| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 30 ᠤ ᠴᠠᠭᠢᠯᠭᠠᠨ ᠮᠡᠳᠡᠭᠡ 5 ᠰᠠᠷ᠎ᠠ ᠶᠢᠨ 1 ᠤ ᠡᠳᠦᠷ ᠬᠡᠪᠯᠡᠭᠳᠡᠬᠦ 9 ᠳ᠋ᠦ᠋ᠭᠡᠷ ᠬᠤᠭᠤᠴᠠᠭᠠᠨ ᠤ ︽ | ᠦᠨᠡᠨ ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠢ ︾ ᠭᠡᠬᠦ ᠴᠢᠬᠤᠯᠠ | ᠵᠣᠬᠢᠶᠠᠯ ᠢ ᠨᠡᠶᠢᠲᠡᠯᠡᠪᠡ ᠃ | ᠵᠣᠬᠢᠶᠠᠯ ᠳᠤ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠵᠠᠯᠠᠭᠤᠴᠤᠳ ᠤᠨ ᠠᠵᠢᠯ ᠴᠢᠬᠤᠯᠠ ᠶᠡᠭᠡ ᠠᠮᠵᠢᠯᠲᠠ ᠣᠯᠵᠤ ᠂ | ᠭᠦᠨᠵᠡᠭᠡᠢ ᠬᠤᠪᠢᠰᠤᠯᠲᠠ ᠭᠠᠷᠴᠤ ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠵᠠᠯᠠᠭᠤᠴᠤᠳ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠪᠦᠭᠦ ᠲᠠᠯ᠎ᠠ ᠪᠠᠷ | ᠴᠢᠩᠭᠠᠷᠠᠵᠤ ᠂ ᠡᠪᠯᠡᠯ ᠤᠨ ᠣᠷᠣᠰᠢᠨ ᠲᠣᠭᠲᠠᠨᠢᠬᠤ ᠦᠨᠳᠦᠰᠦ ᠪᠣᠯᠣᠨ ᠤᠯᠤᠰ ᠲᠦᠷᠦ ᠶᠢᠨ ᠰᠦᠭ ᠰᠦᠨᠡᠰᠦ ᠨᠡᠩ ᠪᠠᠬᠢᠵᠢᠵᠦ ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠠᠵᠢᠯ ᠤᠨ ᠴᠢᠭᠯᠡᠯ ᠡᠭᠦᠷᠭᠡ ᠨᠡᠩ ᠲᠣᠳᠣᠷᠬᠠᠢ ᠪᠣᠯᠵᠤ ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ ᠂ ᠲᠡᠷᠢᠭᠦᠨ ᠤ ᠴᠢᠨᠠᠷ ᠂ | ᠤᠯᠠᠨ ᠲᠦᠮᠡᠨᠴᠢ ᠴᠢᠨᠠᠷ ᠨᠡᠩ ᠢᠯᠡ ᠲᠣᠳᠣ ᠪᠣᠯᠵᠤ ᠂ ᠡᠪᠯᠡᠯ ᠤᠨ ᠺᠠᠳ᠋ᠷ ᠤᠨ ᠦᠵᠡᠯ ᠰᠤᠷᠲᠠᠯ ᠂ ᠠᠵᠢᠯ ᠤᠨ ᠰᠤᠷᠲᠠᠯ ᠂ ᠠᠮᠢᠳᠤᠷᠠᠯ ᠤᠨ ᠰᠤᠷᠲᠠᠯ ᠨᠡᠩ | ᠢᠳᠡᠪᠬᠢᠲᠡᠢ ᠡᠷᠡᠭᠦᠯ ᠥᠭᠡᠳᠡᠷᠬᠡᠭ ᠪᠣᠯᠵᠤ ᠂ ᠥᠷᠭᠡᠨ ᠤᠯᠠᠨ ᠵᠠᠯᠠᠭᠤᠴᠤᠳ ᠤᠨ ᠳᠤᠮᠳᠠ ᠴᠣ ᠰᠢᠨ᠎ᠡ ᠳᠦᠷᠢ ᠲᠥᠷᠬᠦ ᠢᠯᠡᠷᠡᠪᠡ ᠃ ᠡᠪ ᠬᠠᠮᠲᠤ ᠵᠠᠯᠠᠭᠤᠴᠤᠳ ᠤᠨ | ᠡᠪᠯᠡᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠡᠭᠦᠷᠭᠡ ᠶᠢᠨ ᠲᠣᠭᠤᠷᠢᠨ ᠳᠤ ᠂ | ᠥᠷᠭᠡᠨ ᠣᠯᠠᠨ ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠤᠨ ᠢᠳᠡᠪᠬᠢᠲᠡᠢ ᠣᠷᠤᠯᠴᠠᠬᠤ ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠬᠦ ᠂ ᠡᠮᠦᠨ᠎ᠡ ᠨᠢ | ᠭᠠᠪᠰᠢᠭᠠᠶᠢᠯᠠᠬᠤ ᠶᠢ ᠵᠣᠬᠢᠶᠠᠨ ᠪᠠᠶᠢᠭᠤᠯᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠰᠥᠰᠥ ᠵᠣᠷᠢᠭ ᠪᠠ ᠬᠠᠷᠢᠭᠤᠴᠠᠯᠭ᠎ᠠ | ᠡᠭᠦᠷᠭᠡᠯᠡᠯ ᠢ ᠢᠯᠡᠷᠡᠭᠦᠯᠪᠡ ᠃ ᠨᠠᠮ ᠤᠨ ᠲᠥᠪ ᠬᠤᠷᠢᠶ᠎ᠠ ᠠᠴᠠ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠥᠷᠭᠡᠨ ᠤᠯᠠᠨ ᠵᠠᠯᠠᠭᠤᠴᠤᠳ ᠢ ᠭᠦᠢᠴᠡᠳ | ᠢᠲᠡᠭᠡᠵᠦ ᠂ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ ︕ ᠭᠡᠵᠦ ᠴᠢᠬᠤᠯᠠᠴᠢᠯᠠᠪᠠ ᠃ | ᠵᠣᠬᠢᠶᠠᠯ ᠳᠤ ᠂ ᠡᠪᠯᠡᠯ ᠤᠨ ᠲᠥᠪ ᠬᠤᠷᠢᠶ᠎ᠠ ᠪᠣᠯᠣᠨ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠰᠢᠨ᠎ᠡ ᠠᠶᠠᠨ ᠳᠠᠬᠢ | ᠨᠠᠮ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ | ᠬᠥᠳᠡᠯᠭᠡᠭᠡᠨ ᠤ ᠭᠤᠣᠯ ᠰᠡᠳᠦᠪ ᠢ ᠪᠠᠲᠤ ᠡᠵᠡᠮᠳᠡᠬᠦ ᠬᠡᠷᠡᠭᠲᠡᠢ ᠃ ᠨᠠᠮ ᠤᠨ ᠭᠤᠣᠯ ᠡᠭᠦᠷᠭᠡ ᠶᠢ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠠ | ᠵᠠᠯᠠᠭᠤᠴᠤᠳ ᠤᠨ ᠠᠵᠢᠯ ᠤᠨ ᠭᠤᠣᠯ ᠰᠡᠳᠦᠪ ᠪᠠ ᠴᠢᠭᠯᠡᠯ ᠪᠤᠯᠭᠠᠬᠤ ᠪᠣᠯ 100 ᠭᠠᠷᠤᠢ ᠵᠢᠯ ᠤᠨ ᠲᠤᠷᠰᠢᠬᠢ ᠳᠤᠮᠳᠠᠳᠤ ᠤᠯᠤᠰ ᠤᠨ ᠵᠠᠯᠠᠭᠤᠴᠤᠳ ᠤᠨ | ᠬᠥᠳᠡᠯᠭᠡᠭᠡᠨ ᠪᠠ ᠵᠠᠯᠠᠭᠤᠴᠤᠳ ᠤᠨ ᠠᠵᠢᠯ ᠤᠨ ᠨᠢᠭᠡᠨ ᠦᠨᠳᠦᠰᠦᠨ ᠲᠤᠷᠰᠢᠯᠭ᠎ᠠ ᠮᠥᠨ ᠃ ᠡᠪ ᠬᠠᠮᠲᠤ ᠵᠠᠯᠠᠭᠤᠴᠤᠳ ᠤᠨ ᠡᠪᠯᠡᠯ ᠡᠷᠬᠡᠪᠰᠢ ᠨᠠᠮ ᠤᠨ | ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯ ᠢᠶᠠᠨ | ᠥᠷᠨᠢᠭᠦᠯᠬᠦ ᠬᠡᠷᠡᠭᠲᠡᠢ ᠃ ᠵᠠᠯᠠᠭᠤᠴᠤᠳ ᠢ ᠬᠠᠮᠤᠭ ᠤᠨ ᠥᠷᠭᠡᠨ ᠳᠡᠯᠭᠡᠷ ᠢᠶᠠᠷ ᠪᠦᠯᠬᠦᠮᠳᠡᠭᠦᠯᠵᠦ ᠂ ᠵᠣᠬᠢᠶᠠᠨ ᠪᠠᠶᠢᠭᠤᠯᠵᠤ ᠂ ᠲᠠᠶᠢᠴᠢᠯᠠᠵᠥ ᠂ ᠥᠷᠭᠡᠨ ᠤᠯᠠᠨ | ᠵᠠᠯᠠᠭᠤᠴᠤᠳ ᠤᠨ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢᠶᠠᠨ ᠴᠢᠩᠭᠠᠳᠬᠠᠬᠤ ᠶᠢ ᠵᠣᠷᠢᠭᠵᠢᠭᠤᠯᠵᠤ ᠂ ᠤᠯᠤᠰ ᠢᠶᠠᠨ | ᠬᠦᠴᠦᠷᠬᠡᠭᠵᠢᠭᠦᠯᠬᠦ ᠳᠤ ᠪᠢ ᠪᠠᠶᠢᠨ᠎ᠠ ᠭᠡᠬᠦ ᠵᠠᠯᠠᠭᠤ ᠨᠠᠰᠤᠨ ᠤ ᠣᠷᠭᠢᠯᠤᠮ᠎ᠠ ᠰᠡᠳᠬᠢᠯᠭᠡ ᠶᠢ ᠨᠢ ᠬᠥᠭᠵᠢᠭᠡᠵᠦ ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠳᠤᠮᠳᠠ ᠵᠣᠷᠢᠭᠲᠠᠢ ᠪᠠᠷ ᠬᠤᠰᠢᠭᠤᠴᠢ ᠠᠩᠭᠢ ᠂ ᠭᠠᠪᠰᠢᠭᠠᠢ ᠠᠩᠭᠢ ᠪᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | ᠵᠣᠬᠢᠶᠠᠯ ᠳᠤ ᠂ ᠥᠷᠭᠡᠨ ᠤᠯᠠᠨ ᠵᠠᠯᠠᠭᠤᠴᠤᠳ ᠤᠨ ᠤᠯᠤᠰ ᠲᠦᠷᠦ ᠶᠢᠨ ᠵᠢᠯᠣᠭᠤᠳᠤᠯᠭ᠎ᠠ ᠶᠢ ᠬᠦᠴᠦᠯᠡᠨ ᠴᠢᠩᠭᠠᠳᠬᠠᠬᠤ ᠬᠡᠷᠡᠭᠲᠡᠢ ᠃ ᠵᠠᠯᠠᠭᠤᠴᠤᠳ | ᠬᠦᠰᠡᠯᠡᠩ ᠲᠠᠢ ᠪᠠᠶᠢᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠬᠠᠯᠠ ᠶᠢ ᠳᠠᠭᠠᠭᠠᠵᠤ ᠂ ᠵᠣᠷᠢᠭᠲᠠᠢ ᠲᠡᠮᠡᠴᠡᠪᠡᠯ ᠳᠤᠮᠳᠠᠳᠤ ᠤᠯᠤᠰ ᠤᠨ ᠵᠠᠯᠠᠭᠤᠴᠤᠳ | ᠰᠠᠶ᠋ᠢ ᠬᠦᠴᠦᠨ ᠴᠢᠳᠠᠯ ᠲᠠᠢ ᠪᠣᠯᠵᠤ ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠰᠠᠶ᠋ᠢ ᠬᠦᠰᠡᠯ ᠡᠷᠡᠮᠡᠯᠵᠡᠯ ᠢᠶᠠᠷ ᠪᠢᠯᠬᠠᠨ᠎ᠠ ᠃ ᠥᠷᠭᠡᠨ ᠤᠯᠠᠨ | ᠵᠠᠯᠠᠭᠤᠴᠤᠳ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ᠤᠯᠤᠰ ᠲᠦᠷᠦ ᠶᠢᠨ | ᠢᠲᠡᠭᠡᠯ ᠪᠢᠰᠢᠷᠡᠯ ᠢᠶᠠᠨ ᠪᠠᠲᠤᠳᠬᠠᠵᠤ ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ ᠤᠷᠤᠰᠬᠠᠯ | ᠳᠤᠮᠳᠠ ᠵᠥᠪ ᠠᠮᠢᠳᠤᠷᠠᠬᠤᠢ ᠶᠢᠨ ᠬᠠᠷᠠᠯᠲᠠ ᠪᠠᠨ ᠲᠣᠭᠲᠠᠭᠠᠬᠤ ᠬᠡᠷᠡᠭᠲᠡᠢ ᠃ ᠡᠪ ᠬᠠᠮᠲᠤ ᠵᠠᠯᠠᠭᠤᠴᠤᠳ ᠤᠨ ᠡᠪᠯᠡᠯ ᠪᠣᠯ ᠵᠠᠯᠠᠭᠤᠴᠤᠳ ᠤᠨ ᠡᠷᠡᠭᠦᠯ ᠢᠶᠠᠷ ᠦᠰᠦᠨ | ᠪᠤᠶᠢᠵᠢᠬᠤ ᠶᠢ ᠠᠬᠢᠭᠤᠯᠬᠤ ᠤᠯᠤᠰ ᠲᠦᠷᠦ ᠶᠢᠨ ᠰᠤᠷᠭᠠᠭᠤᠯᠢ ᠮᠥᠨ ᠂ ᠤᠯᠤᠰ ᠲᠦᠷᠦ ᠶᠢᠨ ᠴᠢᠨᠠᠷ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ ᠨᠢᠭᠡᠳᠦᠭᠡᠷ | ᠰᠢᠨᠵᠢ ᠴᠢᠨᠠᠷ ᠮᠥᠨ ᠃ ᠥᠷᠭᠡᠨ ᠣᠯᠠᠨ ᠡᠪᠯᠡᠯ ᠤᠨ ᠭᠡᠰᠢᠭᠦᠨ ᠪᠠ ᠵᠠᠯᠠᠭᠤᠴᠤᠳ ᠤᠨ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠬᠤ ᠶᠢ ᠲᠡᠷᠢᠭᠦᠨ | ᠪᠠᠶᠢᠷᠢᠨ ᠳᠤ ᠲᠠᠯᠪᠢᠵᠤ ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠥᠵᠢᠭᠦᠯᠵᠦ ᠂ ᠨᠠᠮ ᠳᠤ ᠡᠷᠡᠭᠦᠯ ᠮᠡᠨᠳᠦ | ᠠᠮᠢᠵᠢᠷᠠᠯ ᠤᠨ ᠬᠦᠴᠦᠨ ᠲᠠᠢ ᠰᠢᠨ᠎ᠡ ᠰᠣᠷᠭᠤᠭ ᠴᠢᠰᠤ ᠶᠢ ᠲᠠᠰᠤᠷᠠᠯᠲᠠ ᠦᠭᠡᠢ ᠬᠦᠷᠭᠡᠬᠦ ᠬᠡᠷᠡᠭᠲᠡᠢ ᠃ ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠡᠨᠡ ᠬᠦ | ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ ᠢ ᠴᠢᠷᠮᠠᠶᠢᠨ ᠡᠵᠡᠮᠰᠢᠵᠦ ᠂ ᠲᠡᠭᠦᠨ ᠳᠤ ᠲᠤᠭᠤᠰᠢᠯᠠᠭᠳᠠᠵᠤ | ᠪᠠᠶᠢᠭ᠎ᠠ ᠵᠣᠭᠰᠣᠯᠲᠠ ᠦᠵᠡᠯᠲᠡ ᠠᠷᠭ᠎ᠠ ᠪᠠᠷ ᠠᠰᠠᠭᠤᠳᠠᠯ ᠢ ᠵᠠᠳᠠᠯᠬᠤ ᠳᠠᠭᠠᠨ ᠴᠢᠳᠠᠮᠠᠭᠠᠢ ᠪᠠᠶᠢᠵᠤ ᠂ ᠨᠠᠮ ᠤᠨ ᠦᠨᠳᠦᠰᠦᠨ ᠤᠨᠤᠯ ᠂ ᠦᠨᠳᠦᠰᠦᠨ ᠱᠤᠭᠤᠮ ᠂ | ᠦᠨᠳᠦᠰᠦᠨ ᠠᠷᠭ᠎ᠠ ᠪᠣᠳᠣᠯᠭ᠎ᠠ ᠶᠢ ᠣᠶᠢᠯᠠᠭᠠᠬᠤ ᠴᠢᠳᠠᠪᠤᠷᠢ ᠪᠠᠨ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠮᠤᠭ | ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠭᠦᠢᠴᠡᠳ ᠬᠥᠭᠵᠢᠭᠡᠬᠦ ᠬᠡᠷᠡᠭᠲᠡᠢ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠣᠷᠢ ᠶᠢᠨ ᠭᠠᠭᠴᠠ ᠵᠥᠪ ᠵᠠᠮ ᠮᠥᠨ ᠂ ᠤᠷᠢᠳᠤ ᠡᠮᠦᠨ᠎ᠡ ᠪᠠᠶᠢᠭ᠎ᠠ ᠦᠭᠡᠢ | ᠡᠭᠦᠳᠦᠯᠲᠡ ᠶᠢᠨ ᠴᠢᠨᠠᠷᠲᠠᠢ ᠦᠢᠯᠡᠰ ᠮᠥᠨ ᠃ ᠡᠪ ᠬᠠᠮᠲᠤ ᠵᠠᠯᠠᠭᠤᠴᠤᠳ ᠤᠨ ᠡᠪᠯᠡᠯ ᠨᠢ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ | ᠪᠠᠷᠢᠮᠲᠠᠯᠠᠵᠤ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠡᠭᠦᠷᠭᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠥᠷᠭᠡᠨ ᠣᠯᠠᠨ | ᠵᠠᠯᠠᠭᠤᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠲᠤᠬᠠᠶᠢᠯᠠᠭᠰᠠᠨ ᠠᠵᠢᠯ ᠤᠨ ᠪᠠᠶᠢᠷᠢ ᠳᠤᠨᠢ ᠰᠠᠭᠤᠷᠢᠯᠠᠨ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠪᠣᠬᠢᠷᠳᠤᠯ ᠦᠭᠡᠢ ᠬᠥᠭᠵᠢᠯᠲᠡ ᠂ ᠨᠡᠶᠢᠭᠡᠮ ᠤᠨ ᠦᠢᠯᠡᠴᠢᠯᠡᠭᠡ ᠂ ᠤᠯᠤᠰ ᠢᠶᠠᠨ ᠬᠠᠮᠠᠭᠠᠯᠠᠵᠤ ᠬᠢᠯᠢ | ᠬᠢᠵᠠᠭᠠᠷ ᠢᠶᠠᠨ ᠬᠠᠮᠠᠭᠠᠯᠠᠬᠤ ᠵᠡᠷᠭᠡ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠳᠤᠮᠳᠠ ᠬᠤᠰᠢᠭᠤᠴᠢ ᠴᠡᠷᠢᠭ ᠪᠠ ᠰᠢᠨ᠎ᠡ ᠬᠦᠴᠦᠨ ᠪᠤᠯᠬᠤ ᠪᠠᠷ ᠴᠢᠷᠮᠠᠶᠢᠬᠤ | ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠡᠪᠯᠡᠯ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ | ᠬᠡᠷᠡᠭᠲᠡᠢ ᠃ ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ ᠂ ᠡᠪᠯᠡᠯ ᠪᠦᠯᠭᠦᠮ ᠢ ᠪᠦᠭᠦ ᠲᠠᠯ᠎ᠠ ᠪᠠᠷ ᠴᠢᠩᠭ᠎ᠠ ᠬᠠᠮᠢᠶᠠᠷᠤᠨ ᠵᠠᠰᠠᠵᠤ ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠭᠦᠮ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ ᠂ | ᠤᠯᠤᠰ ᠲᠥᠷᠥᠴᠢ ᠴᠢᠨᠠᠷ ᠂ ᠲᠡᠷᠢᠭᠦᠨ ᠤ ᠴᠢᠨᠠᠷ ᠂ ᠤᠯᠠᠨ ᠲᠦᠮᠡᠨᠴᠢ ᠴᠢᠨᠠᠷ ᠢᠶᠠᠨ ᠲᠠᠰᠤᠷᠠᠯᠲᠠ ᠦᠭᠡᠢ ᠪᠠᠲᠤᠯᠠᠨ ᠴᠢᠩᠭᠠᠳᠬᠠᠵᠤ ᠂ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠂ ᠵᠣᠬᠢᠶᠠᠨ ᠪᠠᠶᠢᠭᠤᠯᠬᠤ ᠬᠦᠴᠦᠨ ᠂ ᠦᠢᠯᠡᠴᠢᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ | ᠬᠡᠷᠡᠭᠲᠡᠢ ᠃ ᠦᠨᠳᠦᠰᠦᠨ ᠱᠠᠲᠤᠨ ᠤ ᠢᠯᠡ ᠲᠣᠳᠣ ᠤᠳᠤᠷᠢᠳᠤᠮᠵᠢ ᠶᠢ ᠪᠠᠲᠤᠳᠬᠠᠬᠤ ᠶᠢ ᠪᠠᠷᠢᠮᠲᠠᠯᠠᠵᠤ ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ | ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ ᠂ ᠵᠠᠯᠠᠭᠤ ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ ᠂ ᠳᠡᠭᠡᠷ᠎ᠡ ᠳᠣᠣᠷ᠎ᠠ ᠱᠠᠲᠤ ᠪᠠᠷ ᠢᠶᠠᠨ | ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ ᠂ ᠪᠦᠭᠦ ᠡᠪᠯᠡᠯ ᠢᠶᠠᠷ ᠢᠶᠠᠨ ᠦᠨᠳᠦᠰᠦᠨ ᠱᠠᠲᠤ ᠶᠢ ᠠᠳᠬᠤᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ ᠃ ᠡᠪᠯᠡᠯ ᠤᠨ ᠺᠠᠳ᠋ᠷ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ ᠳᠠᠷᠤᠢ ᠵᠠᠯᠠᠭᠤᠴᠤᠳ ᠤᠨ ᠠᠵᠢᠯ ᠢ ᠬᠢᠬᠦ ᠶᠠᠪᠤᠳᠠᠯ ᠪᠣᠯᠣᠨ᠎ᠠ ᠂ ᠤᠯᠤᠰ | ᠲᠦᠷᠦ ᠶᠢᠨ ᠴᠢᠳᠠᠪᠤᠷᠢ ᠂ ᠤᠨᠤᠯ ᠤᠨ ᠪᠣᠯᠪᠠᠰᠤᠷᠠᠯ ᠂ ᠤᠯᠠᠨ ᠲᠦᠮᠡᠨ ᠤ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠨᠢᠭᠡ ᠰᠡᠳᠬᠢᠯ ᠨᠢᠭᠡ | ᠵᠣᠷᠢᠭ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ ᠂ ᠪᠣᠳᠠᠲᠠᠢ ᠠᠵᠢᠯ ᠤᠨ ᠠᠮᠵᠢᠯᠲᠠ ᠪᠦᠲᠦᠮᠵᠢ ᠪᠠᠷ ᠢᠶᠠᠨ ᠨᠠᠮ ᠤᠨ ᠢᠲᠡᠭᠡᠯ ᠢ ᠣᠯᠵᠤ ᠂ ᠨᠡᠶᠢᠭᠡᠮ ᠤᠨ | ᠬᠦᠨᠳᠦᠳᠬᠡᠯ ᠢ ᠣᠯᠵᠤ ᠂ ᠵᠠᠯᠠᠭᠤᠴᠤᠳ ᠤᠨ ᠮᠠᠭᠲᠠᠭᠠᠯ ᠰᠠᠶᠢᠰᠢᠶᠠᠯ ᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠨᠠᠮ ᠠᠴᠠ ᠵᠠᠯᠠᠭᠤᠴᠤᠳ ᠤᠨ ᠠᠵᠢᠯ ᠢ ᠬᠠᠮᠢᠶᠠᠷᠬᠤ ᠵᠠᠷᠴᠢᠮ ᠢ | ᠪᠠᠷᠢᠮᠲᠠᠯᠠᠵᠤ ᠂ ᠨᠠᠮ ᠤᠨ ᠤᠳᠤᠷᠢᠳᠤᠯᠭ᠎ᠠ ᠳᠣᠣᠷ᠎ᠠ ᠡᠯ᠎ᠡ ᠰᠠᠯᠠᠭ᠎ᠠ ᠮᠥᠴᠢᠷ ᠤᠨ ᠬᠢᠨ ᠵᠡᠷᠭᠡ ᠪᠠᠷ ᠠᠳᠬᠤᠵᠤ ᠬᠠᠮᠲᠤ ᠪᠠᠷ ᠵᠠᠯᠠᠭᠤᠴᠤᠳ ᠤᠨ ᠬᠥᠭᠵᠢᠯᠲᠡ ᠶᠢᠨ | ᠦᠢᠯᠡᠰ ᠢ ᠬᠠᠮᠢᠶᠠᠷᠬᠤ ᠠᠵᠢᠯ ᠤᠨ ᠪᠠᠶᠢᠷᠢᠰᠢᠯ ᠢ ᠪᠠᠶᠢᠭᠤᠯᠤᠨ ᠲᠡᠭᠦᠯᠳᠡᠷᠵᠢᠭᠦᠯᠵᠦ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠲᠦᠭᠡᠯᠴᠢ ᠴᠢᠨᠠᠷᠲᠠᠢ ᠪᠠᠷ | ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠠᠯᠠᠭᠤ ᠨᠠᠶᠢᠵᠠ ᠶᠢᠨ | ᠰᠡᠳᠬᠢᠯ ᠢ ᠮᠡᠳᠡᠭᠴᠢ ᠂ ᠵᠠᠯᠠᠭᠤ ᠤᠯᠠᠨ ᠲᠦᠮᠡᠨ ᠤ ᠵᠠᠮᠴᠢᠯᠠᠭᠴᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠦᠰᠡᠯ ᠡᠷᠡᠮᠡᠯᠵᠡᠯ ᠵᠠᠯᠠᠭᠤᠴᠤᠳ ᠤᠨ ᠪᠡᠶ᠎ᠡ ᠳᠡᠭᠡᠷ᠎ᠡ ᠪᠠᠶᠢᠨ᠎ᠠ ᠃ ᠡᠪ ᠬᠠᠮᠲᠤ ᠵᠠᠯᠠᠭᠤᠴᠤᠳ ᠤᠨ | ᠡᠪᠯᠡᠯ ᠤᠨ ᠲᠥᠪ ᠬᠤᠷᠢᠶ᠎ᠠ ᠳᠤ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠪᠠᠳᠠᠷᠠᠭᠤᠯᠵᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠵᠠᠯᠠᠭᠤ | ᠨᠢᠭᠡ ᠦᠶ᠎ᠡ ᠶᠢᠨ ᠬᠢᠨ ᠢ ᠨᠠᠮ ᠤᠨ ᠲᠣᠭᠤᠷᠢᠨ ᠳᠤ ᠨᠡᠩ ᠰᠠᠶᠢᠲᠤᠷ ᠪᠦᠯᠬᠦᠮᠳᠡᠭᠦᠯᠵᠦ ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃ | | |