| 5 ᠰᠠᠷ᠎ᠠ ᠶᠢᠨ 28 ᠤ ᠡᠳᠦᠷ ᠂ 2025 ᠣᠨ ᠤ ᠵᠡᠭᠦᠨᠭᠠᠷ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠪᠣᠯᠣᠨ ᠪᠥᠬᠦ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷᠯᠢᠭ ᠤᠨ ᠠᠵᠢᠯᠯᠠᠭ᠎ᠠ ᠰᠢᠦᠸᠠᠢ ᠵᠢᠶᠠ ᠸᠠᠨ ᠤ ᠭᠠᠯᠲᠤ ᠲᠡᠷᠭᠡᠨ ᠥᠷᠲᠡᠭᠡᠨ ᠤ ᠡᠮᠦᠨᠡᠬᠢ | ᠠᠭᠤᠳᠠᠮ ᠲᠠᠯᠠᠪᠠᠶ ᠳᠤ ᠡᠬᠢᠯᠡᠪᠡ ᠃ | | | | ᠲᠤᠰ ᠠᠵᠢᠯᠯᠠᠭ᠎ᠠ ᠨᠢ ︽ ᠰᠢᠨ᠎ᠡ ᠶᠢ ᠡᠭᠦᠳᠤᠨ ᠬᠦᠭᠵᠢᠬᠦᠯᠬᠦ ᠪᠠᠷ ᠵᠣᠷᠢᠭ ᠰᠢᠭᠤᠳᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠣᠴᠤᠤᠯ ᠤᠨ ᠦᠵᠡᠭᠦᠯᠭᠡ ᠪᠣᠯᠣᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠴᠤᠭᠯᠠᠭ᠎ᠠ ᠮᠠᠶᠢᠮᠠᠢ ᠵᠡᠷᠭᠡ ᠦᠵᠡᠭᠦᠯᠭᠡ ᠭᠠᠷᠭᠠᠵᠤ ᠂ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠳᠤ ᠪᠠᠭ᠋ᠠᠲᠠᠢ ᠬᠥᠮᠥᠰ ᠂ ᠵᠠᠯᠠᠭᠤ | ᠰᠤᠷᠤᠭᠴᠢᠳ ᠪᠣᠯᠣᠨ ᠬᠤᠲᠠ ᠶᠢᠨ ᠠᠷᠠᠳ ᠤᠨ ᠠᠩᠬᠠᠷᠤᠯ ᠢ ᠳᠠᠳᠠᠵᠤ ᠂ ᠲᠤᠬᠠᠢ ᠶᠢᠨ ᠲᠠᠯᠠᠪᠠᠢ ᠳᠤ ᠮᠠᠰᠢᠨ ᠬᠥᠮᠥᠨ᠂ ᠵᠢᠯᠣᠭᠤᠴᠢ ᠦᠭᠡᠢ ᠨᠢᠰᠬᠡᠯ ᠂ VR᠂ | ᠮᠠᠰᠢᠨ ᠨᠣᠬᠠᠢ ᠵᠡᠷᠭᠡ ᠪᠠᠷ ᠬᠦᠮᠤᠰ ᠢ ᠭᠠᠶᠢᠬᠠᠭᠤᠯᠤᠨ ᠂ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠣᠶᠢᠷ᠎ᠠ ᠵᠠᠢ ᠠᠴᠠ ᠮᠡᠳᠡᠷᠡᠭᠦᠯᠦᠭᠰᠡᠨ ᠠᠵᠢᠯᠯᠠᠭ᠎ᠠ | ᠪᠤᠯᠤᠬᠰᠠᠨ ᠪᠠᠶᠢᠨ᠎ᠠ᠃ ᠠᠵᠢᠯᠯᠠᠭ᠎ᠠ ᠶᠢᠨ ᠭᠠᠷᠠᠭ ᠤᠨ ᠬᠤᠭᠤᠴᠠᠭᠠᠨ ᠳᠤ ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠦᠵᠡᠭᠦᠯᠭᠡ ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠣᠯᠭᠠᠭᠤᠯᠤᠨ ᠰᠣᠯᠢᠯᠴᠠᠬᠤ ᠂ ᠰᠢᠨᠵᠢᠯᠡᠬᠦ ᠤᠬᠠᠭᠠᠨ ᠮᠡᠷᠭᠡᠵᠢᠯ ᠢ ᠠᠵᠤ ᠠᠬᠤᠶᠢᠯᠠᠯ ᠳᠤ ᠣᠷᠣᠭᠤᠯᠬᠤ ᠂ ᠰᠢᠨᠵᠢᠯᠡᠬᠦ | ᠤᠬᠠᠭᠠᠨ ᠮᠡᠷᠭᠡᠵᠢᠯ ᠢ ᠨᠡᠶᠢᠭᠡᠮ ᠲᠣᠭᠤᠷᠢᠭ ᠲᠤ ᠣᠷᠣᠭᠤᠯᠬᠤ ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠰᠢᠷᠢᠰ ᠠᠵᠢᠯᠯᠠᠭ᠎ᠠ ᠶᠢ ᠲᠣᠬᠢᠷᠠᠭᠤᠯᠵᠤ ᠂ | ᠵᠡᠭᠦᠨᠭᠠᠷ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ ᠂ ᠰᠢᠨᠵᠢᠯᠡᠬᠦ | ᠤᠬᠠᠭᠠᠨ ᠢ ᠡᠷᠬᠢᠮᠯᠡᠬᠦ ᠂ ᠰᠢᠨᠵᠢᠯᠡᠬᠦ ᠤᠬᠠᠭᠠᠨ ᠢ ᠬᠠᠶᠢᠷᠠᠯᠠᠬᠤ ᠂ ᠰᠢᠨᠵᠢᠯᠡᠬᠦ ᠤᠬᠠᠭᠠᠨ ᠢ ᠰᠤᠷᠤᠯᠴᠠᠬᠤ ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠨ᠎ᠠ ᠃ | | | | | | ᠥᠩᠭᠡᠷᠡᠭᠰᠡᠨ ᠨᠢᠭᠡ ᠵᠢᠯ ᠳᠤ ᠂ ᠵᠡᠭᠦᠨᠭᠠᠷ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠠᠯᠬᠤᠴᠠ ᠢᠳᠡᠷᠡᠬᠦᠨ ᠪᠦᠭᠡᠳ ᠯᠠᠪᠳᠠᠭᠤᠨ ᠪᠤᠯᠵᠤ ᠂ | ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠨᠢ 11.36 ᠳ᠋ᠦᠩᠰᠢᠭᠤᠷ ᠲᠥᠭᠦᠷᠢᠭ ᠲᠤ ᠬᠦᠷᠴᠦ ᠂ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢ 1.77 | ᠳ᠋ᠦᠩᠰᠢᠭᠤᠷ ᠲᠥᠭᠦᠷᠢᠭ ᠬᠤᠪᠢᠳᠠᠨ ᠣᠯᠵᠤ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠪᠠᠭ᠎ᠠ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ ᠭᠤᠣᠯ ᠴᠣᠭᠴᠠ ᠵᠠᠭᠤ ᠭᠠᠷᠤᠢ ᠶᠢ | ᠰᠢᠪᠲᠤᠯᠵᠤ ᠂ ᠤᠯᠤᠰ ᠤᠨ ᠲᠠᠰ ᠤᠨ ᠫᠤᠰᠲ ᠳ᠋ᠣᠺᠲ᠋ᠣᠷ ᠤᠨ 3 ᠠᠵᠢᠯᠯᠠᠬᠤ ᠥᠷᠲᠡᠭᠡ ᠂ ᠥᠪᠡᠷᠲᠡᠭᠡᠨ ᠵᠠᠰᠠᠬᠤ ᠣᠷᠣᠨ ᠤ ᠲᠠᠰ ᠤᠨ 29 ᠰᠤᠳᠤᠯᠤᠨ ᠨᠡᠭᠡᠭᠡᠬᠦ | ᠲᠥᠪ ᠨᠢ ᠵᠡᠭᠦᠨᠭᠠᠷ ᠬᠤᠰᠢᠭᠤᠨ ᠤ ᠰᠢᠨ᠎ᠡ ᠶᠢ ᠡᠭᠦᠳᠬᠦ ᠠᠵᠢᠯᠯᠠᠭ᠎ᠠ ᠳᠤ ᠲᠤᠯᠭᠠᠭᠤᠷᠢᠯᠠᠯ ᠬᠠᠩᠭᠠᠵᠤ ᠂ ᠳᠥᠷᠪᠡᠨ ᠵᠢᠯ ᠳᠠᠷᠠᠭᠠᠯᠠᠨ ᠪᠥᠬᠦ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠰᠢᠶᠠᠨ ᠬᠤᠲᠠ ᠶᠢᠨ ᠨᠡᠷᠡᠰ ᠤᠨ ᠵᠢᠭᠰᠠᠭᠠᠯᠲᠠ ᠳᠤ ᠣᠷᠣᠵᠤ ᠂ ᠥᠪᠡᠷᠲᠡᠭᠡᠨ ᠵᠠᠰᠠᠬᠤ ᠣᠷᠣᠨ ᠤ | ᠴᠤᠷᠢ ᠶᠢᠨ ᠭᠠᠭᠴᠠ ︽ ᠳᠥᠷᠪᠡ ᠤᠳᠠᠭ᠎ᠠ ᠳᠠᠷᠠᠭᠠᠯᠠᠨ ᠮᠠᠩᠯᠠᠶᠢᠯᠠᠭᠰᠠᠨ ︾ ᠬᠤᠰᠢᠭᠤ ᠰᠢᠶᠠᠨ ᠪᠣᠯᠵᠤ ᠂ ᠭᠤᠷᠪᠠᠨ ᠵᠢᠯ ᠳᠠᠷᠠᠭᠠᠯᠠᠨ ᠪᠥᠬᠦ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠶᠢᠨ ᠲᠡᠷᠢᠭᠦᠨ ᠤ ᠬᠤᠰᠢᠭᠤ ᠶᠢᠨ ᠢᠷᠠᠭᠤ ᠠᠯᠳᠠᠷ ᠢ ᠭᠥᠷᠳᠡᠪᠡ ᠃ | | | | |