| ᠯᠢ ᠴᠢᠶᠠᠩ ᠪᠣᠯᠣᠨ ᠺᠧᠰᠲ᠋ᠠ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ 5 ᠰᠠᠷ᠎ᠠ ᠶᠢᠨ 6 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠪᠣᠯᠣᠨ ᠡᠸᠦ᠋ᠷᠦᠫᠡ ᠲᠢᠪ ᠤᠨ ᠬᠡᠷᠡᠭ ᠡᠷᠭᠢᠯᠡᠭᠴᠢᠳ ᠤᠨ ᠬᠤᠷᠠᠯ ᠤᠨ ᠲᠡᠷᠢᠭᠦᠯᠡᠭᠴᠢ ᠺᠧᠰᠲ᠋ᠠ ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ | ᠵᠥᠪᠯᠡᠯ ᠤᠨ ᠲᠡᠷᠢᠭᠦᠯᠡᠭᠴᠢ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ ᠂ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠪᠡ ᠃ | ᠰᠢ ᠶᠢᠨ ᠫᠢᠩ ᠂ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠮᠥᠨ ᠂ ᠪᠠᠰᠠ ᠴᠤ ᠤᠯᠠᠨ ᠲᠦᠢᠯᠵᠢᠯᠳᠡ ᠶᠢ ᠠᠬᠢᠭᠤᠯᠬᠤ ᠬᠤᠶᠠᠷ ᠶᠡᠭᠡ ᠬᠦᠴᠦᠨ ᠮᠥᠨ ᠂ ᠳᠡᠯᠡᠬᠡᠶᠢᠵᠢᠯᠲᠡ ᠶᠢ ᠳᠡᠮᠵᠢᠬᠦ ᠬᠤᠶᠠᠷ ᠶᠡᠭᠡ ᠵᠠᠬ᠎ᠠ ᠳᠡᠯᠭᠡᠭᠦᠷ | ᠮᠥᠨ ᠂ ᠤᠯᠠᠨ ᠶᠠᠩᠵᠤᠲᠤ ᠴᠢᠨᠠᠷ ᠢ ᠰᠠᠨᠠᠭᠠᠴᠢᠯᠠᠬᠤ ᠬᠤᠶᠠᠷ ᠶᠡᠭᠡ ᠪᠣᠯᠪᠠᠰᠤᠨ ᠮᠥᠨ ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠲᠤᠷᠰᠢ ᠂ | ᠬᠤᠶᠠᠷ ᠲᠠᠯ᠎ᠠ ᠶᠢᠨ ᠡᠯ᠎ᠡ ᠳᠠᠪᠬᠤᠷᠭ᠎ᠠ ᠂ ᠡᠯ᠎ᠡ ᠬᠦᠷᠢᠶᠡᠨ ᠳᠠᠬᠢ ᠶᠠᠪᠤᠯᠴᠠᠭ᠎ᠠ ᠨᠢᠭᠲᠠᠷᠠᠵᠤ ᠂ ᠶᠠᠷᠢᠯᠴᠠᠭ᠎ᠠ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ ᠂ | ᠰᠣᠶᠣᠯ ᠢᠷᠭᠡᠨᠰᠢᠯ ᠤᠨ ᠰᠣᠯᠢᠯᠴᠠᠭ᠎ᠠ ᠠᠮᠢᠳᠤᠯᠢᠭ ᠰᠠᠶᠢᠬᠠᠨ ᠶᠠᠪᠤᠭᠳᠠᠵᠤ ᠂ ᠤᠯᠠᠨ ᠲᠠᠯ᠎ᠠ ᠶᠢᠨ ᠵᠣᠬᠢᠴᠠᠭᠤᠯᠭ᠎ᠠ ᠭᠠᠷᠮᠠᠭᠠᠢ ᠦᠷ᠎ᠡ ᠪᠦᠲᠦᠮᠵᠢ ᠣᠯᠪᠠ ᠃ ᠳᠤᠮᠳᠠᠳᠤ | ᠡᠸᠦ᠋ᠷᠦᠫᠡ ᠶᠢᠨ ᠬᠠᠷᠢᠯᠴᠠᠭ᠎ᠠ ᠨᠢᠭᠡᠨᠲᠡ ᠳᠡᠯᠡᠬᠡᠢ ᠳᠡᠭᠡᠷᠡᠬᠢ ᠬᠠᠮᠤᠭ ᠤᠨ ᠨᠥᠯᠥᠭᠡᠯᠡᠬᠦ ᠬᠦᠴᠦᠨ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠢᠭᠡ ᠪᠣᠯᠵᠤ ᠂ | ᠳᠤᠮᠳᠠᠳᠤ ᠡᠸᠦ᠋ᠷᠦᠫᠡ ᠶᠢᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ | ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠳᠦᠨ ᠤᠯᠠᠷᠢᠵᠤ ᠂ ᠬᠥᠮᠥᠨ | ᠲᠥᠷᠥᠯᠬᠢᠲᠡᠨ ᠤ ᠨᠡᠶᠢᠭᠡᠮ ᠳᠠᠬᠢᠨᠲᠠ ᠵᠠᠩᠭᠢᠯᠠᠭ᠎ᠠ ᠶᠢᠨ ᠲᠣᠨᠣᠯᠵᠢᠨ ᠵᠠᠮ ᠳᠤ ᠣᠷᠣᠪᠠ ᠃ ᠡᠷᠡᠭᠦᠯ ᠲᠣᠭᠲᠠᠭᠤᠨ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠨᠢ | ᠬᠠᠷᠢᠯᠴᠠᠨ ᠠᠮᠵᠢᠯᠲᠠ ᠣᠯᠬᠤ ᠶᠢ ᠠᠬᠢᠭᠤᠯᠬᠤ ᠪᠠᠷ ᠪᠠᠷᠠᠬᠤ ᠦᠭᠡᠢ ᠳᠡᠯᠡᠬᠡᠢ ᠳ᠋ᠠᠬᠢᠨ ᠢ ᠭᠡᠷᠡᠯᠳᠦᠭᠦᠯᠦᠨ ᠭᠡᠶᠢᠭᠦᠯᠦᠨ᠎ᠡ ᠃ ᠪᠢ ᠳᠤᠮᠳᠠᠳᠤ ᠡᠸᠦ᠋ᠷᠦᠫᠡ ᠶᠢᠨ | ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠲᠡᠷᠢᠭᠦᠯᠡᠭᠴᠢ ᠺᠧᠰᠲ᠋ᠠ ᠪᠣᠯᠣᠨ ᠲᠡᠷᠢᠭᠦᠯᠡᠭᠴᠢ ᠹᠧᠩᠳᠧᠯᠠᠶᠢ᠊ ᠆ ᠧᠨ ᠲᠠᠢ | ᠬᠠᠮᠲᠤ ᠪᠠᠷ ᠴᠢᠷᠮᠠᠶᠢᠵᠤ ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ ᠂ ᠳᠤᠮᠳᠠᠳᠤ ᠡᠸᠦ᠋ᠷᠦᠫᠡ ᠶᠢᠨ | ᠬᠠᠷᠢᠯᠴᠠᠭᠠᠨ ᠤ ᠬᠥᠭᠵᠢᠯᠲᠡ ᠶᠢᠨ ᠲᠤᠷᠰᠢᠯᠭ᠎ᠠ ᠶᠢ ᠳ᠋ᠦᠩᠨᠡᠵᠦ ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ ᠂ ᠣᠶᠢᠯᠠᠭᠠᠯᠴᠠᠭ᠎ᠠ | ᠢᠲᠡᠭᠡᠯᠴᠡᠭᠡ ᠪᠠᠨ ᠨᠡᠮᠡᠭᠳᠡᠭᠦᠯᠵᠦ ᠂ ᠬᠠᠨᠢᠲᠠᠨ ᠤ ᠪᠠᠶᠢᠷᠢ ᠲᠣᠭᠲᠠᠭᠠᠯᠲᠠ ᠪᠠᠨ ᠪᠠᠬᠢᠵᠢᠭᠦᠯᠵᠦ ᠂ ᠬᠠᠷᠢᠯᠴᠠᠨ ᠨᠡᠭᠡᠭᠡᠯᠲᠡ ᠬᠢᠬᠦ ᠪᠠᠨ ᠥᠷᠭᠡᠳᠬᠡᠵᠦ ᠂ | ᠵᠥᠷᠢᠯᠳᠦᠭᠡᠨ ᠢᠶᠠᠨ ᠲᠣᠬᠢᠲᠠᠢ ᠰᠢᠢᠳᠪᠦᠷᠢᠯᠡᠵᠦ ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ ᠃ ᠳᠤᠮᠳᠠᠳᠤ | ᠡᠸᠦ᠋ᠷᠦᠫᠡ ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠭᠠᠭᠴᠠ ᠲᠠᠯ᠎ᠠ ᠶᠢᠨ | ᠡᠵᠡᠷᠬᠡᠭᠯᠡᠯ ᠢ ᠡᠰᠡᠷᠭᠦᠴᠡᠵᠦ ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ ᠂ ᠡᠷᠬᠡ ᠲᠡᠭᠰᠢ ᠡᠮᠬᠢ ᠵᠢᠷᠤᠮ ᠲᠠᠢ | ᠳᠡᠯᠡᠬᠡᠢ ᠶᠢᠨ ᠤᠯᠠᠨ ᠲᠦᠢᠯᠵᠢᠯᠳᠡ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠠᠬᠢᠭᠤᠯᠵᠤ ᠂ | ᠳᠡᠯᠡᠬᠡᠢ ᠶᠢᠨ ᠡᠩᠬᠡ ᠲᠠᠶᠢᠪᠤᠩ ᠂ ᠲᠣᠭᠲᠠᠭᠤᠨ ᠂ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ ᠃ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ ᠂ ᠥᠩᠭᠡᠷᠡᠭᠰᠡᠨ 50 ᠵᠢᠯ ᠳᠤ ᠳᠤᠮᠳᠠᠳᠤ ᠤᠯᠤᠰ ᠲᠡᠦᠬᠡᠨ ᠳᠡᠭᠡᠷᠡᠬᠢ | ᠬᠠᠮᠤᠭ ᠤᠨ ᠲᠦᠷᠭᠡᠨ ᠦᠷᠭᠦᠯᠵᠢᠯᠡᠭᠰᠡᠨ ᠠᠵᠤ ᠠᠬᠤᠢ ᠶᠢᠨ ᠨᠡᠮᠡᠭᠳᠡᠯ ᠢ ᠪᠡᠶᠡᠯᠡᠭᠦᠯᠪᠡ ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ | ᠤᠯᠤᠰ ᠥᠷᠭᠡᠨ ᠳᠡᠯᠭᠡᠷ ᠬᠠᠷᠢᠯᠴᠠᠭ᠎ᠠ ᠪᠠᠶᠢᠭᠤᠯᠵᠤ ᠂ ᠬᠠᠷᠢᠯᠴᠠᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ ᠂ ᠬᠤᠶᠠᠷ ᠲᠠᠯ᠎ᠠ ᠶᠢᠨ ᠠᠷᠠᠳ | ᠲᠦᠮᠡᠨ ᠤ ᠠᠵᠠ ᠵᠢᠷᠭᠠᠯ ᠪᠣᠯᠣᠨ ᠠᠵᠤ ᠠᠬᠤᠢ ᠶᠢᠨ ᠬᠥᠭᠵᠢᠯ ᠴᠡᠴᠡᠭᠯᠡᠯ ᠳᠤ ᠬᠤᠪᠢ ᠨᠡᠮᠡᠷᠢ ᠦᠵᠡᠭᠦᠯᠪᠡ ᠃ ᠣᠳᠣᠬᠠᠨ ᠤ ᠪᠦᠭᠦ ᠪᠥᠮᠪᠥᠷᠴᠡᠭ ᠤᠨ ᠲᠣᠬᠲᠠᠭᠠᠯᠲᠦ | ᠪᠤᠰᠤ ᠴᠢᠨᠠᠷ ᠪᠣᠯᠣᠨ ᠭᠠᠵᠠᠷ ᠣᠷᠣᠨ ᠤ ᠤᠯᠤᠰ ᠲᠦᠷᠦ ᠶᠢᠨ ᠬᠤᠪᠢᠷᠠᠯᠲᠠ ᠶᠢᠨ ᠠᠬᠤᠢ ᠪᠠᠶᠢᠳᠠᠯ ᠳᠣᠣᠷ᠎ᠠ ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ | ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ ᠂ ᠶᠠᠪᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠬᠠᠮᠠᠭᠠᠯᠠᠵᠤ ᠂ ᠭᠠᠷ ᠬᠤᠯᠪᠣᠨ ᠬᠠᠮᠲᠤ ᠶᠢᠨ ᠥᠷᠢᠰᠦᠯᠳᠦᠭᠡᠨ ᠢ | ᠠᠷᠭᠠᠴᠠᠭᠠᠵᠤ ᠂ ᠳᠡᠯᠡᠬᠡᠢ ᠶᠢᠨ ᠡᠩᠬᠡ ᠲᠠᠶᠢᠪᠤᠩ ᠂ ᠠᠮᠤᠷ ᠲᠦᠪᠰᠢᠨ ᠂ ᠬᠥᠭᠵᠢᠯ ᠴᠡᠴᠡᠭᠯᠡᠯ ᠪᠣᠯᠣᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ ᠭᠡᠵᠦ | ᠢᠯᠡᠳᠬᠡᠪᠡ ᠃ | ᠲᠤᠰ ᠡᠳᠦᠷ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠺᠧᠰᠲ᠋ᠠ ᠂ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ | ᠴᠠᠭᠢᠯᠭᠠᠨ ᠴᠢᠮᠡᠭᠡ ᠶᠠᠪᠤᠭᠤᠯᠪᠠ ᠃ ᠯᠢ ᠴᠢᠶᠠᠩ ᠂ ᠳᠤᠮᠳᠠᠳᠤ ᠤᠯᠤᠰ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠲᠠᠢ ᠬᠠᠮᠲᠤ ᠪᠠᠷ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ | ᠲᠣᠭᠲᠠᠭᠤᠨ ᠴᠢᠨᠠᠷ ᠂ ᠪᠦᠲᠦᠭᠡᠯᠴᠢ ᠴᠢᠨᠠᠷ ᠂ ᠬᠠᠷᠢᠯᠴᠠᠨ ᠬᠠᠷᠠᠭᠠᠯᠵᠠᠬᠤ ᠴᠢᠨᠠᠷ ᠂ ᠪᠦᠭᠦ ᠪᠥᠮᠪᠥᠷᠴᠡᠭ ᠤᠨ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ | ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠨ᠎ᠡ ᠭᠡᠵᠦ ᠢᠯᠡᠳᠬᠡᠪᠡ ᠃ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ ᠂ ᠥᠩᠭᠡᠷᠡᠭᠰᠡᠨ 50 ᠵᠢᠯ ᠳᠤ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ | ᠲᠠᠰᠤᠷᠠᠯᠳᠡ ᠦᠭᠡᠢ ᠭᠦᠨᠵᠡᠭᠡᠶᠢᠷᠡᠨ ᠥᠷᠭᠡᠵᠢᠪᠡ ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠠᠭᠤᠷ | ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ ᠂ ᠤᠯᠠᠨ ᠲᠠᠯᠠᠲᠤ ᠦᠵᠡᠯ ᠪᠣᠯᠣᠨ | ᠲᠣᠭᠲᠠᠭᠤᠨ ᠳᠡᠯᠡᠬᠡᠢ ᠶᠢᠨ ᠡᠮᠬᠢ ᠳᠢᠭᠯᠢᠮ ᠢ ᠬᠠᠮᠠᠭᠠᠯᠠᠨ᠎ᠠ ᠭᠡᠵᠦ ᠢᠯᠡᠳᠬᠡᠪᠡ ᠃ | | |