ ᠥᠨᠳᠥᠷ ᠴᠢᠳᠠᠮᠵᠢ ᠲᠠᠢ ᠲᠦᠷᠭᠡᠨ ᠴᠠᠬᠢᠯᠭᠠᠨ ︱ ᠢᠯᠴᠢ ᠪᠠᠷ ᠤᠯᠠᠷᠢᠭᠤᠯᠤᠨ | ᠬᠤᠪᠢᠷᠠᠭᠤᠯᠬᠤ ᠮᠡᠷᠭᠡᠵᠢᠯ ᠪᠣᠯᠣᠨ ᠲᠣᠨᠣᠭᠯᠠᠯ ᠂ ᠥᠨᠳᠥᠷ ᠳᠤᠯᠠᠭᠠᠨ ᠳᠤ ᠳᠠᠭᠠᠭᠠᠴᠠᠳᠠᠢ ᠢᠯᠴᠢ ᠬᠠᠳᠠᠭᠠᠯᠠᠬᠤ ᠮᠥᠬᠦᠯᠢᠭᠲᠦ ᠮᠠᠲ᠋ᠧᠷᠢᠶᠠᠯ ᠤᠨ ᠨᠡᠶᠢᠯᠡᠯᠭᠡ᠂ | ᠦᠷᠭᠦᠯᠵᠢᠯᠡᠨ ᠬᠥᠳᠡᠯᠦᠩᠭᠦᠢ ᠪᠠᠷ ᠢᠯᠴᠢ ᠬᠠᠳᠠᠭᠠᠯᠠᠬᠤ / ᠢᠯᠴᠢ ᠢᠯᠭᠠᠷᠠᠭᠤᠯᠬᠤ ᠮᠡᠷᠭᠡᠵᠢᠯ ᠪᠣᠯᠣᠨ ᠲᠣᠨᠣᠭᠯᠠᠯ ᠂ ᠢᠯᠴᠢ ᠬᠥᠨᠳᠡᠶᠢᠷᠡᠭᠦᠯᠬᠦ ᠮᠡᠷᠭᠡᠵᠢᠯ ᠪᠣᠯᠣᠨ | ᠮᠠᠲ᠋ᠧᠷᠢᠶᠠᠯ ᠵᠢᠴᠢ ᠬᠠᠯᠠᠭᠠᠬᠤ — ᠢᠯᠴᠢ ᠬᠠᠳᠠᠭᠠᠯᠠᠬᠤ —ᠢᠯᠴᠢ ᠢᠯᠭᠠᠷᠠᠭᠤᠯᠬᠤ ᠶᠢ ᠨᠢᠭᠡ ᠴᠣᠭᠴᠠᠵᠢᠭᠤᠯᠤᠭᠰᠠᠨ ᠰᠢᠰᠲ᠋ᠧᠮ ᠤᠨ ᠬᠤᠷᠠᠮᠠᠯ ᠵᠡᠷᠭᠡ | ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠪᠳᠤᠯᠵᠤ ᠂ ᠵᠠᠪᠰᠠᠷ ᠲᠤᠷᠰᠢᠯᠲᠠ ᠶᠢᠨ ᠲᠥᠬᠦᠭᠡᠷᠦᠮᠵᠢ ᠶᠢ ᠵᠢᠷᠤᠵᠤ ᠲᠥᠯᠥᠪᠯᠡᠨ ᠪᠠᠶᠢᠭᠤᠯᠬᠤ ᠶᠢ | ᠪᠡᠶᠡᠯᠡᠭᠦᠯᠵᠡᠢ᠃ ᠵᠠᠪᠰᠠᠷ ᠲᠤᠷᠰᠢᠯᠲᠠ ᠶᠢᠨ ᠠᠩᠬᠠᠠᠯᠬᠤᠮ ᠤᠨ ᠠᠮᠵᠢᠯᠲᠠ ᠲᠠᠢ ᠪᠠᠷ ᠮᠡᠷᠭᠡᠵᠢᠯ ᠤᠨ ᠱᠤᠭᠤᠮ ᠤᠨ ᠢᠨᠵᠧᠨᠧᠷᠢᠩ ᠤᠨ ᠪᠣᠯᠣᠮᠵᠢᠲᠤ ᠴᠢᠨᠠᠷ ᠢ ᠰᠢᠯᠭᠠᠨ | ᠨᠤᠲᠠᠯᠠᠵᠤ ᠂ ᠬᠠᠯᠠᠭᠠᠬᠤ ᠰᠢᠰᠲ᠋ᠧᠮ᠂ ᠢᠯᠴᠢ ᠬᠠᠳᠠᠭᠠᠯᠠᠬᠤ ᠨᠢᠭᠡᠴᠢ ᠪᠣᠯᠣᠨ ᠠᠭᠤᠷ ᠡᠭᠦᠰᠬᠡᠬᠦ ᠰᠢᠰᠲ᠋ᠧᠮ ᠤᠨ ᠥᠨᠳᠥᠷ ᠪᠦᠲᠦᠮᠵᠢᠲᠡᠶ ᠬᠠᠮᠵᠢᠯᠴᠠᠭ᠎ᠠ ᠶᠢ | ᠪᠡᠶᠡᠯᠡᠭᠦᠯᠦᠭᠰᠡᠨ ᠪᠥᠭᠡᠳ ᠠᠩᠬ᠎ᠠ ᠤᠳᠠᠭ᠎ᠠ ᠥᠨᠳᠥᠷ ᠳᠤᠯᠠᠭᠠᠨ ᠤ ᠬᠠᠲᠠᠭᠤ ᠪᠡᠶᠡᠲᠦ ᠮᠥᠬᠦᠯᠢᠭᠳᠦ ᠶᠢᠨ ᠢᠯᠴᠢ ᠬᠠᠳᠠᠭᠠᠯᠠᠬᠤ ᠮᠡᠷᠭᠡᠵᠢᠯ ᠢ ᠳᠠᠩ | ᠨᠡᠭᠦᠷᠡᠰᠦᠲᠥ᠋ᠷᠥᠭᠴᠢ ᠶᠢᠨ ᠠᠭᠤᠷ ᠤᠨ ᠦᠢᠯᠡᠳᠪᠦᠷᠢᠯᠡᠯ ᠤᠨ ᠲᠠᠯᠠᠪᠤᠷ ᠲᠤ ᠬᠡᠷᠡᠭᠯᠡᠭᠰᠡᠨ ᠪᠠᠶᠢᠨ᠎ᠠ᠃ ᠡᠨᠡ ᠬᠦ ᠮᠡᠷᠭᠡᠵᠢᠯ ᠨᠢ ᠪᠣᠯᠣᠳ ᠲᠡᠮᠦᠷ ᠂ ᠬᠢᠮᠢ ᠶᠢᠨ ᠠᠵᠤ | ᠦᠢᠯᠡᠳᠪᠦᠷᠢ ᠂ ᠴᠠᠬᠢᠯᠭᠠᠨ ᠬᠦᠴᠦᠨ ᠵᠡᠷᠭᠡ ᠠᠵᠢᠯ ᠲᠥᠷᠥᠯ ᠤᠨ ᠴᠡᠪᠡᠷ ᠢᠯᠴᠢ ᠶᠢᠨ ᠬᠦᠴᠦᠨ ᠤ ᠣᠷᠤᠯᠠᠭᠤᠯᠤᠯᠲᠠ ᠳᠤ ᠬᠡᠪᠴᠢᠶᠡᠵᠢᠭᠦᠯᠦᠨ ᠳᠡᠯᠭᠡᠷᠡᠭᠦᠯᠵᠦ | ᠪᠣᠯᠬᠤ ᠰᠢᠢᠳᠪᠦᠷᠢᠯᠡᠬᠦ ᠲᠥᠰᠥᠯ ᠢ ᠬᠠᠩᠭᠠᠵᠤ ᠂ ᠬᠤᠯᠪᠣᠭᠳᠠᠯ ᠪᠦᠬᠦᠢ ᠠᠵᠢᠯ ᠲᠥᠷᠥᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢ ᠠᠬᠢᠭᠤᠯᠬᠤ ᠪᠣᠯᠣᠮᠵᠢ ᠲᠠᠢ ᠪᠠᠶᠢᠨ᠎ᠠ ᠃ | ᠣᠶᠢᠯᠠᠭᠠᠭᠰᠠᠨ ᠢᠶᠠᠷ ᠂ ᠲᠣᠰ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ︽ ᠬᠤᠣᠰ ᠨᠡᠭᠦᠷᠡᠰᠦᠲᠥ᠋ᠷᠥᠭᠴᠢ ︾ ᠶᠢᠨ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢᠨ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠤᠯᠤᠨ᠎ᠠ ᠂ ᠵᠠᠰᠠᠭ ᠤᠨ ᠣᠷᠳᠣᠨ ᠲᠤᠰᠬᠠᠢ ᠲᠥᠷᠥᠯ ᠤᠨ ᠲᠥᠷᠥ ᠶᠢᠨ ᠪᠣᠳᠣᠯᠭ᠎ᠠ ᠂ ᠪᠡᠯᠡ | ᠮᠥᠩᠭᠦ ᠶᠢᠨ ᠢᠵᠢ ᠪᠦᠷᠢᠳᠦᠭᠦᠯᠬᠦ ᠪᠠᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠤ ᠬᠠᠮᠵᠢᠯᠴᠠᠬᠤ ᠲᠣᠭᠲᠠᠴᠠ ᠪᠠᠷ ᠳᠠᠮᠵᠢᠭᠤᠯᠤᠨ ᠪᠥᠬᠦ ᠲᠠᠯ᠎ᠠ ᠶᠢᠨ | ᠳᠡᠮᠵᠢᠯᠭᠡ ᠦᠵᠡᠭᠦᠯᠦᠨ᠎ᠡ ᠃ ᠲᠤᠷᠰᠢᠯᠲᠠ ᠶᠢᠨ ᠲᠠᠰᠤᠭ ᠤᠨ ᠠᠵᠤ ᠦᠢᠯᠡᠳᠪᠦᠷᠢ ᠶᠢᠨ ᠢᠯᠴᠢ ᠬᠠᠳᠠᠭᠠᠯᠠᠬᠤ ᠡᠨᠧᠷᠭᠢ ᠶᠢᠨ ᠪᠦᠯᠬᠦᠮ ᠤᠨ ᠬᠢᠨ ᠦᠷᠭᠦᠯᠵᠢᠯᠡᠨ | ᠰᠢᠰᠲ᠋ᠧᠮ ᠤᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠂ ᠤᠷᠳᠤ ᠦᠶᠡᠯᠡᠯ ᠤᠨ ᠬᠤᠭᠤᠴᠠᠭᠠᠨ ᠤ ᠠᠵᠢᠯᠯᠠᠭᠠᠨ ᠤ ᠲᠣᠭᠲᠠᠪᠤᠷᠢᠲᠤ ᠴᠢᠨᠠᠷ ᠵᠡᠷᠭᠡ | ᠬᠡᠮᠵᠢᠯᠲᠡ ᠶᠢᠨ ᠲᠣᠭᠤᠷᠢᠨ ᠳᠤ ᠭᠦᠨᠵᠡᠭᠡᠢ ᠰᠤᠳᠤᠯᠤᠨ ᠰᠢᠯᠢᠳᠡᠭᠵᠢᠭᠦᠯᠬᠦ ᠶᠢ ᠥᠷᠨᠢᠭᠦᠯᠬᠦ ᠶᠢᠨ ᠬᠠᠮᠲᠤ ᠵᠠᠭᠤᠨ MWh ᠲᠡᠰ ᠤᠨ ᠵᠢᠱᠢᠶ᠎ᠡ ᠦᠵᠡᠭᠦᠯᠬᠦ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠳᠠᠯᠢ ᠠᠯᠬᠤᠮ ᠢᠶᠠᠷ ᠠᠬᠢᠭᠤᠯᠤᠨ᠎ᠠ᠃ | ᠰᠤᠳᠤᠯᠤᠨ ᠨᠡᠭᠡᠭᠡᠬᠦ ᠪᠦᠯᠬᠦᠮ ᠤᠨ ᠬᠠᠷᠢᠭᠤᠴᠠᠯᠭᠠᠲᠠᠨ ᠤ ᠬᠡᠯᠡᠬᠦ ᠪᠠᠷ ᠂ ᠲᠠᠷᠠᠭᠠᠴᠢ ᠶᠢᠨ ᠠᠯᠬᠤᠮ ᠳᠤ ᠠᠵᠢᠯ ᠲᠥᠷᠥᠯ ᠤᠨ ᠲᠣᠯᠣᠭᠠᠶᠢᠯᠠᠭᠴᠢ ᠲᠠᠢ ᠬᠠᠮᠲᠤᠷᠠᠨ | ᠣᠯᠠᠨ ᠲᠠᠯᠠᠪᠤᠷ ᠤᠨ ᠬᠡᠷᠡᠭᠯᠡᠭᠡᠨ ᠤ ᠰᠤᠳᠤᠯᠭᠠᠨ ᠤ ᠰᠢᠯᠭᠠᠨ ᠬᠤᠷᠢᠶᠠᠬᠤ ᠠᠵᠢᠯ ᠢ ᠥᠷᠨᠢᠭᠦᠯᠵᠦ ᠂ ᠮᠡᠷᠭᠡᠵᠢᠯ ᠤᠨ ᠪᠠᠷᠢᠮᠵᠢᠶᠠᠵᠢᠭᠤᠯᠤᠯᠲᠠ ᠪᠠ | ᠬᠤᠳᠠᠯᠳᠤᠭᠠᠴᠢᠯᠠᠯᠲᠠ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠣᠷᠳᠣᠰ ᠤᠨ ᠳᠡᠯᠡᠬᠡᠢ ᠶᠢᠨ ᠲᠠᠰ ᠤᠨ ᠴᠡᠪᠡᠷ ᠡᠨᠧᠷᠭᠢ ᠶᠢᠨ ᠠᠵᠤ | ᠦᠢᠯᠡᠰ ᠤᠨ ᠥᠨᠳᠦᠷᠯᠢᠭ ᠭᠠᠵᠠᠷ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ ᠃ ᠥᠨᠳᠥᠷ ᠳᠤᠯᠠᠭᠠᠨ ᠤ ᠬᠠᠲᠠᠭᠤ ᠪᠡᠶᠡᠲᠦ ᠮᠥᠬᠦᠯᠢᠭᠳᠦ ᠶᠢᠨ ᠢᠯᠴᠢ ᠬᠠᠳᠠᠭᠠᠯᠠᠬᠤ | ᠮᠡᠷᠭᠡᠵᠢᠯ ᠤᠨ ᠦᠷᠭᠦᠯᠵᠢᠯᠡᠨ ᠲᠡᠰ ᠳᠡᠪᠰᠢᠬᠦ ᠶᠢ ᠳᠠᠭᠠᠯᠳᠤᠨ᠂ ᠢᠯᠴᠢ ᠬᠠᠳᠠᠭᠠᠯᠠᠬᠤ ᠪᠠᠷ ᠭᠤᠣᠯ ᠪᠣᠯᠭᠠᠭᠰᠠᠨ ᠨᠢᠭᠡ ᠤᠳᠠᠭᠠᠨ ᠤ ᠠᠵᠤ ᠦᠢᠯᠡᠳᠪᠦᠷᠢ ᠶᠢᠨ | ᠡᠨᠧᠷᠭᠢ ᠶᠢᠨ ᠬᠤᠪᠢᠰᠤᠯᠲᠠ ᠶᠢᠨ ᠬᠦᠴᠦᠨ ᠢ ᠬᠤᠷᠠᠮᠳᠤᠭᠤᠯᠬᠤ ᠪᠠᠷ ᠪᠠᠶᠢᠨ᠎ᠠ᠃ | | | |