| ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 4 ᠤ ᠴᠠᠭᠢᠯᠭᠠᠨ ᠮᠡᠳᠡᠭᠡ 5 ᠰᠠᠷ᠎ᠠ ᠶᠢᠨ 4 ᠤ 16 ᠴᠠᠭ 40 ᠮᠢᠨᠦ᠋ᠲ ᠤᠨ ᠦᠶ᠎ᠡ ᠪᠠᠷ | ᠭᠦᠢᠵᠧᠦ ᠶᠢᠨ ᠪᠢ ᠵᠢᠶᠧ ᠬᠤᠲᠠ ᠶᠢᠨ ᠴᠢᠶᠠᠨ ᠰᠢ ᠬᠤᠲᠠ ᠶᠢᠨ ᠰᠢᠨ ᠷᠧᠨ ᠰᠢᠶᠠᠩ ᠤᠨ ᠬᠤᠸᠠ ᠦ᠋ ᠲᠣᠰᠬᠤᠨ ᠤ ᠵᠠᠭᠤᠨ ᠭᠠᠵᠠᠷ ᠤᠨ ᠵᠢᠷᠤᠭᠲᠤ ᠬᠤᠩᠭᠢᠯ ᠤᠨ | ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ ᠬᠥᠷᠪᠡᠭᠰᠡᠨ ᠠᠳᠡᠯ ᠭᠠᠷᠴᠠᠢ ᠃ ᠣᠳᠣᠬᠠᠨ ᠪᠤᠯᠲᠠᠯ᠎ᠠ ᠂ ᠠᠳᠡᠯ ᠳᠤ 3 ᠬᠥᠮᠥᠨ ᠠᠳᠡᠵᠦ ᠂ 60 | ᠬᠥᠮᠥᠨ ᠢ ᠡᠮᠨᠡᠯᠭᠡ ᠳᠤ ᠬᠦᠷᠭᠡᠨ ᠠᠪᠤᠷᠠᠨ ᠡᠮᠨᠡᠵᠦ ᠂ 14 ᠬᠥᠮᠥᠨ ᠢ ᠶᠠᠭ ᠡᠷᠢᠨ ᠠᠪᠤᠷᠠᠵᠤ ᠪᠠᠶᠢᠨ᠎ᠠ ᠃ | ᠠᠳᠡᠯ ᠡᠭᠦᠰᠦᠭᠰᠡᠨ ᠤ ᠳᠠᠷᠠᠭ᠎ᠠ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ | ᠥᠭᠴᠦ ᠂ ᠭᠦᠢᠵᠧᠦ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ ᠬᠥᠷᠪᠡᠭᠰᠡᠨ ᠠᠳᠡᠯ | ᠭᠠᠷᠪᠠ ᠂ ᠠᠷᠭ᠎ᠠ ᠪᠦᠭᠦᠨ ᠢ ᠰᠦᠪᠡᠭᠴᠢᠯᠡᠨ ᠤᠰᠤᠨ ᠳᠤ ᠤᠨᠠᠭᠰᠠᠨ ᠬᠥᠮᠥᠰ ᠢ ᠡᠷᠢᠨ ᠠᠪᠤᠷᠠᠵᠤ ᠂ ᠪᠦᠭᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ | ᠡᠮᠨᠡᠵᠦ ᠂ ᠠᠳᠡᠭᠰᠡᠳ ᠤᠨ ᠬᠤᠶᠢᠲᠤᠬᠢ ᠶᠠᠪᠤᠳᠠᠯ ᠵᠢᠴᠢ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠲᠤ ᠵᠠᠯᠭᠠᠭ᠎ᠠ ᠪᠠᠷ ᠠᠮᠤᠷ ᠲᠦᠪᠰᠢᠨ ᠤ ᠠᠳᠡᠯ ᠭᠠᠷᠴᠤ ᠤᠯᠠᠨ ᠬᠥᠮᠥᠨ ᠦᠬᠦᠵᠦ | ᠰᠢᠷᠬᠠᠲᠤᠪᠠ ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠷᠭᠠᠮᠵᠢ ᠠᠪᠴᠤ ᠂ ᠠᠯᠮᠠᠶᠢᠷᠠᠬᠤ ᠦᠵᠡᠯ ᠰᠠᠨᠠᠭ᠎ᠠ ᠶᠢ | ᠡᠷᠡᠰ ᠲᠡᠪᠴᠢᠵᠦ ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠂ ᠵᠢᠭᠤᠯᠴᠢᠯᠠᠯ ᠤᠨ ᠦᠵᠡᠮᠵᠢ ᠶᠢᠨ ᠣᠷᠣᠨ ᠂ ᠲᠣᠮᠣ | ᠭᠡᠯᠪᠡᠷᠢ ᠶᠢᠨ ᠤᠯᠠᠨ ᠨᠡᠶᠢᠲᠡ ᠶᠢᠨ ᠲᠠᠯᠠᠪᠤᠷ ᠂ ᠰᠠᠭᠤᠭᠠᠯᠢ ᠠᠷᠠᠳ ᠤᠨ ᠲᠣᠭᠤᠷᠢᠭ ᠂ ᠡᠷᠭᠢᠵᠦ ᠬᠠᠷᠢᠬᠤ ᠵᠠᠮ ᠬᠠᠷᠢᠯᠴᠠᠭ᠎ᠠ ᠵᠡᠷᠭᠡ ᠳᠤ ᠠᠩᠬᠠᠷᠤᠯ ᠢᠶᠠᠨ | ᠲᠥᠪᠯᠡᠷᠡᠭᠦᠯᠵᠦ ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭᠠᠳᠬᠠᠵᠤ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠬᠦᠨᠳᠦ ᠣᠨᠴᠠ | ᠶᠡᠭᠡ ᠠᠮᠤᠷ ᠲᠦᠪᠰᠢᠨ ᠤ ᠠᠳᠡᠯ ᠤᠯᠠᠨ ᠡᠭᠦᠰᠬᠦ ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ ᠂ ᠬᠠᠷᠢᠯᠴᠠᠭ᠎ᠠ ᠲᠠᠰᠤᠷᠠᠬᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ | ᠠᠪᠤᠷᠠᠵᠤ ᠂ ᠰᠢᠷᠬᠠᠲᠤᠭᠰᠠᠳ ᠢ ᠠᠪᠤᠷᠠᠨ ᠡᠮᠨᠡᠵᠦ ᠂ ᠭᠡᠷ ᠪᠦᠯᠢ ᠶᠢᠨ ᠬᠢᠨ ᠢ ᠲᠣᠬᠤᠨᠢᠭᠤᠯᠬᠤ ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠪᠠ ᠠᠳᠡᠯ ᠢ ᠪᠠᠶᠢᠴᠠᠭᠠᠨ | ᠰᠢᠢᠳᠪᠦᠷᠢᠯᠡᠬᠦ ᠵᠡᠷᠭᠡ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠃ ︽ 5 · 1 ︾ ᠤ ᠠᠮᠠᠷᠠᠯᠲᠠ ᠰᠢᠪᠲᠤᠷᠠᠭᠠᠨ ᠳᠠᠭᠠᠨ ᠣᠷᠣᠵᠠᠢ ᠂ ᠡᠯ᠎ᠡ ᠭᠠᠵᠠᠷ ᠡᠯ᠎ᠡ | ᠬᠤᠯᠪᠣᠭᠳᠠᠯ ᠪᠦᠬᠦᠢ ᠲᠠᠯ᠎ᠠ ᠶᠢᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠠᠮᠤᠷ ᠲᠦᠪᠰᠢᠨ ᠤ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠱᠠᠯᠠᠪᠳᠠᠭᠤᠯᠤᠨ ᠵᠢᠯᠤᠭᠤᠳᠴᠤ ᠂ ᠭᠤᠣᠯᠳᠠᠯᠭ᠎ᠠ ᠲᠠᠢ ᠲᠠᠯᠠᠪᠤᠷ ᠭᠠᠵᠠᠷ ᠂ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠶᠢ ᠲᠣᠪᠤᠶᠢᠯᠭᠠᠨ ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠢᠯᠭᠠᠨ ᠂ ᠡᠯ᠎ᠡ ᠲᠦᠷᠦᠯ ᠤᠨ | ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ | ᠵᠢᠭᠠᠨ ᠵᠢᠯᠣᠭᠤᠳᠪᠠ ᠃ ᠭᠦᠢᠵᠧᠦ ᠮᠤᠵᠢ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠨᠢᠭᠡᠨᠲᠡ ᠲᠤᠬᠠᠢ ᠶᠢᠨ | ᠲᠠᠯᠠᠪᠠᠢ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠢᠯᠤᠭᠤᠳᠴᠤ ᠂ ᠭᠦᠢᠵᠧᠦ ᠮᠤᠵᠢ ᠂ ᠪᠢ ᠵᠢᠶᠧ ᠬᠤᠳᠠ ᠶᠢᠨ ᠬᠢᠨ ᠲᠤᠬᠠᠢ ᠶᠢᠨ | ᠲᠠᠯᠠᠪᠠᠢ ᠳᠤ ᠡᠷᠢᠵᠦ ᠠᠪᠤᠷᠠᠬᠤ ᠂ ᠰᠢᠷᠬᠠᠲᠤᠭᠰᠠᠳ ᠢ ᠠᠪᠤᠷᠠᠨ ᠡᠮᠨᠡᠬᠦ ᠵᠡᠷᠭᠡ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ ᠪᠠᠶᠢᠨ᠎ᠠ ᠃ ᠣᠳᠣᠬᠠᠨ ᠳᠤ | ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠤᠢ ᠃ | | |