| ᠯᠢ ᠴᠢᠶᠠᠩ ᠮᠦᠸᠧᠽᠢ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ 5 ᠰᠠᠷ᠎ᠠ ᠶᠢᠨ 6 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠹᠷᠢᠳ᠋ᠷᠢᠰᠢ · ᠮᠦᠸᠧᠽᠢ ᠳᠤ ᠴᠠᠭᠢᠯᠭᠠᠨ ᠴᠢᠮᠡᠭᠡ ᠶᠠᠪᠤᠭᠤᠯᠵᠤ ᠂ ᠲᠡᠭᠦᠨ ᠤ ᠪᠦᠭᠦᠳᠠ ᠨᠠᠶᠢᠷᠠᠮᠳᠠᠬᠤ ᠬᠤᠯᠪᠣᠭᠠᠨ ᠤ ᠭᠧᠷᠮᠠᠨ ᠤᠯᠤᠰ ᠤᠨ ᠶᠡᠷᠦᠩᠬᠡᠢ ᠰᠠᠶᠢᠳ ᠢᠶᠠᠷ | ᠰᠣᠩᠭᠤᠭᠳᠠᠭᠰᠠᠨ ᠳᠤ ᠪᠠᠶᠠᠷ ᠬᠦᠷᠭᠡᠪᠡ ᠃ | ᠰᠢ ᠶᠢᠨ ᠫᠢᠩ ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 53 | ᠵᠢᠯ ᠤᠨ ᠲᠤᠷᠰᠢ ᠂ ᠬᠤᠶᠠᠷ ᠤᠯᠤᠰ ᠢᠶᠠᠷ ᠢᠶᠠᠨ ᠬᠠᠷᠢᠯᠴᠠᠨ ᠭᠦᠨᠳᠦᠳᠭᠡᠵᠦ ᠬᠠᠷᠢᠯᠴᠠᠨ ᠢᠲᠡᠭᠡᠯᠴᠡᠬᠦ ᠂ ᠡᠷᠬᠡ ᠲᠡᠭᠰᠢ ᠪᠠᠷ ᠬᠠᠨᠳᠤᠬᠤ ᠬᠠᠷᠢᠯᠴᠠᠭᠠᠨ ᠤ ᠵᠠᠮ ᠢ | ᠪᠠᠷᠢᠮᠲᠠᠯᠠᠵᠤ ᠂ ᠢᠮᠠᠭᠲᠠ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ ᠂ ᠬᠠᠮᠲᠤ ᠪᠠᠷ ᠠᠰᠢᠭ ᠬᠦᠷᠲᠡᠵᠦ ᠬᠥᠭᠵᠢᠬᠦ ᠬᠠᠮᠲᠤᠷᠠᠯᠴᠠᠭᠠᠨ ᠤ ᠵᠠᠮ ᠢᠶᠠᠷ ᠵᠠᠮᠨᠠᠵᠤ ᠂ | ᠭᠠᠷ ᠬᠤᠯᠪᠣᠨ ᠵᠡᠷᠭᠡ ᠪᠠᠷ ᠤᠷᠤᠭᠰᠢᠯᠠᠬᠤ ᠂ ᠬᠠᠷᠢᠯᠴᠠᠨ ᠠᠮᠵᠢᠯᠲᠠ ᠣᠯᠬᠤ ᠰᠠᠶᠢᠨ ᠬᠠᠨᠢᠲᠠᠨ ᠪᠣᠯᠵᠤ ᠂ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠪᠠᠷ ᠬᠤᠶᠠᠷ | ᠲᠠᠯ᠎ᠠ ᠶᠢᠨ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ ᠃ ᠣᠳᠣᠬᠠᠨ ᠤ ᠳᠡᠯᠡᠬᠡᠢ ᠶᠢᠷᠲᠢᠨᠴᠦ ᠤᠷᠪᠠᠭᠠᠨ ᠬᠥᠷᠪᠡᠭᠡᠨ ᠬᠤᠪᠢᠷᠠᠯᠲᠠ | ᠰᠤᠯᠪᠢᠴᠠᠨ ᠣᠷᠣᠰᠢᠵᠤ ᠂ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠤᠷᠤᠰᠬᠠᠯ ᠰᠥᠷᠦᠨ ᠥᠨᠳᠡᠯᠵᠡᠵᠦ ᠪᠠᠶᠢᠭ᠎ᠠ ᠪᠤᠯᠪᠠᠴᠤ ᠡᠩᠬᠡ ᠲᠠᠶᠢᠪᠤᠩ ᠂ | ᠬᠥᠭᠵᠢᠯᠲᠡ ᠂ ᠬᠠᠮᠲᠤᠷᠠᠯᠴᠠᠭ᠎ᠠ ᠂ ᠬᠠᠮᠲᠤ ᠪᠠᠷ ᠠᠰᠢᠭ ᠭᠦᠷᠳᠡᠭᠦ ᠪᠣᠯ ᠮᠥᠨ ᠬᠦ ᠬᠥᠮᠥᠨ ᠤ ᠶᠢᠷᠲᠢᠨᠴᠦ ᠶᠢᠨ ᠵᠥᠪ ᠵᠠᠮ ᠪᠠ ᠬᠤᠷᠢᠭᠯᠠᠭᠳᠠᠰᠢ ᠦᠭᠡᠢ ᠴᠠᠭ | ᠦᠶ᠎ᠡ ᠶᠢᠨ ᠤᠷᠤᠰᠬᠠᠯ ᠪᠣᠯᠣᠨ᠎ᠠ ᠃ ᠳᠡᠯᠡᠬᠡᠢ ᠶᠢᠨ ᠬᠤᠶᠠᠳᠤᠭᠠᠷ ᠂ ᠭᠤᠷᠪᠠᠳᠤᠭᠠᠷ ᠶᠡᠭᠡ ᠠᠵᠤ ᠠᠬᠤᠢ ᠶᠢᠨ ᠴᠣᠭᠴᠠ ᠪᠣᠯᠣᠨ ᠪᠦᠭᠦ ᠪᠥᠮᠪᠥᠷᠴᠡᠭ ᠲᠤ | ᠨᠥᠯᠥᠭᠡ ᠲᠠᠢ ᠲᠣᠮᠣ ᠤᠯᠤᠰ ᠪᠣᠯᠤᠭᠰᠠᠨ ᠤ ᠬᠤᠪᠢ ᠳᠤ ᠂ ᠳᠤᠮᠳᠠᠳᠤ ᠭᠧᠷᠮᠠᠨ ᠬᠤᠶᠠᠷ ᠤᠯᠤᠰ ᠲᠡᠦᠬᠡ ᠶᠢᠨ ᠶᠡᠭᠡ ᠬᠠᠨᠳᠤᠰᠢ ᠳᠤ ᠵᠣᠬᠢᠴᠠᠵᠤ ᠂ ᠲᠥᠪ ᠭᠤᠣᠯᠴᠢ | ᠰᠢᠳᠤᠷᠭᠤ ᠶᠣᠰᠣ ᠶᠢ ᠪᠠᠲᠤ ᠰᠠᠬᠢᠵᠤ ᠂ ᠰᠣᠯᠢᠯᠴᠠᠯ ᠲᠣᠯᠢᠳᠠᠯ ᠢᠶᠠᠨ ᠭᠦᠨᠵᠡᠭᠡᠶᠢᠷᠡᠭᠦᠯᠵᠦ ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ ᠂ ᠲᠤᠬᠰᠢᠨ ᠰᠠᠯᠬᠢ | ᠰᠢᠷᠦᠭᠦᠨ ᠪᠣᠷᠣᠭᠠᠨ ᠢ ᠭᠠᠷ ᠬᠤᠯᠪᠣᠨ ᠬᠠᠮᠲᠤ ᠪᠠᠷ ᠲᠤᠭᠤᠯᠵᠤ ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ ᠂ ᠡᠷᠬᠡ ᠲᠡᠭᠰᠢ ᠡᠮᠬᠢ | ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠲᠠ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ | ᠠᠬᠢᠭᠤᠯᠪᠠᠯ ᠵᠣᠬᠢᠨ᠎ᠠ ᠃ ᠪᠢ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠂ ᠳᠤᠷᠠᠲᠠᠶ᠎ᠠ ᠶᠡᠷᠦᠩᠬᠡᠢ | ᠰᠠᠶᠢᠳ ᠠᠪᠤᠭᠠᠢ ᠲᠠᠢ ᠬᠠᠮᠲᠤ ᠪᠠᠷ ᠴᠢᠷᠮᠠᠶᠢᠵᠤ ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠷᠢᠮᠲᠠᠯᠠᠵᠤ ᠂ ᠤᠯᠤᠰ ᠲᠦᠷᠦ ᠶᠢᠨ | ᠢᠲᠡᠭᠡᠯᠴᠡᠭᠡ ᠪᠠᠨ ᠪᠠᠬᠢᠵᠢᠭᠦᠯᠵᠦ ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠳᠤᠮᠳᠠᠳᠤ ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠶᠢᠨ ᠰᠢᠨ᠎ᠡ ᠪᠠᠶᠢᠳᠠᠯ ᠢ ᠡᠭᠦᠳᠴᠦ ᠂ ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ᠵᠥᠪ ᠴᠢᠭᠯᠡᠯ ᠢ ᠬᠥᠲᠥᠯᠥᠨ ᠳᠠᠭᠠᠭᠤᠯᠵᠤ ᠂ | ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃ | ᠲᠤᠰ ᠡᠳᠦᠷ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠠᠭᠢᠯᠭᠠᠨ ᠴᠢᠮᠡᠭᠡ ᠶᠠᠪᠤᠭᠤᠯᠵᠤ ᠂ ᠮᠦᠸᠧᠽᠢ ᠶᠢᠨ ᠭᠧᠷᠮᠠᠨ ᠤ | ᠶᠡᠷᠦᠩᠬᠡᠢ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠵᠦ ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ ᠂ | ᠬᠤᠶᠠᠷ ᠲᠠᠯ᠎ᠠ ᠶᠢᠨ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠦᠯᠡᠮᠵᠢ ᠂ ᠭᠡᠭᠡᠨ ᠰᠠᠷᠠᠭᠤᠯ ᠠᠯᠤᠰ ᠢᠷᠡᠭᠡᠳᠦᠢ ᠲᠠᠢ ᠃ | ᠡᠷᠬᠡ ᠲᠡᠭᠰᠢ ᠬᠠᠷᠢᠯᠴᠠᠨ ᠠᠰᠢᠭᠲᠠᠢ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠣᠯ ᠬᠤᠶᠠᠷ ᠤᠯᠤᠰ ᠤᠨ ᠬᠠᠮᠲᠤ ᠶᠢᠨ ᠲᠡᠦᠬᠡ ᠶᠢᠨ ᠰᠣᠩᠭᠤᠯᠲᠠ ᠮᠥᠨ ᠂ | ᠪᠠᠰᠠ ᠴᠤ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠠᠮᠤᠭ ᠤᠨ ᠢᠯᠡ ᠲᠣᠳᠣ ᠣᠨᠴᠠᠯᠢᠭ ᠪᠠᠶᠢᠵᠤ ᠂ ᠬᠤᠶᠠᠷ ᠲᠠᠯ᠎ᠠ ᠪᠠᠷ ᠢᠶᠠᠨ ᠨᠠᠷᠢᠨ ᠨᠢᠮᠪᠠᠢ ᠬᠥᠭᠵᠢᠭᠦᠯᠦᠨ | ᠬᠠᠮᠠᠭᠠᠯᠠᠵᠤ ᠤᠯᠠᠮᠵᠢᠯᠠᠨ ᠪᠠᠳᠠᠷᠠᠭᠤᠯᠤᠭᠤᠰᠢᠲᠠᠢ ᠶᠤᠮ ᠃ ᠪᠢ ᠲᠠᠨ ᠲᠠᠢ ᠬᠠᠮᠲᠤ ᠰᠠᠶᠢᠨ ᠰᠠᠶᠢᠬᠠᠨ ᠠᠵᠢᠯ ᠤᠨ ᠬᠠᠷᠢᠯᠴᠠᠭ᠎ᠠ ᠪᠠᠶᠢᠭᠤᠯᠵᠤ ᠂ ᠰᠣᠯᠢᠯᠴᠠᠭ᠎ᠠ ᠪᠠᠨ | ᠭᠦᠨᠵᠡᠭᠡᠶᠢᠷᠡᠭᠦᠯᠵᠦ ᠂ ᠬᠥᠭᠵᠢᠯᠲᠡ ᠶᠢ ᠠᠬᠢᠭᠤᠯᠵᠤ ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠂ ᠳᠤᠮᠳᠠᠳᠤ ᠭᠧᠷᠮᠠᠨ ᠤ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠬᠤᠨ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ ᠂ ᠳᠤᠮᠳᠠᠳᠤ ᠭᠧᠷᠮᠠᠨ ᠂ | ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ᠵᠥᠪ ᠴᠢᠭᠯᠡᠯ ᠢ ᠬᠥᠲᠥᠯᠥᠨ ᠳᠠᠭᠠᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | | |